ᠪᠦᠬᠦ ᠬᠤᠲᠠ ᠶᠢᠨ ᠠᠩᠬᠠᠨ ᠤ ᠪᠦᠲᠦᠭᠡᠯ︕ ᠵᠢᠨᠢᠩ ᠲᠣᠭᠤᠷᠢᠭ ᠤᠨ ᠥᠯᠥ ᠬᠥᠳᠡᠯᠬᠦ ᠬᠥᠷᠥᠩᠭᠡ ᠶᠢ ︽ᠳᠠᠨᠵᠢᠯᠠᠵᠤ ᠡᠷᠦᠬᠡ ᠰᠢᠯᠵᠢᠭᠦᠯᠬᠦ︾ ᠲᠤᠬᠠᠶᠢᠯᠠᠭᠰᠠᠨ ᠠᠵᠢᠯ ᠢ ᠠᠮᠵᠢᠯᠲᠠ ᠲᠠᠢ ᠪᠠᠷ ᠨᠠᠶᠢᠳᠠᠪᠤᠷᠢᠵᠢᠭᠤᠯᠪᠠ
ᠨᠡᠶᠢᠲᠡᠯᠡᠭᠰᠡᠨ ᠴᠠᠭ᠄
2023/5/4
    4 ᠰᠠᠷ᠎ᠠ ᠶᠢᠨ 27 ᠤ ᠡᠳᠦᠷ ᠤᠨ ᠦᠳᠡ ᠶᠢᠨ ᠡᠮᠦᠨ᠎ᠡ᠂ ᠤᠯᠠᠭᠠᠨᠴᠠᠪ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠥᠪ ᠤᠨ ᠵᠢᠨᠢᠩ ᠤᠨ ᠬᠤᠪᠢᠶᠠᠷᠢ ᠲᠣᠭᠤᠷᠢᠭ ᠤᠨ ᠲᠥᠪ ᠲᠤ᠂ ᠬᠤᠲᠠ ᠶᠢᠨ ᠠᠷᠠᠳ ᠵᠣᠣ ᠠᠪᠤᠭᠠᠢ ᠪᠣᠯᠣᠨ ᠰᠢᠦᠢ ᠠᠪᠤᠭᠠᠢ ᠠᠵᠢᠯᠲᠠᠨ ᠤ ᠬᠠᠪᠰᠤᠷᠤᠯᠭ᠎ᠠ ᠳᠣᠣᠷ᠎ᠠ᠂ ᠥᠯᠥ ᠬᠥᠳᠡᠯᠬᠦ ᠬᠥᠷᠥᠩᠭᠡ ᠶᠢ ︽ᠳᠠᠨᠵᠢ ᠲᠠᠢ ᠡᠷᠦᠬᠡ ᠰᠢᠯᠵᠢᠭᠦᠯᠬᠦ︾ ᠲᠤᠬᠠᠶᠢᠯᠠᠭᠰᠠᠨ ᠠᠵᠢᠯ ᠢ ᠠᠮᠵᠢᠯᠲᠠ ᠲᠠᠢ ᠭᠦᠢᠴᠡᠳᠬᠡᠵᠦ᠂ ᠤᠯᠠᠭᠠᠨᠴᠠᠪ ᠬᠤᠲᠠ ᠶᠢᠨ ᠥᠯᠥ ᠬᠥᠳᠡᠯᠬᠦ ᠬᠥᠷᠥᠩᠭᠡ ᠶᠢ ︽ᠳᠠᠨᠵᠢ ᠲᠠᠢ ᠡᠷᠦᠬᠡ ᠰᠢᠯᠵᠢᠭᠦᠯᠬᠦ︾ ᠲᠤᠬᠠᠶᠢᠯᠠᠭᠰᠠᠨ ᠠᠵᠢᠯ ᠤᠨ ᠲᠦᠷᠦᠭᠦᠸ ᠪᠦᠯᠦᠭ ᠤᠨ ᠠᠰᠢᠭ ᠬᠦᠷᠲᠡᠭᠴᠢ ᠪᠣᠯᠤᠭᠰᠠᠨ ᠪᠠᠶᠢᠨ᠎ᠠ᠃ ︽ᠳᠠᠨᠵᠢ ᠲᠠᠢ ᠡᠷᠦᠬᠡ ᠰᠢᠯᠵᠢᠭᠦᠯᠬᠦ︾ ᠲᠤᠬᠠᠶᠢᠯᠠᠭᠰᠠᠨ ᠠᠵᠢᠯ᠂ ᠥᠮᠴᠢᠲᠡᠨ ᠠᠴᠠ ᠵᠢᠭᠡᠯᠡᠯᠭᠡ ᠪᠠᠨ ᠤᠷᠢᠳᠴᠢᠯᠠᠨ ᠲᠤᠰᠢᠶᠠᠵᠤ ᠳᠠᠭᠤᠰᠬᠠᠬᠤ ᠦᠭᠡᠢ ᠪᠠᠷ ᠭᠡᠷ ᠬᠥᠷᠥᠩᠭᠡ ᠶᠢᠨ ᠪᠠᠷᠢᠴᠠᠭ᠎ᠠ ᠪᠠᠨ ᠬᠦᠴᠦᠨ ᠦᠭᠡᠢ ᠪᠣᠯᠭᠠᠭᠰᠠᠨ ᠪᠠᠶᠢᠳᠠᠯ ᠳᠣᠣᠷ᠎ᠠ ᠰᠢᠭᠤᠳ ᠥᠯᠥ ᠬᠥᠳᠡᠯᠬᠦ ᠬᠥᠷᠥᠩᠭᠡ ᠶᠢᠨ ᠡᠷᠦᠬᠡ ᠰᠢᠯᠵᠢᠭᠦᠯᠬᠦ ᠭᠠᠷ ᠭᠦᠢᠴᠡᠳᠬᠡᠯ ᠬᠢᠵᠦ᠂ ᠪᠠᠷᠢᠴᠠᠭ᠎ᠠ ᠪᠣᠯᠣᠨ ᠥᠮᠴᠢᠯᠡᠯ ᠤᠨ ᠡᠷᠬᠡ ᠶᠢ ᠵᠡᠷᠭᠡᠪᠡᠷ ᠬᠤᠳᠠᠯᠳᠤᠨ ᠠᠪᠤᠭᠴᠢ ᠳᠤ ᠰᠢᠯᠵᠢᠭᠦᠯᠵᠦ᠂ ᠤᠯᠠᠮᠵᠢᠯᠠᠯᠲᠤ ᠵᠠᠭᠪᠤᠷ ᠤᠨ ᠳᠣᠣᠷ᠎ᠠ ᠤᠷᠢᠳᠠᠪᠠᠷ ᠵᠢᠭᠡᠯᠡᠯᠭᠡ ᠪᠠᠨ ᠪᠤᠴᠠᠭᠠᠬᠤ᠂ ᠲᠠᠷᠠᠭ᠎ᠠ ᠨᠢ ᠡᠷᠤᠭᠡ ᠰᠢᠯᠵᠢᠭᠦᠯᠬᠦ ᠠᠴᠠ ᠪᠣᠯᠤᠭᠰᠠᠨ ᠥᠪᠡᠷ ᠤᠨ ᠦᠷᠳᠡᠭ ᠥᠨᠳᠥᠷ᠂ ᠨᠠᠰᠢ ᠴᠠᠰᠢ ᠭᠦᠶᠦᠬᠦ᠂ ᠭᠤᠭᠴᠤᠭ᠎ᠠ ᠤᠯᠠᠨ ᠵᠡᠷᠭᠡ ᠳᠥᠭᠦᠮ ᠦᠭᠡᠢ ᠬᠦᠴᠦᠨ ᠵᠦᠢᠯ ᠢ ᠰᠢᠢᠳᠪᠦᠷᠢᠯᠡᠵᠦ᠂ ᠭᠠᠷ ᠳᠠᠮᠵᠢᠭᠰᠠᠨ ᠣᠷᠣᠨ ᠰᠠᠭᠤᠴᠠ ᠶᠢᠨ ᠵᠠᠬ᠎ᠠ ᠳᠡᠯᠭᠡᠭᠦᠷ ᠤᠨ ᠮᠠᠶᠢᠮᠠᠶᠢᠯᠠᠬᠤ ᠬᠤᠶᠠᠷ ᠲᠠᠯ᠎ᠠ ᠳᠤ ᠨᠡᠩ ᠳᠥᠭᠦᠮ ᠳᠥᠲᠡ᠂ ᠨᠡᠩ ᠨᠠᠶᠢᠳᠠᠪᠤᠷᠢᠲᠠᠢ ᠠᠵᠢᠯᠯᠠᠭᠠᠨ ᠤ ᠵᠠᠭᠪᠤᠷ ᠢ ᠬᠠᠩᠭᠠᠵᠠᠢ᠃                           ᠤᠷᠴᠢᠭᠤᠯᠤᠭᠴᠢ᠄ ᠬᠦᠰᠡᠯ                           ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2