| ︽ᠲᠠᠪᠤᠨ ᠰᠠᠷ᠎ᠠ ᠶᠢᠨ ᠨᠢᠭᠡᠨ︾ ᠤ ᠠᠮᠠᠷᠠᠯᠲᠠ ᠶᠢᠨ ᠬᠤᠭᠤᠴᠠᠭᠠᠨ ᠳᠤ᠂ ᠳᠥᠷᠪᠡᠳ ᠬᠤᠰᠢᠭᠤᠨ ᠤ ᠬᠢᠨ | ᠠᠯᠢ ᠤᠯᠠᠨ ᠬᠡᠯᠪᠡᠷᠢ ᠶᠢᠨ ᠰᠢᠨ᠎ᠡ ᠶᠢ ᠡᠭᠦᠳᠦᠭᠰᠡᠨ᠂ ᠭᠤᠣᠯ ᠰᠡᠳᠦᠪ ᠲᠣᠳᠣᠷᠬᠠᠢ᠂ ᠦᠵᠡᠮᠵᠢ ᠪᠠᠶᠢᠳᠠᠯ | ᠰᠢᠯᠢᠳᠡᠭᠵᠢᠭᠰᠡᠨ᠂ ᠠᠭᠤᠯᠭ᠎ᠠ ᠪᠠᠶᠠᠯᠢᠭ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠥᠷᠨᠢᠭᠦᠯᠵᠦ᠂ ᠬᠡᠷᠡᠭᠯᠡᠭᠡ ᠶᠢᠨ | ᠬᠡᠷᠡᠭᠴᠡᠭᠡ ᠶᠢ ᠭᠦᠢᠴᠡᠳ ᠪᠠᠳᠠᠷᠠᠭᠤᠯᠵᠤ᠂ ᠠᠷᠠᠯᠵᠢᠶ᠎ᠠ ᠬᠤᠳᠠᠯᠳᠤᠭ᠎ᠠ ᠪᠦᠷᠢᠨ ᠪᠠᠷᠠᠭ᠎ᠠ ᠠᠴᠠ ᠳᠠᠪᠠᠭᠰᠠᠨ᠂ ᠢᠳᠡᠵᠦ | ᠤᠤᠭᠤᠬᠤ ᠬᠤᠨᠣᠵᠤ ᠬᠡᠪᠲᠡᠬᠦ ᠵᠡᠷᠭᠡ ᠰᠦᠯᠵᠢᠶᠡᠨ ᠠᠴᠠ ᠭᠠᠳᠠᠨᠠᠬᠢ ᠬᠦᠷᠦᠯᠴᠡᠬᠦ ᠴᠢᠨᠠᠷᠲᠠᠢ ᠬᠡᠷᠡᠭᠯᠡᠭᠡ ᠶᠢᠨ | ᠥᠰᠥᠯᠲᠡ ᠮᠡᠳᠡᠭᠳᠡᠮ᠎ᠡ ᠪᠤᠯᠵᠤ᠂ ᠪᠠᠶᠠᠷ ᠤᠨ ᠡᠳᠦᠷ ᠤᠨ ᠬᠡᠷᠡᠭᠯᠡᠭᠡ ᠶᠢᠨ ᠵᠠᠬ᠎ᠠ ᠳᠡᠯᠭᠡᠭᠦᠷ ᠤᠨ ᠠᠭᠤᠷ ᠠᠮᠢᠰᠬᠤᠯ | ᠵᠤᠵᠠᠭᠠᠳᠴᠤ᠂ ᠬᠥᠮᠦᠰ ᠤᠨ ᠬᠦᠷᠢᠶᠡᠯᠡᠯ ᠢ ᠣᠯᠵᠠᠢ᠃ | 4 ᠰᠠᠷ᠎ᠠ ᠶᠢᠨ 29 ᠤ ᠡᠳᠦᠷ ᠠᠴᠠ 5 ᠰᠠᠷ᠎ᠠ ᠶᠢᠨ 3 ᠤ ᠡᠳᠦᠷ ᠪᠣᠯᠲᠠᠯ᠎ᠠ᠂ ᠱᠢ ᠵᠢᠩ ᠬᠤᠳᠠᠯᠳᠤᠭᠠᠨ ᠤ | ᠠᠰᠠᠷ᠂ ᠹᠦ᠋ ᠵᠢᠶᠠ ᠬᠡᠲᠦ ᠳᠡᠯᠭᠡᠭᠦᠷ᠂ ᠡᠸᠤ ᠢ ᠬᠤᠳᠠᠯᠳᠤᠨ ᠠᠪᠬᠤ ᠬᠤᠳᠠᠯᠳᠤᠭᠠᠨ ᠤ ᠲᠥᠪ᠂ ᠬᠤᠤ ᠰᠢᠶᠠᠩ | ᠪᠠᠭᠤᠳᠠᠯ ᠵᠡᠷᠭᠡ 16 ᠵᠠᠭᠪᠤᠷ ᠤᠨ ᠠᠵᠤ ᠠᠬᠤᠶᠢᠯᠠᠯ ᠨᠡᠶᠢᠲᠡ 1060 ᠲᠦᠮᠡᠨ ᠲᠥᠭᠦᠷᠢᠭ ᠤᠨ ᠡᠵᠡᠩᠨᠡᠯᠲᠡ ᠶᠢᠨ | ᠨᠣᠷᠮ᠎ᠠ ᠶᠢ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ 45.6% ᠪᠠᠷ | ᠨᠡᠮᠡᠭᠳᠡᠵᠤ᠂ 2019 ᠣᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ 9.4% ᠪᠠᠷ ᠨᠡᠮᠡᠭᠳᠡᠪᠡ᠃ | ᠡᠭᠦᠨ ᠳᠤ᠄ 2 ᠬᠤᠳᠠᠯᠳᠤᠭᠠᠨ ᠤ ᠲᠠᠯᠠᠪᠤᠷ 420 ᠲᠦᠮᠡᠨ ᠲᠥᠭᠦᠷᠢᠭ ᠤᠨ ᠡᠵᠡᠩᠨᠡᠯᠲᠡ ᠶᠢᠨ ᠨᠣᠷᠮ᠎ᠠ ᠶᠢ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 24% ᠪᠠᠷ ᠨᠡᠮᠡᠭᠳᠡᠨ᠂ 2019 ᠣᠨ ᠤ ᠬᠢ ᠲᠠᠢ | ᠬᠠᠷᠢᠴᠠᠭᠤᠯᠪᠠᠯ 6.4% ᠪᠠᠷ ᠨᠡᠮᠡᠭᠳᠡᠪᠡ︔ 5 ᠬᠡᠲᠦ ᠳᠡᠯᠭᠡᠭᠦᠷ 210 ᠲᠦᠮᠡᠨ ᠲᠥᠭᠦᠷᠢᠭ ᠤᠨ ᠡᠵᠡᠩᠨᠡᠯᠲᠡ ᠶᠢᠨ | ᠨᠣᠷᠮ᠎ᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 21% ᠪᠠᠷ ᠨᠡᠮᠡᠭᠳᠡᠨ᠂ 2019 ᠣᠨ ᠤ ᠬᠢ ᠲᠠᠢ | ᠬᠠᠷᠢᠴᠠᠭᠤᠯᠪᠠᠯ 7.4% ᠪᠠᠷ ᠨᠡᠮᠡᠭᠳᠡᠪᠡ︔ 9 ᠬᠤᠨᠤᠭ ᠤᠨ ᠪᠠ ᠢᠳᠡᠭᠡᠨ ᠤᠮᠳᠠᠭᠠᠨ ᠤ ᠠᠵᠤ ᠠᠬᠤᠶᠢᠯᠠᠯ ᠤᠨ | ᠡᠵᠡᠩᠨᠡᠯᠲᠡ ᠶᠢᠨ ᠨᠣᠷᠮ᠎ᠠ 430 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 95% ᠪᠠᠷ ᠨᠡᠮᠡᠭᠳᠡᠨ᠂ 2019 ᠣᠨ ᠤ ᠬᠢ ᠲᠠᠢ ᠬᠠᠷᠢᠴᠠᠭᠤᠯᠪᠠᠯ 23% ᠪᠠᠷ ᠨᠡᠮᠡᠭᠳᠡᠵᠡᠶ᠃ | ︽ᠲᠠᠪᠤᠨ ᠰᠠᠷ᠎ᠠ ᠶᠢᠨ ᠨᠢᠭᠡᠨ︾ ᠤ ᠠᠮᠠᠷᠠᠯᠲᠠ ᠶᠢᠨ ᠬᠤᠭᠤᠴᠠᠭᠠᠨ ᠳᠤ᠂ ᠳᠥᠷᠪᠡᠳ ᠬᠤᠰᠢᠭᠤᠨ ᠤ ᠡᠯ᠎ᠡ | ᠵᠤᠭᠠᠴᠠᠯ ᠤᠨ ᠦᠵᠡᠮᠵᠢ ᠶᠢᠨ ᠣᠷᠣᠨ ᠨᠡᠶᠢᠢᠳᠡ 4 ᠲᠦᠮᠡᠨ ᠵᠤᠭᠠᠴᠠᠭᠰᠠᠳ ᠢ ᠬᠦᠯᠢᠶᠡᠨ ᠠᠪᠴᠤ᠂ 2800 | ᠲᠦᠮᠡᠨ ᠲᠥᠭᠦᠷᠢᠭ ᠤᠨ ᠵᠤᠭᠠᠴᠠᠯ ᠤᠨ ᠣᠷᠣᠯᠭ᠎ᠠ ᠶᠢ ᠪᠡᠶᠡᠯᠡᠭᠦᠯᠵᠡᠢ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ | | |