ᠵᠦᠸᠧᠽᠢ ᠰᠢᠶᠠᠨ ᠪᠣᠯᠣᠨ ᠳᠤᠮᠳᠠᠳᠤ ᠤᠯᠤᠰ ᠤᠨ ᠲᠡᠯᠡᠢ ᠶᠢᠨ ᠲᠣᠰᠣ ᠴᠢᠯᠠᠭᠤᠨ ᠲᠤᠰᠤᠨ ᠤ ᠬᠡᠢ ᠴᠠᠬᠢᠯᠭᠠᠨ ᠤ ᠪᠦᠯᠦᠭᠯᠡᠯ ᠨᠡᠭᠦᠷᠡᠰᠦᠲᠥ᠋ᠷᠥᠭᠴᠢ ᠶᠢ ᠬᠤᠷᠠᠭᠤᠯᠬᠤ ᠲᠦᠷᠦᠯ ᠵᠦᠢᠯ ᠤᠨ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠵᠠᠢ
ᠨᠡᠶᠢᠲᠡᠯᠡᠭᠰᠡᠨ ᠴᠠᠭ᠄
2023/5/8
    ᠣᠶᠢᠷ᠎ᠠ ᠳᠤ᠂ ᠵᠦᠸᠧᠽᠢ ᠰᠢᠶᠠᠨ ᠤ ᠠᠷᠠᠳ ᠤᠨ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠲᠡᠯᠡᠢ ᠶᠢᠨ ᠲᠣᠰᠣ ᠴᠢᠯᠠᠭᠤᠨ ᠲᠣᠰᠣᠨ ᠤ ᠬᠡᠢ ᠴᠠᠬᠢᠯᠭᠠᠨ ᠤ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠬᠠᠮᠲᠤᠷᠠᠯᠴᠠᠭᠠᠨ ᠤ ᠪᠣᠷᠣ ᠲᠥᠯᠥᠪ ᠤᠨ ᠬᠡᠯᠡᠯᠴᠡᠭᠡᠷ ᠲᠤ ᠵᠢᠩᠬᠢᠨᠢ ᠪᠠᠷ ᠭᠠᠷ ᠤᠨ ᠥᠰᠥᠭ ᠵᠢᠷᠤᠪᠠ᠂ ᠡᠨᠡ  ᠨᠢ ᠬᠤᠶᠠᠷ ᠲᠠᠯ᠎ᠠ ᠪᠠᠷ ᠢᠶᠠᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠢᠩᠭᠡᠬᠡᠨ ᠠᠪᠬᠤ ᠲᠠᠯ᠎ᠠ ᠪᠠᠷ ᠬᠢ ᠬᠠᠮᠲᠤᠷᠠᠯᠴᠠᠭ᠎ᠠ ᠵᠢᠩᠬᠢᠨᠢ ᠪᠠᠷ ᠡᠬᠢᠯᠡᠭᠰᠡᠨ ᠢ ᠬᠠᠷᠠᠭᠤᠯᠵᠤ ᠪᠠᠶᠢᠨ᠎ᠠ᠃ ᠣᠶᠢᠷ᠎ᠠ ᠶᠢᠨ ᠵᠢᠯ ᠤᠨ ᠲᠤᠷᠰᠢ ᠵᠦᠸᠧᠽᠢ ᠰᠢᠶᠠᠨ ᠪᠠᠶᠢᠭᠠᠯᠢ ᠶᠢᠨ ᠤᠢ ᠰᠢᠭᠤᠢ ᠶᠢᠨ ᠡᠬᠢ ᠪᠠᠶᠠᠯᠢᠭ ᠢ ᠬᠠᠮᠠᠭᠠᠯᠠᠬᠤ᠂ ᠲᠠᠷᠢᠶᠠᠯᠠᠬᠤ ᠶᠢ ᠵᠣᠭᠰᠣᠭᠠᠵᠤ ᠤᠢ ᠰᠢᠭᠤᠢ ᠡᠪᠡᠰᠦ ᠪᠡᠯᠴᠢᠭᠡᠷ ᠢ ᠰᠡᠷᠭᠦᠭᠡᠬᠦ᠂ ᠬᠠᠯᠬᠠᠪᠴᠢ ᠤᠢ ᠶᠢᠨ ᠰᠢᠰᠲ᠋ᠧᠮ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠤᠢ ᠰᠢᠭᠤᠢ ᠪᠠ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠬᠠᠳᠠᠭᠠᠯᠠᠬᠤ ᠪᠠ ᠨᠡᠭᠦᠷᠡᠰᠦᠲᠥ᠋ᠷᠥᠭᠴᠢ ᠶᠢ ᠰᠢᠩᠭᠡᠭᠡᠬᠦ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠤᠷᠬᠢᠯ ᠳᠤ ᠬᠦᠷᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠶᠢ ᠪᠡᠶᠡᠯᠡᠭᠦᠯᠵᠡᠢ᠃ ᠡᠨᠡ ᠤᠳᠠᠭ᠎ᠠ ᠶᠢᠨ ᠭᠠᠷ ᠤᠨ ᠦᠰᠦᠭ ᠵᠢᠷᠤᠭᠰᠠᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠢᠩᠭᠡᠬᠡᠨ ᠠᠪᠬᠤ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠨᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠢᠩᠭᠡᠬᠡᠨ ᠠᠪᠬᠤ ᠨᠡᠭᠡᠭᠡᠨ ᠬᠥᠭᠵᠢᠭᠦᠯᠦᠯᠲᠡ ᠶᠢ ᠡᠮᠬᠢ ᠵᠢᠷᠤᠮ ᠲᠠᠢ ᠪᠠᠷ ᠠᠬᠢᠭᠤᠯᠵᠤ᠂ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠵᠤ ᠠᠬᠤᠶᠢᠯᠠᠯ ᠪᠣᠯᠣᠨ ᠵᠠᠰᠠᠭ ᠤᠨ ᠣᠷᠳᠣᠨ ᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠢᠩᠭᠡᠬᠡᠨ ᠠᠪᠬᠤ ᠬᠠᠮᠲᠤᠷᠠᠯᠴᠠᠭᠠᠨ ᠤ ᠰᠢᠨ᠎ᠡ ᠵᠠᠭᠪᠤᠷ ᠢ ᠡᠭᠦᠳᠴᠦ᠂ ᠠᠮᠢ ᠠᠬᠤᠢ ᠶᠢᠨ ᠦᠷᠭᠦᠯᠵᠢᠯᠡᠬᠦ ᠬᠥᠭᠵᠢᠯᠲᠡ ᠶᠢᠨ ᠣᠨᠴᠠᠯᠢᠭᠲᠤ ᠬᠥᠭᠵᠢᠯᠲᠡ ᠶᠢᠨ ᠵᠠᠮ ᠢᠶᠠᠷ ᠵᠠᠮᠨᠠᠵᠤ᠂ ᠪᠦᠬᠦ ᠬᠤᠳᠠ ᠶᠢᠨ ︽ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠤᠷᠬᠢᠯ ᠳᠤ ᠬᠦᠷᠴᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ︾ ᠳᠤ ᠭᠠᠷᠮᠠᠭᠠᠢ ᠬᠤᠪᠢ ᠨᠡᠮᠡᠷᠢ ᠦᠵᠡᠭᠦᠯᠬᠦ ᠪᠣᠯᠣᠨ᠎ᠠ᠃                     ᠵᠣᠬᠢᠶᠠᠭᠴᠢ᠄ ᠶᠦᠨ ᠨᠠ   ᠯᠢ ᠹᠠᠩ                     ᠤᠷᠴᠢᠭᠤᠯᠤᠭᠴᠢ᠄ ᠬᠦᠰᠡᠯ                     ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2