ᠤᠯᠤᠰ ᠤᠨ ᠴᠡᠴᠡᠷᠯᠢᠭᠵᠢᠭᠰᠡᠨ ᠬᠤᠳᠠ
ᠨᠡᠶᠢᠲᠡᠯᠡᠭᠰᠡᠨ ᠴᠠᠭ᠄
2023/5/31
     2016 ᠣᠨ ᠤ 5 ᠰᠠᠷ᠎ᠠ ᠶᠢᠨ 28 ᠤ ᠡᠳᠦᠷ᠂ ᠠᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ︵ᠦᠬᠠᠨ︶ ᠤᠨ ᠣᠯᠠᠨ ᠤᠯᠤᠰ ᠤᠨ ᠴᠡᠴᠡᠷᠯᠢᠭ ᠤᠨ ᠦᠵᠡᠰᠬᠦᠯᠡᠩ ᠦᠨᠳᠦᠷᠯᠡᠪᠡ᠃ ᠲᠡᠭᠦᠰᠬᠦ ᠶᠤᠰᠤᠯᠠᠯ ᠳᠡᠭᠡᠷ᠎ᠡ᠂ ᠤᠯᠤᠰ ᠤᠨ ᠠᠮᠢ ᠠᠬᠤᠢ ᠶᠢᠨ ᠴᠡᠴᠡᠷᠯᠢᠭ ᠤᠨ ᠬᠤᠲᠠ ᠪᠠ ᠤᠯᠤᠰ ᠤᠨ ᠴᠡᠴᠡᠷᠯᠢᠭ ᠤᠨ ᠬᠤᠲᠠ ᠬᠡᠬᠦ ᠫᠠᠶᠢᠰᠠ ᠣᠯᠭᠤᠬᠤ ᠶᠣᠰᠣᠯᠠᠯ ᠶᠠᠪᠤᠭᠤᠯᠵᠤ᠂ ᠤᠯᠠᠭᠠᠨᠴᠠᠪ ᠬᠤᠲᠠ ᠵᠡᠷᠭᠡ 46 ᠬᠤᠲᠠ ᠳᠤ ︽ᠤᠯᠤᠰ ᠤᠨ ᠴᠡᠴᠡᠷᠯᠢᠭ ᠤᠨ ᠬᠤᠲᠠ︾ ᠭᠡᠬᠦ ᠫᠠᠶᠢᠰᠠ ᠢᠯᠡᠷᠬᠡᠶᠢᠯᠡᠯ ᠣᠯᠭᠤᠪᠠ᠃ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠽᠧᠩ ᠫᠢᠩ ᠲᠡᠭᠦᠰᠬᠦ ᠶᠤᠰᠤᠯᠠᠯ ᠳᠤ ᠣᠷᠣᠯᠴᠠᠭᠰᠠᠨ ᠪᠥᠭᠡᠳ ᠤᠯᠠᠭᠠᠨᠴᠠᠪ ᠬᠤᠲᠠ ᠶᠢ ᠲᠥᠯᠥᠭᠡᠯᠡᠨ ︽ᠤᠯᠤᠰ ᠤᠨ ᠴᠡᠴᠡᠷᠯᠢᠭ ᠤᠨ ᠬᠤᠲᠠ︾ ᠭᠡᠬᠦ ᠫᠠᠶᠢᠰᠠ ᠢᠯᠡᠷᠬᠡᠶᠢᠯᠡᠯ ᠢ ᠭᠥᠯᠢᠶᠡᠨ ᠠᠪᠴᠠᠢ᠃
     ᠢᠩᠭᠢᠭᠡᠳ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠴᠢᠩᠭ᠎ᠠ ᠬᠦᠴᠦᠲᠡᠢ ᠤᠳᠤᠷᠢᠳᠤᠯᠭ᠎ᠠ ᠳᠣᠣᠷ᠎ᠠ᠂ ᠬᠤᠲᠠ ᠶᠢᠨ ᠴᠡᠴᠡᠷᠯᠢᠭ ᠤᠨ ᠲᠣᠪᠴᠢᠶ᠎ᠠ ᠲᠦᠷᠦᠭᠦᠯᠡᠨ ᠳᠠᠶᠢᠴᠢᠯᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠦᠴᠦᠲᠡᠢ ᠬᠠᠮᠵᠢᠯᠴᠠᠨ᠂ ᠥᠷᠭᠡᠨ ᠣᠯᠠᠨ ᠲᠦᠮᠡᠨ ᠢᠳᠡᠪᠬᠢᠲᠡᠢ ᠳᠡᠮᠵᠢᠭᠰᠡᠨ ᠪᠠᠶᠢᠳᠠᠯ ᠳᠤᠤᠷ᠎ᠠ᠂ ᠤᠯᠠᠭᠠᠨᠴᠠᠪ ᠬᠤᠲᠠ ᠶᠢᠨ ᠤᠯᠤᠰ ᠤᠨ ᠴᠡᠴᠡᠷᠯᠢᠭᠵᠢᠭᠰᠡᠨ ᠬᠤᠲᠠ ᠴᠤᠭᠴᠠᠯᠠᠬᠤ ᠠᠵᠢᠯ ᠨᠢ ᠲᠡᠭᠦᠰ ᠠᠮᠵᠢᠯᠲᠠ ᠲᠠᠢ ᠦᠨᠳᠦᠷᠯᠡᠪᠡ᠃ ᠡᠨᠡ ᠨᠢ ︽ᠲᠠᠪᠤᠨ ᠬᠤᠲᠠ   ᠶᠢ ᠬᠠᠮᠳᠤᠪᠠᠷ ᠴᠤᠭᠴᠠᠯᠠᠬᠤ︾ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠳᠤ ᠰᠠᠶᠢᠨ ᠡᠬᠢᠯᠡᠯᠲᠡ ᠪᠣᠯᠤᠭᠰᠠᠨ ᠪᠥᠭᠡᠳ ᠤᠯᠤᠰ ᠤᠨ ᠠᠮᠢ ᠠᠬᠤᠢ ᠶᠢᠨ ᠴᠡᠴᠡᠷᠯᠢᠭᠵᠢᠭᠰᠡᠨ ᠬᠤᠲᠠ ᠪᠠᠷ ᠮᠡᠳᠡᠭᠦᠯᠬᠦ ᠳᠤ ᠴᠦ ᠪᠠᠲᠤ ᠪᠠᠬᠢ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃ ᠤᠯᠠᠭᠠᠨᠴᠠᠪ ᠬᠤᠳᠠ ᠨᠣᠭᠤᠭᠠᠷᠠᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠰᠡᠬᠦᠵᠦ᠂ ᠤᠳᠤ ᠶᠠᠭ ᠠᠮᠢᠳᠤᠷᠠᠯ ᠡᠷᠬᠢᠯᠡᠵᠦ᠂ ᠦᠢᠯᠡᠰ ᠪᠣᠰᠬᠠᠵᠦ᠂ ᠰᠡᠯᠡᠬᠦᠴᠡᠨ ᠵᠤᠭᠠᠴᠠᠬᠤ ᠳᠤ ᠲᠣᠬᠢᠷᠠᠮᠵᠢᠲᠠᠢ ᠣᠳᠣᠬᠢᠴᠢᠯᠠᠭᠰᠠᠨ ᠬᠤᠳᠠ ᠶᠢ ᠪᠦᠲᠦᠭᠡᠨ ᠪᠠᠶᠢᠭᠤᠯᠬᠤ ᠬᠠᠷᠠᠯᠲᠠ ᠲᠡᠰᠢ ᠤᠷᠤᠭᠰᠢᠯᠠᠵᠤ ᠪᠠᠶᠢᠨ᠎ᠠ᠃
     ᠥᠩᠭᠡᠷᠡᠭᠰᠡᠨ ᠢᠶᠠᠨ ᠡᠷᠭᠢᠴᠡᠭᠦᠯᠬᠦᠶ᠎ᠡ᠂  ᠣᠷᠴᠢᠨ ᠲᠣᠭᠤᠷᠢᠨ ᠭᠤᠶᠢᠳᠠ ᠰᠠᠶᠢᠬᠠᠨ᠂ ᠣᠷᠣᠰᠢᠨ ᠰᠠᠭᠤᠬᠤ ᠳᠤ ᠲᠣᠬᠢᠷᠠᠮᠵᠢᠲᠠᠢ ᠣᠳᠣᠬᠢᠴᠢᠯᠠᠭᠰᠠᠨ ᠬᠤᠲᠠ ᠶᠢ ᠪᠦᠲᠦᠭᠡᠨ ᠪᠠᠶᠢᠭᠤᠯᠬᠤ ᠶᠢᠨ ᠲᠥᠯᠥᠭᠡ᠂ ᠤᠯᠠᠭᠠᠨᠴᠠᠪ ᠴᠢᠷᠮᠠᠶᠢᠬᠤ ᠠᠯᠬᠤᠮ ᠢᠶᠠᠨ ᠶᠡᠷᠦ ᠠᠴᠠ ᠵᠣᠭᠰᠤᠭ᠎ᠠ ᠦᠭᠡᠢ ᠶᠤᠮ᠃ ᠠᠷᠪᠠᠨ ᠬᠤᠶᠠᠳᠤᠭᠠᠷ ᠲᠠᠪᠤᠨ ᠵᠢᠯ ᠤᠨ ᠲᠥᠯᠦᠪᠵᠢᠭᠦᠯᠭᠡ ᠶᠢᠨ ᠡᠬᠢᠯᠡᠯᠲᠡ ᠶᠢᠨ ᠵᠢᠯ ᠠᠴᠠ ᠨᠠᠰᠢ᠂ ᠤᠯᠠᠭᠠᠨᠴᠠᠪ ᠬᠤᠲᠠ ︽ᠡᠬᠡ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠴᠢᠬᠤᠯᠠ ᠬᠠᠯᠬᠠᠪᠴᠢ ᠶᠢ ᠪᠦᠲᠦᠭᠡᠨ ᠪᠠᠶᠢᠭᠤᠯᠬᠤ︾ ᠬᠠᠷᠠᠯᠲᠠ ᠶᠢᠨ ᠲᠣᠭᠤᠷᠢᠨ ᠳᠤ᠂ ︽ᠬᠦᠬᠡᠮᠳᠦᠭ ᠠᠭᠤᠯᠠ᠂ ᠲᠤᠩᠭᠠᠯᠠᠭ ᠮᠦᠷᠡᠨ᠂ ᠬᠦᠪᠴᠢᠨ ᠤᠢ︾ ᠭᠡᠬᠦ ᠴᠡᠴᠡᠷᠯᠢᠭ ᠤᠨ ᠣᠶᠢᠯᠠᠭᠠᠭᠳᠠᠬᠤᠨ ᠢ ᠴᠢᠬᠤᠯᠠᠴᠢᠯᠠᠵᠤ᠂ ︽ᠨᠢᠭᠡ ᠬᠤᠲᠠ ᠬᠤᠶᠠᠷ ᠲᠣᠭᠤᠷᠢᠭ ᠭᠤᠷᠪᠠᠨ ᠪᠦᠯᠬᠦᠮ︾ ᠭᠡᠬᠦ ᠬᠤᠲᠠ ᠶᠢᠨ ᠪᠦᠲᠦᠭᠡᠨ ᠪᠠᠶᠢᠭᠤᠯᠤᠯᠲᠠ ᠪᠠ ︽ᠲᠠᠪᠤᠨ ᠬᠤᠲᠠ ᠶᠢ ᠬᠠᠮᠲᠤᠪᠡᠷ ᠴᠤᠭᠴᠠᠯᠠᠬᠤ︾ ᠴᠢᠬᠤᠯᠠ ᠶᠡᠭᠡ ᠠᠵᠢᠯᠯᠠᠭ᠎ᠠ  ᠶᠢ ᠶᠡᠭᠡ ᠬᠡᠪᠴᠢᠶ᠎ᠡ ᠪᠠᠷ ᠥᠷᠨᠢᠭᠦᠯᠵᠦ᠂ ᠨᠢᠭᠡ ᠪᠦᠯᠦᠭ ᠭᠤᠣᠯᠳᠠᠯᠭ᠎ᠠ ᠲᠠᠢ ᠠᠮᠢ ᠠᠬᠤᠢ ᠶᠢᠨ ᠦᠵᠡᠮᠵᠢ ᠶᠢᠨ ᠢᠨᠵᠧᠨᠧᠷᠢᠩ᠂ ᠬᠤᠲᠠ ᠶᠢᠨ ᠶᠠᠪᠤᠳᠠᠯ ᠤᠨ ᠢᠨᠵᠧᠨᠧᠷᠢᠩ᠂ ᠨᠡᠶᠢᠲᠡ ᠶᠢᠨ ᠠᠰᠠᠷᠠᠮᠵᠢ ᠶᠢᠨ ᠲᠤᠨᠤᠭ ᠲᠥᠬᠦᠭᠡᠷᠦᠮᠵᠢ ᠪᠠ ᠰᠠᠭᠤᠷᠢ ᠲᠥᠬᠦᠭᠡᠷᠦᠮᠵᠢ ᠵᠡᠷᠭᠡ ᠢᠨᠵᠧᠨᠧᠷᠢᠩ ᠢ ᠬᠤᠶᠢᠨ᠎ᠠ ᠬᠤᠶᠢᠨ᠎ᠠ ᠠᠴᠠ ᠨᠢ ᠡᠬᠢᠯᠡᠨ ᠬᠡᠷᠡᠭᠵᠢᠭᠦᠯᠦᠭᠰᠡᠨ ᠢᠶᠠᠷ᠂ ᠬᠤᠲᠠ ᠶᠢᠨ ᠳᠦᠷᠰᠦ ᠪᠠᠶᠢᠳᠠᠯ᠂ ᠬᠤᠲᠠ ᠶᠢᠨ ᠴᠢᠳᠠᠮᠵᠢ᠂ ᠬᠤᠲᠠ ᠶᠢᠨ ᠳᠦᠷᠢ ᠲᠥᠷᠬᠦ ᠂ ᠬᠤᠲᠠ ᠶᠢᠨ ᠴᠢᠨᠠᠷ ᠲᠠᠰ ᠪᠠ ᠬᠤᠲᠠ ᠶᠢᠨ ᠠᠷᠠᠳ ᠤᠨ ᠬᠡᠪ ᠴᠢᠨᠠᠷ ᠢᠯᠡᠳᠲᠡ ᠳᠡᠭᠡᠭᠰᠢᠯᠡᠵᠦ᠂ ᠤᠷᠢᠳ ᠬᠤᠵᠢᠳ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠤᠨ ᠬᠤᠲᠠ᠂ ᠥᠪᠡᠷᠲᠡᠭᠡᠨ ᠵᠠᠰᠠᠬᠤ ᠣᠷᠣᠨ ᠤ ᠴᠡᠴᠡᠷᠯᠢᠭᠵᠢᠭᠰᠡᠨ ᠬᠤᠲᠠ᠂ ᠳᠤᠮᠳᠠᠳᠤ ᠤᠯᠤᠰ ᠤᠨ ᠬᠠᠮᠤᠭ ᠤᠨ ᠵᠣᠯ ᠵᠢᠷᠭᠠᠯᠲᠤ ᠲᠥᠷᠥᠭᠳᠡᠯ ᠲᠠᠢ ᠬᠤᠲᠠ ᠵᠡᠷᠭᠡ ᠴᠣᠯᠠ ᠶᠢ ᠭᠥᠷᠳᠡᠭᠰᠡᠨ ᠪᠥᠭᠡᠳ ᠪᠥᠬᠦ ᠣᠷᠣᠨ ᠤ ︽ᠣᠷᠣᠰᠢᠨ ᠰᠠᠭᠤᠬᠤ ᠳᠤ ᠲᠤᠬᠢᠷᠠᠮᠵᠢᠳᠠᠢ ᠵᠢᠱᠢᠶᠡᠴᠢ ᠬᠤᠲᠠ ᠶᠢᠨ ᠱᠠᠩᠨᠠᠯ︾ ᠢ ᠭᠥᠷᠳᠡᠵᠦ᠂ ᠤᠯᠤᠰ ᠤᠨ ᠠᠮᠢ ᠠᠬᠤᠢ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠢᠨᠵᠧᠨᠧᠷᠢᠩ ᠤᠨ ᠲᠤᠷᠰᠢᠯᠲᠠ ᠶᠢᠨ ᠬᠤᠲᠠ ᠪᠠᠷ ᠰᠤᠩᠭᠤᠭᠳᠠᠪᠠ᠃
     ᠴᠡᠴᠡᠷᠯᠢᠭ ᠪᠠᠶᠢᠭᠤᠯᠬᠤ ᠠᠵᠢᠯᠯᠠᠭ᠎ᠠ ᠶᠢ ᠥᠷᠨᠢᠭᠦᠯᠵᠦ ᠪᠠᠶᠢᠭ᠎ᠠ ᠬᠤᠭᠤᠴᠠᠭᠠᠨ ᠳᠤ᠂ ᠤᠯᠠᠭᠠᠨᠴᠠᠪ ᠬᠤᠲᠠ ︽ᠵᠠᠰᠠᠭ ᠤᠨ ᠣᠷᠳᠣᠨ ᠢᠶᠠᠷ ᠭᠤᠣᠯᠯᠠᠭᠤᠯᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ᠂ ᠨᠡᠶᠢᠭᠡᠮ ᠢᠶᠠᠷ ᠢᠶᠠᠨ ᠣᠷᠣᠯᠴᠠᠬᠤ᠂ ᠴᠤᠭᠭᠠᠷ ᠠᠳᠬᠤᠨ ᠬᠠᠮᠲᠤ ᠪᠠᠷ ᠬᠠᠮᠢᠶᠠᠷᠬᠤ︾ ᠵᠢᠯᠤᠭᠤᠳᠬᠤ ᠦᠵᠡᠯ ᠰᠠᠨᠠᠭ᠎ᠠ ᠶᠣᠰᠣᠭᠠᠷ᠂ ᠪᠥᠬᠦ ᠬᠤᠲᠠ ᠪᠠᠷ ᠢᠶᠠᠨ ᠤᠳᠤᠷᠢᠳᠤᠯᠭ᠎ᠠ ᠪᠠᠨ ᠴᠢᠩᠭᠠᠳᠬᠠᠨ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠯᠢ ᠣᠯᠠᠨ ᠦᠨᠡᠨᠬᠦ ᠶᠠᠪᠤᠭᠳᠠᠭᠤᠰᠢᠲᠠᠢ ᠠᠷᠭ᠎ᠠ ᠬᠡᠮᠵᠢᠶ᠎ᠡ ᠠᠪᠴᠤ᠂ ᠢᠯᠡᠳᠲᠡ ᠦᠷ᠎ᠡ ᠪᠦᠲᠦᠮᠵᠢ ᠤᠯᠤᠭᠰᠠᠨ ᠪᠠᠶᠢᠨ᠎ᠠ᠃
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2