ᠲᠡᠮᠦᠷ ᠤᠨ ᠬᠠᠶᠢᠯᠤᠰᠢ ᠶᠢᠨ ᠠᠵᠤ ᠦᠢᠯᠡᠰ ᠤᠨ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ  ᠸᠠᠩ ᠯᠢ ᠰᠢᠶᠠ ᠤᠯᠠᠭᠠᠨᠴᠠᠪ ᠲᠤ ᠲᠡᠮᠦᠷ ᠤᠨ ᠬᠠᠶᠢᠯᠤᠰᠢ ᠶᠢᠨ ᠠᠵᠤ ᠦᠢᠯᠡᠰ ᠢ ᠪᠠᠶᠢᠴᠠᠭᠠᠨ  ᠰᠤᠳᠤᠯᠤᠭᠰᠠᠨ ᠪᠥᠭᠡᠳ ᠲᠤᠬᠠᠢ ᠶᠢᠨ ᠲᠠᠯᠠᠪᠠᠢ ᠳᠤ ᠠᠯᠪᠠᠯᠠᠪᠠ
ᠨᠡᠶᠢᠲᠡᠯᠡᠭᠰᠡᠨ ᠴᠠᠭ᠄
2023/5/5
  5 ᠰᠠᠷ᠎ᠠ ᠶᠢᠨ 4 ᠤ ᠡᠳᠦᠷ᠂ ᠸᠠᠩ ᠯᠢ ᠰᠢᠶᠠ ᠤᠯᠠᠭᠠᠨᠴᠠᠪ ᠲᠤ ᠬᠦᠷᠴᠦ ᠪᠠᠶᠢᠴᠠᠭᠠᠨ ᠰᠤᠳᠤᠯᠤᠭᠰᠠᠨ ᠪᠥᠭᠡᠳ ᠲᠤᠬᠠᠢ ᠶᠢᠨ ᠲᠠᠯᠠᠪᠠᠢ ᠳᠤ ᠠᠯᠪᠠᠯᠠᠵᠤ᠂ ᠲᠡᠮᠦᠷ ᠤᠨ ᠬᠠᠶᠢᠯᠤᠰᠢ ᠶᠢᠨ ᠠᠵᠤ ᠦᠢᠯᠡᠰ ᠤᠨ ᠬᠥᠭᠵᠢᠯᠲᠡ ᠶᠢ ᠬᠦᠯᠢᠶᠡᠰᠦᠯᠡᠵᠦ ᠪᠠᠶᠢᠭ᠎ᠠ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠪᠠ᠃       ᠸᠠᠩ ᠯᠢ ᠰᠢᠶᠠ ᠵᠢᠢ ᠲᠢᠶᠧ ᠲᠡᠮᠦᠷ ᠤᠨ ᠬᠠᠶᠢᠯᠤᠰᠢ᠂ ᠫᠦ᠋ ᠽᠧ ᠰᠢᠨ᠎ᠡ ᠮᠠᠲ᠋ᠧᠷᠢᠶᠠᠯ᠂ ᠰᠢᠨ ᠲᠠᠢ ᠶᠤᠸᠠᠨ ᠰᠢᠨ᠎ᠡ ᠮᠠᠲ᠋ᠧᠷᠢᠶᠠᠯ᠂ ᠷᠦᠢ ᡁᠢ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠵᠡᠷᠭᠡ 4 ᠠᠵᠤ ᠠᠬᠤᠶᠢᠯᠠᠯ ᠳᠤ ᠬᠦᠷᠴᠦ ᠲᠤᠬᠠᠢ ᠶᠢᠨ ᠲᠠᠯᠠᠪᠠᠢ ᠳᠤ ᠪᠠᠶᠢᠴᠠᠭᠠᠨ ᠰᠤᠳᠤᠯᠤᠯᠲᠠ ᠬᠢᠵᠦ᠂ ᠲᠡᠮᠦᠷ ᠤᠨ ᠬᠠᠶᠢᠯᠤᠰᠢ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠮᠦᠷ ᠤᠨ ᠬᠠᠶᠢᠯᠤᠰᠢ ᠶᠢ  ᠬᠠᠶᠢᠯᠤᠭᠤᠯᠬᠤ ᠳᠤ ᠡᠭᠦᠰᠦᠭᠰᠡᠨ ᠬᠠᠶᠠᠭᠳᠠᠮᠠᠯ ᠬᠡᠢ ᠶᠢ ᠨᠢ ᠬᠤᠷᠢᠶᠠᠨ ᠠᠪᠴᠤ ᠴᠠᠬᠢᠯᠭᠠᠨ ᠭᠠᠷᠭᠠᠬᠤ ᠳᠤ ᠬᠡᠷᠡᠭᠯᠡᠬᠦ ᠪᠤᠶᠤ ᠣᠨᠳᠣᠣᠰᠢᠭᠤᠯᠵᠤ᠂ ᠬᠠᠶᠠᠭᠳᠠᠮᠠᠯ ᠰᠢᠭᠠᠷᠤ ᠪᠠᠷ ᠨᠢ ᠴᠢᠯᠠᠭᠤᠯᠢᠭ ᠬᠥᠪᠥᠩ᠂ ᠠᠨᠢᠷ ᠰᠢᠮᠡᠳᠬᠦ ᠬᠠᠪᠲᠠᠰᠤ ᠵᠡᠷᠭᠡ ᠪᠠᠷᠢᠯᠭ᠎ᠠ ᠶᠢᠨ ᠮᠠᠲ᠋ᠧᠷᠢᠶᠠᠯ ᠦᠢᠯᠡᠳᠪᠦᠷᠢᠯᠡᠵᠦ ᠪᠠᠶᠢᠬᠤ ᠶᠢ ᠦᠵᠡᠭᠡᠳ ᠲᠡᠷᠡ ᠮᠠᠰᠢ ᠪᠠᠶᠠᠷ ᠲᠠᠢ ᠪᠠᠷ᠂ ᠡᠨᠡ ᠬᠦ ᠵᠠᠭᠪᠤᠷ ᠨᠢ ᠮᠠᠰᠢ ᠰᠠᠶᠢᠨ᠂ ᠡᠨᠧᠷᠭᠢ ᠶᠢᠨ ᠬᠤᠷᠣᠭᠳᠠᠭᠤᠯᠤᠯ ᠪᠠ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ  ᠵᠡᠷᠭᠡ ᠬᠤᠶᠠᠷ ᠢ ᠪᠠᠭᠤᠷᠠᠭᠤᠯᠬᠤ ᠶᠢ ᠪᠡᠶᠡᠯᠡᠭᠦᠯᠪᠡ᠂ ᠡᠨᠡ ᠬᠦ ᠰᠡᠳᠬᠢᠮᠵᠢ ᠪᠠᠷ ᠪᠦᠬᠦᠯᠢ ᠴᠣᠭᠴᠠ ᠪᠠᠷ ᠨᠢ ᠲᠥᠯᠥᠪᠵᠢᠭᠦᠯᠵᠦ᠂ ᠪᠤᠢ ᠪᠦᠬᠦᠢ ᠬᠠᠶᠠᠭᠳᠠᠮᠠᠯ ᠬᠡᠢ᠂ ᠬᠠᠶᠠᠭᠳᠠᠮᠠᠯ ᠰᠢᠭᠠᠷᠤ ᠶᠢ ᠲᠥᠪᠯᠡᠷᠡᠭᠦᠯᠦᠨ ᠡᠷᠭᠢᠯᠳᠦᠭᠦᠯᠦᠨ ᠠᠰᠢᠭᠯᠠᠵᠤ᠂ ᠨᠢᠭᠡᠨ ᠰᠢᠨ᠎ᠡ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠬᠦ ᠬᠡᠷᠡᠭᠲᠡᠢ ᠭᠡᠵᠦ ᠬᠡᠯᠡᠪᠡ᠃ ᠵᠠᠬ᠎ᠠ ᠳᠡᠯᠭᠡᠭᠦᠷ ᠤᠨ ᠬᠡᠷᠡᠭᠴᠡᠭᠡ ᠪᠠᠭᠠᠰᠤᠭᠰᠠᠨ ᠪᠠᠶᠢᠳᠠᠯ ᠳᠤ ᠴᠢᠭᠯᠡᠭᠦᠯᠦᠨ᠂ ᠸᠠᠩ ᠯᠢ ᠰᠢᠶᠠ ᠠᠵᠤ  ᠠᠬᠤᠶᠢᠯᠠᠯ ᠤᠨ ᠬᠢᠨ ᠢ ᠬᠤᠪᠢᠰᠤᠩᠭᠤᠢ ᠪᠠᠷ ᠬᠠᠨᠳᠤᠵᠤ᠂ ᠣᠷᠣᠨ ᠪᠠᠶᠢᠷᠢᠯᠠᠯ ᠤᠨ ᠳᠠᠪᠠᠭᠤᠯᠢᠭ᠂ ᠥᠪᠡᠷ ᠤᠨ ᠥᠷᠲᠡᠭ ᠤᠨ ᠳᠠᠪᠠᠭᠤᠯᠢᠭ ᠢᠶᠠᠨ ᠭᠦᠢᠴᠡᠳ ᠠᠭᠤᠳᠠᠯᠵᠤ᠂ ᠦᠢᠯᠡᠳᠬᠦᠨ ᠤ ᠪᠦᠲᠦᠴᠡ ᠳᠡᠭᠡᠨ ᠴᠠᠭ ᠲᠤᠬᠠᠢ ᠳᠤᠨᠢ ᠲᠣᠬᠢᠷᠠᠭᠤᠯᠤᠯᠲᠠ ᠬᠢᠵᠦ᠂ ᠡᠴᠦᠰ ᠤᠨ ᠬᠡᠯᠬᠢᠶ᠎ᠡ ᠶᠢᠨ ᠭᠠᠳᠠᠭᠰᠢ ᠪᠠᠨ ᠬᠥᠭᠵᠢᠬᠦ ᠶᠢ ᠨᠢᠭᠲᠠ ᠴᠢᠩᠭ᠎ᠠ ᠠᠩᠬᠠᠷᠴᠤ᠂  ᠵᠠᠬ᠎ᠠ ᠳᠡᠯᠭᠡᠭᠦᠷ ᠤᠨ ᠡᠵᠡᠯᠡᠬᠦ ᠨᠣᠷᠮ᠎ᠠ ᠶᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ ᠭᠡᠵᠦ ᠰᠠᠨᠠᠭᠤᠯᠪᠠ᠃ ᠲᠡᠷᠡ ᠪᠠᠰᠠ ᠠᠵᠤ ᠠᠬᠤᠶᠢᠯᠠᠯ ᠤᠨ ᠬᠢᠨ ᠳᠤ ᠠᠶᠤᠯᠭᠦᠢ ᠦᠢᠯᠡᠳᠪᠦᠷᠢᠯᠡᠯ ᠢ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠠᠭᠠᠬᠢᠭᠰᠠᠨ ᠴᠤ ᠠᠰᠠᠭᠤᠳᠠᠯ ᠭᠠᠷᠭᠠᠵᠤ ᠪᠣᠯᠬᠤ ᠦᠭᠡᠢ ᠭᠡᠵᠦ ᠲᠠᠭᠢᠨ ᠳᠠᠪᠲᠠᠨ ᠵᠠᠬᠢᠪᠠ᠃       ᠳᠠᠷᠠᠭ᠎ᠠ ᠨᠢ᠂ ᠸᠠᠩ ᠯᠢ ᠰᠢᠶᠠ ᠲᠡᠮᠦᠷ ᠤᠨ ᠬᠠᠶᠢᠯᠤᠰᠢ ᠶᠢᠨ ᠠᠵᠤ ᠦᠢᠯᠡᠰ ᠢ ᠲᠡᠰ ᠳᠡᠪᠰᠢᠭᠦᠯᠬᠦ ᠰᠤᠳᠤᠯᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠳᠤᠮᠳᠠᠳᠤ ᠤᠯᠤᠰ ᠤᠨ ᠲᠡᠮᠦᠷ ᠤᠨ ᠬᠠᠶᠢᠯᠤᠰᠢ ᠶᠢᠨ ᠠᠵᠤ  ᠦᠢᠯᠡᠳᠪᠦᠷᠢ ᠶᠢᠨ ᠨᠡᠶᠢᠭᠡᠮᠯᠢᠭ ᠤᠨ ᠨᠠᠷᠢᠨ ᠪᠢᠴᠢᠭ ᠤᠨ ᠳᠠᠷᠤᠭ᠎ᠠ ᠱᠢ ᠸᠠᠨ ᠯᠢ ᠪᠣᠯᠣᠨ 7 ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠰᠠᠨᠠᠯ ᠰᠠᠨᠠᠭᠤᠯᠭ᠎ᠠ ᠶᠢ ᠰᠣᠨᠣᠰᠴᠤ᠂ ᠤᠯᠠᠨ ᠤ ᠳᠤᠷᠠᠳᠤᠭᠰᠠᠨ ︽ᠪᠠᠭᠲᠠᠭᠠᠮᠵᠢ ᠨᠢ ᠶᠡᠭᠡ ᠪᠣᠯᠪᠠᠴᠤ ᠦᠭᠡ ᠬᠡᠯᠡᠬᠦ ᠡᠷᠬᠡ ᠨᠢ ᠪᠠᠭ᠎ᠠ︾᠂ ︽ᠬᠡᠷᠬᠢᠨ ᠶᠠᠭᠤ ᠴᠤ ᠦᠯᠡᠳᠡᠭᠡᠯ ᠦᠭᠡᠢ ᠪᠦᠭᠦᠨ ᠢ ᠠᠰᠢᠭᠯᠠᠬᠤ︾᠂ ︽ᠬᠡᠷᠬᠢᠨ ᠨᠡᠶᠢᠳᠬᠡᠵᠦ ᠲᠡᠰ ᠳᠡᠪᠰᠢᠭᠦᠯᠬᠦ︾ ᠵᠡᠷᠭᠡ ᠠᠰᠠᠭᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ  ᠃ ᠲᠡᠷᠡ᠂ ᠲᠡᠮᠦᠷ ᠤᠨ ᠬᠠᠶᠢᠯᠤᠰᠢ ᠶᠢᠨ ᠠᠵᠤ ᠦᠢᠯᠡᠰ ᠢ ᠬᠥᠭᠵᠢᠭᠦᠯᠬᠦ ᠶᠢᠨ ᠭᠤᠣᠯ ᠨᠢ ᠰᠢᠯᠢᠳᠡᠭᠵᠢᠭᠦᠯᠦᠨ ᠬᠦᠴᠦᠷᠬᠡᠭᠵᠢᠭᠦᠯᠬᠦ ᠶᠠᠪᠤᠳᠠᠯ ᠪᠣᠯᠣᠨ᠎ᠠ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠪᠣᠬᠢᠷᠳᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠶᠣᠰᠣᠭᠠᠷ ᠨᠠᠷᠢᠨ ᠨᠢᠮᠪᠠᠢ ᠲᠥᠯᠥᠪᠵᠢᠭᠦᠯᠵᠦ᠂ ᠠᠵᠤ ᠦᠢᠯᠡᠰ ᠤᠨ ᠦᠶ᠎ᠡ ᠰᠣᠯᠢᠭᠳᠠᠨ ᠲᠠᠰ ᠳᠡᠪᠰᠢᠬᠦ ᠪᠠ ᠡᠷᠭᠢᠯᠲᠡᠲᠦ ᠬᠥᠭᠵᠢᠯᠲᠡ ᠶᠢ ᠠᠬᠢᠭᠤᠯᠵᠤ᠂ ᠬᠤᠳᠠᠯᠳᠤᠭᠠᠨ ᠤ ᠰᠢᠨ᠎ᠡ ᠠᠵᠠ ᠲᠣᠭᠢᠶᠠᠯ ᠢ ᠵᠠᠪᠳᠤᠨ ᠠᠮᠵᠢᠵᠤ᠂ ᠰᠢᠨ᠎ᠡ ᠠᠮᠢᠵᠢᠷᠠᠯ ᠤᠨ ᠬᠦᠴᠦᠨ ᠢ  ᠬᠥᠭᠵᠢᠭᠡᠬᠦ ᠬᠡᠷᠡᠭᠲᠡᠢ ᠭᠡᠵᠦ ᠬᠡᠯᠡᠪᠡ᠃ ᠲᠤᠬᠠᠢ ᠶᠢᠨ ᠲᠠᠯᠠᠪᠠᠶ ᠳᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯ ᠤᠨ ᠳᠤᠷᠠᠳᠤᠭᠰᠠᠨ ᠠᠰᠠᠭᠤᠳᠠᠯ ᠳᠤ ᠴᠢᠭᠯᠡᠭᠦᠯᠦᠨ᠂ ᠪᠦᠭᠦ ᠲᠠᠯ᠎ᠠ ᠳᠤ ᠵᠣᠭᠰᠣᠵᠤ᠂ ᠣᠳᠣᠬᠠᠨ ᠤ ᠪᠠᠶᠢᠳᠠᠯ ᠳᠤ ᠰᠠᠭᠤᠷᠢᠯᠠᠨ᠂ ᠠᠯᠤᠰ ᠭᠡᠲᠦ ᠶᠢ ᠪᠣᠳᠣᠯᠬᠢᠯᠠᠵᠤ᠂ ᠲᠡᠮᠦᠷ ᠤᠨ  ᠬᠠᠶᠢᠯᠤᠰᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠠᠲᠠᠢ ᠠᠷᠭ᠎ᠠ ᠬᠡᠮᠵᠢᠶ᠎ᠡ ᠶᠢ ᠠᠯᠢ ᠲᠦᠷᠭᠡᠨ ᠢᠶᠠᠷ ᠰᠤᠳᠤᠯᠤᠨ ᠳᠤᠷᠠᠳᠴᠤ ᠭᠠᠷᠭᠠᠬᠤ ᠬᠡᠷᠡᠭᠲᠡᠢ ᠭᠡᠵᠦ ᠱᠠᠭᠠᠷᠳᠠᠪᠠ᠃       ᠪᠠᠢ ᠴᠢᠩ ᠶᠤᠸᠠᠨ ᠠᠵᠢᠯᠯᠠᠭ᠎ᠠ ᠳᠤ ᠣᠷᠣᠯᠴᠠᠵᠠᠢ᠃  
 
ᠢᠷᠡᠯᠲᠡ᠄ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2