| ︱ 2023 ᠣᠨ ᠤ 1 ᠰᠠᠷ᠎ᠠ ᠶᠢᠨ 2 ᠤᠨ ᠡᠳᠦᠷ ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠡ | ᠬᠤᠲᠠ ᠶᠢᠨ ᠳᠠᠷᠤᠭ᠎ᠠ ᠴᠢ ᠹᠧᠢ ᠶᠦᠨ | | ᠲᠥᠯᠥᠭᠡᠯᠡᠭᠴᠢᠳ ᠠ᠋᠄ | ᠤᠳᠤ᠂ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠤᠨ | ᠢᠯᠡᠳᠬᠡᠯ ᠬᠢᠶ᠎ᠡ᠂ ᠬᠢᠨᠠᠨ ᠵᠦᠪᠯᠡᠬᠦ ᠪᠣᠯᠪᠠᠤ︕ ᠳᠡᠷᠡᠴᠢᠯᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ | ᠪᠤᠰᠤᠳ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ ︕ | ᠨᠢᠭᠡ᠂ 2022 ᠣᠨ ᠤ ᠠᠵᠢᠯ ᠤᠨ ᠡᠷᠭᠢᠴᠡᠭᠦᠯᠦᠯ | 2022 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠢ ᠬᠤᠷᠠᠯᠳᠤᠭᠰᠠᠨ ᠵᠢᠯ ᠮᠥᠨ᠂ ᠪᠠᠰᠠ ᠴᠤ ᠰᠢᠨ᠎ᠡ | ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠡᠬᠢᠯᠡᠯᠲᠡ ᠶᠢᠨ ᠵᠢᠯ ᠮᠥᠨ᠃ ᠨᠢᠭᠡ ᠵᠢᠯ ᠤᠨ ᠲᠤᠷᠰᠢ᠂ ᠪᠢᠳᠡ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠥᠬᠦ | ᠲᠠᠯ᠎ᠠ ᠪᠠᠷ ᠳᠤᠭᠤᠰᠢᠯᠠᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠪᠠ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠡᠷᠡᠰ | ᠨᠠᠶᠢᠳᠠᠪᠤᠷᠢᠵᠢᠭᠤᠯᠤᠨ᠂ ᠬᠦᠴᠢᠷ ᠪᠡᠷᠬᠡ ᠶᠢ ᠳᠤᠭᠤᠯᠵᠤ᠂ ᠡᠷᠡᠮᠡᠬᠡᠶᠢᠯᠡᠨ ᠤᠷᠤᠭᠰᠢᠯᠠᠵᠤ᠂ ᠡᠨᠡ ᠵᠢᠯ ᠤᠨ ᠬᠠᠷᠠᠯᠲᠠ | ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠪᠡ᠃ | ︵ᠨᠢᠭᠡ︶ ᠠᠵᠤ ᠠᠬᠤᠢ ᠶᠢᠨ ᠠᠵᠢᠯᠯᠠᠭᠠᠨ ᠦᠷᠭᠦᠯᠵᠢᠯᠡᠨ ᠲᠤᠭᠲᠠᠪᠤᠷᠢᠵᠢᠵᠦ ᠰᠠᠶᠢᠵᠢᠷᠠᠨ᠂ ᠨᠡᠩ | ᠴᠢᠨᠠᠷᠵᠢᠭᠤᠨ ᠪᠣᠯᠪᠠ᠃ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠪᠠ ᠠᠷᠠᠳ ᠤᠨ ᠠᠮᠢᠳᠤᠷᠠᠯ ᠤᠨ | ᠭᠦᠢᠴᠡᠳᠬᠡᠯ ᠲᠤᠭ᠎ᠠ ᠶᠢᠨ ᠬᠤᠷᠳᠤᠴᠠ ᠳᠡᠬᠡᠭᠰᠢᠯᠡᠨ᠂ ᠣᠷᠣᠨ ᠲᠠᠪᠰᠢᠵᠤ ᠳᠡᠷᠢᠬᠦᠨ ᠳᠤ ᠤᠷᠤᠬᠤ ᠪᠠᠷ ᠴᠢᠷᠮᠠᠶᠢᠵᠤ᠂ | ᠪᠦᠬᠦ ᠬᠤᠳᠠ ᠶᠢᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 990 ᠳ᠋ᠦᠩᠰᠢᠭᠤᠷ ᠲᠥᠭᠦᠷᠢᠭ ᠪᠡᠶᠡᠯᠡᠭᠦᠯᠵᠦ᠂ | 6% ᠪᠠᠷ ᠨᠡᠮᠡᠭᠳᠡᠵᠦ᠂ ᠪᠦᠬᠦ ᠣᠷᠣᠨ ᠤ ᠭᠤᠷᠪᠠᠳᠤᠭᠠᠷ ᠲᠤ ᠣᠷᠣᠪᠠ᠃ ︽ᠲᠣᠭᠲᠠᠭᠤᠨ︾ ᠤ ᠰᠠᠭᠤᠷᠢ | ᠦᠷᠭᠦᠯᠵᠢᠯᠡᠨ ᠪᠠᠬᠢᠵᠢᠪᠡ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 16% ᠪᠠᠷ ᠨᠡᠮᠡᠭᠳᠡᠵᠦ᠂ ᠪᠥᠬᠦ | ᠣᠷᠣᠨ ᠤ ᠵᠢᠷᠭᠤᠳᠤᠭᠠᠷ ᠲᠤ ᠣᠷᠣᠪᠠ᠃ 293 ᠭᠤᠣᠯᠳᠠᠯᠭ᠎ᠠ ᠲᠠᠢ ᠲᠥᠷᠥᠯ ᠵᠦᠢᠯ 387 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠣᠨ ᠤ ᠡᠭᠦᠷᠭᠡ ᠪᠠᠨ122% ᠪᠠᠷ ᠳᠠᠪᠠᠭᠤᠯᠤᠨ | ᠪᠡᠶᠡᠯᠡᠭᠦᠯᠵᠦ᠂ ᠭᠤᠣᠯ ᠬᠤᠲᠠ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠤᠰᠤ ᠬᠠᠩᠭᠠᠬᠤ ᠢᠨᠵᠧᠨᠧᠷᠢᠩ᠂ | ᠶᠦᠨ ᠳ᠋ᠠ ᠣᠶᠤᠨᠴᠢ ᠠᠵᠤ ᠦᠢᠯᠡᠰ ᠤᠨ ᠰᠠᠭᠤᠷᠢᠨ ᠤ ᠲᠥᠷᠥᠯ ᠵᠦᠢᠯ ᠵᠡᠷᠭᠡ 100 ᠲᠥᠷᠥᠯ ᠵᠦᠢᠯ ᠤᠨ | ᠢᠨᠵᠧᠨᠧᠷᠢᠩ ᠢ ᠳᠠᠭᠤᠰᠬᠠᠪᠠ᠃ ᠵᠠᠰᠠᠭ ᠤᠨ ᠣᠷᠳᠣᠨ ᠤ ᠲᠤᠰᠬᠠᠢ ᠳᠦᠷᠤᠯ ᠤᠨ ᠵᠢᠭᠡᠯᠡᠯᠭᠡ ᠶᠢᠨ ᠲᠡᠮᠳᠡᠭᠲᠦ ᠶᠢ | 35 ᠳ᠋ᠦᠩᠰᠢᠭᠤᠷ ᠲᠥᠭᠦᠷᠢᠭ ᠴᠢᠷᠮᠠᠶᠢᠨ ᠣᠯᠵᠤ᠂ ᠬᠡᠪᠴᠢᠶ᠎ᠡ ᠨᠢ ᠪᠥᠬᠦ ᠣᠷᠣᠨ ᠳᠤ ᠨᠢᠬᠡᠳᠦᠬᠡᠷ ᠲᠤ ᠤᠷᠤᠪᠠ᠃ | ᠵᠠᠬ᠎ᠠ ᠳᠡᠯᠭᠡᠭᠦᠷ ᠤᠨ ᠪᠤᠷᠤᠯᠠᠭᠤᠯᠭ᠎ᠠ ᠲᠣᠭᠲᠠᠭᠤᠨ ᠢᠶᠠᠷ ᠰᠡᠷᠭᠦᠵᠦ᠂ 1550 ᠲᠦᠮᠡᠨ ᠲᠥᠭᠦᠷᠢᠭ ᠤᠨ ᠡᠯᠧᠺᠲᠷᠣᠨ | ᠬᠡᠷᠡᠭᠯᠡᠭᠡᠨ ᠤ ᠲᠡᠮᠳᠡᠭᠲᠦ ᠲᠠᠷᠬᠠᠭᠠᠵᠤ᠂ ᠰᠢᠭᠤᠳ ᠳᠠᠶᠢᠴᠢᠯᠠᠭᠰᠠᠨ ᠬᠡᠷᠡᠭᠯᠡᠭᠡ ᠳ᠋ᠦᠩᠰᠢᠭᠤᠷ ᠲᠥᠭᠦᠷᠢᠭ ᠢ ᠳᠠᠪᠠᠪᠠ︔ | ᠰᠢᠭᠤᠳ ᠨᠡᠪᠲᠡᠷᠡᠭᠦᠯᠭᠡ ᠶᠢᠨ ᠡᠯᠧᠺᠲᠷᠣᠨ ᠬᠤᠳᠠᠯᠳᠤᠭ᠎ᠠ᠂ ᠨᠡᠶᠢᠭᠡᠮ ᠤᠨ ᠬᠠᠷᠢᠯᠴᠠᠭᠠᠨ ᠤ ᠡᠯᠧᠺᠲᠷᠣᠨ | ᠬᠤᠳᠠᠯᠳᠤᠭ᠎ᠠ ᠵᠡᠷᠭᠡ ᠰᠢᠨ᠎ᠡ ᠬᠡᠯᠪᠡᠷᠢ ᠥᠷᠨᠢᠩᠭᠦᠢ ᠬᠥᠭᠵᠢᠵᠦ᠂ ᠰᠦᠯᠵᠢᠶ᠎ᠡ ᠪᠠᠷ ᠵᠢᠵᠢᠭᠯᠡᠨ ᠬᠤᠳᠠᠯᠳᠤᠭᠰᠠᠨ | ᠪᠣᠷᠣᠯᠠᠭᠤᠯᠭ᠎ᠠ 32.3% ᠪᠠᠷ ᠨᠡᠮᠡᠭᠳᠡᠪᠡ᠃ ᠭᠠᠳᠠᠭᠠᠳᠤ ᠠᠷᠠᠯᠵᠢᠶᠠᠨ ᠤ ᠳᠠᠩᠰᠠᠯᠠᠭᠤᠯᠤᠭᠰᠠᠨ ᠠᠵᠤ ᠠᠬᠤᠶᠢᠯᠠᠯ | 67 ᠰᠢᠨ᠎ᠡ ᠪᠠᠷ ᠨᠡᠮᠡᠭᠳᠡᠵᠦ᠂ ᠪᠣᠳᠠᠲᠠᠢ ᠠᠰᠢᠭᠯᠠᠭᠰᠠᠨ ᠭᠠᠳᠠᠭᠠᠳᠤ ᠪᠡᠯᠡ 68.7% ᠪᠠᠷ ᠨᠡᠮᠡᠭᠳᠡᠵᠦ᠂ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠳᠤᠭ᠎ᠠ ᠨᠤᠷᠮ᠎ᠠ ᠰᠦᠷᠭᠡᠦ ᠨᠡᠮᠡᠭᠳᠡᠯ 15% | ᠬᠦᠷᠪᠡ᠃ ᠱᠤ᠋ ᠳ᠋ᠦ᠋ ᠺᠠᠢ ᠳ᠋ᠠ ᠤᠯᠤᠰ ᠤᠨ ᠭᠠᠳᠠᠭᠠᠳᠤ ᠠᠷᠠᠯᠵᠢᠶᠠᠨ ᠤ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ | ᠰᠠᠭᠤᠷᠢᠨ ᠢᠶᠠᠷ ᠵᠥᠪᠰᠢᠶᠡᠷᠡᠭᠳᠡᠵᠦ᠂ ᠪᠥᠬᠦ ᠬᠤᠲᠠ ᠶᠢᠨ ᠠᠩᠬᠠᠳᠠᠭᠴᠢ ᠪᠣᠭᠤᠮᠲᠠ ᠶᠢᠨ AEO ᠳᠡᠭᠡᠳᠦ ᠲᠠᠰ ᠤᠨ | ᠭᠡᠷᠡᠴᠢᠯᠡᠯ ᠲᠠᠢ ᠠᠵᠤ ᠠᠬᠤᠶᠢᠯᠠᠯ ᠪᠣᠯᠪᠠ᠃ | ︽ᠳᠡᠪᠰᠢᠬᠦ︾ ᠬᠦᠳᠡᠯᠭᠡᠭᠴᠢ ᠬᠦᠴᠦᠨ ᠤ ᠡᠷᠴᠢᠮ ᠴᠢᠩᠭᠠᠷᠠᠪᠠ᠃ ︽ᠰᠢᠨᠵᠢᠯᠡᠭᠡ ᠮᠡᠷᠭᠡᠵᠢᠯ ᠢᠶᠠᠷ ᠥᠪᠥᠷ | ᠮᠣᠩᠭᠤᠯ ᠢᠶᠠᠨ ᠬᠥᠭᠵᠢᠭᠦᠯᠬᠦ︾ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠤᠯᠤᠰ ᠤᠨ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ 100 ᠶᠢ ᠳᠠᠪᠠᠵᠤ᠂ ᠤᠯᠤᠰ ᠤᠨ ᠰᠢᠨᠵᠢᠯᠡᠭᠡ ᠮᠡᠷᠭᠡᠵᠢᠯ ᠤᠨ ᠬᠡᠯᠪᠡᠷᠢ ᠶᠢᠨ ᠳᠤᠮᠳᠠ | ᠵᠢᠵᠢᠭ ᠠᠵᠤ ᠠᠬᠤᠶᠢᠯᠠᠯ ᠤᠨ ᠬᠦᠮᠦᠷᠭᠡ ᠳᠤ 40 ᠠᠵᠤ ᠠᠬᠤᠶᠢᠯᠠᠯ ᠢ ᠣᠷᠤᠭᠤᠯᠪᠠ᠃ ︽ᠳ᠋ᠦ᠋ ᠮᠧᠩ︾ ᠠᠯᠠᠰᠢᠨ | ᠬᠤᠨᠢᠨ ᠤ ᠰᠢᠨ᠎ᠡ ᠡᠭᠦᠯᠳᠡᠷ ᠤᠯᠤᠰ ᠤᠨ ᠬᠢᠨᠠᠨ ᠲᠣᠭᠲᠠᠭᠠᠯᠳᠡ ᠶᠢ ᠦᠩᠭᠡᠷᠡᠬᠦᠯᠵᠤ᠂ ᠠᠯᠠᠰᠢᠨ ᠬᠤᠨᠢᠨ ᠤ | ᠥᠪᠡᠷ ᠤᠨ ᠡᠭᠦᠯᠳᠡᠷ ᠤᠨ ︽ᠬᠤᠭᠤᠰᠤᠨ︾ ᠢ ᠨᠦᠬᠦᠪᠤᠷᠢᠯᠡᠪᠡ︔ ᠰᠠᠶᠢᠨᠣ᠋ ᠤᠯᠤᠰ ᠤᠨ ᠦᠷ᠎ᠡ ᠶᠢᠨ ᠦᠢᠯᠡᠰ ᠤᠨ | ᠵᠢᠭᠰᠠᠭᠠᠯ ᠤᠨ ᠬᠡᠯᠪᠡᠷᠢ ᠶᠢᠨ ᠠᠵᠤ ᠠᠬᠤᠶᠢᠯᠠᠯ ᠢᠶᠠᠷ ᠰᠣᠩᠭᠤᠭᠳᠠᠪᠠ︔ ᠤᠯᠤᠰ ᠤᠨ ᠡᠪᠡᠰᠦ ᠪᠡᠯᠴᠢᠭᠡᠷ ᠤᠨ | ᠲᠡᠷᠢᠭᠦᠨ ᠤ ᠰᠢᠨᠵᠢᠯᠡᠬᠦ ᠤᠬᠠᠭᠠᠨᠲᠠᠨ ᠤ ᠲᠤᠰᠬᠠᠢ ᠮᠡᠷᠭᠡᠵᠢᠯᠲᠡᠨ ᠤ ᠠᠵᠢᠯ ᠤᠨ ᠥᠷᠲᠡᠭᠡ ᠮᠠᠨ ᠤ ᠬᠤᠲᠠ ᠳᠤ | ᠨᠤᠲᠤᠭᠰᠢᠪᠠ᠃ ᠯᠠᠨ ᠬᠡ ᠬᠡ ᠰᠦ ᠴᠠᠭ᠎ᠠ ᠶᠢᠨ ᠦᠢᠯᠡᠰ ᠫᠤᠰᠲ ᠳ᠋ᠣᠺᠲ᠋ᠣᠷ ᠤᠨ ᠠᠵᠢᠯ ᠤᠨ ᠥᠷᠲᠡᠭᠡ ᠪᠠᠷ | ᠵᠥᠪᠰᠢᠶᠡᠷᠡᠭᠳᠡᠪᠡ︔ ᠰᠠᠶ᠎ᠠ ᠸᠠᠲ ᠲᠡᠰ ᠤᠨ ᠬᠠᠲᠠᠭᠤ ᠲᠥᠯᠥᠪᠲᠦ ᠯᠢᠲ᠋ᠢ ᠢᠶᠤᠨ ᠳ᠋ᠢᠶᠠᠨ ᡂᠢ ᠵᠡᠷᠭᠡ 8 | ᠵᠦᠢᠯ ᠤᠨ ᠳᠡᠷᠢᠬᠦᠨ ᠤ ᠡᠨᠧᠷᠭᠢ ᠨᠥᠭᠡᠴᠡᠯᠡᠬᠦ ᠮᠡᠷᠭᠡᠵᠢᠯ ᠨᠢ ᠤᠯᠤᠰ ᠤᠨ ᠳᠣᠲᠣᠭᠠᠳᠤ ᠶᠢᠨ ᠬᠤᠭᠤᠰᠤᠨ ᠢ | ᠨᠥᠬᠦᠪᠦᠷᠢᠯᠡᠪᠡ᠃ ᠪᠡᠭᠡᠵᠢᠩ ᠥᠪᠥᠷ ᠮᠣᠩᠭᠤᠯ ᠤᠨ ᠴᠢᠳᠠᠪᠤᠷᠢᠲᠠᠨ ᠤ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ | ᠬᠦᠷᠢᠶᠡᠯᠡᠩ ᠢ ᠠᠵᠢᠯ ᠡᠬᠢᠯᠡᠭᠦᠯᠦᠨ ᠪᠠᠶᠢᠭᠤᠯᠵᠤ᠂ ᠴᠠᠬᠠᠷ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ | ᠲᠣᠭᠤᠷᠢᠭ ᠲᠠᠰ ᠳᠡᠪᠰᠢᠵᠤ ᠦᠪᠡᠷᠳᠡᠭᠡᠨ ᠵᠠᠰᠠᠬᠤ ᠤᠷᠤᠨ ᠤ ᠳᠡᠭᠡᠳᠦ ᠰᠢᠨ᠎ᠡ ᠳᠤᠭᠤᠷᠢᠭ ᠤᠨ ᠡᠩᠨᠡᠬᠡᠨ ᠳᠤ | ᠤᠷᠤᠪᠡ᠃ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠠᠮᠳᠠᠭᠤᠯᠬᠤ ᠲᠦᠷᠦ ᠶᠢᠨ ᠪᠣᠳᠣᠯᠭ᠎ᠠ ᠶᠢ ᠨᠠᠷᠢᠯᠢᠭ | ᠣᠨᠣᠴᠠᠲᠠᠢ ᠥᠨᠳᠥᠷ ᠪᠦᠲᠦᠮᠵᠢᠲᠡᠶ ᠪᠠᠷ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠬᠡᠷᠡᠭᠯᠡᠬᠦ ᠴᠠᠬᠢᠯᠭᠠᠨ ᠤ | ᠥᠪᠡᠷ ᠤᠨ ᠦᠷᠳᠡᠭ ᠢ 8.4 ᠳ᠋ᠦᠩᠰᠢᠭᠤᠷ ᠲᠥᠭᠦᠷᠢᠭ ᠪᠠᠭᠤᠷᠠᠭᠤᠯᠵᠤ᠂ ᠭᠠᠶᠢᠯᠢ ᠶᠢ ᠬᠥᠩᠭᠡᠯᠡᠵᠦ ᠰᠦᠢᠳᠬᠡᠯ ᠢ | ᠪᠠᠭᠤᠷᠠᠭᠤᠯᠬᠤ᠂ ᠭᠠᠶᠢᠯᠢ ᠶᠢ ᠦᠯᠡᠳᠡᠭᠡᠬᠦ ᠪᠠ ᠭᠠᠶᠢᠯᠢ ᠶᠢ ᠲᠤᠯᠭᠠᠨ ᠪᠤᠴᠠᠭᠠᠬᠤ᠂ ᠬᠤᠶᠢᠰᠢᠯᠠᠭᠤᠯᠤᠨ ᠲᠤᠰᠢᠶᠠᠭᠰᠠᠨ | ᠭᠠᠶᠢᠯᠢ ᠶᠢᠨ ᠰᠦᠢᠳᠬᠡᠯ 31.8 ᠳ᠋ᠦᠩᠰᠢᠭᠤᠷ ᠲᠥᠭᠦᠷᠢᠭ ᠨᠡᠮᠡᠭᠳᠡᠵᠦ᠂ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠵᠢᠭᠡᠯᠡᠯᠭᠡ ᠮᠦᠩᠬᠦ 40 ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠵᠤ᠂ ᠵᠠᠬ᠎ᠠ ᠳᠡᠯᠭᠡᠭᠦᠷ ᠤᠨ | ᠭᠤᠤᠯ ᠴᠣᠭᠴᠠ ᠶᠢ 1.7 ᠲᠦᠮᠨ ᠪᠠᠶᠢᠭᠤᠯᠪᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ︽9 + 5︾ | ᠠᠵᠢᠯ ᠤᠨ ᠲᠤᠰᠬᠠᠢ ᠪᠠᠭ ᠪᠠ ᠰᠠᠯᠪᠤᠷᠢ ᠪᠠᠭ ᠢ ᠪᠠᠶᠢᠭᠤᠯᠵᠤ᠂ 25 ᠮᠤᠵᠢ ᠣᠷᠣᠨ ᠤ 118 ᠬᠤᠲᠠ ᠶᠢ ᠪᠦᠷᠬᠦᠵᠦ | ᠂ ᠭᠡᠷ᠎ᠡ ᠲᠣᠭᠲᠠᠨ ᠨᠠᠶᠢᠳᠠᠪᠤᠷᠢᠵᠢᠭᠤᠯᠤᠭᠰᠠᠨ ᠲᠥᠷᠥᠯ ᠵᠦᠢᠯ 944 ᠳᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ2 ᠳᠠᠬᠢᠨ ᠢᠶᠠᠷ ᠨᠡᠮᠡᠭᠳᠡᠨ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ | ︽ᠰᠠᠶᠢᠨ︾ ᠪᠠᠶᠢᠬᠤ ᠦᠷ᠎ᠡ ᠠᠰᠢᠭ ᠤᠯᠠᠮ ᠴᠢᠨᠠᠭᠰᠢᠲᠠ ᠳᠡᠭᠡᠭᠰᠢᠯᠡᠪᠡ᠃ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠠᠰᠢᠭ ᠬᠤᠨᠵᠢᠪᠤᠷᠢ ᠶᠢᠨ ᠶᠡᠷᠦᠩᠬᠡᠢ ᠬᠡᠮᠵᠢᠶ᠎ᠡ ᠠᠩᠬ᠎ᠠ ᠤᠳᠠᠭ᠎ᠠ ᠵᠠᠭᠤᠨ ᠳ᠋ᠦᠩᠰᠢᠭᠤᠷ ᠲᠥᠭᠦᠷᠢᠭ ᠢ | ᠳᠠᠪᠠᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 48 ᠡᠷᠦᠬᠡ ᠰᠢᠨ᠎ᠡ ᠪᠠᠷ | ᠨᠡᠮᠡᠭᠳᠡᠵᠤ ᠂ 339 ᠪᠣᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ | 12% ᠢᠶᠠᠷ ᠨᠡᠮᠡᠭᠳᠡᠨ᠂ ᠪᠥᠬᠦ ᠣᠷᠣᠨ ᠤ ᠭᠤᠷᠪᠠᠳᠤᠭᠠᠷ ᠲᠤ ᠣᠷᠣᠪᠠ᠃ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠮᠦ ᠳᠤᠮᠳᠠᠴᠢ ᠦᠢᠯᠡᠳᠬᠦᠨ ᠤ ᠥᠷᠲᠡᠭ᠂ ᠭᠠᠶᠢᠯᠢ ᠲᠠᠲᠠᠪᠤᠷᠢ ᠳᠡᠭᠡᠷ᠎ᠡ ᠵᠢᠯ ᠤᠨ ᠬᠢ ᠠᠴᠠ | ᠳᠠᠬᠢᠨ ᠢᠶᠠᠷ ᠨᠡᠮᠡᠭᠳᠡᠵᠦ᠂ ᠡᠨᠧᠷᠭᠢ ᠶᠢᠨ ᠠᠰᠢᠭᠯᠠᠮᠵᠢ ᠶᠢᠨ ᠬᠢᠷᠢ ᠲᠦᠪᠰᠢᠨ ᠲᠣᠭᠲᠠᠭᠤᠨ ᠢᠶᠠᠷ ᠳᠡᠭᠡᠭᠰᠢᠯᠡᠪᠡ᠃ | ᠬᠤᠳᠠ ᠶᠢᠨ ᠬᠠᠷᠢᠶ᠎ᠠ ᠤᠯᠤᠰ ᠤᠨ ᠦᠮᠴᠢᠯᠡᠯᠳᠤ ᠠᠵᠤ ᠠᠬᠤᠶᠢᠯᠠᠯ ᠤᠨ ᠦᠢᠯᠡᠳᠬᠦᠨ ᠤ ᠶᠡᠷᠦᠩᠬᠡᠢ ᠦᠷᠳᠡᠭ᠂ | ᠡᠵᠡᠩᠨᠡᠯᠲᠡ ᠶᠢᠨ ᠶᠡᠷᠦᠩᠬᠡᠢ ᠣᠷᠣᠯᠭ᠎ᠠ᠂ ᠠᠰᠢᠭ ᠬᠤᠨᠵᠢᠪᠤᠷᠢ ᠶᠢᠨ ᠶᠡᠷᠦᠩᠬᠡᠢ ᠲᠤᠭ᠎ᠠ ᠨᠤᠷᠮ᠎ᠠ ᠲᠤᠰ ᠲᠤᠰ 475. | 8%᠂ 43%᠂ 50.4% ᠪᠠᠷ ᠨᠡᠮᠡᠭᠳᠡᠵᠦ᠂ ᠲᠡᠦᠬᠡ ᠶᠢᠨ ᠬᠠᠮᠤᠭ ᠤᠨ ᠰᠠᠶᠢᠨ ᠬᠢᠷᠢ ᠳᠦᠪᠰᠢᠨ ᠳᠤ ᠬᠦᠷᠪᠡ᠃ | ᠤᠯᠠᠨ ᠨᠡᠶᠢᠲᠡ ᠶᠢᠨ ᠡᠩ ᠤᠨ ᠲᠥᠰᠥᠪ ᠤᠨ ᠣᠷᠣᠯᠭ᠎ᠠ ᠶᠢ 62.6 ᠳ᠋ᠦᠩᠰᠢᠭᠤᠷ ᠲᠥᠭᠦᠷᠢᠭ ᠪᠡᠶᠡᠯᠡᠭᠦᠯᠵᠦ᠂ | ᠠᠶᠠᠨᠳᠠᠭᠠᠨ ᠤ ᠪᠠᠷᠢᠮᠵᠢᠶ᠎ᠠ ᠪᠠᠷ 4.3% ᠪᠠᠷ ᠨᠡᠮᠡᠭᠳᠡᠵᠦ᠂ ᠲᠤᠯᠭᠠᠨ ᠪᠤᠴᠠᠭᠠᠬᠤ ᠭᠠᠶᠢᠯᠢ ᠶᠢ ᠬᠠᠰᠤᠭᠰᠠᠨ ᠤ ᠳᠠᠷᠠᠭ᠎ᠠ | 8 % ᠪᠠᠷ ᠨᠡᠮᠡᠭᠳᠡᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠡᠵᠡᠮᠳᠡᠵᠦ | ᠪᠤᠯᠬᠤᠶᠢᠴᠠ ᠣᠷᠣᠯᠭ᠎ᠠ ᠲᠣᠰ ᠲᠣᠰ 6% ᠪᠠ 8% ᠪᠠᠷ ᠨᠡᠮᠡᠭᠳᠡᠵᠦ᠂ ᠣᠷᠣᠯᠭ᠎ᠠ ᠶᠢᠨ ᠵᠥᠷᠢᠶ᠎ᠡ 2.44 ᠪᠣᠯᠲᠠᠯ᠎ᠠ | ᠪᠠᠭᠠᠰᠴᠦ᠂ ᠬᠠᠮᠲᠤᠪᠠᠷ ᠴᠢᠨᠡᠭᠡᠯᠢᠭᠵᠢᠬᠦ ᠯᠠᠪᠳᠠᠭᠤᠨ ᠪᠠᠲᠤᠲᠠᠢ ᠠᠯᠬᠤᠮ ᠢ ᠠᠯᠬᠤᠪᠠ᠃ | ︵ᠬᠤᠶᠠᠷ︶ ᠠᠵᠤ ᠦᠢᠯᠡᠰ ᠤᠨ ᠪᠦᠲᠦᠴᠡ ᠲᠥᠷᠭᠡᠨ ᠳᠡᠰᠵᠢᠵᠦ᠂ ᠨᠡᠩ ᠰᠢᠯᠢᠳᠡᠭᠵᠢᠬᠦ ᠬᠠᠨᠳᠤᠰᠢ ᠲᠠᠢ | ᠪᠣᠯᠪᠠ᠃ ︽ᠬᠤᠶᠠᠷ ᠰᠠᠭᠤᠷᠢᠨ︾ ᠤ ᠶᠠᠰᠤ ᠴᠢᠨᠠᠷ ᠢ ᠳᠡᠭᠡᠭᠰᠢᠯᠡᠭᠦᠯᠦᠨ ᠬᠡᠯᠪᠡᠷᠢ ᠶᠢ ᠨᠢ ᠬᠤᠪᠢᠷᠠᠭᠤᠯᠪᠡ᠃ 50.5 | ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠵᠤ᠂ ᠰᠢᠷ᠎ᠠ ᠪᠤᠷᠴᠠᠭ᠂ ᠲᠣᠰᠣᠯᠢᠭ ᠲᠠᠷᠢᠮᠠᠯ ᠢ | ᠥᠷᠭᠡᠳᠬᠡᠨ ᠳᠠᠷᠢᠬᠤ ᠡᠭᠦᠷᠭᠡ ᠶᠢ ᠳᠠᠪᠠᠭᠤᠯᠤᠨ ᠪᠡᠶᠡᠯᠡᠭᠦᠯᠵᠦ᠂ ᠲᠥᠮᠥᠰᠥ ᠪᠠ ᠨᠣᠬᠠᠢ ᠶᠢᠨ ᠬᠤᠰᠢᠭᠤ ᠳᠠᠷᠢᠬᠤ | ᠲᠠᠯᠠᠪᠠᠶ ᠶᠢ ᠪᠥᠬᠦ ᠤᠯᠤᠰ ᠤᠨ ᠣᠷᠣᠨ ᠨᠤᠳᠤᠭ ᠤᠨ ᠬᠤᠲᠠ ᠶᠢᠨ ᠲᠠᠰ ᠤᠨ ᠡᠮᠦᠨ᠎ᠡ ᠡᠩᠨᠡᠭᠡᠨ ᠳᠤ | ᠳᠤᠭᠳᠠᠪᠤᠷᠢᠵᠢᠭᠤᠯᠪᠠ᠃ ᠠᠮᠤ ᠪᠤᠳᠠᠭᠠᠨ ᠤ ᠤᠨᠠᠯᠲᠠ 23.9 ᠳ᠋ᠦᠩᠰᠢᠭᠤᠷ ᠵᠢᠩ ᠳᠤ ᠬᠦᠷᠴᠦ᠂ ᠮᠢᠬᠠᠨ ᠤ ᠵᠦᠢᠯ | 25 ᠲᠦᠮᠡᠨ ᠲᠣᠨ᠂ ᠰᠢᠨ᠎ᠠ ᠰᠤᠷᠭᠤᠭ ᠰᠦ ᠶᠢ 30 ᠲᠦᠮᠡᠨ ᠲᠣᠨ᠂ ᠰᠦᠨ ᠤ ᠪᠦᠲᠦᠭᠡᠭᠳᠡᠬᠦᠨ ᠢ 28 ᠲᠦᠮᠡᠨ | ᠲᠣᠨ ᠦᠢᠯᠡᠳᠪᠦᠷᠢᠯᠡᠪᠡ᠃ ᠤᠯᠤᠰ ᠤᠨ ᠲᠠᠰ ᠤᠨ ᠵᠢᠱᠢᠶ᠎ᠡ ᠦᠵᠡᠭᠦᠯᠬᠦ ᠬᠤᠷᠰᠢᠶ᠎ᠠ ᠶᠢ 40 ᠪᠤᠶᠢᠵᠢᠭᠤᠯᠪᠠ᠃ | ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ | ᠬᠦᠷᠢᠶᠡᠯᠡᠩ ᠨᠢ ᠤᠯᠤᠰ ᠤᠨ ᠬᠢᠨᠠᠨ ᠰᠢᠯᠭᠠᠯᠲᠠ ᠳᠤ ᠬᠢᠷᠢ ᠲᠡᠩᠴᠡᠵᠦ᠂ ᠵᠦᠸᠧᠽᠢ ᠰᠢᠶᠠᠨ ᠢ ᠤᠯᠤᠰ ᠤᠨ ᠬᠤᠯᠢᠮᠠᠭ | ᠠᠮᠤ ᠬᠤᠯᠢᠮᠠᠭ ᠪᠤᠷᠴᠠᠭ ᠤᠨ ᠣᠷᠣᠨ ᠪᠦᠰᠡ ᠶᠢᠨ ᠴᠢᠨᠠᠷᠲᠠᠢ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ | ᠰᠠᠭᠤᠷᠢᠨ ᠭᠠᠵᠠᠷ ᠢᠶᠠᠷ ᠮᠠᠭᠠᠳᠯᠠᠨ ᠲᠣᠭᠲᠠᠭᠠᠪᠠ᠃ ᠭᠤᠣᠯ ᠪᠣᠯᠬᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ | ᠠᠰᠢᠭ ᠰᠢᠮ᠎ᠡ ᠶᠢ ᠡᠳ᠋ᠰᠢᠭᠦᠯᠦᠨ ᠬᠤᠪᠢᠷᠠᠭᠤᠯᠬᠤ ᠨᠤᠷᠮ᠎ᠠ 70% ᠳᠤ ᠬᠦᠷᠪᠡ᠃ ︽ᠤᠤᠯ ᠠᠮᠳᠠᠳᠤ ᠤᠯᠠᠭᠠᠨᠴᠠᠪ︾ | ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠱᠤᠰᠢᠭ᠎ᠠ ᠲᠡᠮᠳᠡᠭᠲᠦ ᠶᠢ ᠪᠥᠬᠦ ᠲᠠᠯ᠎ᠠ ᠪᠠᠷ ᠡᠬᠢᠯᠡᠭᠦᠯᠪᠡ᠃ | ᠴᠡᠪᠡᠷ ᠡᠨᠧᠷᠭᠢ ᠶᠢᠨ ᠰᠤᠷᠪᠤᠯᠵᠢ ᠶᠢ ᠨᠡᠭᠡᠭᠡᠨ ᠠᠰᠢᠭᠯᠠᠬᠤ ᠵᠠᠭᠪᠤᠷ ᠪᠥᠬᠦ ᠣᠷᠣᠨ ᠤ ᠥᠯᠢᠭᠡᠷ ᠳᠠᠭᠤᠷᠢᠶᠠᠯ ᠪᠣᠯᠵᠤ᠂ | ᠰᠢᠨ᠎ᠡ ᠡᠨᠧᠷᠭᠢ ᠶᠢᠨ ᠪᠠᠲᠤᠯᠠᠭ᠎ᠠ ᠶᠢᠨ ᠴᠢᠨᠠᠷ᠂ ᠵᠠᠬ᠎ᠠ ᠳᠡᠯᠭᠡᠭᠦᠷᠴᠢᠯᠡᠭᠰᠡᠨ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ | ᠨᠢ 681 ᠲᠦᠮᠡᠨ ᠺᠢᠯᠣᠸᠠᠲ ᠳᠤ ᠬᠦᠷᠴᠦ᠂ ᠪᠥᠬᠦ ᠣᠷᠣᠨ ᠤ ᠨᠢᠭᠡᠳᠦᠭᠡᠷ ᠲᠤ ᠣᠷᠣᠪᠡ︔ ᠥᠪᠥᠷ ᠮᠣᠩᠭᠤᠯ ᠤᠨ | ᠠᠩᠬᠠᠳᠠᠭᠴᠢ ᠴᠠᠬᠢᠯᠭᠠᠨ ᠲᠣᠣᠷ ᠤᠨ ᠬᠠᠵᠠᠭᠤ ᠶᠢᠨ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠶᠢ | ᠠᠮᠵᠢᠯᠲᠠ ᠲᠠᠢ ᠪᠠᠷ ᠲᠣᠣᠷ ᠲᠤ ᠨᠡᠶᠢᠯᠡᠭᠦᠯᠵᠦ᠂ 120 ᠲᠦᠮᠡᠨ ᠺᠢᠯᠣᠸᠠᠲ ᠤᠨ ᠲᠤᠬᠠᠢ ᠶᠢᠨ ᠭᠠᠵᠠᠷ ᠲᠤᠨᠢ | ᠪᠠᠭᠲᠠᠭᠠᠨ ᠰᠢᠩᠬᠡᠬᠡᠬᠦ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠥᠷᠥᠯ ᠵᠦᠢᠯ᠂ 310 ᠲᠦᠮᠡᠨ | ᠺᠢᠯᠣᠸᠠᠲ ᠤᠨ ᠴᠠᠬᠢᠯᠭᠠᠨ ᠤ ᠰᠤᠷᠪᠤᠯᠵᠢ ᠲᠤᠤᠷ ᠳᠠᠭᠠᠭᠠᠴᠠ ᠨᠦᠭᠡᠴᠡ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ | ᠲᠣᠭᠲᠠᠭᠤᠨ ᠢᠶᠠᠷ ᠬᠡᠷᠡᠭᠵᠢᠭᠦᠯᠵᠦ᠂ ᠮᠢᠩᠭᠠᠨ ᠲᠦᠮᠡᠨ ᠺᠢᠯᠣᠸᠠᠲ ᠤᠨ ᠲᠠᠰ ᠤᠨ ᠴᠡᠪᠡᠷ ᠡᠨᠧᠷᠭᠢ ᠶᠢᠨ ᠰᠠᠭᠤᠷᠢᠨ ᠢ | ᠠᠯᠬᠤᠮ ᠠᠯᠬᠤᠮ ᠢᠶᠠᠷ ᠬᠡᠪᠴᠢᠶᠡᠵᠢᠭᠦᠯᠪᠡ᠃ | ᠠᠵᠤ ᠦᠢᠯᠡᠳᠪᠦᠷᠢ ᠶᠢᠨ ᠠᠵᠤ ᠠᠬᠤᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ ᠴᠢᠳᠠᠪᠬᠢ ᠶᠢ ᠦᠷᠭᠡᠳᠭᠡᠪᠡ᠃ | 104 ᠴᠢᠬᠤᠯᠠ ᠶᠡᠭᠡ ᠠᠵᠤ ᠦᠢᠯᠡᠳᠪᠦᠷᠢ ᠵᠢᠨᠲ᠋ᠦ᠋ᠷᠤᠯ ᠵᠦᠢᠯ ᠢ ᠬᠡᠷᠡᠭᠵᠢᠭᠦᠯᠵᠦ᠂ ᠰᠢᠨ᠎ᠡ ᠡᠨᠧᠷᠭᠢ ᠶᠢᠨ | ᠲᠣᠨᠣᠭᠯᠠᠯ ᠦᠢᠯᠡᠳᠬᠦ ᠦᠢᠯᠡᠰ ᠢ ᠪᠦᠬᠦ ᠠᠵᠤ ᠦᠢᠯᠡᠰ ᠤᠨ ᠬᠡᠯᠬᠢᠶ᠎ᠡ ᠲᠡᠰᠢ ᠬᠥᠭᠵᠢᠭᠦᠯᠵᠦ᠂ ᠬᠡᠪᠴᠢᠶᠡᠵᠢᠯ ᠠᠴᠠ | ᠳᠡᠬᠡᠭᠰᠢᠬᠢ ᠠᠵᠤ ᠦᠢᠯᠡᠳᠪᠦᠷᠢ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ | ᠦᠢᠯᠡᠰ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ᠂ ᠲᠣᠨᠣᠭᠯᠠᠯ ᠦᠢᠯᠡᠳᠬᠦ ᠦᠢᠯᠡᠰ ᠤᠨ ᠨᠡᠮᠡᠭᠳᠡᠯ ᠦᠷᠳᠡᠭ ᠢ | ᠲᠤᠰ ᠲᠤᠰ 7%᠂ 15%᠂ 45% ᠪᠠᠷ ᠨᠡᠮᠡᠭᠳᠡᠭᠦᠯᠪᠡ᠃ ᠤᠯᠠᠮᠵᠢᠯᠠᠯᠲᠤ ᠠᠵᠤ ᠦᠢᠯᠡᠰ ᠤᠨ ᠬᠤᠪᠢᠷᠠᠯᠲᠠ ᠶᠢ | ᠲᠦᠷᠭᠡᠳᠬᠡᠵᠦ᠂ ᠪᠠᠯ ᠴᠢᠯᠠᠭᠤᠨ ᠠᠯᠺᠧᠨ ᠤ ᠢᠯᠴᠢ ᠲᠠᠷᠬᠠᠭᠠᠬᠤ ᠪᠦᠷᠬᠦᠪᠴᠢ ᠶᠢᠨ ᠮᠠᠲ᠋ᠧᠷᠢᠶᠠᠯ ᠤᠨ ᠬᠡᠮᠵᠢᠶ᠎ᠡ ᠶᠢᠨ | ᠭᠠᠷᠤᠯᠲᠠ ᠶᠢ ᠪᠡᠶᠡᠯᠡᠭᠦᠯᠵᠦ᠂ ᠤᠯᠠᠭᠠᠨᠴᠠᠪ ᠨᠢ ᠪᠦᠬᠦ ᠤᠯᠤᠰ ᠤᠨ ᠬᠠᠮᠤᠭ ᠤᠨ ᠶᠡᠭᠡ PVDF | ᠦᠢᠯᠡᠳᠪᠦᠷᠢᠯᠡᠯ ᠤᠨ ᠰᠠᠭᠤᠷᠢᠨ᠂ ᠪᠦᠬᠦ ᠤᠯᠤᠰ ᠤᠨ ᠬᠠᠮᠤᠭ ᠤᠨ ᠶᠡᠭᠡ ᠪᠢᠯᠢᠭ ᠲᠤᠶᠢᠯ ᠤᠨ ᠮᠠᠲ᠋ᠧᠷᠢᠶᠠᠯ ᠤᠨ | ᠦᠢᠯᠡᠳᠪᠦᠷᠢᠯᠡᠯ ᠤᠨ ᠰᠠᠭᠤᠷᠢᠨ ᠂ ᠪᠦᠬᠦ ᠤᠯᠤᠰ ᠤᠨ ᠬᠠᠮᠤᠭ ᠤᠨ ᠶᠡᠭᠡ ᠲᠥᠮᠥᠰᠥᠨ ᠵᠦᠰᠦᠮ ᠪᠣᠯᠪᠠᠰᠤᠷᠠᠭᠤᠯᠬᠤ | ᠰᠠᠭᠤᠷᠢᠨ ᠪᠣᠯᠵᠤ᠂ ᠬᠠᠶᠢᠯᠤᠰᠢ ᠲᠡᠮᠦᠷᠯᠢᠭ ᠤᠨ ᠲᠣᠨᠣᠭᠯᠠᠯ ᠤᠨ ᠲᠦᠪᠰᠢᠨ ᠪᠦᠬᠦ ᠤᠯᠤᠰ ᠲᠤ ᠲᠦᠷᠦᠭᠦᠯᠡᠪᠡ᠃ | ︽ᠮᠠᠰᠢᠨ ᠢᠶᠠᠷ ᠬᠥᠮᠥᠨ ᠢ ᠤᠷᠤᠯᠠᠭᠤᠯᠬᠤ︾ ᠲᠥᠷᠥᠯ ᠵᠦᠢᠯ 16᠂ ᠤᠶᠤᠨᠴᠢ ᠦᠢᠯᠡᠳᠪᠦᠷᠢ ᠶᠢᠨ ᠲᠠᠰᠤᠭ ᠤᠨ | ᠲᠥᠷᠥᠯ ᠵᠦᠢᠯ ᠢ 7 ᠪᠠᠶᠢᠭᠤᠯᠪᠠ᠃ ᠤᠯᠤᠰ ᠤᠨ ᠵᠢᠵᠢᠭ ᠬᠡᠯᠪᠡᠷᠢ ᠶᠢᠨ ᠠᠳᠠᠯ ᠦᠢᠯᠡᠰ ᠴᠣᠭᠴᠠᠯᠠᠵᠤ ᠰᠢᠨ᠎ᠡ ᠶᠢ | ᠡᠭᠦᠳᠬᠦ ᠵᠢᠱᠢᠶ᠎ᠡ ᠦᠵᠡᠭᠦᠯᠬᠦ ᠰᠠᠭᠤᠷᠢᠨ 1 ᠶᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ | ᠰᠢᠨ᠎ᠡ ᠶᠢ ᠡᠭᠦᠳᠬᠦ ᠲᠥᠪ 2 ᠢ ᠰᠢᠨ᠎ᠡ ᠪᠠᠷ ᠮᠠᠭᠠᠳᠯᠠᠨ ᠲᠣᠭᠲᠠᠭᠠᠵᠤ᠂ ︽ᠬᠡᠪᠴᠢᠶ᠎ᠡ ᠨᠢ ᠵᠢᠵᠢᠭ ᠪᠣᠯᠪᠠᠴᠤ | ᠬᠥᠭᠵᠢᠯᠲᠡ ᠰᠠᠶᠢᠲᠠᠢ ᠠᠪᠤᠷᠭᠤ︾ ᠪᠠ ︽ᠲᠤᠰᠬᠠᠢ ᠨᠠᠷᠢᠯᠢᠭ ᠣᠨᠴᠠᠭᠠᠢ ᠰᠢᠨ᠎ᠡ︾ ᠠᠵᠤ ᠠᠬᠤᠶᠢᠯᠠᠯ ᠢ 50 | ᠪᠣᠶᠢᠵᠢᠭᠤᠯᠪᠡ᠃ | ᠦᠢᠯᠡᠴᠢᠯᠡᠭᠡᠨ ᠤ ᠦᠢᠯᠡᠰ ᠲᠠᠰ ᠳᠡᠪᠰᠢᠪᠡ᠃ ᠱᠢ ᠵᠢᠢ ᠬᠤ᠋ ᠯᠢᠶᠠᠨ᠂ ᠥᠰᠢ ᠾᠧᠩ ᠳ᠋ᠢᠩ ᠵᠡᠷᠭᠡ 8 | ᠳ᠋ᠠᠶᠢᠲ᠋ᠠ ᠶᠢᠨ ᠲᠥᠪ ᠲᠥᠷᠥᠯ ᠵᠦᠢᠯ ᠢ ᠭᠡᠷ᠎ᠡ ᠲᠣᠭᠲᠠᠨ ᠨᠤᠲᠤᠭᠰᠢᠭᠤᠯᠵᠤ᠂ ᠪᠣᠬᠢᠷᠳᠤᠯ ᠦᠭᠡᠢ ᠡᠨᠧᠷᠭᠢ ᠶᠢᠨ | ᠪᠤᠳᠤᠬᠤ ᠬᠦᠴᠦᠨ ᠤ ᠲᠥᠪ ᠪᠠ ᠣᠭᠲᠠᠷᠭᠤᠢ ᠶᠢᠨ ᠮᠡᠳᠡᠭᠡ ᠵᠠᠩᠭᠢ ᠶᠢᠨ ᠡᠭᠦᠯᠡᠨ ᠪᠣᠳᠣᠯᠲᠠ ᠶᠢᠨ ᠲᠥᠪ ᠤᠨ | ᠲᠥᠷᠥᠯ ᠵᠦᠢᠯ ᠢ ᠰᠠᠭᠤᠷᠢᠰᠢᠭᠤᠯᠤᠨ ᠪᠠᠶᠢᠭᠤᠯᠵᠤ᠂ ᠬᠤᠸᠠ ᠸᠧᠢ᠂ ᠠᠯᠮᠤᠷᠠᠳ᠂ ᠪᠤᠰᠢᠭᠤ ᠭᠠᠷ ᠵᠡᠷᠭᠡ ᠲᠥᠷᠥᠯ | ᠵᠦᠢᠯ ᠢ ᠪᠠᠶᠢᠭᠤᠯᠤᠨ ᠳᠠᠭᠤᠰᠬᠠᠵᠤ ᠠᠰᠢᠭᠯᠠᠯᠳᠠ ᠳᠤ ᠣᠷᠤᠭᠤᠯᠪᠠ᠃ 5G ᠶᠢᠨ ᠰᠠᠭᠤᠷᠢ ᠥᠷᠲᠡᠭᠡ ᠶᠢ 1041 | ᠪᠠᠶᠢᠭᠤᠯᠪᠠ᠃ ᠮᠠᠯᠵᠢᠬᠤ ᠲᠠᠷᠢᠶᠠᠯᠠᠬᠤ ᠣᠷᠣᠨ ᠤ ᠲᠦᠷᠭᠡᠨ ᠬᠦᠷᠭᠡᠬᠦ ᠪᠠᠷᠠᠭ᠎ᠠ ᠭᠦᠢᠯᠭᠡᠭᠡᠨ ᠤ ᠦᠢᠯᠡᠴᠢᠯᠡᠭᠡᠨ ᠤ | 630 ᠥᠷᠲᠡᠭᠡ ᠴᠡᠭ ᠢ ᠪᠠᠶᠢᠷᠢᠯᠠᠭᠤᠯᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ | ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠲᠥᠷᠥᠯ ᠵᠦᠢᠯ ᠢ ᠪᠦᠬᠦᠨ ᠢ ᠬᠠᠮᠤᠷᠬᠤ ᠶᠢ ᠪᠡᠶᠡᠯᠡᠭᠦᠯᠪᠡ᠃ | ᠣᠨᠴᠠᠯᠢᠭᠲᠤ ᠠᠷᠠᠳ ᠤᠨ ᠣᠷᠣᠨ ᠰᠠᠭᠤᠴᠠ ᠴᠤᠭᠯᠠᠷᠠᠭᠰᠠᠨ 10 ᠲᠣᠭᠤᠷᠢᠭ ᠂ 45 ᠰᠣᠳᠣᠨ ᠠᠷᠠᠳ ᠤᠨ | ᠪᠠᠭᠤᠴᠠ ᠶᠢ ᠪᠠᠶᠢᠭᠤᠯᠤᠨ᠂ 109 ᠪᠣᠯᠭᠠᠵᠤ᠂ ᠸᠠᠩ ᠱᠠᠨ ᠠᠷᠠᠳ ᠤᠨ ᠪᠠᠭᠤᠴᠠ ᠤᠯᠤᠰ ᠤᠨ ᠬᠥᠬᠡ ᠲᠠᠰ ᠤᠨ | ᠰᠢᠯᠭᠠᠨ ᠲᠣᠭᠲᠠᠭᠠᠯᠲᠠ ᠶᠢᠨ ᠠᠩᠬᠠᠨ ᠤ ᠬᠢᠨᠠᠯᠲᠠ ᠳᠤ ᠬᠢᠷᠢ ᠲᠡᠩᠴᠡᠪᠡ᠃ ᠵᠢᠨᠢᠩ ᠤᠨ ᠳ᠋ᠠ ᠡᠾᠧ ᠸᠠᠨ ᠵᠤᠭᠠᠴᠠᠯ | ᠰᠡᠯᠡᠬᠦᠴᠠᠯ ᠤᠨ ᠣᠷᠣᠨ ᠳᠤ ᠤᠯᠤᠰ ᠤᠨ 4A ᠳᠡᠰ ᠤᠨ ᠦᠵᠡᠮᠵᠢ ᠶᠢᠨ ᠣᠷᠣᠨ ᠢ ᠠᠮᠵᠢᠯᠲᠠ ᠲᠠᠢ ᠪᠠᠷ ᠴᠤᠭᠴᠠᠯᠠᠨ | ᠪᠠᠶᠢᠭᠤᠯᠪᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠪᠠ ᠵᠢᠭᠡᠯᠡᠯᠭᠡ ᠮᠥᠩᠭᠦ ᠶᠢᠨ ︽ᠬᠤᠣᠰ | ᠳᠡᠭᠡᠭᠰᠢᠯᠡᠯᠲᠡ︾ ᠶᠢ ᠪᠡᠶᠡᠯᠡᠭᠦᠯᠪᠡ᠃ | ︵ᠭᠤᠷᠪᠠ︶ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠦᠨ᠂ ᠠᠮᠢᠵᠢᠷᠠᠯ ᠤᠨ ᠬᠦᠴᠦᠨ ᠢ ᠨᠡᠩ | ᠬᠦᠭᠵᠢᠬᠡᠪᠡ᠃ ︽ᠨᠢᠭᠡ ᠪᠠᠬᠢᠯᠡᠯᠲᠡ︾ ᠶᠢᠨ ᠪᠦᠲᠦᠭᠡᠨ ᠪᠠᠶᠢᠭᠤᠯᠤᠯᠲᠠ ᠰᠢᠨ᠎ᠡ ᠰᠢᠪᠲᠤᠯᠤᠯᠲᠠ ᠲᠠᠢ ᠪᠣᠯᠪᠠ᠃ | ᠥᠪᠥᠷ ᠮᠣᠩᠭᠤᠯ ᠤᠨ ᠲᠤᠯᠤᠳᠤᠭᠠᠷ ᠰᠤᠮᠤ ᠳᠠᠬᠢ ᠣᠯᠠᠨ ᠤᠯᠤᠰ ᠤᠨ ᠪᠠᠷᠠᠭ᠎ᠠ ᠭᠦᠢᠯᠭᠡᠭᠡᠨ ᠤ ᠬᠦᠢᠰᠦ ᠠᠵᠤ | ᠦᠢᠯᠡᠰ ᠤᠨ ᠬᠦᠷᠢᠶᠡᠯᠡᠩ ᠨᠢ ᠤᠯᠤᠰ ᠤᠨ ᠭᠠᠳᠠᠭᠠᠳᠤ ᠠᠴᠠ ᠣᠷᠣᠭᠤᠯᠬᠤ ᠠᠷᠠᠯᠵᠢᠶ᠎ᠠ ᠶᠢ ᠠᠬᠢᠭᠤᠯᠬᠤ ᠰᠢᠨ᠎ᠡ ᠶᠢ | ᠡᠭᠦᠳᠬᠦ ᠵᠢᠱᠢᠶ᠎ᠡ ᠦᠵᠡᠭᠦᠯᠬᠦ ᠤᠷᠤᠨ ᠢᠶᠠᠷ ᠵᠦᠪᠰᠢᠶᠡᠷᠡᠭᠳᠡᠪᠡ᠃ ᠤᠯᠤᠰ ᠤᠨ ᠭᠠᠳᠠᠭᠠᠳᠤ ᠠᠷᠠᠯᠵᠢᠶ᠎ᠠ ᠶᠢᠨ ᠬᠡᠯᠪᠡᠷᠢ | ᠪᠠᠨ ᠬᠤᠪᠢᠷᠠᠭᠤᠯᠤᠨ ᠲᠠᠰ ᠳᠡᠪᠰᠢᠬᠦ ᠰᠠᠭᠤᠷᠢᠨ᠂ ᠮᠣᠳᠣᠨ ᠮᠠᠲ᠋ᠧᠷᠢᠶᠠᠯ ᠠᠮᠤ ᠪᠤᠳᠠᠭᠠᠨ ᠤ ᠪᠣᠭᠤᠮᠲᠠ ᠶᠢᠨ ᠵᠢᠭᠠᠨ | ᠲᠣᠭᠲᠠᠭᠠᠭᠰᠠᠨ ᠬᠢᠨᠠᠨ ᠬᠠᠮᠢᠶᠠᠷᠬᠤ ᠲᠠᠯᠠᠪᠤᠷ ᠵᠡᠷᠭᠡ ᠲᠥᠷᠥᠯ ᠵᠦᠢᠯ ᠢ ᠲᠦᠷᠭᠡᠳᠬᠡᠨ ᠪᠠᠶᠢᠭᠤᠯᠵᠤ᠂ ᠲᠡᠮᠦᠷ ᠵᠠᠮ ᠤᠨ | ᠲᠡᠭᠡᠭᠡᠪᠦᠷᠢ ᠶᠢᠨ ᠲᠥᠷᠥᠯ ᠤᠨ ᠪᠣᠭᠤᠮᠲᠠ ᠶᠢᠨ ᠬᠢᠨᠠᠨ ᠬᠠᠮᠢᠶᠠᠷᠬᠤ ᠠᠵᠢᠯᠯᠠᠭᠠᠨ ᠤ ᠲᠠᠯᠠᠪᠤᠷ᠂ ᠣᠷᠣᠰ ᠤᠨ ᠲᠡᠮᠦᠷ | ᠵᠠᠮ ᠤᠨ ᠴᠢᠩᠭᠡᠯᠢᠭ ᠤᠨ ᠳᠣᠯᠣᠳᠤᠭᠠᠷ ᠰᠤᠮᠤ ᠳᠠᠬᠢ ᠴᠢᠩᠭᠡᠯᠢᠭ ᠪᠤᠴᠠᠭᠠᠬᠤ ᠴᠡᠭ ᠢ ᠪᠠᠶᠢᠭᠤᠯᠤᠨ ᠳᠠᠭᠤᠰᠬᠠᠵᠤ | ᠠᠰᠢᠭᠯᠠᠯᠲᠠ ᠳᠤ ᠣᠷᠣᠭᠤᠯᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠭᠠᠳᠠᠭᠠᠳᠤ ᠠᠴᠠ | ᠣᠷᠣᠭᠤᠯᠵᠤ ᠵᠢᠵᠢᠭᠯᠡᠨ ᠬᠤᠳᠠᠯᠳᠤᠬᠤ ᠲᠤᠷᠰᠢᠯᠲᠠ ᠶᠢᠨ ᠴᠡᠭ ᠢ ᠬᠤᠯᠪᠤᠭᠠᠯᠠᠨ ᠲᠣᠬᠢᠷᠠᠭᠤᠯᠵᠤ ᠬᠤᠯᠪᠤᠭᠠᠯᠠᠨ | ᠲᠤᠷᠰᠢᠬᠤ ᠱᠠᠲᠤᠨ ᠳᠤ ᠣᠷᠣᠭᠤᠯᠪᠠ᠃ ᠤᠯᠠᠭᠠᠨᠴᠠᠪ · ᠡᠷᠢᠶᠡᠨ ᠬᠤᠲᠠ ᠶᠢᠨ ᠤᠯᠤᠰ ᠤᠨ ᠪᠠᠷᠠᠭ᠎ᠠ ᠭᠦᠢᠯᠭᠡᠭᠡᠨ ᠤ | ᠬᠦᠢᠰᠦ ᠬᠦᠷᠢᠶᠡᠯᠡᠩ ᠲᠣᠭᠤᠷᠢᠭ ᠫᠠᠶᠢᠰᠠ ᠡᠯᠭᠦᠨ ᠪᠠᠶᠢᠭᠤᠯᠤᠭᠳᠠᠪᠠ᠃ ᠶᠠ ᠧᠦ ᠣᠯᠠᠨ ᠤᠯᠤᠰ ᠤᠨ ᠪᠠᠷᠠᠭ᠎ᠠ | ᠭᠦᠢᠯᠭᠡᠭᠡᠨ ᠤ ᠺᠣᠮᠫᠠᠨᠢ ᠨᠢ ᠤᠯᠤᠰ ᠤᠨ A ᠳᠡᠰ ᠤᠨ ᠪᠠᠷᠠᠭ᠎ᠠ ᠭᠦᠢᠯᠭᠡᠭᠡᠨ ᠤ ᠠᠵᠤ ᠠᠬᠤᠶᠢᠯᠠᠯ ᠢᠶᠠᠷ ᠰᠤᠩᠭᠤᠭᠳᠠᠪᠠ | ᠃ ᠵᠢᠨᠢᠩ ᠠᠴᠠ ᠡᠷᠢᠶᠡᠨ ᠬᠦᠷᠬᠦ ᠱᠣᠭᠤᠮ ᠤᠨ ᠴᠢᠳᠠᠪᠬᠢ ᠶᠢ ᠦᠷᠭᠡᠳᠭᠡᠵᠤ ᠦᠬᠡᠷᠡᠴᠢᠯᠡᠬᠦ ᠢᠨᠵᠧᠨᠧᠷᠢᠩ ᠠᠵᠢᠯ | ᠢᠶᠠᠨ ᠳᠠᠭᠤᠰᠬᠠᠵᠤ ᠳᠡᠷᠬᠡ ᠨᠡᠪᠳᠡᠷᠡᠵᠤ᠂ ᠵᠢᠨᠢᠩ ᠨᠢᠰᠬᠡᠯ ᠤᠨ ᠪᠠᠭᠤᠳᠠᠯ ᠤᠨ ᠨᠢᠰᠦᠯᠳᠡ ᠶᠢᠨ ᠲᠣᠭᠤᠷᠢᠭ ᠢ | ᠥᠭᠡᠷᠡᠴᠢᠯᠡᠵᠦ ᠥᠷᠭᠡᠳᠬᠡᠨ ᠪᠠᠶᠢᠭᠤᠯᠬᠤ ᠡᠮᠦᠨᠡᠬᠢ ᠬᠤᠭᠤᠴᠠᠭᠠᠨ ᠤ ᠠᠵᠢᠯ ᠢ ᠳᠠᠭᠤᠰᠬᠠᠪᠠ᠃ ᠳᠤᠮᠳᠠᠳᠤ | ᠡᠸᠦ᠋ᠷᠦᠫᠡ᠂ ᠳᠤᠮᠳᠠᠳᠤ ᠮᠣᠩᠭᠤᠯ ᠤᠨ ᠵᠢᠰᠢᠶᠠᠨ ᠤ ᠭᠠᠯᠲᠤ ᠲᠡᠷᠭᠡ ᠶᠢ 56 ᠴᠤᠪᠤᠭ᠎ᠠ ᠨᠠᠪᠲᠠᠷᠡᠭᠦᠯᠵᠦ᠂ | ᠤᠯᠠᠭᠠᠨᠴᠠᠪ ᠠᠴᠠ ᠯᠠᠤᠰ ᠲᠤ ᠬᠦᠷᠬᠦ ᠰᠢᠨ᠎ᠡ ᠱᠤᠭᠤᠮ ᠢ ᠨᠠᠪᠲᠠᠷᠡᠭᠦᠯᠵᠦ᠂ ᠥᠪᠡᠷᠲᠡᠭᠡᠨ ᠵᠠᠰᠠᠬᠤ ᠣᠷᠣᠨ ᠤ ︽ | ᠲᠡᠮᠦᠷ ᠵᠠᠮ ᠢ ᠲᠦᠷᠭᠡᠨ ᠨᠡᠪᠳᠡᠷᠡᠬᠦᠯᠬᠦ ︾ ᠳᠤᠮᠳᠠᠳᠤ ᠮᠣᠩᠭᠤᠯ ᠤᠨ ᠣᠯᠠᠨ ᠤᠯᠤᠰ ᠤᠨ ᠪᠠᠷᠠᠭ᠎ᠠ ᠲᠡᠭᠡᠭᠡᠪᠦᠷᠢ ᠶᠢᠨ | ᠴᠤᠪᠤᠭ᠎ᠠ ᠲᠡᠷᠭᠡ ᠶᠢ ᠠᠩᠬ᠎ᠠ ᠤᠳᠠᠭ᠎ᠠ ᠨᠡᠪᠲᠡᠷᠡᠭᠦᠯᠪᠡ᠃ | ᠣᠷᠣᠨ ᠪᠦᠰᠡ ᠶᠢᠨ ᠬᠠᠮᠲᠤᠷᠠᠯᠴᠠᠭ᠎ᠠ ᠰᠢᠨ᠎ᠡ ᠠᠬᠢᠴᠠ ᠲᠠᠢ ᠪᠣᠯᠪᠠ᠃ ᠵᠠᠰᠠᠭ ᠤᠨ ᠶᠠᠪᠤᠳᠠᠯ ᠤᠨ 1731 | ᠵᠦᠢᠯᠡᠰ ᠢ ᠬᠥᠬᠡᠬᠤᠲᠠ ᠪᠤᠭᠤᠲᠤ ᠣᠷᠳᠣᠰ᠂ ᠰᠢᠯᠢ ᠶᠢᠨ ᠭᠤᠣᠯ᠂ ᠡᠷᠢᠶᠡᠨ ᠬᠤᠲᠠ ᠯᠤᠭ᠎ᠠ ︽ᠬᠤᠲᠠ ᠠᠯᠤᠰᠯᠠᠨ | ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠪᠡ᠃ ᠵᠢᠨᠢᠩ ᠳ᠋ᠠᠲ᠋ᠦ᠋ᠩ ᠶᠤᠸᠠᠨᠫᠢᠩ ᠤᠨ ᠲᠦᠷᠭᠡᠨ ᠤ ᠲᠡᠮᠦᠷ ᠵᠠᠮ ᠤᠨ | ᠲᠥᠷᠥᠯ ᠵᠦᠢᠯ ᠤᠨ ᠥᠷᠲᠡᠭᠡᠨ ᠤ ᠡᠮᠦᠨᠡᠬᠢ ᠬᠤᠭᠤᠴᠠᠭᠠᠨ ᠤ ᠪᠠᠷᠢᠯᠭ᠎ᠠ ᠶᠢᠨ ᠳ᠋ᠠ ᠯᠢᠨ ᠲᠦᠬᠦᠬᠡᠷᠦᠮᠵᠢ ᠶᠢ ᠪᠦᠬᠦᠨ ᠢ | ᠪᠠᠶᠢᠭᠤᠯᠵᠤ ᠳᠠᠭᠤᠰᠬᠠᠨ᠂ ᠮᠤᠵᠢ ᠶᠢᠨ ᠵᠠᠮ ᠤᠨ 29 ᠳ᠋ᠤᠭᠡᠷ ᠱᠤᠭᠤᠮ ᠤᠨ ᠯᠢᠶᠡᠩᠴᠧᠩ ᠠᠴᠠ ᠬᠥᠬᠡᠬᠤᠲᠠ ᠬᠦᠷᠬᠦ | ᠲᠦᠷᠭᠡᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠱᠠᠩᠳᠤ ᠠᠴᠠ ᠱᠠᠩ ᠢ ᠬᠦᠷᠬᠦ | ᠲᠦᠷᠭᠡᠨ ᠤ ᠵᠠᠰᠠᠮᠠᠯ ᠵᠠᠮ ᠤᠨ ᠡᠮᠦᠨᠡᠬᠢ ᠬᠤᠭᠤᠴᠠᠭᠠᠨ ᠤ ᠠᠵᠢᠯ ᠢ ᠳᠠᠭᠤᠰᠬᠠᠪᠠ᠃ ᠵᠡᠭᠦᠨᠭᠠᠷ ᠠᠴᠠ ᠰᠢᠩ ᠾᠧ | ᠬᠦᠷᠬᠦ ᠲᠦᠷᠭᠡᠨ ᠤ ᠵᠠᠰᠠᠮᠠᠯ ᠵᠠᠮ ᠤᠨ ᠥᠪᠥᠷ ᠮᠣᠩᠭᠤᠯ ᠾᠧᠪᠧᠢ ᠶᠢᠨ ᠵᠠᠭᠠᠭ ᠱᠤᠭᠤᠮ ᠢ ᠬᠤᠯᠪᠣᠯᠳᠤᠭᠤᠯᠤᠨ | ᠨᠡᠪᠳᠡᠷᠡᠬᠦᠯᠬᠦ ᠢᠨᠵᠧᠨᠧᠷᠢᠩ ᠢ ᠳᠠᠭᠤᠰᠬᠠᠪᠠ᠃ ᠲᠦᠮᠡᠨ ᠭᠠᠵᠠᠷ ᠤᠨ ᠴᠠᠢ ᠶᠢᠨ ᠵᠠᠮ ᠤᠨ ᠭᠤᠣᠯ ᠰᠡᠳᠦᠪᠲᠦ ᠰᠢᠷᠢᠰ | ᠠᠵᠢᠯᠯᠠᠭ᠎ᠠ ᠶᠢ ᠠᠮᠵᠢᠯᠲᠠ ᠲᠠᠢ ᠡᠷᠬᠢᠯᠡᠪᠡ᠃ ᠬᠥᠬᠡᠬᠤᠲᠠ ᠪᠤᠭᠤᠲᠤ ᠣᠷᠳᠣᠰ ᠯᠤᠭ᠎ᠠ ᠨᠢᠭᠡ ᠴᠣᠭᠴᠠᠵᠢᠭᠤᠯᠤᠨ | ᠬᠥᠭᠵᠢᠭᠦᠯᠬᠦ ᠴᠢᠬᠤᠯᠠ ᠶᠡᠭᠡ ᠰᠠᠭᠤᠷᠢ ᠳᠦᠬᠦᠬᠡᠷᠦᠮᠵᠢ ᠶᠢᠨ ᠲᠥᠷᠥᠯ ᠵᠦᠢᠯ ᠤᠨ 37 ᠵᠦᠢᠯ ᠢ ᠭᠤᠶᠤᠴᠢᠯᠠᠨ | ᠮᠡᠳᠡᠭᠦᠯᠪᠡ᠃ ᠳ᠋ᠠᠲ᠋ᠦ᠋ᠩ ᠬᠤᠳᠠ᠂ ᠴᠢᠭᠤᠯᠤᠯᠲᠤ ᠬᠠᠭᠠᠯᠭ᠎ᠠ ᠬᠤᠳᠠ ᠲᠠᠢ ᠬᠠᠮᠲᠤ ᠪᠠᠷ ᠭᠠᠵᠠᠷ ᠳᠡᠭᠡᠷᠡᠬᠢ ᠤᠰᠤᠨ ᠤ | ᠣᠭᠲᠣᠯᠣᠭᠠᠰᠤ ᠶᠢᠨ ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ ᠶᠢᠨ ᠮᠠ ᠭᠤᠣᠯ ᠤᠨ ᠪᠦᠦ ᠽᠢ ᠸᠠᠨ ᠤ | ᠣᠭᠲᠣᠯᠣᠭᠠᠰᠤ᠂ ᠳ᠋ᠦᠩ ᠶᠠᠩ ᠾᠧ ᠭᠤᠣᠯ ᠤᠨ ᠶᠢᠤ ᠢ ᠤᠰᠤᠨ ᠴᠥᠭᠦᠷᠥᠮ ᠤᠨ ᠣᠭᠲᠣᠯᠣᠭᠠᠰᠤ ᠶᠢᠨ | ᠤᠰᠤᠨ ᠤ ᠴᠢᠨᠠᠷ ᠢ ᠴᠥᠮ Ⅲ ᠲᠦᠷᠦᠯ ᠳᠤ ᠬᠦᠷᠭᠡᠪᠡ᠃ | ᠬᠤᠳᠠᠯᠳᠤᠭ᠎ᠠ ᠡᠵᠡᠩᠨᠡᠯᠳᠡ ᠶᠢᠨ ᠣᠷᠴᠢᠨ ᠨᠥᠬᠦᠴᠡᠯ ᠰᠢᠨ᠎ᠡ ᠳᠡᠭᠡᠭᠰᠢᠯᠡᠯᠲᠡ ᠶᠢ ᠪᠡᠶᠡᠯᠡᠭᠦᠯᠪᠡ᠃ ︽ᠳᠠᠯᠪᠢᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ᠂ ᠢᠨᠵᠧᠨᠧᠷᠢᠩ ᠤᠨ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠦᠨᠡᠮᠯᠡᠯ ᠪᠠ ᠭᠡᠷᠡᠴᠢ ᠶᠢ ᠰᠠᠯᠭᠠᠬᠤ | ᠥᠭᠡᠷᠡᠴᠢᠯᠡᠯᠲᠡ ᠶᠢ ᠰᠢᠨ᠎ᠡ ᠠᠬᠢᠴᠠ ᠲᠠᠢ ᠪᠣᠯᠭᠠᠵᠤ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ ︽ | ᠨᠢᠭᠡ ᠰᠦᠯᠵᠢᠶ᠎ᠡ ᠪᠠᠷ ᠨᠢᠭᠡᠳᠦᠯᠲᠡᠢ ᠬᠠᠮᠢᠶᠠᠷᠬᠤ︾ ︽ᠨᠢᠭᠡ ᠱᠤᠭᠤᠮ ᠢᠶᠠᠷ ᠨᠡᠪᠲᠡᠷᠡᠭᠦᠯᠬᠦ︾ ᠬᠢᠷᠢ ᠳᠦᠪᠰᠢᠨ | ᠢᠯᠡᠳᠲᠡ ᠳᠡᠭᠡᠭᠰᠢᠯᠡᠪᠡ᠃ ︽ᠰᠢᠨ᠎ᠡ ᠰᠣᠷᠣᠭᠴᠢ ᠰᠤᠷᠭᠠᠭᠤᠯᠢ ᠳᠤ ᠣᠷᠣᠬᠤ︾ ᠵᠡᠷᠭᠡ 9 ᠵᠦᠢᠯᠡᠰ ᠨᠢ ︽ᠭᠠᠷ | ᠤᠳᠠᠰᠤ ᠪᠠᠷ ᠭᠦᠢᠴᠡᠳᠬᠡᠬᠦ︾ ᠶᠢ ᠪᠡᠶᠡᠯᠡᠭᠦᠯᠵᠦ᠂ ᠲᠤᠰ ᠬᠤᠲᠠ ᠳᠣᠲᠤᠷ᠎ᠠ ᠪᠠᠨ ︽ᠨᠢᠭᠡ ᠤᠳᠠᠭ᠎ᠠ ᠴᠦ ᠣᠴᠢᠬᠤ | ᠬᠡᠷᠡᠭ ᠦᠭᠡᠢ︾ ︽ᠬᠠᠮᠤᠭ ᠤᠨ ᠣᠯᠠᠨ ᠳᠠᠭᠠᠨ ᠨᠢᠭᠡ ᠯᠡ ᠤᠳᠠᠭ᠎ᠠ ᠤᠴᠢᠬᠤ︾ ᠵᠦᠢᠯᠡᠰ ᠤᠨ ᠡᠵᠡᠯᠡᠬᠦ ᠬᠠᠷᠢᠴᠠᠯ | ᠨᠢ 90 % ᠠᠴᠠ ᠳᠡᠭᠡᠭᠰᠢ ᠬᠥᠷᠪᠡ᠃ 12345 ᠬᠠᠯᠠᠮᠰᠢᠯ ᠤᠲᠠᠰᠤᠨ ᠤ ︽ᠭᠤᠷᠪᠠᠨ ᠨᠣᠷᠮ᠎ᠠ︾ ᠨᠢ ᠪᠥᠬᠦ | ᠣᠷᠣᠨ ᠤ ᠡᠮᠦᠨ᠎ᠡ ᠡᠩᠨᠡᠭᠡᠨ ᠳᠤ ᠣᠷᠣᠪᠠ᠃ ︽ᠠᠵᠤ ᠠᠬᠤᠶᠢᠯᠠᠯ ᠠᠵᠢᠯ ᠶᠠᠪᠤᠳᠠᠯ ᠭᠦᠢᠴᠡᠳᠬᠡᠬᠦ ᠲᠣᠮᠣ ᠪᠡᠯᠡᠭ︾᠂ | ᠦᠨᠡᠮᠯᠡᠯ ᠲᠠᠮᠠᠭ᠎ᠠ᠂ ᠭᠠᠶᠢᠯᠢ ᠡᠵᠡᠮᠳᠡᠬᠦ ᠲᠥᠬᠦᠭᠡᠷᠦᠮᠵᠢ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ | ᠪᠣᠳᠣᠯᠭ᠎ᠠ ᠶᠢ ︽ᠨᠢᠭᠡ ᠯᠡ ᠬᠠᠶᠢᠷᠴᠠᠭ ᠠᠴᠠ ᠭᠠᠷᠭᠠᠨ ᠠᠪᠬᠤ︾ ᠶᠢ ᠬᠡᠷᠡᠭᠵᠢᠭᠦᠯᠪᠡ᠃ ︽ᠤᠷᠢᠳᠴᠢᠯᠠᠨ | ᠪᠣᠯᠵᠣᠬᠤ + ᠴᠠᠭ ᠢᠶᠠᠨ ᠤᠷᠳᠤᠳᠬᠠᠬᠤ︾ ᠦᠢᠯᠡᠴᠢᠯᠡᠭᠡ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ | ᠦᠳᠡ ᠳᠤ ᠠᠮᠠᠷᠠᠬᠤ ᠦᠭᠡᠢ · ᠠᠮᠠᠷᠠᠯᠲᠠ ᠶᠢᠨ ᠡᠳᠦᠷ ᠡᠭᠦᠳᠡ ᠪᠠᠨ ᠬᠠᠭᠠᠬᠤ ᠦᠭᠡᠢ︾ ᠠᠷᠭ᠎ᠠ ᠪᠤᠳᠤᠯᠭ᠎ᠠ ᠢ | ᠬᠡᠷᠡᠭᠵᠢᠬᠦᠯᠪᠡ᠃ ᠠᠩᠬᠠᠳᠠᠭᠴᠢ ︽ᠪᠠᠷᠢᠮᠵᠢᠶᠠᠲᠤ ᠭᠠᠵᠠᠷ︾ ᠤᠨ ᠠᠵᠤ ᠦᠢᠯᠡᠳᠪᠦᠷᠢ ᠶᠢᠨ ᠬᠡᠰᠡᠭ ᠭᠠᠵᠠᠷ ᠢ | ᠰᠢᠯᠵᠢᠭᠦᠯᠦᠨ ᠬᠤᠳᠠᠯᠳᠤᠬᠤ ᠠᠵᠢᠯ ᠢ ᠪᠡᠶᠡᠯᠡᠭᠦᠯᠪᠡ᠃ ᠬᠤᠲᠠ ᠶᠢᠨ ᠢᠲᠡᠭᠡᠮᠵᠢ ᠶᠢᠨ ᠬᠢᠨᠠᠨ ᠬᠡᠮᠵᠢᠯᠲᠡ ᠶᠢᠨ | ᠨᠡᠷᠡᠰ ᠤᠨ ᠵᠢᠭᠰᠠᠭᠠᠯᠲᠠ ᠨᠢ ᠪᠥᠬᠦ ᠣᠷᠣᠨ ᠤ ᠬᠤᠶᠠᠳᠣᠭᠠᠷ ᠲᠤ ᠤᠷᠤᠪᠡ᠃ ᠣᠯᠣᠰ ᠤᠨ ᠦᠮᠴᠢᠯᠡᠯᠲᠦ ᠠᠵᠤ | ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠲᠡᠭᠦᠰ ᠠᠮᠵᠢᠯᠲᠠ ᠲᠠᠢ ᠲᠡᠭᠦᠰᠴᠦ᠂ ᠬᠢᠨᠠᠨ | ᠰᠢᠯᠭᠠᠵᠤ ᠦᠨᠡᠯᠡᠨ ᠵᠢᠱᠢᠬᠦ ᠠᠵᠢᠯ ᠬᠤᠶᠠᠷ ᠵᠢᠯ ᠳᠠᠷᠠᠭᠠᠯᠠᠨ ᠪᠦᠬᠦ ᠣᠷᠣᠨ ᠤ ᠬᠤᠶᠠᠳᠤᠭᠠᠷ ᠲᠤ ᠣᠷᠣᠪᠠ᠃ | ︵ᠳᠥᠷᠪᠡ︶ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠦᠯᠦᠪᠵᠢᠭᠦᠯᠦᠨ᠂ ᠨᠠᠩ | ᠲᠡᠩᠴᠡᠭᠦᠷᠢᠲᠡᠢ ᠪᠣᠯᠭᠠᠪᠡ᠃ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠳᠦᠷᠬᠡᠳᠬᠡᠨ ᠠᠬᠢᠭᠤᠯᠪᠠ | ᠃ G5511 ᠪᠠᠶᠠᠨᠴᠠᠭᠠᠨ ᠠᠴᠠ ᠠᠨ ᠶᠧ ᠬᠦᠷᠬᠦ ᠵᠡᠷᠭᠡ 5 ᠵᠤᠷᠪᠤᠰ ᠵᠠᠰᠠᠮᠠᠯ ᠵᠠᠮ ᠤᠨ ᠭᠤᠣᠯ ᠱᠤᠭᠤᠮ ᠢ | ᠨᠡᠪᠲᠡᠷᠡᠭᠦᠯᠵᠦ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ G208 ︱ ᠤᠯᠠᠭᠠᠨᠬᠠᠳᠠ ᠬᠦᠷᠬᠦ | ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂12 ᠵᠣᠷᠪᠤᠰ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠪᠠᠷᠢᠯᠭ᠎ᠠ | ᠳᠠᠭᠤᠰᠴᠤ ᠲᠡᠷᠭᠡ ᠨᠡᠪᠲᠡᠷᠡᠪᠡ᠃ ᠬᠠᠷᠢᠮᠠᠬᠠᠢ ᠴᠢᠨᠠᠷᠳᠠᠢ ᠬᠤᠳᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠪᠡ᠃ | ᠮᠠ ᠯᠢᠶᠠᠨ ᠲᠠᠨ ᠤᠰᠤᠨ ᠰᠤᠷᠪᠤᠯᠵᠢ ᠶᠢᠨ ᠭᠠᠵᠠᠷ ᠤᠨ ᠤᠰᠤ ᠬᠠᠩᠭᠠᠬᠤ ᠢᠨᠵᠧᠨᠧᠷᠢᠩ ᠪᠥᠬᠦ ᠱᠤᠭᠤᠮ ᠢᠶᠠᠷ | ᠤᠰᠤ ᠨᠡᠪᠲᠡᠷᠡᠵᠦ᠂ ᠲᠤᠰ ᠵᠢᠯ ᠳᠡᠭᠡᠨ ᠲᠥᠰᠥᠪᠯᠡᠵᠦ᠂ ᠲᠤᠰ ᠵᠢᠯ ᠳᠡᠭᠡᠨ ᠠᠵᠢᠯ ᠡᠬᠢᠯᠡᠭᠦᠯᠵᠦ᠂ ᠲᠤᠰ ᠵᠢᠯ ᠳᠡᠭᠡᠨ | ᠠᠰᠢᠭᠯᠠᠬᠤ ᠶᠢ ᠪᠡᠶᠡᠯᠡᠭᠦᠯᠵᠦ᠂ ᠬᠥᠳᠡᠭᠡ ᠲᠣᠰᠬᠤᠨ ᠮᠠᠯᠵᠢᠬᠤ ᠣᠷᠣᠨ ᠤ ᠤᠰᠤ ᠬᠠᠩᠭᠠᠬᠤ ᠢᠨᠵᠧᠨᠧᠷᠢᠩ ᠪᠦᠭᠦᠳᠡ | ᠠᠵᠢᠯ ᠳᠠᠭᠤᠰᠪᠠ᠃ ᠭᠡᠷ ᠪᠠᠶᠢᠰᠢᠩ ᠭᠠᠵᠠᠷ ᠬᠥᠷᠥᠩᠭᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ︽ᠭᠤᠷᠪᠠᠨ | ᠪᠡᠷᠬᠡ︾ ᠠᠰᠠᠭᠤᠳᠠᠯ ᠤᠨ ᠲᠥᠷᠥᠯ ᠵᠦᠢᠯ ᠢ 15401 ᠢᠵᠢ ᠰᠢᠢᠳᠪᠦᠷᠢᠯᠡᠵᠦ᠂ 800 ᠢᠵᠢ ᠳᠥᠭᠦᠮ | ᠪᠦᠲᠦᠴᠡᠲᠦ ᠣᠷᠣᠨ ᠰᠠᠭᠤᠴᠠ ᠶᠢᠨ ᠲᠣᠭᠤᠷᠢᠭ᠂ 1733 ᠬᠤᠳᠠ ᠪᠠᠯᠭᠠᠰᠤᠨ ᠤ ᠬᠠᠭᠤᠴᠢᠨ ᠵᠢᠵᠢᠭ ᠲᠣᠭᠤᠷᠢᠭ᠂ | 1224 ᠲᠠᠷᠢᠶᠠᠯᠠᠬᠤ ᠮᠠᠯᠵᠢᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠵᠤ᠂ 5 | ᠲᠦᠮᠡ ᠭᠠᠷᠤᠢ ᠠᠷᠠᠳ ᠤᠯᠠᠨ ᠤ ᠠᠮᠤᠷ ᠲᠠᠶᠢᠪᠤᠩ ᠣᠷᠣᠨ ᠰᠠᠭᠤᠴᠠ ᠶᠢᠨ ᠬᠦᠰᠡᠯ ᠢ ᠲᠡᠷᠭᠡᠯᠰᠢᠭᠦᠯᠪᠡ᠃ | ᠬᠤᠳᠠ ᠶᠢᠨ ᠴᠢᠨᠠᠷ ᠴᠢᠨᠰᠠᠭ᠎ᠠ ᠦᠷᠭᠦᠯᠵᠢᠯᠡᠨ ᠳᠡᠭᠡᠭᠰᠢᠯᠡᠪᠡ᠃ ᠪᠥᠬᠦ ᠤᠯᠤᠰ ᠤᠨ ᠪᠣᠯᠪᠠᠰᠤᠨ ᠬᠤᠲᠠ᠂ | ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠶᠢ ᠪᠥᠬᠦ | ᠬᠦᠴᠦᠨ ᠢᠶᠠᠷ ᠠᠬᠢᠭᠤᠯᠪᠠ᠃ ᠣᠶᠤᠨᠲᠤ ᠬᠤᠳᠠ ᠶᠢᠨ ᠪᠦᠬᠦᠯᠢ ᠴᠣᠭᠴᠠ ᠶᠢᠨ ᠪᠣᠷᠣ ᠲᠥᠯᠥᠪ ᠪᠠ ᠳ᠋ᠠᠶᠢᠲ᠋ᠠ ᠶᠢᠨ | ᠰᠠᠭᠤᠷᠢ ᠶᠢ ᠦᠨᠳᠦᠰᠦᠨ ᠳᠡᠭᠡᠨ ᠪᠠᠶᠢᠭᠤᠯᠵᠤ ᠳᠠᠭᠤᠰᠬᠠᠪᠠ᠃ ᠨᠢᠭᠡ ᠪᠦᠯᠦᠭ ᠭᠤᠣᠯᠳᠠᠯᠭ᠎ᠠ ᠲᠠᠢ ᠵᠠᠮ ᠤᠨ | ᠨᠣᠭᠤᠭᠠᠷᠠᠭᠤᠯᠤᠯᠲᠠ ᠪᠠ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠪᠥᠬᠦ | ᠬᠤᠲᠠ ᠶᠢᠨ ᠬᠤᠲᠠ ᠪᠠᠯᠭᠠᠰᠤ ᠶᠢᠨ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ ᠪᠠ ᠬᠥᠮᠥᠨ ᠳᠤᠮᠳᠠᠴᠢ | ᠴᠡᠴᠡᠷᠯᠢᠭ ᠤᠨ ᠨᠣᠭᠤᠭᠠᠷᠠᠭᠤᠯᠤᠯᠲᠠ ᠶᠢᠨ ᠲᠠᠯᠠᠪᠠᠶ 37.85% ᠪᠠ 20.7 ᠲᠡᠭᠰᠢ ᠳᠥᠷᠪᠡᠯᠵᠢᠨ ᠮᠧᠲᠷ ᠲᠤ | ᠬᠥᠷᠪᠡ᠃ 34 ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ ᠢ ᠲᠥᠯᠥᠪᠵᠢᠭᠦᠯᠦᠨ ᠲᠣᠬᠢᠷᠠᠭᠤᠯᠵᠤ᠂ ᠪᠥᠬᠦ | ᠬᠤᠲᠠ ᠶᠢᠨ ᠵᠠᠰᠠᠮᠠᠯ ᠵᠠᠮ ᠤᠨ ᠴᠡᠪᠡᠷ ᠠᠷᠢᠭᠤᠨ ᠪᠠᠶᠢᠬᠤ ᠨᠣᠷᠮ᠎ᠠ ᠶᠢ 90% ᠠᠴᠠ ᠳᠡᠭᠡᠭᠰᠢ ᠪᠠᠶᠢᠯᠭᠠᠵᠤ᠂ ᠲᠥᠪ | ᠬᠤᠲᠠᠲ᠋ᠣᠭᠤᠷᠢᠭ ᠤᠨ ᠬᠤᠭ ᠨᠣᠪᠰᠢ ᠶᠢ ᠲᠥᠷᠥᠯ ᠬᠤᠪᠢᠶᠠᠬᠤ ᠶᠢ ᠪᠦᠬᠦᠨ ᠤ ᠪᠦᠷᠬᠦᠭᠦᠯᠪᠡ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠭᠦᠨᠵᠡᠭᠡᠢ ᠠᠬᠢᠭᠤᠯᠪᠠ᠃ ᠲᠥᠪ ᠤᠨ ᠪᠠ | ᠥᠪᠡᠷᠲᠡᠭᠡᠨ ᠵᠠᠰᠠᠬᠤ ᠣᠷᠣᠨ ᠤ ᠵᠣᠯᠭᠠᠭᠤᠯᠬᠤ ᠪᠡᠯᠡ ᠮᠥᠩᠭᠦ ᠶᠢ17.4 ᠳ᠋ᠦᠩᠰᠢᠭᠤᠷ ᠲᠥᠭᠦᠷᠢᠭ ᠣᠷᠣᠭᠤᠯᠤᠨ᠂ | 472 ᠲᠥᠷᠥᠯ ᠵᠦᠢᠯ ᠢ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠤᠭᠰᠠᠨ ᠬᠥᠮᠥᠨ ᠠᠮᠠ ᠶᠢᠨ ᠬᠥᠮᠥᠨ | ᠳᠤᠮᠳᠠᠴᠢ ᠴᠡᠪᠡᠷ ᠣᠷᠣᠯᠭ᠎ᠠ 1.4 ᠲᠦᠮᠡᠨ ᠲᠥᠭᠦᠷᠢᠭ ᠢ ᠳᠠᠪᠠᠵᠤ᠂ ᠨᠡᠮᠡᠭᠳᠡᠯ ᠤᠨ ᠬᠡᠮᠵᠢᠶ᠎ᠡ 11.6 % ᠲᠤ | ᠬᠦᠷᠴᠦ᠂ 1.35 ᠲᠦᠮᠡᠨ ᠡᠷᠦᠬᠡ ᠬᠢᠨᠠᠨ ᠬᠡᠮᠵᠢᠵᠦ ᠬᠠᠪᠰᠤᠷᠤᠨ ᠲᠡᠳᠬᠦᠬᠦ ᠡᠲᠡᠭᠡᠳ ᠤᠨ ᠶᠠᠳᠠᠭᠤᠷᠠᠬᠤ ᠳᠠᠬᠢᠨ | ᠶᠠᠳᠠᠭᠤᠷᠠᠬᠤ ᠲᠦᠭᠰᠢᠭᠦᠷᠢ ᠶᠢ ᠬᠥᠳᠡᠯᠦᠩᠭᠦᠢ ᠪᠠᠷ ᠠᠷᠢᠯᠭᠠᠪᠠ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠠ | ᠲᠥᠪ ᠤᠨ ᠨᠢᠭᠡᠴᠢ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠶᠢ ᠭᠦᠨᠵᠡᠭᠡᠶᠢᠷᠡᠭᠦᠯᠵᠦ᠂ ᠪᠡᠭᠡᠵᠢᠩ ᠬᠤᠲᠠ 4. | 7 ᠳ᠋ᠦᠩᠰᠢᠭᠤᠷ ᠲᠥᠭᠦᠷᠢᠭ ᠤᠨ ᠲᠤᠰᠠᠯᠠᠮᠵᠢ ᠶᠢᠨ ᠪᠡᠯᠡ ᠮᠥᠩᠭᠦ ᠣᠷᠣᠭᠤᠯᠤᠨ᠂ 159 ᠲᠥᠷᠥᠯ ᠵᠦᠢᠯ ᠢ | ᠬᠡᠷᠡᠭᠵᠢᠭᠦᠯᠵᠦ᠂ ᠣᠨᠳᠣᠣ ᠭᠠᠵᠠᠷ ᠲᠤ ᠨᠡᠬᠦᠯᠬᠡᠬᠦ ᠵᠡᠷᠭᠡ 5 ᠵᠢᠱᠢᠶ᠎ᠡ ᠨᠢ ᠵᠡᠭᠦᠨ ᠪᠠᠷᠠᠭᠤᠨ ᠣᠷᠣᠨ ᠤ | ᠬᠠᠮᠵᠢᠯᠴᠠᠭ᠎ᠠ ᠶᠢᠨ ᠨᠡᠶᠢᠲᠡᠯᠢᠭ ᠵᠢᠱᠢᠶ᠎ᠡ ᠪᠣᠯᠪᠠ᠃ ᠳᠥᠷᠪᠡᠳ ᠬᠤᠰᠢᠭᠤ ᠥᠪᠡᠷᠲᠡᠭᠡᠨ ᠵᠠᠰᠠᠬᠤ ᠣᠷᠣᠨ ᠢ | ᠲᠥᠯᠥᠭᠡᠯᠡᠨ ᠤᠯᠤᠰ ᠤᠨ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠬᠢᠨᠠᠨ ᠰᠢᠯᠭᠠᠯᠲᠠ ᠶᠢ ᠬᠦᠯᠢᠶᠡᠭᠡᠳ ︽ | ᠰᠠᠶᠢᠨ︾ ᠵᠡᠷᠭᠡ ᠳᠡᠰ ᠢ ᠣᠯᠣᠭᠰᠠᠨ ᠪᠠᠶᠢᠨ᠎ᠠ᠃ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠶᠢ ᠬᠤᠷᠢᠶᠠᠨ | ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮᠵᠢ ᠶᠢᠨ ᠪᠦᠷᠬᠦᠴᠡ ᠶᠢᠨ ᠨᠣᠷᠮ᠎ᠠ ᠶᠢ 50% ᠳᠤ ᠬᠦᠷᠦᠭᠦᠯᠵᠦ᠂ | ᠳᠤᠷᠰᠢᠯᠳᠡ ᠶᠢᠨ ᠴᠡᠭ ᠤᠨ 1617 ᠬᠠᠭᠤᠷᠠᠢ ᠵᠣᠷᠯᠣᠩ᠂ 5143 ᠤᠰᠤᠨ ᠵᠣᠷᠯᠣᠩ ᠢ ᠪᠠᠶᠢᠭᠤᠯᠵᠤ | ᠳᠠᠭᠤᠰᠬᠠᠪᠠ᠃ | ︵ᠲᠠᠪᠤ︶ ︽ᠬᠤᠶᠠᠷ ᠬᠠᠯᠬᠠᠪᠴᠢ︾ ᠶᠢ ᠦᠷᠭᠦᠯᠵᠢᠯᠡᠨ ᠴᠤᠭᠴᠠᠯᠠᠵᠤ ᠪᠠᠳᠤᠵᠢᠭᠤᠯᠪᠠ᠃ ᠠᠮᠢ ᠠᠬᠤᠢ ᠶᠢᠨ | ᠣᠷᠴᠢᠨ ᠨᠥᠬᠦᠴᠡᠯ ᠤᠨ ᠶᠠᠰᠤ ᠴᠢᠨᠠᠷ ᠢᠯᠡᠳᠲᠡ ᠰᠠᠶᠢᠵᠢᠷᠠᠪᠠ᠃ ᠲᠥᠪ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠰᠢᠯᠵᠢᠭᠦᠯᠦᠨ ᠲᠤᠰᠢᠶᠠᠭᠰᠠᠨ ᠲᠤᠰᠬᠠᠢ ᠬᠡᠷᠡᠭ ᠢ ᠪᠦᠬᠦ | ᠣᠷᠣᠨ ᠳᠤ ᠡᠩ ᠲᠡᠷᠢᠭᠦᠨ ᠳᠤ ᠴᠡᠪᠡᠷᠯᠡᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ | ᠪᠠᠶᠢᠴᠠᠭᠠᠬᠤ ᠣᠨ ᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠪᠡ᠃ ᠪᠣᠬᠢᠷᠳᠤᠯ ᠢ | ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠠᠯᠲᠠ ᠶᠢᠨ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠭᠤᠣᠯ | ᠬᠤᠳᠠ ᠲᠣᠭᠤᠷᠢᠭ ᠤᠨ ᠠᠭᠠᠷ ᠤᠨ ᠶᠠᠰᠤ ᠴᠢᠨᠠᠷ ᠤᠨ ᠰᠢᠯᠢᠳᠡᠭ ᠰᠠᠶᠢᠨ ᠡᠳᠦᠷ ᠤᠨ ᠲᠤᠭ᠎ᠠ ᠶᠢ 350 ᠡᠳᠦᠷ | ᠪᠠᠶᠢᠵᠤ᠂ ᠤᠯᠤᠰ ᠠᠴᠠ ᠡᠵᠡᠮᠳᠡᠬᠦ 6 ᠣᠭᠲᠣᠯᠣᠭᠠᠰᠤ ᠶᠢ ᠪᠦᠬᠦᠨ ᠢ ᠬᠢᠨᠠᠨ ᠰᠢᠯᠭᠠᠬᠤ ᠱᠠᠭᠠᠷᠳᠠᠯᠭ᠎ᠠ ᠳᠤ ᠬᠦᠷᠭᠡᠵᠦ᠂ | 8 ᠲᠥᠪᠯᠡᠷᠡᠭᠰᠡᠨ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠤᠰᠤᠨ ᠤ ᠴᠢᠨᠠᠷ ᠤᠨ ᠪᠠᠷᠢᠮᠵᠢᠶ᠎ᠠ ᠳᠤ | ᠬᠦᠷᠦᠭᠰᠡᠨ ᠨᠤᠷᠮ᠎ᠠ100% ᠶᠢ ᠪᠠᠲᠤᠯᠠᠵᠤ᠂ ᠪᠣᠬᠢᠷᠲᠤᠭᠰᠠᠨ ᠲᠠᠷᠢᠶᠠᠨ ᠭᠠᠵᠠᠷ ᠤᠨ ᠠᠮᠤᠷ ᠲᠦᠪᠰᠢᠨ ᠤ | ᠠᠰᠢᠭᠯᠠᠯᠲᠠ ᠶᠢᠨ ᠨᠤᠷᠮ᠎ᠠ ᠶᠢ 100% ᠳᠤ ᠬᠦᠷᠭᠡᠪᠡ᠃ ᠳᠠᠭ᠎ᠠ ᠶᠢᠨ ᠨᠠᠭᠤᠷ ᠤᠨ ᠠᠮᠢ ᠠᠬᠤᠢ ᠶᠢᠨ ᠪᠠᠴᠢᠮ | ᠪᠠᠶᠢᠳᠠᠯ ᠢ ᠠᠷᠭᠠᠴᠠᠭᠠᠬᠤ ᠤᠰᠤ ᠨᠥᠬᠦᠪᠦᠷᠢᠯᠡᠬᠦ ᠢᠨᠵᠧᠨᠧᠷᠢᠩ 19 ᠰᠠᠷ᠎ᠠ ᠶᠢᠨ ᠬᠤᠭᠤᠴᠠᠭᠠᠨ ᠳᠤ ᠪᠦᠬᠦ | ᠱᠤᠭᠤᠮ ᠢᠶᠠᠷ ᠤᠰᠤ ᠨᠡᠪᠲᠡᠷᠡᠵᠦ᠂ ᠲᠣᠮᠣ ᠬᠡᠯᠪᠡᠷᠢ ᠶᠢᠨ ᠣᠷᠣᠨ ᠪᠦᠰᠡ ᠠᠯᠤᠰᠯᠠᠨ ᠤᠰᠤ ᠲᠠᠲᠠᠬᠤ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢᠨ ᠲᠡᠮᠳᠡᠭᠯᠡᠯ ᠢ ᠰᠢᠨᠡᠳᠬᠡᠪᠡ᠃ ᠴᠠᠭᠠᠨᠠᠭᠤᠷ ᠢ | ᠶᠡᠷᠦᠩᠬᠡᠶᠢᠯᠡᠨ ᠵᠠᠰᠠᠬᠤ ᠠᠵᠢᠯ ᠤᠨ ᠣᠨ ᠤ ᠡᠭᠦᠷᠭᠡ ᠪᠠᠨ ᠪᠡᠶᠡᠯᠡᠭᠦᠯᠵᠦ᠂ ᠰᠠᠪᠠ ᠭᠠᠵᠠᠷ ᠤᠰᠤᠨ ᠳᠠᠷᠢᠶ᠎ᠠ ᠶᠢ | ᠬᠠᠭᠤᠷᠠᠢ ᠳᠠᠷᠢᠶ᠎ᠠ ᠪᠤᠯᠭᠠᠨ ᠦᠬᠡᠷᠡᠴᠢᠯᠡᠬᠦ ᠲᠥᠷᠥᠯ ᠵᠦᠢᠯ ᠢ ᠤᠯᠤᠰ ᠠᠴᠠ ᠵᠥᠪ ᠲᠠᠯ᠎ᠠ ᠶᠢᠨ ᠨᠡᠶᠢᠲᠡᠯᠢᠭ ᠬᠡᠷᠡᠭ ᠤᠨ | ᠵᠢᠱᠢᠶ᠎ᠡ ᠪᠣᠯᠭᠠᠪᠠ᠃ ᠤᠯᠤᠰ ᠤᠨ ᠣᠶ ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠶᠢᠨ ᠪᠦᠲᠦᠭᠡᠨ | ᠪᠠᠶᠢᠭᠤᠯᠤᠯᠲᠠ ᠶᠢᠨ ︽ᠳᠠᠪᠬᠤᠷ ᠲᠥᠷᠥᠯ ᠵᠦᠢᠯ︾ ᠤᠨ ᠵᠡᠭᠦᠨ ᠬᠡᠰᠡᠭ ᠤᠨ ᠨᠤᠲᠤᠭ ᠪᠡᠯᠴᠢᠭᠡᠷ ᠤᠨ ᠡᠯᠡᠰᠦᠷᠬᠡᠭ | ᠭᠠᠵᠠᠷ ᠢ ᠵᠠᠰᠠᠬᠤ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠤᠷᠢᠳᠴᠢᠯᠠᠨ ᠵᠥᠪᠰᠢᠶᠡᠷᠡᠭᠳᠡᠪᠡ᠃ 90.8 | ᠲᠦᠮᠡᠨ ᠮᠦ ᠣᠶ ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠠ ᠬᠠᠮᠠᠭᠠᠯᠠᠵᠤ | ᠰᠡᠷᠭᠦᠭᠡᠬᠦ ᠡᠭᠦᠷᠭᠡ ᠶᠢ ᠪᠡᠶᠡᠯᠡᠭᠦᠯᠵᠦ᠂ 2.7 ᠲᠡᠭᠰᠢ ᠳᠥᠷᠪᠡᠯᠵᠢᠨ ᠺᠢᠯᠣᠮᠧᠲᠷ ᠭᠠᠵᠠᠷ ᠰᠢᠨᠵᠢᠯᠡᠭᠡᠨ ᠤ ᠣᠷᠴᠢᠨ | ᠠᠬᠤᠢ ᠶᠢᠨ ᠠᠮᠢ ᠠᠬᠤᠢ ᠶᠢ ᠰᠡᠷᠭᠦᠭᠡᠨ ᠵᠠᠰᠠᠵᠤ᠂ ᠪᠣᠬᠢᠷᠳᠤᠯ ᠦᠭᠡᠢ ᠨᠤᠲᠤᠭ ᠳᠡᠪᠢᠰᠬᠡᠷ ︽ᠭᠦᠶᠦᠬᠡᠨ ᠨᠣᠭᠤᠭᠠᠨ | ︾ ᠪᠠᠶᠢᠭᠰᠠᠨ ᠠᠴᠠ ᠪᠠᠨ ︽ᠭᠦᠨ ᠨᠣᠭᠤᠭᠠᠨ︾ ᠳᠠᠰᠢ ᠤᠷᠤᠭᠰᠢᠯᠠᠵᠤ ᠪᠠᠶᠢᠨ᠎ᠠ᠃ | ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠪᠦᠬᠦ ᠲᠠᠯ᠎ᠠ ᠪᠠᠷ ᠳᠡᠭᠡᠭᠰᠢᠯᠡᠪᠡ᠃ ︽ᠬᠤᠶᠠᠷ | ᠶᠡᠬᠡᠳᠡᠢ︾ ᠳᠦᠷᠤᠯ ᠵᠦᠢᠯ ᠤᠨ ᠳᠣᠣᠷ᠎ᠠ ᠲᠦᠪᠰᠢᠨ ᠬᠥᠭᠵᠢᠯᠲᠡ ᠶᠢ ᠡᠷᠡᠰ ᠬᠤᠷᠢᠭᠯᠠᠵᠤ᠂ 27 ᠡᠩ ᠤᠨ | ᠬᠠᠶᠢᠯᠤᠰᠢ ᠲᠡᠮᠦᠷᠯᠢᠭ ᠤᠨ ᠬᠦᠳᠡᠷ ᠬᠠᠶᠢᠯᠤᠭᠤᠯᠵᠤ ᠥᠭᠡᠷᠡᠴᠢᠯᠡᠬᠦ ᠶᠢ ᠪᠡᠶᠡᠯᠡᠭᠦᠯᠵᠦ᠂ 18 ᠠᠵᠤ ᠠᠬᠤᠶᠢᠯᠠᠯ ᠤᠨ ︽ | ᠬᠠᠶᠠᠭᠳᠠᠮᠠᠯ ᠬᠡᠢ ᠪᠠᠨ ᠰᠢᠳᠠᠭᠠᠬᠤ︾ ᠠᠰᠠᠭᠤᠳᠠᠯ ᠢ ᠴᠡᠭᠴᠡᠯᠡᠨ ᠰᠠᠶᠢᠵᠢᠷᠠᠭᠤᠯᠪᠠ᠃ ᠡᠨᠧᠷᠭᠢ ᠠᠷᠪᠢᠯᠠᠬᠤ ᠤᠰᠤ | ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ 48 ᠳᠦᠷᠤᠯ ᠵᠦᠢᠯ ᠢ ᠠᠬᠢᠭᠤᠯᠵᠤ᠂ 29 ᠠᠵᠤ ᠠᠬᠤᠶᠢᠯᠠᠯ | ᠦᠯᠡᠳᠡᠪᠦᠷᠢ ᠢᠯᠴᠢ ᠦᠯᠡᠳᠡᠪᠦᠷᠢ ᠬᠡᠢ ᠪᠠᠷ ᠴᠠᠬᠢᠯᠭᠠᠨ ᠭᠠᠷᠭᠠᠬᠤ ᠶᠢ ᠪᠡᠶᠡᠯᠡᠭᠦᠯᠵᠦ᠂ 7 ᠠᠵᠤ ᠠᠬᠤᠶᠢᠯᠠᠯ | ᠦᠯᠡᠳᠡᠪᠦᠷᠢ ᠬᠡᠢ ᠪᠠᠷ ᠮᠧᠲ᠋ᠢᠯ ᠠᠯᠺᠣᠣᠯ ᠦᠢᠯᠡᠳᠬᠦ᠂ ᠬᠠᠶᠠᠭᠳᠠᠮᠠᠯ ᠰᠢᠭᠠᠷᠤ ᠪᠠᠷ ᠴᠢᠯᠠᠭᠤᠨ ᠬᠠᠪᠳᠠᠩ ᠦᠢᠯᠡᠳᠬᠦ | ᠳᠦᠷᠤᠯ ᠵᠦᠢᠯ ᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠪᠠ᠃ ᠪᠣᠬᠢᠷᠳᠤᠯ ᠦᠭᠡᠢ ᠦᠶᠯᠡᠳᠬᠦ ᠵᠢᠱᠢᠶ᠎ᠡ | ᠦᠵᠡᠭᠦᠯᠬᠦ 12 ᠲᠥᠷᠥᠯ ᠵᠦᠢᠯ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠳᠤᠯ ᠦᠭᠡᠢ 9 ᠠᠵᠤ | ᠠᠬᠤᠶᠢᠯᠠᠯ ᠢ ᠡᠭᠦᠳᠦᠨ ᠪᠠᠶᠢᠭᠤᠯᠪᠡ᠃ 5000 ᠮᠤ᠋ ᠲᠠᠷᠢᠶᠠᠨ ᠭᠠᠵᠠᠷ ᠢ ᠨᠦᠬᠦᠵᠤ ᠪᠠᠶᠢᠭᠤᠯᠤᠨ᠎ᠠ᠃ ︽ᠳᠠᠪᠤ ᠶᠢ | ᠳᠤᠶᠢᠯᠪᠤᠷᠢᠳᠡᠢ ᠪᠠᠶᠢᠴᠠᠭᠠᠬᠤ︾ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ 1199 ᠠᠰᠠᠭᠤᠳᠠᠯ ᠲᠠᠢ | ᠲᠥᠷᠥᠯ ᠵᠦᠢᠯ ᠢ ᠰᠢᠢᠳᠪᠦᠷᠢᠯᠡᠵᠦ᠂ 2 ᠲᠦᠮᠡᠨ ᠮᠦ ᠭᠠᠵᠠᠷ ᠰᠢᠷᠣᠢ ᠶᠢ ᠠᠮᠢᠯᠠᠭᠤᠯᠵᠤ᠂ 2.3 ᠳ᠋ᠦᠩᠰᠢᠭᠤᠷ | ᠲᠥᠭᠦᠷᠢᠭ ᠤᠨ ᠳᠠᠷᠤᠭᠳᠠᠵᠤ ᠪᠠᠶᠢᠭ᠎ᠠ ᠪᠡᠯᠡ ᠮᠥᠩᠭᠦ ᠶᠢ ᠢᠯᠭᠠᠷᠠᠭᠤᠯᠤᠨ ᠲᠤᠰᠢᠶᠠᠵᠤ᠂ ᠳᠠᠷᠤᠭᠳᠠᠵᠤ ᠪᠠᠶᠢᠭ᠎ᠠ | ᠭᠠᠵᠠᠷ ᠰᠢᠷᠣᠢ ᠶᠢᠨ ᠲᠥᠷᠥᠯ ᠵᠦᠢᠯ᠂ ᠲᠠᠩᠰᠠᠨ ᠳᠤ ᠳᠠᠷᠤᠭᠳᠠᠭᠰᠠᠨ ᠪᠡᠯᠡ ᠮᠥᠩᠭᠦ ᠶᠢ ᠬᠥᠳᠡᠯᠭᠡᠵᠦ ᠰᠢᠯᠵᠢᠭᠦᠯᠪᠡ | ᠃ | ᠲᠦᠭᠰᠢᠭᠦᠷᠢ ᠶᠢᠨ ᠥᠷᠢᠰᠦᠯᠳᠦᠭᠡᠨ ᠢ ᠪᠦᠲᠦᠮᠵᠢᠲᠡᠶ ᠪᠠᠷ ᠰᠡᠷᠭᠡᠶᠢᠯᠡᠨ ᠬᠤᠷᠢᠭᠯᠠᠪᠠ᠃ ᠪᠥᠬᠦ ᠬᠤᠲᠠ ᠶᠢᠨ | ᠬᠦᠴᠦᠨ ᠴᠢᠳᠠᠯ᠂ ᠪᠥᠬᠦ ᠬᠤᠲᠠ ᠶᠢᠨ ᠠᠷᠠᠳ ᠤᠯᠠᠨ ᠤ ᠣᠶᠤᠨ ᠤᠬᠠᠭᠠᠨ ᠢ ᠲᠥᠪᠯᠡᠷᠡᠭᠦᠯᠵᠦ ᠪᠠᠶᠢᠭᠠᠳ ᠣᠯᠠᠨ | ᠡᠭᠡᠯᠵᠢ ᠶᠢᠨ ᠬᠢᠵᠢᠭ ᠢ ᠪᠦᠲᠦᠮᠵᠢᠲᠡᠶ ᠪᠠᠷ ᠠᠷᠭᠠᠴᠠᠭᠠᠵᠤ᠂ ᠪᠠᠷᠠᠭ᠎ᠠ ᠭᠦᠢᠯᠭᠡᠭᠡᠨ ᠤ ᠰᠠᠭᠠᠳ ᠦᠭᠡᠢ ᠨᠡᠪᠲᠡᠷᠡᠬᠦ ᠶᠢ | ᠪᠠᠲᠤᠯᠠᠬᠤ ᠪᠠ ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠤᠨ ᠬᠠᠩᠭᠠᠯᠭ᠎ᠠ ᠶᠢ ᠪᠠᠳᠤᠯᠠᠵᠤ᠂ ᠦᠨ᠎ᠡ ᠬᠠᠩᠰᠢ ᠶᠢ | ᠳᠤᠭᠳᠠᠭᠤᠨ ᠪᠠᠶᠢᠯᠭᠠᠬᠤ ᠠᠵᠢᠯ ᠢ ᠰᠠᠶᠢᠲᠤᠷ ᠬᠢᠵᠦ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ | ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠬᠠᠮᠤᠭ ᠶᠡᠭᠡ ᠬᠡᠮᠵᠢᠶ᠎ᠡ ᠪᠠᠷ ᠬᠠᠮᠠᠭᠠᠯᠠᠪᠡ᠃ ᠶᠡᠭᠡ ᠲᠠᠯ᠎ᠠ ᠶᠢ ᠪᠠᠲᠤᠯᠠᠨ᠂ | ᠶᠡᠭᠡ ᠲᠠᠯ᠎ᠠ ᠶᠢ ᠬᠠᠷᠠᠭᠠᠯᠵᠠᠵᠤ᠂ ᠬᠥᠬᠡᠬᠤᠲᠠ ᠳᠤ ᠰᠠᠭᠤᠭ᠎ᠠ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢᠳ ᠢ | ᠰᠢᠯᠵᠢᠭᠦᠯᠦᠨ ᠵᠥᠭᠡᠭᠡᠪᠦᠷᠢᠯᠡᠬᠦ ᠪᠠ ᠲᠤᠰᠠᠭᠠᠷᠯᠠᠵᠤ ᠨᠤᠲᠤᠭ ᠲᠠᠭᠠᠨ ᠪᠤᠴᠠᠬᠤ ᠠᠵᠢᠯ ᠢ ᠲᠡᠭᠦᠰ ᠠᠮᠵᠢᠯᠲᠠ ᠲᠠᠢ | ᠪᠡᠶᠡᠯᠡᠭᠦᠯᠪᠡ᠃ ︽ᠲᠤᠰᠢᠶᠠᠪᠠᠰᠤ ᠵᠣᠬᠢᠬᠤ ᠠᠰᠠᠷ︾ ᠤᠨ 2555 ᠢᠵᠢ ᠶᠢ ᠳᠤᠰᠢᠶᠠᠵᠤ᠂ ᠤᠷᠢᠳᠴᠢᠯᠠᠨ | ᠬᠤᠳᠠᠯᠳᠤᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠪᠦᠷᠢᠨ ᠪᠦᠷᠬᠦᠬᠦ ᠶᠢ ᠪᠡᠶᠡᠯᠡᠭᠦᠯᠪᠡ᠃ ᠥᠪᠡᠷᠲᠡᠭᠡᠨ | ᠵᠠᠰᠠᠬᠤ ᠣᠷᠣᠨ ᠤ ︽ᠳᠦᠷᠪᠡᠨ ᠨᠢᠭᠡ ᠪᠦᠯᠦᠭ︾ ᠤᠨ ᠥᠷᠢ ᠥᠭᠴᠡᠭᠡ ᠶᠢ ᠠᠷᠢᠯᠭᠠᠬᠤ ᠳᠡᠮ ᠬᠦᠦ ᠲᠠᠢ ᠪᠡᠯᠡ | ᠮᠥᠩᠭᠦ ᠶᠢ 3.85 ᠳ᠋ᠦᠩᠰᠢᠭᠤᠷ ᠲᠦᠭᠦᠷᠢᠭ ᠴᠢᠷᠮᠠᠶᠢᠨ ᠣᠯᠵᠤ᠂ ᠵᠠᠰᠠᠭ ᠤᠨ ᠣᠷᠳᠣᠨ ᠤ ᠳᠠᠯᠳᠠ ᠥᠷᠢ | ᠥᠭᠴᠡᠭᠡ ᠶᠢ ᠠᠷᠢᠯᠭᠠᠬᠤ ᠣᠨ ᠤ ᠡᠭᠦᠷᠭᠡ ᠶᠢ ᠪᠡᠶᠡᠯᠡᠭᠦᠯᠵᠦ᠂ ᠲᠦᠭᠰᠢᠭᠦᠷᠢ ᠶᠡᠬᠡᠲᠡᠢ ᠪᠠᠶᠢᠭᠤᠯᠤᠮᠵᠢ ᠶᠢᠨ ᠡᠷᠡᠭᠦᠯ | ᠪᠤᠰᠤ ᠵᠢᠭᠡᠯᠡᠯᠭᠡ ᠶᠢ 21 ᠳ᠋ᠦᠩᠰᠢᠭᠤᠷ ᠲᠥᠭᠦᠷᠢᠭ ᠢᠯᠭᠠᠷᠠᠭᠤᠯᠤᠨ ᠬᠤᠷᠢᠶᠠᠵᠤ ᠰᠢᠢᠳᠪᠦᠷᠢᠯᠡᠪᠡ᠃ ᠠᠮᠤᠷ | ᠲᠦᠪᠰᠢᠨ ᠤ ᠡ᠊ᠨᠳᠡᠯ ᠭᠠᠷᠤᠭᠰᠠᠨ ᠲᠤᠭ᠎ᠠ ᠪᠠ ᠦᠬᠦᠭᠰᠡᠨ ᠬᠥᠮᠥᠨ ᠤ ᠲᠤᠭ᠎ᠠ ᠶᠢᠨ ︽ᠬᠤᠣᠰ ᠪᠠᠭᠤᠷᠠᠯᠲᠠ︾ ᠶᠢ | ᠪᠡᠶᠡᠯᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ᠂ ᠡᠪᠦᠯ ᠤᠨ ᠤᠯᠠᠷᠢᠯ ᠤᠨ ᠣᠯᠢᠮᠫᠢᠺ ᠤᠨ ᠴᠤᠭᠯᠠᠭᠠᠨ᠂ | ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠴᠤᠭᠯᠠᠭᠠᠨ ᠵᠠᠬᠢᠳᠠᠯ ᠰᠣᠷᠪᠣᠯᠵᠢᠯᠠᠭ᠎ᠠ ᠶᠢᠨ ᠲᠣᠭᠲᠠᠭᠤᠨ ᠢ | ᠪᠠᠲᠤᠯᠠᠬᠤ ᠵᠡᠷᠭᠡ ᠶᠢᠨ ᠪᠠᠲᠤᠯᠠᠭ᠎ᠠ ᠶᠢᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠬᠠᠷ᠎ᠠ ᠪᠦᠯᠦᠭᠲᠡᠨ | ᠬᠠᠷᠬᠢᠰ ᠬᠦᠴᠦᠨ ᠳᠤ ᠴᠣᠬᠢᠯᠲᠠ ᠥᠭᠬᠦ ᠪᠠᠶᠢᠩᠭᠤ ᠶᠢᠨ ᠲᠡᠮᠡᠴᠡᠯ ᠢ ᠡᠮᠬᠢ ᠵᠢᠷᠤᠮ ᠲᠠᠢ ᠠᠬᠢᠭᠤᠯᠵᠤ᠂ ᠲᠥᠪ ᠤᠨ | ᠵᠠᠬᠢᠳᠠᠯ ᠰᠤᠷᠪᠤᠯᠵᠢᠯᠠᠭ᠎ᠠ ᠶᠢᠨ ᠬᠠᠮᠲᠤᠷᠠᠭᠰᠠᠨ ᠬᠤᠷᠠᠯ ᠤᠨ ᠲᠤᠰᠢᠶᠠᠭᠰᠠᠨ ᠬᠡᠷᠡᠭ ᠢ ᠪᠦᠬᠦ ᠣᠷᠣᠨ ᠳᠤ ᠲᠦᠷᠦᠭᠦᠯᠡᠨ | ᠴᠡᠪᠡᠷᠯᠡᠨ ᠰᠢᠢᠳᠪᠦᠷᠢᠯᠡᠵᠦ᠂ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠪᠠᠲᠤᠯᠠᠪᠠ᠃ | ︵ᠵᠢᠷᠭᠤᠭ᠎ᠠ︶ ᠠᠷᠠᠳ ᠤᠨ ᠠᠮᠢᠳᠤᠷᠠᠯ ᠤᠨ ᠪᠠᠳᠤᠯᠠᠪᠤᠷᠢ ᠶᠢᠨ ᠠᠵᠢᠯ ᠢ ᠰᠠᠶᠢᠳᠤᠷ ᠬᠢᠵᠤ᠂ ᠲᠦᠭᠡᠮᠡᠯ ᠠᠰᠢᠭ | ᠬᠦᠷᠲᠡᠭᠡᠬᠦ ᠶᠢ ᠨᠠᠩ ᠰᠠᠶᠢᠳᠤᠷ ᠢᠯᠡᠷᠡᠬᠦᠯᠪᠡ᠃ ᠡᠩ ᠤᠨ ᠴᠢᠨᠠᠷᠲᠠᠢ ᠵᠠᠷᠤᠯᠭ᠎ᠠ ᠪᠠ ︽ᠭᠤᠷᠪᠠᠨ ᠵᠦᠢᠯ ᠤᠨ | ᠠᠯᠪᠠᠨ ᠤ ᠵᠠᠷᠤᠳᠠᠯ︾ ᠢ ᠶᠡᠭᠡ ᠪᠠᠷ ᠪᠠᠭᠠᠰᠬᠠᠵᠤ᠂ ᠠᠷᠪᠢᠯᠠᠭᠰᠠᠨ ᠪᠡᠯᠡ ᠮᠥᠩᠭᠦ ᠶᠢ ᠠᠷᠠᠳ ᠤᠨ ᠦᠨᠳᠦᠰᠦᠨ | ᠠᠮᠢᠳᠤᠷᠠᠯ ᠢ ᠪᠠᠲᠤᠯᠠᠬᠤ ᠳᠤ ᠭᠤᠣᠯᠳᠠᠯᠭ᠎ᠠ ᠲᠠᠢ ᠪᠠᠷ ᠬᠡᠷᠡᠭᠯᠡᠵᠦ᠂ ᠠᠷᠠᠳ ᠤᠨ ᠠᠮᠢᠳᠤᠷᠠᠯ ᠤᠨ ᠵᠠᠷᠤᠯᠭ᠎ᠠ ᠶᠢᠨ | ᠬᠤᠪᠢ ᠶᠢᠨ ᠵᠢᠩ ᠢ 80.7 ᠳᠤ ᠬᠦᠷᠭᠡᠪᠡ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠬᠦᠨ ᠢ | ᠪᠤᠳᠠᠳᠠᠶᠢᠵᠢᠭᠤᠯᠪᠠ᠃ ︽ᠲᠠᠪᠤᠨ ᠣᠷᠣᠨ ᠪᠠᠶᠢᠷᠢ︾ ᠶᠢᠨ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠲᠡᠭᠦᠰ | ᠠᠮᠵᠢᠯᠲᠠ ᠲᠠᠢ ᠪᠡᠶᠡᠯᠡᠭᠦᠯᠵᠦ᠂ ᠠᠷᠠᠳ ᠤᠨ ᠰᠡᠳᠬᠢᠯ ᠢ ᠳᠤᠯᠠᠭᠠᠴᠠᠭᠤᠯᠪᠠ᠃ ᠬᠤᠳᠠ ᠪᠠᠯᠭᠠᠰᠤᠨ ᠤ 8568 | ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠵᠢᠱᠢᠭᠰᠡᠨ ᠬᠠᠷᠠᠯᠲᠠ ᠪᠠᠨ ᠳᠠᠪᠠᠭᠤᠯᠤᠨ ᠪᠡᠶᠡᠯᠡᠬᠦᠯᠪᠡ᠃ 9 | ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠤᠭᠰᠠᠨ ᠪᠠ ᠦᠷᠭᠦᠯᠵᠢᠯᠡᠨ ᠪᠠᠶᠢᠭᠤᠯᠵᠤ᠂ ᠰᠤᠷᠭᠠᠭᠤᠯᠢ ᠶᠢᠨ | ᠰᠤᠷᠤᠯᠴᠠᠬᠤ ᠤᠷᠤᠨ ᠪᠠᠶᠢᠷᠢ ᠶᠢ1800 ᠨᠡᠮᠡᠭᠳᠡᠭᠦᠯᠪᠡ᠃ ᠨᠡᠷᠡᠳᠦ ᠰᠤᠷᠭᠠᠭᠤᠯᠢ ᠶᠢᠨ ᠵᠠᠬᠢᠷᠤᠯ ᠤᠨ ᠠᠵᠢᠯᠯᠠᠬᠤ | ᠲᠠᠰᠤᠭ 5᠂ ᠨᠡᠷᠡᠳᠦ ᠪᠠᠭᠰᠢ ᠶᠢᠨ ᠠᠵᠢᠯᠯᠠᠬᠤ ᠲᠠᠰᠤᠭ 33 ᠪᠠᠶᠢᠭᠤᠯᠵᠤ᠂ ᠪᠡᠭᠡᠵᠢᠩ ᠬᠤᠲᠠ ᠶᠢᠨ ᠳᠠᠭᠠᠭᠤᠯᠤᠭᠴᠢ | ᠰᠤᠷᠭᠠᠭᠤᠯᠢ ᠶᠢᠨ ᠵᠠᠬᠢᠷᠤᠯ᠂ ᠪᠠᠭᠰᠢ ᠶᠢ 56 ᠬᠥᠮᠥᠨ ᠤᠳᠠᠭ᠎ᠠ ᠬᠠᠷᠢᠮᠠᠬᠠᠢ ᠴᠢᠨᠠᠷᠲᠠᠢ ᠪᠠᠷ ᠤᠷᠢᠨ ᠠᠪᠴᠢᠷᠠᠪᠠ᠃ | ᠬᠤᠲᠠ ᠶᠢᠨ ᠲᠥᠪ ᠡᠮᠨᠡᠯᠭᠡ ᠶᠢᠨ ᠬᠤᠷᠢᠶ᠎ᠠ ᠶᠢᠨ ᠣᠶᠤᠨᠴᠢ ᠡᠮᠴᠢᠯᠡᠭᠡᠨ ᠤ ᠦᠢᠯᠡᠴᠢᠯᠡᠭᠡ ᠶᠢᠨ ᠲᠠᠰ ᠳᠡᠪᠰᠢᠬᠦ ᠶᠢ | ᠲᠦᠷᠭᠡᠳᠬᠡᠵᠦ᠂ ᠬᠤᠲᠠ ᠶᠢᠨ ᠬᠤᠶᠠᠳᠤᠭᠠᠷ ᠡᠮᠨᠡᠯᠭᠡ ᠶᠢᠨ ᠬᠤᠷᠢᠶᠠᠨ ᠤ ᠰᠢᠨ᠎ᠡ ᠡᠮᠨᠡᠯᠭᠡ ᠶᠢᠨ ᠳᠤᠭᠤᠷᠢᠭ ᠢ | ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠤᠨ᠂ ᠪᠥᠬᠦ ᠬᠤᠲᠠ ᠳᠤ ᠡᠪᠡᠳᠴᠢᠳᠡᠨ ᠤ ᠣᠷᠣ ᠶᠢ 557 | ᠨᠡᠮᠡᠭᠳᠡᠬᠦᠯᠪᠡ᠃ ᠪᠡᠭᠡᠵᠢᠩ ᠤᠨ ᠠᠨ ᠵᠧᠨ ᠡᠮᠨᠡᠯᠭᠡ ᠶᠢᠨ ᠬᠤᠷᠢᠶ᠎ᠠ ᠲᠠᠢ ᠬᠠᠮᠳᠤᠷᠠᠭᠰᠠᠨ ᠤᠯᠤᠰ ᠤᠨ ᠵᠢᠷᠦᠬᠡ | ᠴᠢᠰᠤᠨ ᠰᠤᠳᠠᠯ ᠤᠨ ᠡᠪᠡᠳᠴᠢᠨ ᠤ ᠡᠮᠴᠢᠯᠡᠭᠡᠨ ᠤ ᠠᠨᠠᠭᠠᠬᠤ ᠤᠬᠠᠭᠠᠨ ᠤ ᠰᠤᠳᠤᠯᠭᠠᠨ ᠤ ᠲᠥᠪ ᠪᠠᠶᠢᠭᠤᠯᠤᠭᠳᠠᠪᠠ᠃ | ᠲᠡᠷᠭᠡᠨ ᠵᠣᠭᠰᠣᠭᠠᠯ ᠢ 1.4 ᠲᠦᠮᠡ ᠰᠢᠨ᠎ᠡ ᠪᠠᠷ ᠨᠡᠮᠡᠭᠳᠡᠭᠦᠯᠵᠦ᠂ 2.1 ᠲᠦᠮᠡᠨ ᠲᠡᠷᠭᠡᠨ ᠵᠣᠭᠰᠣᠭᠠᠯ ᠢ | ᠰᠢᠨᠡᠳᠬᠡᠨ ᠵᠠᠰᠠᠪᠠ᠃ ᠬᠤᠲᠠ ᠪᠠᠯᠭᠠᠰᠤ ᠶᠢᠨ 204 ᠨᠡᠶᠢᠲᠡ ᠶᠢᠨ ᠵᠣᠷᠯᠣᠩ ᠢ ᠠᠵᠢᠯ ᠡᠬᠢᠯᠡᠭᠦᠯᠦᠨ ᠪᠠᠶᠢᠭᠤᠯᠵᠤ᠂ | ᠵᠤᠭᠠᠴᠠᠯ ᠤᠨ ᠤᠷᠤᠨ ᠤ ᠵᠣᠷᠯᠣᠩ ᠤᠨ ᠣᠷᠴᠢᠨ ᠲᠣᠭᠤᠷᠢᠨ ᠢ ᠢᠯᠡᠳᠲᠡ ᠰᠠᠶᠢᠵᠢᠷᠠᠭᠤᠯᠪᠠ᠃ | ᠨᠡᠶᠢᠭᠡᠮ ᠤᠨ ᠪᠠᠲᠤᠯᠠᠭ᠎ᠠ ᠲᠠᠰᠤᠷᠠᠯᠳᠡ ᠦᠭᠡᠢ ᠴᠢᠩᠭᠠᠷᠠᠪᠠ᠃ DIP ᠵᠤᠭᠤᠰ ᠳᠦᠯᠦᠬᠦ ᠠᠷᠭ᠎ᠠ ᠮᠠᠶ᠋ᠢᠭ ᠤᠨ | ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠵᠤ᠂ ᠠᠵᠢᠯᠲᠠᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ | ᠡᠭᠦᠳᠡᠨ ᠡᠮᠨᠡᠯᠭᠡ ᠳᠤ ᠬᠠᠮᠲᠤ ᠪᠠᠷ ᠡᠳ᠋ᠯᠡᠬᠦ ᠪᠠᠲᠤᠯᠠᠭ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠪᠡᠶᠡᠯᠡᠭᠦᠯᠵᠦ᠂ | ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠢ ᠪᠦᠬᠦ ᠤᠯᠤᠰ ᠤᠨ | ᠨᠢᠬᠡᠳᠦᠯᠳᠡᠢ ᠳᠦᠯᠦᠪᠯᠡᠭᠡ ᠬᠤᠷᠠᠮᠳᠤᠯᠭ᠎ᠠ ᠳᠤ ᠤᠷᠤᠭᠤᠯᠪᠡ᠃ ᠬᠤᠶᠠᠳᠤᠭᠠᠷ ᠳᠡᠰ ᠠᠴᠠ ᠳᠡᠭᠡᠭᠰᠢᠬᠢ 14 | ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠦᠬᠦᠨ ᠳᠤ ᠨᠠᠰᠤᠲᠠᠶᠢᠴᠤᠳ ᠤᠨ ᠠᠨᠠᠭᠠᠬᠤ ᠤᠬᠠᠭᠠᠨ ᠤ ᠰᠠᠯᠠᠭ᠎ᠠ | ᠭᠠᠷᠭᠠᠵᠤ᠂ ᠵᠡᠭᠡᠯᠢ ᠭᠤᠳᠤᠮᠵᠢ ᠶᠢᠨ ᠨᠠᠰᠤᠵᠢᠯ ᠤᠨ ᠠᠰᠠᠷᠠᠮᠵᠢ ᠶᠢᠨ 13 ᠦᠢᠯᠡᠴᠢᠯᠡᠭᠡᠨ ᠤ ᠲᠥᠪ ᠪᠠ 74 ᠨᠡᠶᠢᠭᠡᠮ | ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠷᠳᠡᠭᠡ ᠶᠢ ᠰᠢᠨ᠎ᠡ ᠪᠠᠷ ᠨᠡᠮᠡᠭᠳᠡᠭᠦᠯᠪᠡ᠃ ᠴᠠᠬᠠᠷ | ᠪᠠᠷᠠᠭᠤᠨ ᠭᠠᠷᠤᠨ ᠳᠤᠮᠳᠠᠳᠤ ᠬᠤᠰᠢᠭᠤ᠂ ᠰᠢᠩ ᠾᠧ ᠰᠢᠶᠠᠨ᠂ ᠱᠠᠩᠳᠤ ᠰᠢᠶᠠᠨ ᠤ 3 ᠣᠷᠣᠰᠢᠭᠤᠯᠭ᠎ᠠ ᠶᠢᠨ | ᠤᠷᠳᠤᠨ ᠪᠠ ᠰᠢᠶᠠᠨ ᠰᠢᠶᠠᠩ ᠲᠣᠰᠬᠤᠨ ᠭᠤᠷᠪᠠᠨ ᠱᠠᠲᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ | ᠨᠡᠶᠢᠲᠡ ᠶᠢᠨ ᠣᠩᠭᠤᠨ ᠢ 144 ᠪᠠᠶᠢᠭᠤᠯᠵᠤ᠂ ᠳᠦᠷᠢᠮ ᠠᠴᠠ ᠵᠥᠷᠢᠴᠡᠭᠰᠡᠨ 1.5 ᠲᠦᠮᠡᠨ ᠣᠩᠭᠤᠨ ᠤ ᠭᠠᠵᠠᠷ ᠢ | ᠪᠦᠲᠦᠮᠵᠢᠲᠡᠶ ᠵᠠᠰᠠᠪᠠ᠃ ᠤᠯᠤᠰ ᠤᠨ ᠤᠮᠠᠷᠠᠲᠤ ᠣᠷᠣᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ | ᠲᠤᠷᠰᠢᠯᠲᠠ ᠶᠢᠨ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ 1.2 ᠲᠦᠮᠡᠨ ᠠᠷᠠᠳ ᠢᠷᠬᠡᠳ ᠢ ᠤᠲᠤᠭ᠎ᠠ ᠠᠴᠠ | ᠵᠠᠶᠢᠳᠠᠭᠤᠯᠵᠤ᠂ ᠠᠮᠤᠷ ᠲᠦᠪᠰᠢᠨ ᠳᠤᠯᠠᠭᠠᠨ ᠪᠤᠯᠢᠶᠠᠨ ᠢᠶᠠᠷ ᠡᠪᠦᠯ ᠢᠶᠠᠨ ᠥᠩᠭᠡᠷᠡᠭᠦᠯᠬᠦ ᠶᠢ ᠪᠡᠶᠡᠯᠡᠬᠦᠯᠪᠡ᠃ | ᠤᠯᠠᠨ ᠨᠡᠶᠢᠲᠡ ᠶᠢᠨ ᠦᠢᠯᠡᠴᠢᠯᠡᠭᠡ ᠡᠳᠦᠷ ᠢᠷᠡᠬᠦᠶ᠎ᠡ ᠰᠠᠶᠢᠵᠢᠷᠠᠪᠠ᠃ ᠠᠷᠠᠳ ᠲᠦᠮᠡᠨ ᠤ ᠰᠠᠨᠠᠭᠠᠨ ᠳᠤ | ᠨᠡᠶᠢᠴᠡᠬᠦ ᠰᠤᠷᠭᠠᠨ ᠬᠥᠮᠦᠵᠢᠯ ᠢ ᠰᠠᠶᠢᠲᠤᠷ ᠡᠷᠬᠢᠯᠡᠵᠦ᠂ ᠰᠠᠭᠤᠷᠢ ᠰᠤᠷᠭᠠᠨ ᠬᠥᠮᠦᠵᠢᠯ ᠤᠨ ᠶᠠᠰᠤ ᠴᠢᠨᠠᠷ ᠢ | ᠦᠷᠭᠦᠯᠵᠢᠯᠡᠨ ᠳᠡᠭᠡᠭᠰᠢᠯᠡᠭᠦᠯᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠬᠤ ᠨᠤᠷᠮ᠎ᠠ ᠶᠢ ᠮᠡᠳᠡᠭᠳᠡᠬᠦᠶᠢᠴᠡ ᠳᠡᠭᠡᠭᠰᠢᠯᠡᠭᠦᠯᠪᠡ᠃ ︽ᠬᠤᠶᠠᠷ ᠢ | ᠬᠦᠩᠭᠡᠷᠡᠬᠦᠯᠬᠦ︾ ᠠᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠬᠦᠯᠪᠡ᠃ ᠥᠪᠥᠷ ᠮᠣᠩᠭᠤᠯ ᠤᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠤᠨ ᠰᠤᠷᠭᠠᠭᠤᠯᠢ ᠶᠢ ᠣᠷᠣᠭᠤᠯᠤᠨ ᠠᠪᠴᠢᠷᠡᠵᠤ | ᠰᠠᠭᠤᠷᠢᠰᠢᠭᠤᠯᠵᠤ᠂ ᠬᠠᠮᠲᠤᠷᠠᠨ ᠰᠤᠷᠭᠠᠭᠤᠯᠢ ᠡᠷᠭᠢᠯᠡᠬᠦ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ | ᠠᠬᠢᠭᠤᠯᠪᠡ᠃ ᠤᠯᠤᠰ ᠤᠨ ᠲᠠᠰ ᠤᠨ ᠵᠢᠱᠢᠶ᠎ᠡ ᠦᠵᠡᠭᠦᠯᠬᠦ ᠰᠤᠷᠭᠠᠭᠤᠯᠢ 1᠂ ᠤᠯᠤᠰ ᠤᠨ ᠲᠠᠰ ᠤᠨ | ᠭᠤᠣᠯᠳᠠᠯᠭ᠎ᠠ ᠲᠠᠢ ᠰᠤᠷᠭᠠᠭᠤᠯᠢ 3᠂ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠱᠢᠶ᠎ᠡ ᠦᠵᠡᠭᠦᠯᠬᠦ ᠰᠤᠷᠭᠠᠭᠤᠯᠢ | 3 ᠪᠠᠶᠢᠭᠤᠯᠪᠡ᠃ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠴᠢᠷᠮᠠᠶᠢᠨ | ᠳᠡᠭᠡᠭᠰᠢᠯᠡᠭᠦᠯᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠰ ᠤᠨ ᠬᠥᠭᠵᠢᠯᠲᠡ ᠪᠠ ᠡᠮ | ᠡᠮᠨᠡᠯᠬᠡ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠬᠤᠶᠠᠳᠤᠭᠠᠷ ᠳᠡᠰ ᠠᠴᠠ | ᠳᠡᠭᠡᠭᠰᠢᠬᠢ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠳᠤ ᠴᠥᠮ ᠴᠢᠨᠠᠷ ᠰᠠᠶᠢᠲᠠᠢ ᠰᠤᠪᠢᠯᠠᠯᠳᠠ ᠦᠢᠯᠡᠴᠢᠯᠡᠭᠡ | ᠥᠷᠨᠢᠭᠦᠯᠵᠦ᠂ ᠠᠯᠤᠰ ᠤᠨ ᠡᠮᠴᠢᠯᠡᠭᠡᠨ ᠤ ᠦᠢᠯᠡᠴᠢᠯᠡᠭᠡ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠪᠡ᠃ ᠬᠤᠲᠠ ᠶᠢᠨ | ᠰᠢᠭᠤᠳ ᠬᠠᠷᠢᠶ᠎ᠠ ᠬᠠᠮ ᠵᠠᠭᠤᠴᠢᠯᠠᠭᠤᠷ ᠬᠠᠮᠲᠤᠷᠠᠨ ᠫᠠᠶᠢᠰᠠ ᠡᠯᠭᠦᠵᠦ᠂ ᠣᠯᠠᠨ ᠨᠡᠶᠢᠲᠡ ᠶᠢᠨ ᠰᠣᠶᠣᠯ ᠤᠨ ᠲᠠᠯᠠᠪᠤᠷ | ᠣᠷᠳᠣᠨ᠂ ᠤᠯᠠᠭᠠᠨᠮᠥ᠋ᠴᠢᠷ ᠤᠨ ᠪᠣᠯᠪᠠᠰᠤᠷᠠᠯ ᠤᠨ ᠲᠢᠩᠬᠢᠮ ᠵᠡᠷᠭᠡ 14 ᠲᠥᠷᠥᠯ ᠵᠦᠢᠯ ᠢ ᠰᠢᠨ᠎ᠡ ᠪᠠᠷ | ᠪᠠᠶᠢᠭᠤᠯᠤᠭᠰᠠᠨ ᠪᠤᠶᠤ ᠦᠷᠭᠦᠯᠵᠢᠯᠡᠨ ᠪᠠᠶᠢᠭᠤᠯᠵᠤ᠂ ︽ᠠᠷᠠᠳ ᠤᠨ ᠵᠢᠱᠢᠶᠡᠴᠢ ᠳᠦᠭᠢᠮᠡ︾ ᠵᠡᠷᠭᠡ ᠵᠦᠴᠦᠭᠡ ᠶᠢ | 90 ᠭᠠᠷᠤᠢ ᠵᠣᠬᠢᠶᠠᠨ ᠪᠦᠲᠦᠭᠡᠵᠦ ᠳᠡᠪᠰᠢᠭᠦᠯᠵᠦ᠂ ︽ᠬᠤᠩ ᠱᠠᠨ ᠺᠧᠦ ᠶᠢᠨ ᠴᠤᠤᠷᠢᠶ᠎ᠠ︾ ᠵᠡᠷᠭᠡ ᠲᠦᠷᠪᠡᠨ | ᠪᠦᠲᠦᠭᠡᠯ ᠨᠢ ᠥᠪᠡᠷᠲᠡᠭᠡᠨ ᠵᠠᠰᠠᠬᠤ ᠣᠷᠣᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ︽ᠲᠠᠪᠤᠨ ᠨᠢᠭᠡ ᠶᠢᠨ | ᠢᠨᠵᠧᠨᠧᠷᠢᠩ︾ ᠤᠨ ᠱᠠᠩᠨᠠᠯ ᠢ ᠬᠦᠷᠲᠡᠵᠡᠢ᠃ ᠪᠡᠶ᠎ᠡ ᠲᠠᠮᠢᠷ ᠤᠨ ᠲᠠᠯᠠᠪᠤᠷ ᠣᠷᠳᠣᠨ᠂ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠳᠦᠬᠦᠬᠡᠷᠦᠮᠵᠢ ᠶᠢᠨ ᠲᠥᠷᠥᠯ ᠵᠦᠢᠯ ᠢ 12 ᠨᠡᠮᠡᠭᠳᠡᠭᠦᠯᠵᠦ᠂ ᠬᠥᠮᠥᠨ ᠳᠤᠮᠳᠠᠴᠢ ᠪᠡᠶ᠎ᠡ | ᠲᠠᠮᠢᠷ ᠤᠨ ᠲᠠᠯᠠᠪᠠᠶ ᠶᠢ 2.45 ᠲᠡᠭᠰᠢ ᠳᠥᠷᠪᠡᠯᠵᠢᠨ ᠮᠧᠲᠷ ᠲᠤ ᠬᠦᠷᠬᠡᠪᠡ᠃ | ᠥᠩᠭᠡᠷᠡᠭᠰᠡᠨ ᠨᠢᠭᠡ ᠵᠢᠯ᠂ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠠᠵᠢᠯ ᠢ ᠬᠦᠴᠦᠯᠡᠨ ᠴᠢᠩᠭᠠᠳᠬᠠᠨ | ᠰᠠᠶᠢᠵᠢᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠲᠡᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ | ᠵᠢᠱᠢᠶ᠎ᠡ ᠦᠵᠡᠭᠦᠯᠬᠦ 12 ᠨᠢᠭᠡᠴᠢ ᠶᠢ ᠡᠭᠦᠳᠦᠨ ᠪᠠᠶᠢᠭᠤᠯᠪᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠳᠠᠶᠢᠴᠢᠯᠠᠯᠲᠠ ᠪᠠ ᠬᠤᠶᠠᠷ ᠢ ᠬᠦᠷᠢᠶᠡᠯᠡᠨ ᠬᠠᠮᠲᠤᠪᠠᠷ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ | ᠴᠡᠷᠢᠭ ᠠᠴᠠ ᠬᠠᠯᠠᠭᠳᠠᠭᠰᠠᠳ ᠲᠤ ᠦᠢᠯᠡᠴᠢᠯᠡᠬᠦ ᠪᠠᠲᠤᠯᠠᠭ᠎ᠠ ᠶᠢᠨ ᠠᠵᠢᠯ ᠪᠦᠬᠦ ᠣᠷᠣᠨ ᠤ ᠡᠮᠦᠨ᠎ᠡ ᠡᠩᠨᠡᠭᠡᠨ ᠳᠤ | ᠤᠷᠤᠵᠠᠢ᠃ ᠦᠨᠳᠦᠰᠦᠲᠡᠨ ᠱᠠᠰᠢᠨ ᠰᠤᠷᠲᠠᠬᠤᠨ᠂ ᠬᠢᠨᠠᠨ ᠪᠣᠳᠣᠯᠲᠠ᠂ ᠲᠤᠭ᠎ᠠ ᠪᠦᠷᠢᠳᠬᠡᠯ᠂ ᠰᠣᠨᠢᠨ ᠮᠡᠳᠡᠭᠡ | ᠷᠠᠳᠢᠣ᠋ ᠲᠧᠯᠸᠢᠰ᠂ ᠭᠠᠳᠠᠭᠠᠳᠤ ᠶᠠᠪᠤᠳᠠᠯ ᠬᠠᠷᠢᠶᠠᠲᠤ ᠨᠠᠷ ᠤᠨ ᠶᠠᠪᠤᠳᠠᠯ᠂ ᠲᠠᠩᠰᠠ ᠡᠪᠬᠡᠮᠡᠯ ᠤᠨ ᠨᠢᠭᠤᠴᠠ ᠶᠢ | ᠬᠠᠮᠠᠭᠠᠯᠠᠬᠤ᠂ ᠴᠠᠭ ᠠᠭᠤᠷ ᠭᠠᠵᠠᠷ ᠬᠥᠳᠡᠯᠦᠯᠲᠡ ᠵᠡᠷᠭᠡ ᠠᠵᠢᠯ ᠴᠥᠮ ᠰᠢᠨ᠎ᠡ ᠦᠷ᠎ᠡ ᠪᠦᠲᠦᠮᠵᠢ ᠲᠠᠢ ᠪᠣᠯᠵᠤ᠂ | ᠠᠵᠢᠯᠴᠢᠨ ᠤ ᠡᠪᠯᠡᠯ᠂ ᠡᠮᠡᠭᠲᠡᠶᠢᠴᠦᠳ ᠬᠡᠦᠬᠡᠳ᠂ ᠵᠠᠯᠠᠭᠤᠴᠤᠳ ᠪᠠᠭᠠᠴᠤᠳ᠂ ᠨᠠᠰᠤᠲᠠᠶᠢᠴᠤᠳ᠂ ᠵᠡᠮᠳᠡᠭᠴᠦᠳ᠂ | ᠤᠯᠠᠭᠠᠨ ᠵᠠᠭᠠᠯᠮᠠᠶᠢᠳᠠᠨ ᠵᠡᠷᠭᠡ ᠠᠵᠢᠯ ᠦᠢᠯᠡᠰ ᠴᠥᠮ ᠰᠢᠨ᠎ᠡ ᠲᠠᠪᠰᠢᠯᠳᠠ ᠲᠠᠢ ᠪᠣᠯᠪᠠ᠃ | ᠥᠩᠭᠡᠷᠡᠭᠰᠡᠨ ᠨᠢᠭᠡ ᠵᠢᠯ᠂ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠤᠬᠠᠭᠤᠯᠵᠤ ᠳᠣᠭᠤᠰᠢᠯᠠᠭᠤᠯᠵᠤ᠂ ᠦᠪᠡᠳᠡᠭᠰᠢ ᠬᠤᠷᠠᠯ ᠤᠨ ᠤᠯᠤᠰ ᠲᠦᠷᠦ᠂ ᠤᠨᠤᠯ᠂ ᠦᠢᠯᠡᠳᠦᠯᠭᠡ ᠶᠢᠨ | ᠲᠠᠯ᠎ᠠ ᠪᠠᠷ ᠣᠯᠣᠭᠰᠠᠨ ᠠᠯᠢ ᠤᠯᠠᠨ ᠴᠢᠬᠤᠯᠠ ᠶᠡᠭᠡ ᠦᠷ᠎ᠡ ᠪᠦᠲᠦᠭᠡᠯ ᠢ ᠪᠦᠷᠢᠨ ᠪᠦᠲᠦᠨ ᠵᠥᠪ ᠣᠨᠣᠪᠴᠢᠲᠠᠢ | ᠪᠦᠬᠦ ᠲᠠᠯ᠎ᠠ ᠪᠠᠷ ᠣᠶᠢᠯᠠᠭᠠᠨ ᠡᠵᠡᠮᠰᠢᠵᠦ᠂ ︽ᠬᠤᠶᠠᠷ ᠢ ᠲᠤᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ | ᠬᠠᠮᠠᠭᠠᠯᠠᠬᠤ︾ ᠶᠢ ᠡᠷᠡᠰ ᠪᠡᠶᠡᠯᠡᠭᠦᠯᠪᠡ᠃ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ᠢᠯᠵᠠᠷᠠᠯ ᠢ ᠰᠡᠷᠭᠡᠶᠢᠯᠡᠬᠦ᠂ ᠰᠤᠷᠲᠠᠯ ᠤᠨ ᠪᠠᠶᠢᠭᠤᠯᠤᠯᠲᠠ᠂ ᠬᠡᠷᠡᠭ ᠢᠶᠠᠷ | ᠥᠭᠡᠷᠡᠴᠢᠯᠡᠯᠲᠡ ᠶᠢ ᠠᠬᠢᠭᠤᠯᠬᠤ ᠵᠡᠷᠭᠡ ᠠᠵᠢᠯ ᠢᠯᠡᠳᠲᠡ ᠦᠷ᠎ᠡ ᠪᠦᠲᠦᠮᠵᠢ ᠣᠯᠪᠠ᠃ ᠵᠠᠰᠠᠭ ᠤᠨ ᠣᠷᠳᠣᠨ ᠤ | ᠪᠠᠶᠢᠩᠭᠤ ᠶᠢᠨ ᠬᠤᠷᠠᠯ ᠠᠴᠠ ᠡᠮᠦᠨ᠎ᠡ ᠬᠠᠤᠯᠢ ᠶᠢ ᠰᠤᠷᠤᠯᠴᠠᠬᠤ ᠶᠢ ᠪᠠᠶᠢᠩᠭᠤᠵᠢᠭᠤᠯᠤᠨ ᠳᠦᠷᠢᠮᠵᠢᠭᠦᠯᠵᠦ᠂ ᠡᠯ᠎ᠡ | ᠲᠠᠯ᠎ᠠ ᠶᠢᠨ ᠬᠢᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ | ᠪᠦᠬᠦᠨ ᠢ ᠰᠢᠢᠳᠪᠦᠷᠢᠯᠡᠵᠦ ᠬᠠᠷᠢᠭᠤᠯᠲᠠ ᠥᠭᠴᠦ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠳᠤ 2 ᠬᠤᠪᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ | ᠳᠡᠪᠰᠢᠭᠦᠯᠵᠦ ᠬᠢᠨᠠᠨ ᠶᠠᠷᠢᠯᠴᠠᠭᠤᠯᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠳᠠ ᠰᠢᠨ᠎ᠡ ᠠᠬᠢᠴᠠ | ᠲᠠᠢ ᠪᠤᠯᠪᠠ᠃ | ᠲᠥᠯᠥᠭᠡᠯᠡᠭᠴᠢᠳ ᠠ᠋᠂ ᠰᠢᠷᠭᠠᠭᠤ ᠲᠡᠮᠡᠴᠡᠯ ᠬᠠᠳᠠᠭᠤ ᠪᠡᠷᠬᠡ ᠪᠤᠯᠪᠠᠴᠤ ᠦᠯᠡᠮᠵᠢ ᠡᠯᠪᠡᠭ ᠦᠷ᠎ᠡ ᠪᠦᠲᠦᠭᠡᠯ ᠨᠢ | ᠬᠥᠮᠥᠰ ᠤᠨ ᠰᠡᠳᠬᠢᠯ ᠢ ᠬᠥᠪᠴᠢᠯᠡᠨ᠎ᠡ᠃ ᠨᠢᠭᠡ ᠵᠢᠯ ᠤᠨ ᠲᠤᠷᠰᠢᠬᠢ ᠤᠯᠤᠭᠰᠠᠨ ᠣᠯᠣᠯᠲᠠ ᠳᠠᠪᠰᠢᠯᠲᠠ ᠨᠢᠭᠡᠪᠦᠷᠢ | ᠨᠢ ᠴᠥᠮ ᠲᠤᠶᠢᠯ ᠤᠨ ᠡᠷᠬᠢᠮ ᠨᠠᠨᠳᠢᠨ ᠶᠤᠮ᠃ ᠡᠳᠡᠭᠡᠷ ᠠᠮᠵᠢᠯᠲᠠ ᠶᠢ ᠣᠯᠣᠭᠰᠠᠨ ᠨᠢ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ | ᠯᠠᠪᠳᠠᠭᠤᠨ ᠪᠠᠲᠤᠲᠠᠢ ᠦᠢᠯᠡᠳᠦᠯᠭᠡᠵᠢᠭᠦᠯᠵᠦ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠳᠤᠭᠤᠰᠢᠯᠠᠭᠤᠯᠤᠭᠰᠠᠨ ᠤ ᠦᠷ᠎ᠡ ᠳ᠋ᠦᠩ ᠮᠥᠨ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠳᠠ ᠶᠢᠨ ᠨᠠᠮ ᠤᠨ | ᠬᠤᠷᠢᠶᠠᠨ ᠤ ᠵᠥᠪ ᠣᠨᠣᠪᠴᠢᠲᠠᠢ ᠤᠳᠤᠷᠢᠳᠤᠭᠰᠠᠨ ᠤ ᠦᠷ᠎ᠡ ᠳ᠋ᠦᠩ ᠮᠥᠨ᠂ ᠬᠤᠳᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ᠂ ᠬᠤᠳᠠ ᠶᠢᠨ ᠤᠯᠤᠰ ᠲᠦᠷᠦ ᠶᠢᠨ | ᠵᠥᠪᠯᠡᠯᠭᠡᠨ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠪᠦᠲᠦᠮᠵᠢᠲᠡᠢ ᠬᠢᠨᠠᠯᠲᠠ ᠲᠠᠯᠪᠢᠵᠤ᠂ ᠬᠦᠴᠦᠲᠡᠢ ᠳᠡᠮᠵᠢᠭᠰᠡᠨ ᠤ | ᠦᠷ᠎ᠡ ᠳ᠋ᠦᠩ ᠮᠥᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠤ | ᠦᠷ᠎ᠡ ᠳ᠋ᠦᠩ ᠮᠥᠨ᠂ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ | ᠲᠡᠮᠡᠴᠡᠭᠰᠡᠨ ᠦᠷ᠎ᠡ ᠳ᠋ᠦᠩ ᠮᠥᠨ᠃ ᠠᠳᠡ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠠ ᠠᠴᠠ | ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠡᠯ᠎ᠡ ᠠᠷᠠᠳᠴᠢᠯᠠᠭᠰᠠᠨ ᠨᠠᠮ ᠪᠦᠯᠦᠭ | ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠥᠰ ᠪᠣᠯᠣᠨ ᠠᠷᠠᠳ ᠤᠨ ᠪᠦᠯᠬᠦᠮ᠂ | ᠬᠤᠳᠠ ᠳᠤ ᠰᠠᠭᠤᠭ᠎ᠠ ᠴᠡᠷᠢᠭ ᠠᠩᠭᠢ᠂ ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢ᠂ ᠤᠯᠤᠰ ᠲᠦᠷᠦ | ᠬᠠᠤᠯᠢ ᠴᠠᠭᠠᠵᠠ ᠶᠢᠨ ᠺᠠᠳ᠋ᠷ ᠴᠠᠭᠳᠠᠭ᠎ᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠡᠩᠨᠡᠭᠡ ᠵᠢᠴᠢ ᠤᠯᠠᠭᠠᠨᠴᠠᠪ ᠤᠨ | ᠬᠥᠭᠵᠢᠯᠲᠡ ᠳᠤ ᠣᠷᠣᠯᠴᠠᠭᠰᠠᠨ᠂ ᠬᠠᠯᠠᠮᠵᠢᠯᠠᠨ ᠳᠡᠮᠵᠢᠭᠰᠡᠨ ᠡᠯ᠎ᠡ ᠡᠲᠡᠭᠡᠳ ᠤᠨ ᠬᠥᠮᠥᠰ ᠲᠤ ᠴᠢᠩ ᠰᠡᠳᠬᠢᠯ ᠤᠨ | ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | | ᠬᠤᠶᠠᠷ᠂ 2023 ᠤᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠠ ᠬᠠᠷᠠᠯᠳᠠ ᠡᠬᠦᠷᠬᠡ | ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠃ ᠪᠠᠰᠠᠴᠤ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠥᠯᠥᠪᠵᠢᠭᠦᠯᠭᠡ ᠶᠢᠨ ᠡᠮᠦᠨᠡᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ | ᠵᠠᠩᠭᠢᠯᠠᠭ᠎ᠠ ᠶᠢᠨ ᠵᠢᠯ ᠮᠥᠨ᠃ ᠡᠨᠡ ᠵᠢᠯ ᠤᠨ ᠠᠵᠢᠯ ᠢ ᠰᠠᠶᠢᠲᠤᠷ ᠬᠢᠬᠦ ᠳᠤ ᠡᠷᠬᠡᠪᠰᠢ ᠶᠡᠷᠦᠩᠬᠡᠢ ᠱᠦᠵᠢ ᠰᠢ ᠶᠢᠨ | ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠳᠤ ᠠᠩᠬᠠᠷᠤᠯ ᠢᠶᠠᠨ ᠬᠠᠨᠳᠤᠭᠤᠯᠤᠨ ᠬᠦᠴᠦᠨ ᠢᠶᠠᠨ ᠲᠥᠪᠯᠡᠷᠡᠭᠦᠯᠵᠦ᠂ ᠣᠨ ᠤ ᠣᠨᠴᠠᠯᠢᠭ ᠢ ᠡᠵᠡᠮᠳᠡᠵᠦ᠂ | ᠠᠵᠢᠯ ᠤᠨ ᠨᠠᠶᠢᠳᠠᠪᠤᠷᠢᠵᠢᠭᠤᠯᠤᠯᠳᠠ ᠶᠢ ᠴᠢᠩᠭᠠᠳᠬᠠᠵᠤ᠂ ᠡᠯ᠎ᠡ ᠵᠦᠶᠯ ᠤᠨ ᠬᠠᠷᠠᠯᠲᠠ ᠡᠭᠦᠷᠭᠡ ᠶᠢ ᠲᠣᠭᠲᠠᠭᠰᠠᠨ | ᠬᠤᠭᠤᠴᠠᠭᠠᠨ ᠳᠤ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ︔ ᠨᠡᠩ ᠴᠤ ᠠᠯᠤᠰ ᠬᠡᠳᠤ ᠶᠢᠨ | ᠬᠠᠷᠠᠯᠲᠠ ᠪᠠᠨ ᠲᠣᠭᠲᠠᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠪᠠᠶᠢᠯᠳᠤᠬᠤ ᠪᠤᠳᠤᠯᠭ᠎ᠠ ᠶᠢᠨ | ᠪᠠᠶᠢᠷᠢᠯᠠᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠬᠤᠯᠠ ᠶᠡᠭᠡ ᠲᠦᠷᠦ ᠶᠢᠨ ᠪᠤᠳᠤᠯᠭ᠎ᠠ ᠶᠢᠨ ᠠᠵᠠ | ᠲᠣᠬᠢᠶᠠᠯ ᠢ ᠰᠠᠶᠢᠲᠤᠷ ᠡᠵᠡᠮᠳᠡᠵᠦ᠂ ᠰᠢᠰᠲ᠋ᠧᠮᠴᠢ ᠴᠢᠨᠠᠷᠲᠠᠢ ᠲᠥᠯᠥᠪᠵᠢᠭᠦᠯᠬᠦ᠂ ᠵᠢᠮ᠎ᠡ ᠶᠣᠰᠣᠴᠢ ᠴᠢᠨᠠᠷᠲᠠᠢ ᠡᠵᠡᠮᠳᠡᠬᠦ | ᠂ ᠪᠦᠬᠦᠯᠢ ᠴᠣᠭᠴᠠ ᠶᠢᠨ ᠴᠢᠨᠠᠷᠲᠠᠢ ᠠᠬᠢᠭᠤᠯᠬᠤ ᠶᠢ ᠴᠢᠬᠤᠯᠠᠴᠢᠯᠠᠵᠤ᠂ ᠳᠤᠮᠳᠠᠳᠤ ᠤᠯᠤᠰ ᠮᠠᠶ᠋ᠢᠭ ᠤᠨ | ᠣᠳᠣᠬᠢᠴᠢᠯᠠᠯᠲᠠ ᠶᠢᠨ ᠤᠯᠠᠭᠠᠨᠴᠠᠪ ᠤᠨ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠳᠡᠢ᠃ ᠳᠣᠣᠷᠠᠬᠢ ᠲᠦᠷᠪᠡᠨ | ᠵᠠᠷᠴᠢᠮ ᠢ ᠭᠤᠣᠯᠳᠠᠯᠭ᠎ᠠ ᠲᠠᠢ ᠪᠠᠷ ᠡᠵᠡᠮᠳᠡᠨ᠎ᠡ᠄ ᠨᠢᠭᠡ ᠳᠤ ᠬᠡᠬᠦᠳᠡᠭ ᠴᠡᠭᠡᠵᠢᠨ ᠳᠡᠭᠡᠨ ᠶᠡᠭᠡ ᠲᠠᠯ᠎ᠠ ᠶᠢ ᠪᠠᠭᠲᠠᠭᠠᠵᠤ᠂ | ᠶᠡᠭᠡ ᠬᠠᠨᠳᠤᠰᠢ ᠶᠢ ᠡᠵᠡᠮᠰᠢᠬᠦ ᠬᠡᠷᠡᠭᠲᠡᠢ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠰᠤᠷᠤᠯᠴᠠᠵᠤ᠂ ᠪᠦᠬᠦ ᠲᠠᠯ᠎ᠠ ᠪᠠᠷ ᠡᠵᠡᠮᠳᠡᠵᠦ᠂ ᠪᠦᠬᠦ ᠲᠠᠯ᠎ᠠ ᠪᠠᠷ ᠲᠤᠭᠤᠰᠢᠯᠠᠭᠤᠯᠵᠤ᠂ ︽ᠬᠤᠶᠠᠷ ᠢ | ᠳᠤᠭᠳᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠨᠠᠮ ᠤᠨ ᠲᠥᠪ | ᠬᠤᠷᠢᠶ᠎ᠠ ᠶᠢᠨ ᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠡᠷᠡᠶᠣᠰᠣᠭᠠᠷ ᠨᠢ ᠬᠡᠷᠡᠭᠵᠢᠭᠦᠯᠵᠦ᠂ | ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠡᠷᠡᠭᠴᠡᠭᠡ᠂ ᠤᠯᠠᠭᠠᠨᠴᠠᠪ ᠤᠨ ᠴᠢᠳᠠᠪᠤᠷᠢ᠂ ᠢᠷᠡᠭᠡᠳᠦᠶ ᠶᠢᠨ | ᠬᠥᠭᠵᠢᠯᠲᠡ ᠶᠢᠨ ᠬᠠᠨᠳᠤᠰᠢ ᠳᠤ ᠠᠩᠬᠠᠷᠤᠯ ᠢᠶᠠᠨ ᠲᠥᠪᠯᠡᠷᠡᠭᠦᠯᠦᠨ᠂ ︽ᠲᠠᠪᠤᠨ ᠶᠡᠭᠡ ᠡᠭᠦᠷᠭᠡ︾ ᠶᠢ | ᠨᠠᠶᠢᠳᠠᠪᠤᠷᠢᠵᠢᠭᠤᠯᠬᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠢᠬᠡᠨ ᠣᠷᠣᠨ ᠪᠦᠰᠡ ᠳᠡᠭᠡᠨ | ᠥᠩᠭᠡ ᠬᠡᠷᠡᠯ ᠨᠡᠮᠡᠷᠢᠯᠡᠬᠦ ᠪᠠᠷ ᠪᠠᠷᠠᠬᠤ ᠦᠬᠡᠢ ᠪᠦᠬᠦ ᠳᠠᠯ᠎ᠠ ᠳᠤ ᠴᠤ ᠬᠡᠷᠡᠯ ᠬᠢᠯᠪᠠᠭ᠎ᠠ ᠨᠡᠮᠡᠷᠢᠯᠡᠬᠦ ᠬᠡᠷᠡᠭᠳᠡᠢ᠃ | ᠬᠤᠶᠠᠷ ᠲᠤ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠪᠠᠷ ᠬᠥᠭᠵᠢᠭᠦᠯᠬᠦ ᠶᠢ ᠪᠠᠷᠢᠮᠲᠠᠯᠠᠨ᠎ᠠ᠃ | ᠴᠢᠨᠠᠷ ᠰᠠᠶᠢᠲᠠᠢ ᠬᠥᠭᠵᠢᠯᠲᠡ ᠪᠠᠷ ᠭᠤᠣᠯ ᠰᠡᠳᠦᠪ ᠪᠣᠯᠭᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ | ᠪᠦᠷᠢᠨ ᠪᠦᠲᠦᠨ ᠣᠨᠣᠪᠴᠢᠲᠠᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠢ | ᠬᠠᠮᠠᠭᠠᠯᠠᠬᠤ ᠶᠢ ᠳᠡᠶᠢᠯᠦᠩᠭᠦᠢ ᠪᠠᠶᠢᠷᠢᠨ ᠳᠤ ᠲᠠᠯᠪᠢᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ | ᠠᠭᠤᠰᠤᠯᠴᠠᠬᠤ ᠴᠢᠳᠠᠪᠬᠢ ᠶᠢᠨ ᠪᠠᠶᠢᠷᠢ ᠲᠣᠭᠲᠠᠭᠠᠯᠲᠠ ᠶᠢ ᠣᠨᠣᠪᠴᠢᠲᠠᠢ ᠣᠯᠵᠤ᠂ ᠤᠳᠤ ᠦᠶ᠎ᠡ ᠶᠢᠨ ᠠᠵᠤ | ᠦᠢᠯᠡᠰ ᠤᠨ ᠰᠢᠰᠲ᠋ᠧᠮ ᠢ ᠬᠦᠴᠦᠯᠡᠨ ᠪᠠᠶᠢᠭᠤᠯᠵᠤ᠂ ︽ᠨᠢᠭᠡ ᠳᠤᠭᠤᠷᠢᠭ ᠬᠤᠶᠠᠷ ᠬᠦᠢᠰᠦ ᠭᠤᠷᠪᠠᠨ ᠰᠠᠭᠤᠷᠢᠨ︾ | ᠢ ᠴᠣᠭᠴᠠᠯᠠᠵᠤ᠂ ᠪᠦᠬᠦ ᠬᠦᠴᠦᠨ ᠢᠶᠠᠷ ᠢᠶᠠᠨ ᠪᠦᠲᠦᠴᠡ ᠶᠢ ᠲᠣᠬᠢᠷᠠᠭᠤᠯᠵᠤ᠂ ᠶᠠᠰᠤ ᠴᠢᠨᠠᠷ ᠢ ᠳᠡᠭᠡᠭᠰᠢᠯᠡᠭᠦᠯᠬᠦ | ᠬᠡᠷᠡᠭᠲᠡᠢ᠃ ᠭᠤᠷᠪᠠ ᠳᠤ ᠠᠷᠠᠳ ᠲᠦᠮᠡᠨ ᠢ ᠳᠡᠭᠡᠳᠦᠯᠡᠬᠦ᠂ ᠠᠷᠠᠳ ᠤᠨ ᠠᠮᠢᠳᠤᠷᠠᠯ ᠢ ᠲᠡᠷᠢᠭᠦᠨ ᠳᠤ ᠲᠠᠯᠪᠢᠬᠤ ᠶᠢ | ᠪᠠᠷᠢᠮᠲᠠᠯᠠᠨ᠎ᠠ᠃ ᠠᠷᠠᠳ ᠤᠨ ᠲᠥᠯᠥᠭᠡ ᠬᠥᠭᠵᠢᠭᠦᠯᠬᠦ ᠦᠷᠳᠡᠭ ᠤᠨ ᠬᠠᠨᠳᠤᠰᠢ ᠪᠠ ᠠᠵᠢᠯᠯᠠᠭᠠᠨ ᠤ ᠵᠦᠭᠯᠡᠭᠦᠷ ᠢ | ᠴᠢᠩᠭᠠᠳᠬᠠᠵᠤ᠂ ᠴᠢᠳᠠᠯ ᠤᠨ ᠬᠢᠷᠢ ᠪᠠᠷ ᠢᠶᠠᠨ ᠴᠢᠷᠮᠠᠶᠢᠬᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ | ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠥᠬᠦᠪᠦᠷᠢᠯᠡᠬᠦ ᠳᠡᠭᠡᠷ᠎ᠡ ᠦᠷᠭᠦᠯᠵᠢᠯᠡᠨ ᠬᠦᠴᠦᠯᠡᠵᠦ᠂ ᠬᠦᠴᠢᠷᠳᠡᠯᠲᠡᠢ | ᠤᠯᠠᠨ ᠲᠦᠮᠡᠨ ᠢ ᠬᠠᠪᠰᠤᠷᠤᠨ ᠲᠡᠳᠬᠦᠬᠦ ᠲᠠᠯ᠎ᠠ ᠪᠠᠷ ᠰᠠᠶᠢᠲᠤᠷ ᠬᠢᠵᠦ ᠰᠠᠶᠢᠲᠤᠷ ᠪᠦᠲᠦᠭᠡᠵᠦ᠂ ᠬᠠᠮᠲᠤᠪᠠᠷ | ᠴᠢᠨᠡᠭᠡᠯᠢᠭᠵᠢᠬᠦ ᠶᠢ ᠠᠬᠢᠭᠤᠯᠬᠤ ᠲᠠᠯ᠎ᠠ ᠪᠠᠷ ᠤᠷᠳᠤ ᠬᠤᠭᠤᠴᠠᠭ᠎ᠠ ᠪᠠᠷ ᠴᠢᠷᠮᠠᠶᠢᠨ ᠠᠵᠢᠯᠯᠠᠵᠤ᠂ ᠨᠢᠭᠡᠨᠲᠡ | ᠲᠣᠭᠲᠠᠭᠰᠠᠨ ᠠᠷᠠᠳ ᠲᠤ ᠠᠰᠢᠭ ᠬᠦᠷᠲᠡᠭᠡᠬᠦ ᠪᠣᠳᠠᠲᠤ ᠶᠠᠪᠤᠳᠠᠯ ᠢ ᠨᠢᠭᠡ ᠵᠦᠢᠯ ᠢ ᠶᠠᠷᠢᠵᠤ᠂ ᠨᠢᠭᠡ ᠵᠦᠢᠯ ᠢ ᠬᠢᠵᠦ᠂ | ᠨᠢᠭᠡ ᠵᠦᠢᠯ ᠢ ᠪᠦᠲᠦᠭᠡᠬᠦ ᠶᠢ ᠪᠠᠲᠤᠯᠠᠬᠤ ᠬᠡᠷᠡᠭᠲᠡᠢ᠃ ᠳᠥᠷᠪᠡ ᠳᠤ᠂ ᠰᠢᠰᠲ᠋ᠧᠮᠲᠦ ᠦᠵᠡᠯᠲᠡ᠂ ᠬᠤᠷᠢᠭ᠎ᠠ | ᠱᠤᠭᠤᠮ ᠤᠨ ᠰᠡᠳᠬᠢᠬᠦᠢ ᠶᠢ ᠪᠠᠷᠢᠮᠲᠠᠯᠠᠨ᠎ᠠ᠃ ᠣᠷᠣᠨ ᠪᠦᠰᠡ ᠶᠢᠨ ᠴᠢᠨᠠᠷᠲᠠᠢ ᠰᠢᠰᠲ᠋ᠧᠮ ᠤᠨ ᠴᠢᠨᠠᠷᠲᠠᠢ ᠲᠦᠭᠰᠢᠭᠦᠷᠢ | ᠦᠯᠦ ᠭᠠᠷᠭᠠᠬᠤ ᠬᠤᠷᠢᠭ᠎ᠠ ᠱᠤᠭᠤᠮ ᠢ ᠡᠷᠡᠰ ᠰᠠᠬᠢᠵᠤ᠂ ᠲᠦᠭᠰᠢᠭᠦᠷᠢ ᠶᠢ ᠬᠤᠪᠢᠷᠠᠭᠤᠯᠵᠤ ᠬᠤᠪᠢᠷᠠᠬᠤ ᠶᠢ | ᠰᠡᠷᠭᠡᠶᠢᠯᠡᠬᠦ ᠶᠢ ᠠᠯᠢᠪᠠ ᠠᠵᠢᠯ ᠤᠨ ᠤᠷᠢᠲᠠᠯ ᠨᠥᠬᠦᠴᠡᠯ ᠪᠣᠯᠭᠠᠵᠤ᠂ ᠡᠯ᠎ᠡ ᠲᠠᠯ᠎ᠠ ᠶᠢᠨ ᠲᠦᠭᠰᠢᠭᠦᠷᠢ ᠶᠢ ᠪᠠᠭᠠᠰᠬᠠᠬᠤ | ᠪᠠ ᠲᠣᠭᠲᠠᠭᠤᠨ ᠢ ᠬᠠᠮᠠᠭᠠᠯᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ ᠬᠦᠷᠢᠶᠡᠨ ᠤ ᠲᠦᠭᠰᠢᠭᠦᠷᠢ ᠶᠢ | ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠪᠠ ᠰᠡᠷᠭᠡᠶᠢᠯᠡᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ | ᠪᠣᠳᠠᠲᠠᠶᠢᠵᠢᠭᠤᠯᠵᠤ᠂ ᠡᠷᠲᠡ ᠠᠴᠠ ᠠᠳᠬᠤᠨ ᠪᠠᠭ᠎ᠠ ᠠᠴᠠ ᠨᠢ ᠠᠳᠬᠤᠵᠤ᠂ ᠨᠡᠶᠢᠭᠡᠮ ᠤᠨ ᠶᠡᠭᠡ ᠲᠠᠯ᠎ᠠ ᠶᠢᠨ | ᠲᠣᠭᠲᠠᠭᠤᠨ ᠢ ᠪᠠᠲᠤᠯᠠᠬᠤ ᠬᠡᠷᠡᠭᠲᠡᠢ᠃ | ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠵᠢᠴᠢ ᠪᠦᠬᠦ | ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠶᠡᠷᠦᠩᠬᠡᠢ ᠲᠣᠬᠢᠷᠠᠭᠤᠯᠤᠯᠲᠠ ᠶᠣᠰᠣᠭᠠᠷ᠂ ᠡᠨᠡ ᠵᠢᠯ ᠤᠨ | ᠵᠠᠰᠠᠭ ᠤᠨ ᠣᠷᠳᠣᠨ ᠤ ᠠᠵᠢᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠠᠵᠤ | ᠠᠬᠤᠢ ᠶᠢᠨ ᠠᠵᠢᠯ ᠤᠨ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ | ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠲᠣᠭᠲᠠᠭᠤᠨ ᠤ ᠳᠠᠭᠠᠤ ᠤᠷᠤᠭᠰᠢᠯᠠᠬᠤ᠂ | ᠤᠷᠤᠭᠰᠢᠯᠠᠬᠤ ᠶᠢᠨ ᠵᠡᠷᠭᠡ ᠳᠤ ᠰᠢᠯᠢᠳᠡᠭ ᠲᠣᠬᠢᠷᠠᠭᠤᠯᠤᠯᠲᠠ ᠬᠢᠬᠦ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ | ᠪᠠᠶᠢᠷᠢᠰᠢᠯ ᠳᠤ ᠢᠳᠡᠪᠬᠢᠲᠡᠢ ᠪᠠᠷ ᠦᠢᠯᠡᠴᠢᠯᠡᠬᠦ ᠪᠠ ᠠᠭᠤᠰᠤᠯᠴᠠᠵᠤ᠂ ᠬᠥᠭᠵᠢᠯᠲᠡ ᠪᠠ ᠠᠮᠤᠷ ᠲᠦᠪᠰᠢᠨ ᠢ ᠨᠡᠩ | ᠰᠠᠶᠢᠲᠤᠷ ᠨᠢᠭᠡᠳᠦᠯᠲᠡᠢ ᠲᠥᠯᠥᠪᠯᠡᠵᠦ᠂ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ | ᠵᠠᠬ᠎ᠠ ᠳᠡᠯᠭᠡᠭᠦᠷ ᠤᠨ ᠢᠲᠡᠭᠡᠯ ᠵᠣᠷᠢᠭ ᠢ ᠶᠡᠬᠡᠪᠡᠷ ᠬᠥᠪᠴᠢᠯᠡᠵᠦ᠂ ︽ᠲᠠᠪᠤᠨ ᠶᠡᠭᠡ ᠡᠭᠦᠷᠭᠡ︾ ᠪᠠᠷ ᠶᠡᠷᠦᠩᠬᠡᠶᠢᠯᠡᠨ | ᠵᠢᠯᠣᠭᠤᠳᠤᠭᠤᠯᠵᠤ᠂ ︽ᠲᠠᠪᠤᠨ ᠶᠡᠭᠡ ᠠᠵᠤ ᠠᠬᠤᠢ︾ ᠪᠠᠷ ᠭᠠᠷᠳᠠᠴᠠ ᠪᠣᠯᠭᠠᠵᠤ᠂ ᠨᠡᠮᠡᠭᠳᠡᠯ ᠢ | ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠪᠠᠷᠠᠭᠠᠨ ᠤ ᠦᠨ᠎ᠡ ᠶᠢ | ᠲᠣᠭᠲᠠᠪᠤᠷᠢᠵᠢᠭᠤᠯᠬᠤ ᠠᠵᠢᠯ ᠢ ᠲᠣᠪᠣᠶᠢᠮ᠎ᠠ ᠰᠠᠶᠢᠲᠤᠷ ᠬᠢᠵᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ | ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ | ᠭᠤᠶᠢᠪᠢᠰᠢ ᠦᠭᠡᠢ ᠵᠠᠮᠨᠠᠵᠤ᠂ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ ᠪᠠ ᠲᠤᠭ᠎ᠠ | ᠬᠡᠮᠵᠢᠶ᠎ᠡ ᠶᠢ ᠵᠦᠢ ᠵᠣᠬᠢᠰᠲᠠᠢ ᠨᠡᠮᠡᠭᠳᠡᠭᠦᠯᠬᠦ ᠶᠢ ᠠᠬᠢᠭᠤᠯᠤᠨ᠂ ᠨᠡᠶᠢᠭᠡᠮ ᠵᠢᠷᠤᠮ ᠤᠨ ᠣᠳᠣᠬᠢᠴᠢᠯᠠᠭᠰᠠᠨ | ᠤᠯᠠᠭᠠᠨᠴᠠᠪ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠰᠠᠶᠢᠨ ᠡᠬᠢᠯᠡᠯᠲᠡ ᠲᠠᠢ ᠪᠣᠯᠭᠠᠨ᠎ᠠ᠃ | ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% ᠣᠷᠴᠢᠮ ᠨᠡᠮᠡᠭᠳᠡᠭᠦᠯᠦᠨ᠎ᠡ︔ ᠲᠣᠭᠲᠠᠮᠠᠯ | ᠬᠦ᠋ᠷᠦᠩᠭᠡ ᠶᠢᠨ ᠪᠡᠯᠡ ᠣᠷᠣᠭᠤᠯᠤᠯᠲᠠ ᠶᠢ 15% ᠤᠷᠴᠢᠮ ᠨᠡᠮᠡᠭᠳᠡᠬᠦᠯᠤᠨ᠎ᠠ︔ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ 7% ᠣᠷᠴᠢᠮ ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ | ᠵᠦᠢᠯ ᠤᠨ ᠵᠢᠵᠢᠭᠯᠡᠨ ᠪᠤᠷᠤᠯᠠᠭᠤᠯᠬᠤ ᠪᠦᠬᠦ ᠨᠤᠷᠮ᠎ᠠ ᠶᠢ 5% ᠣᠷᠴᠢᠮ ᠨᠡᠮᠡᠭᠳᠡᠬᠦᠯᠤᠨ᠎ᠠ︔ ᠬᠤᠳᠠ ᠬᠥᠳᠡᠭᠡ ᠶᠢᠨ | ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠤᠯᠬᠤᠶᠢᠴᠠ ᠣᠷᠣᠯᠭ᠎ᠠ ᠶᠢ ᠲᠤᠰ ᠲᠤᠰ 6% ᠪᠠ | 8% ᠣᠷᠴᠢᠮ ᠨᠡᠮᠡᠭᠳᠡᠭᠦᠯᠦᠨ᠎ᠡ᠃ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠤᠯᠠᠮ ᠴᠢᠨᠠᠭᠰᠢᠳᠠ | ᠰᠠᠶᠢᠵᠢᠷᠠᠭᠤᠯᠵᠤ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠡᠨᠧᠷᠭᠢ ᠠᠷᠪᠢᠯᠠᠨ ᠪᠣᠬᠢᠷᠲᠤᠯ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠡᠭᠦᠷᠭᠡ ᠶᠢ ᠪᠡᠶᠡᠯᠡᠭᠦᠯᠦᠨ᠎ᠡ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠲᠣᠭᠲᠠᠭᠠᠭᠰᠠᠨ ᠨᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ | ᠵᠣᠷᠢᠭ ᠰᠠᠨᠠᠭ᠎ᠠ ᠲᠠᠢ ᠨᠡᠶᠢᠴᠠᠵᠤ᠂ ᠲᠣᠭᠲᠠᠭᠤᠨ ᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ | ᠤᠷᠤᠭᠰᠢᠯᠠᠨ ᠲᠠᠪᠰᠢᠬᠤ ᠱᠠᠭᠠᠷᠳᠠᠯᠭ᠎ᠠ ᠶᠢ ᠳᠤᠭᠤᠰᠢᠯᠠᠠᠭᠤᠯᠵᠤ᠂ ︽ᠦᠰᠦᠷᠴᠤ ᠪᠠᠶᠢᠭᠠᠳ ᠳᠤᠭᠤᠷ ᠳᠡᠬᠦᠬᠦ︾ | ᠳᠡᠮᠡᠴᠠᠯ ᠤᠨ ᠵᠤᠷᠢᠭ ᠰᠠᠨᠠᠭ᠎ᠠ ᠶᠢ ᠢᠯᠡᠷᠡᠭᠦᠯᠵᠡᠢ᠃ ᠤᠯᠠᠭᠠᠨᠴᠠᠪ ᠤᠨ ᠪᠣᠳᠠᠲᠤ ᠪᠠᠶᠢᠳᠠᠯ ᠲᠠᠢ ᠨᠡᠶᠢᠴᠡᠵᠦ᠂ | ᠬᠦᠭᠵᠢᠯᠳᠡ ᠳᠤ ᠰᠠᠭᠤᠷᠢᠯᠠᠨ ᠂ ᠬᠠᠷᠢᠴᠠᠩᠭᠤᠢ ᠳᠠᠪᠠᠭᠤᠯᠢᠭ᠂ ᠠᠵᠤ ᠠᠬᠤᠶ ᠶᠢᠨ ᠳᠠᠯᠳᠠ ᠨᠡᠮᠡᠭᠳᠡᠯ ᠤᠨ | ᠨᠣᠷᠮ᠎ᠠ ᠲᠠᠢ ᠵᠣᠬᠢᠴᠠᠯᠳᠤᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠪᠣᠯᠤᠨ ᠨᠢᠳᠤᠨᠤᠨ ᠤ | ᠬᠥᠭᠵᠢᠯᠲᠡ ᠶᠢᠨ ᠪᠠᠶᠢᠳᠠᠯ ᠲᠠᠢ ᠵᠣᠯᠭᠠᠯᠳᠤᠵᠤ᠂ ᠲᠤᠯᠭᠠᠭᠤᠷᠢᠯᠠᠬᠤ ᠨᠥᠬᠦᠴᠡᠯ ᠲᠠᠢ ᠵᠣᠬᠢᠴᠠᠯᠳᠤᠨ᠂ ᠵᠢᠱᠢᠯᠲᠡ ᠶᠢ | ᠳᠤᠭᠳᠠᠪᠤᠷᠢᠵᠢᠭᠤᠯᠬᠤ᠂ ᠢᠲᠡᠭᠡᠯ ᠵᠣᠷᠢᠭ ᠢ ᠬᠥᠪᠴᠢᠯᠡᠬᠦ ᠳᠤ ᠠᠰᠢᠭᠲᠠᠶ ᠪᠠᠶᠢᠵᠤ᠂ ᠬᠥᠭᠡᠭᠡᠵᠦ ᠭᠦᠶᠴᠡᠬᠦ ᠪᠠ | ᠳᠠᠪᠠᠵᠤ ᠭᠠᠷᠬᠤ ᠶᠢ ᠪᠠᠲᠤᠯᠠᠬᠤ ᠳᠤ ᠠᠰᠢᠭᠲᠠᠶ ᠶᠤᠮ᠃ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ | ᠠᠷᠠᠳ ᠤᠨ ᠠᠮᠢᠳᠤᠷᠠᠯ ᠢ ᠪᠠᠲᠤᠯᠠᠬᠤ ᠶᠢᠨ ᠵᠠᠶᠢᠯᠠᠰᠢ ᠦᠭᠡᠢ ᠬᠡᠷᠡᠭᠴᠡᠭᠡ ᠳᠤ ᠨᠡᠶᠢᠴᠡᠵᠦ᠂ ᠠᠷᠠᠳ ᠤᠯᠠᠨ ᠤ ᠰᠠᠶᠢᠢᠨ | ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠨᠡᠩ ᠰᠠᠶᠢᠲᠤᠷ ᠬᠠᠩᠭᠠᠵᠤ ᠴᠢᠳᠠᠨ᠎ᠠ᠃ ᠬᠦᠴᠢᠷ ᠪᠡᠷᠬᠡᠰᠢᠶᠡᠯ | ᠥᠷᠢᠰᠥᠯᠳᠦᠭᠡᠨ ᠬᠡᠳᠦᠢ ᠶᠡᠭᠡ ᠪᠠᠶᠢᠭᠰᠠᠨ ᠴᠤ ᠪᠢᠳᠡ ︽ᠲᠤᠭ ᠢ ᠪᠤᠯᠢᠶᠠᠬᠤ᠂ ᠲᠡᠷᠢᠭᠦᠨ ᠳᠤ ᠣᠷᠣᠬᠤ ︾ ᠪᠠᠷ | ᠴᠢᠷᠮᠠᠶᠢᠬᠤ ᠲᠡᠮᠡᠴᠡᠯ ᠤᠨ ᠵᠣᠷᠢᠭ ᠢ ᠡᠪᠦᠷᠯᠡᠵᠦ᠂ ᠬᠠᠷᠠᠯᠲᠠ ᠪᠠᠨ ᠰᠤᠯᠠᠷᠠᠭᠤᠯᠬᠤ ᠦᠭᠡᠢ᠂ ᠵᠣᠷᠢᠯᠭ᠎ᠠ ᠳᠠᠭᠠᠨ ᠬᠦᠷᠬᠦ | ᠦᠭᠡᠢ ᠪᠣᠯ ᠵᠣᠭᠰᠣᠬᠤ ᠦᠭᠡᠢ᠂ ᠳᠤᠭᠳᠠᠭᠤᠨ ᠪᠠᠶᠢᠬᠤ ᠤᠷᠢᠳᠠᠯ ᠳᠤᠤᠷ᠎ᠠ ᠬᠦᠴᠤᠯᠡᠨ ᠴᠢᠷᠮᠠᠶᠢᠵᠤ᠂ ᠶᠠᠰᠤ ᠴᠢᠨᠠᠷ | ᠳᠤᠭ᠎ᠠ ᠬᠡᠮᠵᠢᠶ᠎ᠠ ᠶᠢ ᠵᠡᠷᠬᠡᠪᠡᠷ ᠳᠡᠬᠡᠭᠰᠢᠯᠡᠬᠦᠯᠬᠦ ᠬᠡᠷᠡᠭᠳᠡᠢ᠃ | ᠭᠤᠷᠪᠠ᠂ 2023 ᠣᠨ ᠤ ᠵᠠᠰᠠᠭ ᠤᠨ ᠣᠷᠳᠣᠨ ᠤ ᠠᠵᠢᠯ ᠤᠨ ᠭᠤᠤᠯ ᠡᠭᠦᠷᠭᠡ | | ᠨᠠᠢᠮᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠠᠳᠬᠤᠨ᠎ᠠ | | ︵ᠨᠢᠭᠡ︶ ᠵᠠᠩᠭᠢᠯᠠᠭ᠎ᠠ ᠶᠢ ᠡᠵᠡᠮᠳᠡᠵᠤ ᠤᠨᠢᠨ ᠳᠡᠭᠡᠷ᠎ᠡ ᠨᠢ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ | ᠠᠵᠤ ᠠᠬᠤᠢ ᠶᠢᠨ ᠲᠣᠭᠲᠠᠭᠤᠨ ᠨᠡᠮᠡᠭᠳᠡᠯ ᠢ ᠪᠠᠲᠤᠯᠠᠨ᠎ᠠ | ᠪᠡᠯᠡ ᠣᠷᠣᠭᠤᠯᠤᠯᠲᠠ ᠶᠢᠨ ᠬᠥᠳᠡᠯᠭᠡᠬᠦ ᠬᠦᠴᠦᠨ ᠢ ᠴᠢᠩᠭᠠᠳᠬᠠᠨ᠎ᠠ᠃ ᠴᠢᠨᠠᠷ ᠰᠠᠶᠢᠲᠠᠶ ᠲᠥᠷᠥᠯ ᠵᠦᠶᠯ ᠤᠨ | ᠪᠥᠲᠥᠭᠡᠨ ᠪᠠᠶᠢᠭᠤᠯᠤᠯᠲᠠ ᠶᠢ ᠠᠬᠢᠭᠤᠯᠬᠤ ᠣᠨ ᠤ ᠠᠵᠢᠯᠯᠠᠭ᠎ᠠ ᠶᠢ ᠥᠷᠨᠢᠭᠦᠯᠵᠦ᠂ 306 ᠵᠦᠶᠯ ᠤᠨ ᠴᠢᠬᠤᠯᠠ | ᠶᠡᠭᠡ ᠲᠥᠷᠥᠯ ᠵᠦᠶᠯ ᠢ ᠬᠡᠷᠡᠭᠵᠢᠬᠦᠯᠵᠤ᠂ 399 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ | ᠪᠠᠶᠡᠯᠡᠬᠦᠯᠤᠨ᠎ᠠ᠃ ᠲᠥᠷᠥᠯ ᠵᠦᠶᠯ ᠤᠨ ᠡᠮᠦᠨᠡᠬᠢ ᠬᠤᠭᠤᠴᠠᠭᠠᠨ ᠤ ᠠᠵᠢᠯ ᠢ ᠪᠣᠳᠠᠲᠠᠶᠢᠵᠢᠭᠤᠯᠵᠤ᠂ ᠭᠤᠤᠯ | ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ 3 ᠰᠠᠷ᠎ᠠ ᠶᠢᠨ ᠳᠤᠮᠳᠠᠴᠢ ᠪᠠᠷ ᠡᠯ᠎ᠠ ᠵᠦᠢᠯ ᠤᠨ ᠭᠠᠷᠳᠠᠮ ᠢ | ᠪᠦᠬᠦᠨ ᠢ ᠬᠦᠢᠴᠡᠳᠬᠡᠵᠤ ᠳᠠᠭᠤᠰᠬᠤᠨ ᠠᠵᠢᠯ ᠡᠬᠢᠯᠡᠬᠦᠯᠤᠨ᠎ᠠ᠃ ︽ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ | ᠪᠠᠯᠠ ᠣᠷᠣᠭᠤᠯᠤᠯᠲᠠ ᠶᠢ ᠬᠠᠮᠢᠶᠠᠷᠬᠤ︾ ᠶᠢ ᠪᠠᠷᠢᠮᠲᠠᠯᠠᠵᠤ᠂ ᠬᠠᠷᠠᠯᠲᠠ ᠪᠠᠷ ᠬᠠᠷᠢᠭᠤᠴᠠᠯᠭ᠎ᠠ ᠶᠢ ᠬᠡᠳᠡᠷᠬᠦ | ᠰᠢᠬᠠᠮᠳᠠᠭᠤᠯᠵᠤ᠂ ᠴᠠᠭ ᠤᠨ ᠬᠢᠵᠠᠭᠠᠷ ᠢᠶᠠᠷ ᠠᠬᠢᠴᠠ ᠶᠢ ᠬᠡᠳᠡᠷᠬᠦ ᠰᠢᠬᠠᠮᠳᠠᠭᠤᠯᠵᠤ᠂ ᠵᠢᠩ ᠨᠢᠩ ᠬᠤᠶᠠᠳᠤᠭᠠᠷ | ᠬᠤᠭᠤᠴᠠᠭ᠎ᠠ ᠶᠢᠨ ᠪᠦᠳᠦᠬᠡᠨ ᠪᠠᠶᠢᠭᠤᠯᠤᠯᠳᠠ᠂ ᠪᠤᠰᠢᠭᠤ ᠭᠠᠷ ᠤᠶᠤᠨᠲᠤ ᠡᠭᠦᠯᠡ ᠂ ᠯᠠᠨ ᠸᠧᠢ ᠰᠧ ᠳ᠋ᠦᠨ | ᠳᠦᠮᠤᠰᠤ ᠦᠢᠯᠡᠳᠪᠤᠷᠢᠯᠡᠬᠦ ᠵᠡᠷᠭᠡ ᠨᠢᠭᠡ ᠪᠦᠯᠦᠭ ᠲᠥᠷᠥᠯ ᠵᠦᠶᠯ ᠢ ᠵᠢᠯ ᠤᠨ ᠳᠣᠲᠣᠷ᠎ᠠ ᠪᠠᠶᠢᠭᠤᠯᠵᠤ ᠳᠠᠭᠤᠰᠬᠠᠨ | ᠠᠰᠢᠭᠯᠠᠯᠲᠠ ᠳᠤ ᠣᠷᠣᠭᠤᠯᠬᠤ ᠶᠢ ᠪᠥᠬᠦ ᠬᠦᠴᠦᠨ ᠢᠶᠠᠷ ᠢᠶᠠᠨ ᠳᠦᠷᠬᠡᠳᠬᠡᠨ᠎ᠠ᠃ ᠲᠥᠪ ᠤᠨ ᠲᠥᠰᠦᠪ ᠤᠨ | ᠳᠤᠳᠤᠷᠠᠬᠢ ᠪᠡᠯᠡ ᠣᠷᠣᠭᠤᠯᠤᠯᠲᠠ ᠶᠢ ᠢᠳᠡᠪᠬᠢᠲᠡᠶ ᠪᠠᠷ ᠴᠢᠷᠮᠠᠶᠢᠨ ᠣᠯᠵᠤ᠂ ᠵᠠᠰᠠᠭ ᠤᠨ ᠣᠷᠳᠣᠨ ᠤ ᠲᠤᠰᠬᠠᠶ | ᠳᠦᠷᠤᠯ ᠤᠨ ᠵᠢᠭᠡᠯᠡᠯᠭᠡ ᠶᠢᠨ ᠲᠡᠮᠳᠡᠭᠲᠦ ᠶᠢ ᠭᠦᠢᠴᠡᠳ ᠪᠥᠭᠡᠳ ᠰᠠᠶᠢᠲᠤᠷ ᠠᠰᠢᠭᠯᠠᠵᠤ᠂ ᠠᠷᠠᠳ ᠤᠨ ᠳᠤᠮᠳᠠᠬᠢ | ᠪᠡᠯᠡ ᠣᠷᠣᠭᠤᠯᠤᠯᠲᠠ ᠲᠣᠭᠲᠠᠭᠤᠨ ᠪᠥᠭᠡᠳ ᠲᠦᠷᠭᠡᠨ ᠢᠶᠠᠷ ᠨᠡᠮᠡᠭᠳᠡᠬᠦ ᠶᠢ ᠦᠷᠬᠦᠯᠵᠢᠯᠡᠨ ᠠᠬᠢᠭᠤᠯᠤᠨ᠎ᠠ᠃ ᠲᠦᠷᠦᠯ | ᠵᠦᠢᠯ ᠤᠨ ᠳᠦᠰᠦᠬᠡᠯᠡᠯ ᠢ ᠦᠷᠭᠦᠯᠵᠢᠯᠡᠨ ᠰᠠᠶᠢᠲᠤᠷ ᠠᠳᠬᠤᠵᠤ᠂ ᠳᠦᠷᠤᠯ ᠵᠦᠢᠯ ᠤᠨ ᠪᠤᠯᠪᠠᠰᠤᠷᠠᠩᠭᠤᠢ ᠶᠢᠨ | ᠬᠡᠮᠵᠢᠶ᠎ᠠ᠂ ᠨᠠᠶᠢᠳᠠᠪᠤᠷᠢᠵᠢᠭᠤᠯᠤᠯᠲᠠ ᠤᠯᠠᠷᠢᠯᠳᠠ ᠶᠢᠨ ᠨᠤᠷᠮ᠎ᠠ ᠶᠢ ᠳᠡᠭᠡᠭᠰᠢᠯᠡᠭᠦᠯᠦᠨ᠎ᠡ᠃ | ᠬᠡᠷᠡᠭᠯᠡᠭᠡᠨ ᠤ ᠳᠠᠯᠳᠠ ᠬᠦᠴᠦᠨ ᠢ ᠢᠯᠡᠷᠡᠬᠦᠯᠤᠨ᠎ᠠ᠃ ᠬᠡᠷᠡᠭᠯᠡᠭᠡ ᠶᠢ ᠠᠬᠢᠭᠤᠯᠬᠤ ᠰᠢᠷᠢᠰ ᠠᠵᠢᠯᠯᠠᠭ᠎ᠠ ᠶᠢ | ᠡᠭᠦᠳᠦᠨ ᠥᠷᠨᠢᠭᠦᠯᠵᠦ᠂ ᠪᠠᠶ᠎ᠠ ᠳᠠᠮᠢᠷ ᠤᠨ ᠤᠷᠤᠯᠳᠤᠭᠠᠨ᠂ ᠰᠤᠶᠤᠯ ᠵᠤᠭᠠᠴᠠᠯ᠂ ᠪᠤᠯᠪᠠᠰᠤᠷᠠᠯ ᠦᠵᠡᠬᠦᠯᠬᠡ ᠵᠡᠷᠬᠡ | ᠰᠢᠨ᠎ᠠ ᠬᠡᠯᠪᠡᠷᠢ ᠶᠢᠨ ᠬᠡᠷᠡᠭᠯᠡᠬᠡᠨ ᠤ ᠬᠠᠯᠠᠮᠰᠢᠯ ᠳᠦᠷᠤᠯ ᠵᠦᠢᠯ ᠢ ᠪᠤᠶᠢᠵᠢᠭᠤᠯᠵᠤ᠂ ᠪᠥᠭᠡᠮ ᠢᠶᠠᠷ ᠬᠤᠳᠠᠯᠳᠤᠬᠤ᠂ | ᠵᠢᠵᠢᠭᠯᠡᠨ ᠬᠤᠳᠠᠯᠳᠤᠬᠤ᠂ ᠣᠷᠣᠨ ᠰᠠᠭᠤᠴᠠ ᠬᠤᠭᠤᠯᠠ ᠤᠮᠳᠠ᠂ ᠰᠣᠶᠣᠯ ᠵᠤᠭᠠᠴᠠᠯ ᠵᠤᠭ᠎ᠠ ᠴᠡᠩᠭᠡᠯ ᠵᠡᠷᠭᠡ | ᠬᠡᠷᠡᠭᠯᠡᠬᠡᠨ ᠤ ᠬᠡᠪ ᠤᠨ ᠪᠠᠶᠢᠳᠠᠯ ᠢ ᠰᠡᠷᠬᠦᠬᠡᠬᠦ ᠶᠢ ᠪᠠᠶᠢᠩᠭᠤᠵᠢᠭᠤᠯᠤᠨ᠎ᠠ᠃ ᠪᠠᠶᠠᠷ ᠳᠤᠷᠠᠰᠬᠠᠯ ᠤᠨ ᠡᠳᠤᠷ ᠤᠨ | ᠬᠡᠷᠡᠭᠯᠡᠭᠡ ᠶᠢ ᠦᠷᠬᠦᠯᠵᠢᠯᠡᠨ ᠦᠷᠬᠡᠳᠬᠡᠨ᠎ᠠ᠃ ᠬᠤᠳᠠ ᠶᠢᠨ ᠬᠤᠳᠠᠯᠳᠤᠭᠠᠨ ᠤ ᠲᠣᠭᠤᠷᠢᠭ ᠤᠨ ᠡᠵᠡᠩᠨᠡᠯᠲᠡ ᠶᠢᠨ | ᠪᠠᠶᠢᠳᠠᠯ ᠢ ᠳᠡᠭᠡᠭᠰᠢᠯᠡᠭᠦᠯᠵᠦ᠂ ᠨᠢᠭᠡ ᠪᠦᠯᠦᠭ ᠤᠨᠴᠠᠯᠢᠬᠳᠤ ᠬᠤᠳᠠᠯᠳᠤᠭᠠᠨ ᠤ ᠵᠢᠱᠢᠶ᠎ᠡ ᠦᠵᠡᠭᠦᠯᠬᠦ ᠵᠡᠭᠡᠯᠢ | ᠲᠣᠭᠤᠷᠢᠭ᠂ ︽ᠰᠦᠨᠢ ᠶᠢᠨ ᠠᠵᠤ ᠠᠬᠤᠶ︾ ᠶᠢᠨ ᠤᠨᠴᠠᠯᠢᠬᠳᠤ ᠵᠡᠭᠡᠯᠢ ᠲᠣᠭᠤᠷᠢᠭ ᠢ ᠪᠤᠢ ᠪᠣᠯᠭᠠᠵᠤ᠂ 900 | ᠴᠠᠬᠢᠯᠭᠠᠨ ᠴᠡᠨᠡᠭᠯᠡᠬᠦ ᠪᠠᠭᠠᠨ᠎ᠠ ᠪᠠᠶᠢᠭᠤᠯᠵᠤ ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠡᠷᠡᠭᠯᠡᠭᠡ ᠶᠢ ᠠᠬᠢᠭᠤᠯᠤᠨ᠎ᠠ᠃ | ᠰᠢᠭᠤᠳ ᠨᠡᠪᠲᠡᠷᠡᠭᠦᠯᠭᠡ ᠶᠢᠨ ᠡᠯᠧᠺᠲᠷᠣᠨ ᠬᠤᠳᠠᠯᠳᠤᠭ᠎ᠠ᠂ ᠨᠡᠶᠢᠭᠡᠮ ᠤᠨ ᠬᠠᠷᠢᠯᠴᠠᠭᠠᠨ ᠤ ᠡᠯᠧᠺᠲᠷᠣᠨ | ᠬᠤᠳᠠᠯᠳᠤᠭ᠎ᠠ ᠵᠡᠷᠭᠡ ᠰᠢᠨ᠎ᠡ ᠡᠵᠡᠩᠨᠡᠯᠲᠡ ᠶᠢᠨ ᠵᠠᠭᠪᠤᠷ ᠢ ᠳᠦᠷᠢᠮᠵᠢᠬᠦᠯᠤᠨ ᠬᠦᠭᠵᠢᠬᠦᠯᠵᠤ᠂ ᠯᠠᠨ ᠬᠡ ᠬᠡ᠂ ᠮᠤᠨᠢ | ᠠᠭᠤᠯᠠ ᠶᠢᠨ ᠶᠢᠦ ᠮᠠᠶ᠂ ᠬᠠᠶ ᠫᠧᠩ ᠵᠡᠷᠭᠡ ᠠᠵᠤ ᠠᠬᠤᠶᠢᠯᠠᠯ ᠤᠨ ︽ᠦᠶᠯᠡᠳᠪᠦᠷᠢ ᠠᠷᠠᠯᠵᠢᠶ᠎ᠠ ᠶᠢ ᠰᠠᠯᠭᠠᠬᠤ︾ ︽ | ᠦᠢᠯᠡᠳᠪᠤᠷᠢᠯᠡᠯ ᠪᠣᠷᠣᠯᠠᠭᠤᠯᠭ᠎ᠠ ᠶᠢ ᠰᠠᠯᠭᠠᠬᠤ︾ ᠶᠢ ᠳᠡᠮᠵᠢᠵᠦ᠂ ᠰᠦᠯᠵᠢᠶ᠎ᠡ ᠪᠠᠷ ᠵᠢᠵᠢᠭᠯᠡᠨ ᠬᠤᠳᠠᠯᠳᠤᠬᠤ | ᠬᠡᠮᠵᠢᠶ᠎ᠡ ᠶᠢ 25% ᠠᠴᠠ ᠳᠡᠭᠡᠭᠰᠢ ᠪᠤᠯᠳᠠᠯ᠎ᠠ ᠨᠡᠮᠡᠭᠳᠡᠭᠦᠯᠬᠦ ᠪᠠᠷ ᠴᠢᠷᠮᠠᠶᠢᠨ᠎ᠠ᠃ ᠰᠢᠶᠠᠨ ᠰᠢᠶᠠᠩ ᠲᠣᠰᠬᠤᠨ ᠤ | ᠭᠤᠪᠢᠭᠤᠯᠭ᠎ᠠ ᠳᠠᠮᠵᠢᠭᠤᠯᠭ᠎ᠠ ᠶᠢᠨ ᠪᠠᠷᠠᠭ᠎ᠠ ᠬᠦᠢᠯᠬᠡᠬᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠲᠠᠷᠢᠶᠠᠯᠠᠩ ᠤᠨ | ᠪᠦᠲᠦᠭᠡᠭᠳᠡᠬᠦᠨ ᠢ ᠬᠤᠳᠠ ᠳᠤ ᠤᠷᠤᠭᠤᠯᠬᠤ᠂ ᠠᠵᠤ ᠦᠢᠯᠡᠳᠪᠦᠷᠢ ᠶᠢᠨ ᠦᠢᠯᠡᠳᠬᠦᠨ ᠢ ᠬᠥᠳᠡᠭᠡ ᠲᠣᠰᠬᠤᠨ ᠳᠤ | ᠬᠦᠷᠬᠡᠬᠦ ᠬᠤᠣᠰ ᠴᠢᠭᠯᠡᠯᠳᠤ ᠬᠦᠢᠯᠬᠡᠬᠡ ᠶᠢ ᠠᠬᠢᠭᠤᠯᠤᠨ᠎ᠠ᠃ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ | ᠬᠡᠷᠡᠭᠯᠡᠭᠡ ᠶᠢ ᠦᠷᠭᠦᠯᠵᠢᠯᠡᠨ ᠥᠷᠭᠡᠳᠬᠡᠨ᠎ᠡ᠃ | ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ︽ᠬᠤᠶᠠᠷ ᠭᠤᠶᠢᠪᠢᠰᠢ ᠦᠭᠡᠢ | ᠪᠠᠶᠢᠬᠤ︾ ᠶᠢ ᠪᠠᠷᠢᠮᠲᠠᠯᠠᠵᠤ᠂ ᠤᠯᠤᠰ ᠤᠨ ᠦᠮᠴᠢᠯᠡᠯᠳᠤ ᠠᠵᠤ ᠠᠬᠤᠶᠢᠯᠠᠯ ᠪᠣᠯᠤᠨ ᠠᠷᠠᠳ ᠤᠨ ᠡᠵᠡᠩᠨᠡᠯᠳᠤ ᠠᠵᠤ | ᠠᠬᠤᠶᠢᠯᠠᠯ ᠤᠨ ᠬᠠᠮᠲᠤ ᠪᠠᠷ ᠬᠥᠭᠵᠢᠬᠦ ᠶᠢ ᠲᠡᠮᠵᠢᠨ᠎ᠠ᠃ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠪᠠ | ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠪᠠᠭᠠᠰᠬᠠᠬᠤ ᠲᠦᠷᠦ ᠶᠢᠨ ᠪᠤᠳᠤᠯᠭ᠎ᠠ ᠶᠢ ᠰᠠᠶᠢᠲᠤᠷ | ᠨᠠᠶᠢᠳᠠᠪᠤᠷᠢᠵᠢᠭᠤᠯᠵᠤ᠂ ︽ᠤᠰᠤ ᠲᠠᠯᠪᠢᠨ ᠵᠢᠭᠠᠰᠤ ᠲᠡᠵᠢᠭᠡᠬᠦ︾ ᠦᠢᠯᠡᠳᠦᠯ ᠢ ᠪᠤᠢ ᠪᠣᠯᠭᠠᠵᠤ᠂ ᠵᠠᠬ᠎ᠠ | ᠳᠡᠯᠭᠡᠭᠦᠷ ᠤᠨ ᠪᠡᠶᠡᠴᠢ ᠴᠣᠭᠴᠠ ᠶᠢᠨ ᠨᠡᠮᠡᠭᠳᠡᠯ ᠢ 5 % ᠠᠴᠠ ᠳᠡᠭᠡᠭᠰᠢ ᠳᠤ ᠬᠦᠷᠬᠡᠨ᠎ᠠ᠃ ᠰᠢᠨ᠎ᠡ ᠨᠢᠭᠡᠨ | ᠡᠭᠡᠯᠵᠢ ᠶᠢᠨ ᠤᠯᠤᠰ ᠤᠨ ᠦᠮᠴᠢᠯᠡᠯᠳᠤ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠲᠥᠯᠥᠪᠯᠡᠭᠡ ᠶᠢ | ᠬᠡᠷᠡᠭᠵᠢᠭᠦᠯᠵᠦ᠂ ᠤᠯᠤᠰ ᠤᠨ ᠦᠮᠴᠢᠯᠡᠯᠳᠤ ᠬᠦᠷᠦᠩᠭᠡ ᠶᠢᠨ ᠪᠠᠶᠢᠷᠢᠰᠢᠯ ᠢ ᠰᠢᠯᠢᠳᠡᠭᠵᠢᠭᠦᠯᠬᠦ᠂ ᠪᠦᠲᠦᠴᠡ ᠶᠢ | ᠲᠣᠬᠢᠷᠠᠭᠤᠯᠬᠤ ᠶᠢ ᠭᠦᠨᠵᠡᠭᠡᠶ ᠠᠬᠢᠭᠤᠯᠵᠤ᠂ ᠡᠵᠡᠩᠨᠡᠯᠲᠡ ᠶᠢᠨ ᠠᠰᠢᠭ ᠤᠷᠤᠯᠭ᠎ᠠ ᠶᠢ ᠳᠤᠭᠳᠠᠭᠤᠨ ᠢᠶᠠᠷ | ᠨᠡᠮᠡᠭᠳᠡᠬᠦᠯᠤᠨ᠎ᠠ᠃ ᠬᠤᠳᠠ ᠶᠢᠨ ᠭᠠᠳᠠᠨᠠᠬᠢ ᠠᠵᠤ ᠠᠬᠤᠶ ᠠᠷᠠᠯᠵᠢᠶᠠᠨ ᠤ ᠺᠣᠮᠫᠠᠨᠢ ᠶᠢᠨ ᠵᠠᠬ᠎ᠠ ᠳᠡᠯᠭᠡᠭᠦᠷᠴᠢᠯᠡᠬᠦ | ᠥᠭᠡᠷᠡᠴᠢᠯᠡᠯᠲᠡ ᠶᠢ ᠠᠬᠢᠭᠤᠯᠤᠨ᠎ᠠ᠃ ᠢᠳᠡᠬᠡᠮᠵᠢᠳᠤ ᠵᠢᠭᠡᠯᠡᠯᠭᠡ᠂ ᠡᠬᠡ ᠮᠥᠩᠭᠦ ᠶᠢ ᠪᠤᠴᠠᠭᠠᠬᠤ ᠥᠬᠡᠶ ᠦᠷᠭᠦᠯᠵᠢᠯᠡᠨ | ᠵᠢᠭᠡᠯᠡᠯᠭᠡ ᠤᠯᠭᠤᠬᠤ ᠪᠠ ᠦᠢᠯᠡᠳᠬᠦ ᠦᠶᠯᠡᠰ ᠤᠨ ᠳᠤᠮᠳᠠ ᠪᠠ ᠣᠷᠳᠣ ᠬᠤᠭᠤᠴᠠᠭᠠᠨ ᠤ ᠵᠢᠭᠡᠯᠡᠯᠭᠡ ᠶᠢᠨ ᠮᠦᠩᠬᠦ | ᠶᠢᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠢᠲᠡᠭᠡᠮᠵᠢᠲᠦ ᠵᠢᠭᠡᠯᠡᠯᠭᠡ ᠶᠢᠨ ᠲᠠᠷᠬᠠᠭᠠᠯᠲᠠ ᠶᠢ 50 ᠳ᠋ᠦᠩᠰᠢᠭᠤᠷ | ᠲᠥᠭᠦᠷᠢᠭ ᠨᠡᠮᠡᠭᠳᠡᠭᠦᠯᠦᠨ᠎ᠡ᠃ ᠲᠢᠶᠠᠨ ᠮᠥ ᠵᠡᠷᠭᠡ ᠠᠵᠤ ᠠᠬᠤᠶᠢᠯᠠᠯ ᠤᠨ ᠵᠠᠬ᠎ᠠ ᠳᠤ ᠭᠠᠷᠬᠤ ᠪᠠ 2 ᠠᠵᠤ | ᠠᠬᠤᠶᠢᠯᠠᠯ ᠤᠨ ᠥᠪᠡᠷᠲᠡᠭᠡᠨ ᠵᠠᠰᠠᠬᠤ ᠣᠷᠣᠨ ᠤ ᠰᠲ᠋ᠣᠺ ᠤᠨ ᠡᠷᠬᠡ ᠶᠢᠨ ᠠᠷᠠᠯᠵᠢᠶ᠎ᠠ ᠶᠢᠨ ᠲᠥᠪ ᠤᠨ ︽ᠲᠢᠶᠠᠨ | ᠵᠢᠶᠦ᠋ᠨ ᠬᠠᠪᠲᠠᠰᠤ︾ ᠳᠤ ᠫᠠᠶᠢᠰᠠ ᠡᠯᠬᠦᠬᠦ ᠶᠢ ᠳᠡᠮᠵᠢᠨ᠎ᠠ᠃ ᠣᠨᠴᠠᠭᠠᠢ ᠴᠠᠭ ᠦᠶ᠎ᠡ ᠳᠤ᠂ ᠥᠷᠭᠡᠨ ᠤᠯᠠᠨ ᠠᠵᠤ | ᠠᠬᠤᠶᠢᠯᠠᠯ ᠵᠦᠢᠯ ᠪᠦᠷᠢ ᠶᠢᠨ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠪᠦᠬᠦ ᠬᠤᠳᠠ ᠶᠢᠨ ᠠᠵᠤ ᠠᠬᠤᠢ ᠶᠢᠨ | ᠳᠠᠷᠤᠯᠲᠠ ᠶᠢ ᠳᠠᠭᠠᠭᠠᠵᠤ ᠤᠷᠤᠭᠰᠢᠯᠠᠬᠤ ᠳᠤ ᠲᠤᠯᠭᠠᠭᠤᠷᠢᠯᠠᠵᠤ᠂ ᠲᠣᠭᠲᠠᠭᠤᠨ ᠢᠶᠠᠷ ᠠᠵᠢᠯᠯᠠᠭᠰᠠᠨ ᠤ ᠳᠠᠷᠠᠭ᠎ᠠ᠂ | ᠪᠣᠳᠠᠲᠠᠢ ᠠᠷᠭ᠎ᠠ ᠪᠤᠳᠤᠯᠭ᠎ᠠ᠂ ᠵᠣᠭᠤᠰ ᠮᠥᠩᠭᠦ ᠪᠠᠷ ᠠᠵᠤ ᠠᠬᠤᠶᠢᠯᠠᠯ ᠢ ᠳᠡᠮᠵᠢᠵᠤ᠂ ᠤᠯᠠᠨ ᠢ ᠬᠠᠪᠰᠤᠷᠤᠨ ᠤᠤᠯ | ᠤᠨ ᠴᠤᠭ ᠵᠤᠯᠢ ᠶᠢ ᠨᠢ ᠰᠡᠷᠭᠦᠭᠡᠵᠦ᠂ ᠡᠷᠴᠢ ᠵᠤᠷᠢᠭ ᠢ ᠨᠢ ᠬᠦᠪᠴᠢᠯᠡᠨ᠎ᠠ᠃ | ︵ᠬᠤᠶᠠᠷ︶ ᠬᠡᠯᠬᠢᠶᠡᠵᠢᠬᠦᠯᠤᠨ ᠪᠠᠶᠢᠷᠢᠯᠠᠭᠤᠯᠵᠤ ᠨᠡᠶᠢᠳᠬᠡᠨ ᠬᠥᠭᠵᠢᠭᠦᠯᠵᠦ᠂ ᠤᠳᠤ ᠦᠶ᠎ᠠ ᠶᠢᠨ ᠠᠵᠤ | ᠦᠶᠯᠡᠰ ᠤᠨ ᠳᠤᠭᠳᠠᠯᠴᠠᠭ᠎ᠠ ᠶᠢ ᠴᠤᠭᠴᠠᠯᠠᠨ᠎ᠠ | ᠠᠵᠤ ᠦᠢᠯᠡᠳᠪᠦᠷᠢ ᠶᠢᠨ ᠠᠵᠤ ᠠᠬᠤᠶ ᠶᠢᠨ ᠶᠠᠰᠤ ᠴᠢᠨᠠᠷ ᠢᠶᠠᠨ ᠳᠡᠭᠡᠭᠰᠢᠯᠡᠭᠦᠯᠬᠦ ᠠᠵᠢᠯᠯᠠᠭ᠎ᠠ ᠶᠢ | ᠭᠡᠷᠡᠭᠵᠢᠬᠦᠯᠤᠨ᠎ᠠ᠃ ᠳᠠᠪᠰᠢᠩᠭᠤᠢ ᠦᠢᠯᠡᠳᠬᠦ ᠦᠢᠯᠡᠰ ᠤᠨ ᠳᠤᠭᠤᠷᠢᠭ ᠤᠨ ᠪᠦᠳᠦᠬᠡᠨ ᠪᠠᠶᠢᠭᠤᠯᠤᠯᠳᠠ ᠳᠤ | ᠳᠦᠰᠢᠭᠯᠡᠵᠤ ᠳᠡᠬᠡᠳᠤ ᠳᠡᠰᠵᠢᠯ᠂ ᠤᠶᠤᠨᠴᠢ᠂ ᠪᠣᠬᠢᠷᠲᠤᠯ ᠥᠬᠡᠶ ᠬᠥᠭᠵᠢᠯᠲᠡ ᠶᠢᠨ ᠴᠢᠭᠯᠡᠯ ᠢᠶᠠᠷ ᠤᠨᠤᠭ᠎ᠠ | ᠪᠤᠯᠭᠠᠵᠤ᠂ ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ ᠢ ᠣᠷᠣᠭᠤᠯᠤᠨ ᠪᠤᠶᠢᠵᠢᠭᠤᠯᠵᠤ᠂ ᠳ᠋ᠦᠩᠰᠢᠭᠤᠷ | ᠲᠥᠭᠦᠷᠢᠭ ᠠᠴᠠ ᠳᠡᠭᠡᠭᠰᠢᠬᠢ ᠲᠥᠷᠥᠯ ᠵᠦᠶᠯ ᠢ 100 ᠠᠴᠠ ᠳᠡᠭᠡᠭᠰᠢ ᠪᠤᠶᠢᠵᠢᠭᠤᠯᠬᠤ ᠶᠢ ᠬᠡᠷᠡᠭᠵᠢᠭᠦᠯᠦᠨ᠎ᠡ᠃ ︽ | ᠭᠤᠷᠪᠠᠨ ᠨᠢᠭᠡ ᠪᠦᠯᠦᠭ︾ ᠪᠠ ︽ᠳᠠᠪᠤᠴᠢᠯᠠᠬᠤ ᠥᠭᠡᠷᠡᠴᠢᠯᠡᠯᠲᠡ︾ ᠶᠢ ᠦᠷᠭᠦᠯᠵᠢᠯᠡᠨ ᠠᠬᠢᠭᠤᠯᠵᠤ᠂ ᠯᠢᠲ᠋ᠢ | ᠴᠠᠬᠢᠯᠭᠠᠨ ᠴᠡᠨᠡᠭ ᠤᠨ ᠪᠢᠯᠢᠭ ᠲᠦᠢᠯ ᠤᠨ ᠮᠠᠲ᠋ᠧᠷᠢᠶᠠᠯ ᠵᠡᠷᠭᠡ ᠠᠵᠢᠯ ᠲᠥᠷᠥᠯ ᠤᠨ ᠬᠥᠭᠵᠢᠯᠲᠡ ᠶᠢᠨ ᠬᠢᠷᠢ | ᠳᠦᠪᠰᠢᠨ ᠢ ᠪᠥᠬᠦ ᠲᠠᠯ᠎ᠠ ᠪᠠᠷ ᠳᠡᠬᠡᠭᠰᠢᠯᠡᠬᠦᠯᠵᠤ᠂ ᠹᠯᠣᠷ ᠬᠢᠮᠢ ᠶᠢᠨ ᠠᠵᠤ ᠦᠶᠯᠡᠳᠪᠦᠷᠢ᠂ ᠪᠠᠯ ᠴᠢᠯᠠᠭᠤᠨ ᠤ | ᠰᠢᠨ᠎ᠡ ᠮᠠᠲ᠋ᠧᠷᠢᠶᠠᠯ᠂ ᠬᠠᠶᠢᠯᠤᠰᠢ ᠳᠡᠮᠦᠷᠯᠢᠭ᠂ ᠾᠯᠣᠷ ᠱᠦᠯᠲᠦ ᠶᠢᠨ ᠬᠢᠮᠢ ᠶᠢᠨ ᠠᠵᠤ ᠦᠶᠯᠡᠳᠪᠦᠷᠢ ᠵᠡᠷᠭᠡ ᠠᠵᠤ | ᠦᠶᠯᠡᠰ ᠤᠨ ᠳᠡᠭᠡᠳᠦ ᠲᠠᠰ ᠳᠠᠪᠰᠢᠬᠤ ᠶᠢ ᠠᠬᠢᠭᠤᠯᠤᠨ᠎ᠠ᠃ ᠠᠵᠤ ᠦᠶᠯᠡᠳᠪᠦᠷᠢ ᠶᠢᠨ ᠢᠨᠲ᠋ᠧᠷ ᠰᠦᠯᠵᠢᠶᠡᠨ ᠤ | ᠦᠶᠯᠡᠴᠢᠯᠡᠭᠡᠨ ᠤ ᠲᠠᠪᠴᠠᠩ ᠢ ᠢᠳᠡᠪᠬᠢᠲᠡᠶ ᠪᠠᠶᠢᠭᠤᠯᠵᠤ᠂ 10 ᠠᠵᠤ ᠠᠬᠤᠶᠢᠯᠠᠯ ᠤᠨ ︽ᠬᠤᠶᠠᠷᠵᠢᠯᠳᠠ ᠶᠢᠨ | ᠠᠭᠤᠰᠤᠯᠴᠠᠭ᠎ᠠ︾ ᠶᠢᠨ ᠪᠠᠷᠢᠮᠵᠢᠶ᠎ᠠ ᠶᠢ ᠳᠤᠭᠤᠰᠢᠯᠠᠭᠤᠯᠬᠤ ᠠᠵᠢᠯ ᠢ ᠠᠬᠢᠭᠤᠯᠵᠤ᠂ ᠬᠡᠪᠴᠢᠶᠡᠵᠢᠯ ᠠᠴᠠ ᠳᠡᠬᠡᠭᠰᠢ | ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠳᠤᠭᠠᠴᠢᠯᠠᠯᠳᠤ ᠦᠨᠡᠯᠡᠨ ᠵᠢᠱᠢᠵᠦ ᠣᠨᠣᠰᠢᠯᠠᠬᠤ ᠶᠢ ᠨᠡᠶᠢᠳᠡᠮ | ᠬᠡᠷᠡᠭᠵᠢᠭᠦᠯᠬᠦ ᠶᠢ ᠪᠡᠶᠡᠯᠡᠭᠦᠯᠦᠨ᠎ᠡ᠃ ᠠᠳᠠᠯ ᠦᠶᠯᠡᠰ ᠴᠣᠭᠴᠠᠯᠠᠵᠤ ᠰᠢᠨ᠎ᠡ ᠶᠢ ᠡᠭᠦᠳᠬᠦ ᠪᠠ ᠳᠤᠮᠳᠠ ᠵᠢᠵᠢᠭ ᠠᠵᠤ | ᠠᠬᠤᠶᠢᠯᠠᠯ ᠤᠨ ᠪᠤᠶᠢᠵᠢᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠬᠡᠪᠵᠢᠶᠡᠵᠢᠯ ᠠᠴᠠ ᠳᠡᠭᠡᠭᠰᠢᠬᠢ ᠠᠵᠤ | ᠦᠶᠯᠡᠳᠪᠦᠷᠢ ᠶᠢᠨ ᠠᠵᠤ ᠠᠬᠤᠶᠢᠯᠠᠯ ᠢ 35 ᠠᠴᠠ ᠳᠡᠭᠡᠭᠰᠢ ᠨᠡᠮᠡᠭᠳᠡᠭᠦᠯᠵᠦ᠂ ︽ᠲᠤᠰᠬᠠᠶ ᠨᠠᠷᠢᠯᠢᠭ ᠣᠨᠴᠠ ᠰᠢᠨ᠎ᠡ︾ | ᠳᠤᠮᠳᠠ ᠵᠢᠵᠢᠭ ᠠᠵᠤ ᠠᠬᠤᠶᠢᠯᠠᠯ ᠢ 35 ᠪᠣᠶᠢᠵᠢᠭᠤᠯᠵᠤ᠂ ᠦᠪᠡᠷᠳᠡᠬᠡᠨ ᠵᠠᠰᠠᠬᠤ ᠤᠷᠤᠨ ᠤ ᠳᠡᠰ ᠤᠨ ᠠᠵᠤ | ᠠᠬᠤᠶᠢᠯᠠᠯ ᠤᠨ ᠮᠡᠷᠬᠡᠵᠢᠯ ᠤᠨ ᠳᠦᠪ 2 ᠢ ᠪᠠᠶᠢᠭᠤᠯᠤᠨ᠎ᠠ᠃ | ᠪᠣᠬᠢᠷᠲᠤᠯ ᠦᠭᠡᠢ ᠡᠨᠧᠷᠭᠢ ᠰᠤᠷᠪᠤᠯᠵᠢ ᠶᠢᠨ ᠦᠬᠡᠷᠡᠴᠢᠯᠡᠯᠳᠡ ᠶᠢ ᠬᠡᠷᠡᠭᠵᠢᠬᠦᠯᠤᠨ᠎ᠠ᠃ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠬᠡᠪᠴᠢᠶᠡᠵᠢᠭᠦᠯᠦᠨ ᠠᠬᠢᠭᠤᠯᠵᠤ᠂ ᠳᠠᠭ᠎ᠠ ᠶᠢᠨ ᠨᠠᠭᠤᠷ150 ᠲᠦᠮᠡᠨ ᠺᠢᠯᠣᠸᠠᠲ | ᠤᠨ ᠳᠦᠷᠤᠯ ᠵᠦᠢᠯ᠂ ᠬᠡᠷ ᠤᠨ ᠣᠷᠣᠶ ᠶᠢᠨ ᠬᠡᠷᠡᠯ ᠴᠡᠨᠡᠭ ᠵᠡᠷᠭᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ | ᠡᠬᠢᠯᠡᠭᠦᠯᠵᠦ᠂ ᠮᠧᠩ ᠵᠦᠩ 120 ᠲᠦᠮᠡᠨ ᠺᠢᠯᠣᠸᠠᠲ᠂ ᠰᠤᠷᠪᠤᠯᠵᠢ ᠳᠤᠤᠷ ᠳᠠᠭᠠᠭᠠᠴᠠ ᠨᠦᠬᠡᠴᠠ ᠶᠢᠨ | ᠳᠦᠷᠪᠡᠳ ᠬᠤᠰᠢᠭᠤᠨ ᠤ150 ᠳᠦᠮᠡᠨ ᠺᠢᠯᠣᠸᠠᠲ ᠵᠡᠷᠭᠡ ᠳᠦᠷᠤᠯ ᠵᠦᠢᠯ ᠢ ᠡᠨᠡ ᠵᠢᠯ ᠤᠨ ᠳᠣᠲᠣᠷ᠎ᠠ ᠪᠡᠶᠡᠯᠡᠬᠦᠯᠬᠦ | ᠶᠢᠨ ᠬᠠᠮᠳᠤ ᠳᠤᠤᠷ ᠨᠡᠶᠢᠯᠡᠬᠦᠯᠵᠤ᠂ ᠵᠢᠩ ᠳ᠋ᠠ150 ᠳᠦᠮᠡᠨ ᠺᠢᠯᠣᠸᠠᠲ ᠶᠢ ᠤᠯᠤᠰ ᠤᠨ ᠭᠤᠷᠪᠠᠳᠤᠭᠠᠷ | ᠪᠦᠯᠦᠭ ᠤᠨ ᠲᠣᠮᠣ ᠰᠠᠭᠤᠷᠢᠨ ᠤ ᠳᠦᠷᠤᠯ ᠵᠦᠢᠯ ᠳᠤ ᠣᠷᠣᠭᠤᠯᠵᠤ᠂ ᠹᠧᠩ ᠵᠧᠨ ᠤᠰᠤ ᠳᠠᠳᠠᠨ ᠡᠨᠧᠷᠭᠢ | ᠬᠠᠳᠠᠭᠠᠯᠠᠬᠤ ᠡᠮᠦᠨᠡᠬᠢ ᠬᠤᠭᠤᠴᠠᠭᠠᠨ ᠤ ᠠᠵᠢᠯ ᠢ ᠳᠦᠷᠬᠡᠳᠬᠡᠨ᠂ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ 300 | ᠲᠦᠮᠡᠨ ᠺᠢᠯᠣᠸᠠᠲ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠮᠢᠩᠭᠠᠨ ᠳᠦᠮᠡᠨ ᠺᠢᠯᠣᠸᠠᠲ ᠤᠨ ᠴᠡᠪᠡᠷ | ᠡᠨᠧᠷᠺᠢ ᠶᠢᠨ ᠰᠠᠭᠤᠷᠢᠨ ᠢ ᠪᠦᠳᠦᠬᠡᠨ ᠪᠠᠶᠢᠭᠤᠯᠤᠨ᠎ᠠ᠃ ᠤᠯᠠᠨ ᠡᠰᠢᠵᠢᠯᠡᠭᠰᠡᠨ ᠬᠡᠷᠡᠭᠯᠡᠭᠡᠨ ᠤ ᠤᠷᠤᠨ ᠳᠠᠯᠠᠪᠠᠢ ᠢ | ᠥᠷᠭᠡᠳᠬᠡᠵᠦ᠂ ᠲᠣᠮᠣ ᠳ᠋ᠠᠶᠢᠲ᠋ᠠ᠂ ᠬᠠᠶᠢᠯᠤᠰᠢ ᠳᠡᠮᠦ᠋ᠷᠯᠢᠭ ᠵᠡᠷᠬᠡ ᠠᠵᠤ ᠦᠢᠯᠡᠰ ᠤᠨ ᠪᠤᠬᠢᠷᠳᠤᠯ ᠦᠬᠡᠢ ᠡᠨᠧᠷᠭᠢ | ᠶᠢᠨ ᠤᠷᠤᠯᠠᠭᠤᠯᠬᠤ ᠬᠠᠷᠢᠴᠠᠯ ᠢ ᠳᠡᠬᠡᠭᠰᠢᠯᠡᠬᠦᠯᠵᠤ᠂ ᠨᠥᠭᠡᠴᠡᠯᠡᠬᠦ ᠳᠤᠭᠤᠷᠢᠭ ᠤᠨ ᠪᠤᠬᠢᠷᠳᠤᠯ ᠦᠬᠡᠢ ᠴᠠᠬᠢᠯᠭᠠᠨ | ᠬᠠᠩᠭᠠᠬᠤ᠂ ᠭᠠᠯ ᠴᠠᠬᠢᠯᠭᠠᠨ ᠤ ᠴᠢᠯᠤᠬᠡᠳᠤ ᠦᠬᠡᠷᠡᠴᠢᠯᠡᠯᠳᠡ ᠵᠡᠷᠬᠡ ᠵᠠᠬ᠎ᠠ ᠳᠡᠯᠬᠡᠬᠦᠷᠴᠢᠯᠡᠭᠰᠡᠨ ᠳᠦᠷᠤᠯ ᠵᠦᠢᠯ ᠢ | ᠢᠳᠡᠪᠬᠢᠲᠡᠢ ᠪᠠᠷ ᠳᠦᠯᠦᠪᠯᠡᠵᠤ᠂ ᠰᠢᠨ᠎ᠠ ᠪᠠᠷ ᠵᠦᠪᠰᠢᠶᠡᠷᠡᠭᠰᠡᠨ 681 ᠳᠦᠮᠡᠨ ᠺᠢᠯᠣᠸᠠᠲ ᠤᠨ ᠳᠦᠷᠤᠯ ᠵᠦᠢᠯ ᠢ | ᠠᠵᠢᠯ ᠡᠬᠢᠯᠡᠬᠦᠯᠤᠨ᠎ᠠ᠃ ᠠᠵᠤ ᠦᠢᠯᠡᠰᠵᠢᠯᠡᠭᠰᠡᠨ ᠬᠦᠭᠵᠢᠯᠳᠡ ᠶᠢᠨ ᠳᠦᠬᠦᠬᠡᠷᠤᠮᠵᠢ ᠶᠢᠨ ᠦᠢᠯᠡᠳᠬᠡᠯ ᠢ ᠶᠦᠨ ᠳ᠋ᠠ | ᠂ ᠶᠤᠸᠠᠨ ᠵᠢᠩ ᠵᠡᠷᠭᠡ ᠳᠤᠯᠤᠭᠠᠶᠢᠯᠠᠭᠴᠢ ᠠᠵᠤ ᠠᠬᠤᠶᠢᠯᠠᠯ ᠢᠶᠠᠷ ᠳᠦᠰᠢᠭ ᠪᠤᠯᠭᠠᠵᠤ᠂ ᠭᠤᠤᠯ ᠬᠦᠳᠡᠯᠬᠡᠬᠦᠷ᠂ | ᠰᠠᠩᠰᠠ᠂ ᠰᠤᠪᠤᠷᠭ᠎ᠠ ᠶᠢᠨ ᠬᠤᠭᠤᠯᠠᠶ ᠵᠡᠷᠭᠡ ᠶᠢ ᠦᠶᠯᠡᠳᠬᠦ ᠬᠡᠪᠴᠢᠶ᠎ᠡ ᠪᠠᠨ ᠥᠷᠭᠡᠳᠬᠡᠵᠦ᠂ ᠴᠠᠬᠢᠯᠭᠠᠨ ᠬᠦᠳᠡᠯᠬᠡᠬᠦᠷ | ᠂ ᠠᠷᠠᠭᠠᠳᠤ ᠬᠦᠷᠳᠤᠨ ᠤ ᠬᠠᠶᠢᠷᠴᠠᠭ᠂ ᠴᠠᠬᠢᠯᠭᠠᠨ ᠢᠯᠳᠠᠰᠤ ᠵᠡᠷᠭᠡ ᠭᠤᠣᠯᠯᠠᠭᠴᠢ ᠠᠵᠤ ᠦᠢᠯᠡᠰ ᠢ ᠤᠷᠤᠭᠤᠯᠤᠨ | ᠠᠪᠴᠢᠷᠠᠵᠤ ᠪᠤᠶᠢᠵᠢᠭᠤᠯᠤᠨ᠂ ᠰᠢᠨ᠎ᠠ ᠡᠨᠧᠷᠬᠢ ᠶᠢᠨ ᠳᠦᠬᠦᠬᠡᠷᠤᠮᠵᠢ ᠶᠢᠨ ᠦᠢᠯᠡᠳᠬᠦ ᠦᠢᠯᠡᠰ ᠤᠨ ᠦᠷᠳᠡᠭ ᠢ | 40% ᠪᠠᠷ ᠨᠡᠮᠡᠭᠳᠡᠬᠦᠯᠤᠨ᠎ᠠ᠃ | ᠳᠤᠭᠠᠴᠢᠯᠠᠭᠰᠠᠨ ᠠᠵᠤ ᠠᠬᠤᠶ ᠳᠤ ᠴᠢᠳᠠᠪᠬᠢ ᠶᠢᠨ ᠠᠵᠢᠯᠯᠠᠭ᠎ᠠ ᠶᠢ ᠬᠡᠷᠡᠭᠵᠢᠬᠦᠯᠤᠨ᠎ᠠ᠃ ᠪᠦᠬᠦ ᠤᠯᠤᠰ | ᠤᠨ ᠨᠢᠬᠡ ᠴᠣᠭᠴᠠᠵᠢᠭᠰᠠᠨ ᠪᠤᠳᠤᠯᠭ᠎ᠠ ᠶᠢᠨ ᠬᠦᠴᠦᠨ ᠤ ᠲᠤᠤᠷ ᠰᠦᠯᠵᠢᠶ᠎ᠠ ᠶᠢᠨ ᠤᠯᠤᠰ ᠤᠨ ᠬᠦᠢᠰᠦ ᠴᠡᠭ ᠢ | ᠪᠠᠶᠢᠭᠤᠯᠬᠤ ᠳᠤ ᠳᠦᠰᠢᠭᠯᠡᠵᠤ ᠂ ᠳᠤᠭᠠᠴᠢᠯᠠᠯᠳᠠ ᠶᠢ ᠠᠵᠤ ᠦᠢᠯᠡᠰᠵᠢᠬᠦᠯᠬᠦ ᠪᠠ ᠠᠵᠤ ᠦᠢᠯᠡᠰ ᠢ ᠳᠤᠭᠠᠴᠢᠯᠠᠬᠤ | ᠶᠢ ᠰᠢᠰᠲ᠋ᠧᠮ ᠲᠠᠢ ᠠᠬᠢᠭᠤᠯᠤᠨ᠎ᠠ᠃ ᠫᠢ ᠶᠦᠨ᠂ PCG ᠵᠡᠷᠭᠡ ᠳ᠋ᠠᠶᠢᠲ᠋ᠠ ᠲᠥᠪ ᠤᠨ ᠲᠥᠷᠥᠯ ᠵᠦᠶᠯ ᠢ ᠠᠵᠢᠯ | ᠡᠬᠢᠯᠡᠭᠦᠯᠦᠨ ᠪᠥᠲᠥᠭᠡᠨ ᠪᠠᠶᠢᠭᠤᠯᠬᠤ ᠶᠢ ᠠᠬᠢᠭᠤᠯᠵᠤ᠂ ᠠ ᠯᠢ ᠪᠠ ᠪᠠ ᠵᠡᠷᠭᠡ ᠳ᠋ᠠᠶᠢᠲ᠋ᠠ ᠲᠥᠪ ᠤᠨ ᠲᠥᠷᠥᠯ | ᠵᠦᠶᠯ ᠤᠨ ᠦᠶᠯᠡᠴᠢᠯᠡᠭᠡᠨ ᠤ ᠮᠠᠰᠢᠨ ᠤ ᠠᠬᠢᠭᠤᠯᠤᠯᠳᠠ ᠶᠢ 40 % ᠳᠡᠬᠡᠭᠰᠢ ᠪᠤᠯᠭᠠᠨ᠎ᠠ᠃ ᠲᠣᠭᠠᠴᠢᠯᠠᠭᠰᠠᠨ | ᠠᠵᠤ ᠦᠶᠯᠡᠰ ᠤᠨ ᠪᠦᠬᠡᠮᠨᠡᠷᠡᠯ ᠢ ᠪᠣᠶ ᠪᠣᠯᠭᠠᠵᠤ᠂ ᠲᠤᠭ᠎ᠠ ᠪᠠᠷᠢᠮᠲᠠ ᠶᠢ ᠴᠤᠭᠯᠠᠭᠤᠯᠬᠤ᠂ ᠤᠬᠢᠶᠠᠨ ᠴᠡᠪᠡᠷᠯᠡᠵᠦ | ᠡᠳ᠋ᠰᠢᠭᠦᠯᠬᠦ᠂ ᠨᠥᠭᠡᠴᠡᠯᠡᠵᠦ ᠵᠠᠳᠠᠯᠬᠤ ᠵᠡᠷᠭᠡ ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠪᠤᠶᠢᠵᠢᠭᠤᠯᠤᠨ᠂ | ᠬᠡᠷᠡᠴᠢᠯᠡᠯ ᠯᠠᠪᠯᠠᠭ᠎ᠠ᠂ ᠰᠢᠯᠭᠠᠨ ᠪᠠᠲᠤᠯᠠᠬᠤ᠂ ᠳᠦᠬᠦᠬᠡᠷᠤᠮᠵᠢ ᠶᠢ ᠠᠵᠢᠯᠯᠠᠭᠤᠯᠵᠤ ᠬᠠᠮᠠᠭᠠᠯᠠᠬᠤ ᠵᠡᠷᠭᠡ ᠦᠢᠯᠡᠴᠢᠯᠡᠭᠡ | ᠶᠢ ᠬᠤᠯᠪᠣᠭᠠᠯᠠᠨ ᠬᠥᠭᠵᠢᠭᠦᠯᠵᠦ᠂ ᠲᠤᠭ᠎ᠠ ᠪᠠᠷᠢᠮᠲᠠ ᠶᠢᠨ ᠠᠰᠢᠭᠯᠠᠯᠲᠠ ᠬᠢᠭᠡᠳ ᠥᠷᠲᠡᠭ ᠢ ᠪᠡᠶᠡᠯᠡᠭᠦᠯᠦᠨ᠎ᠡ᠃ | ᠲᠣᠭᠠᠴᠢᠯᠠᠭᠰᠠᠨ ᠠᠵᠤ ᠠᠬᠤᠢ᠂ ᠲᠣᠭᠠᠴᠢᠯᠠᠭᠰᠠᠨ ᠨᠡᠶᠢᠭᠡᠮ ᠪᠣᠯᠤᠨ ᠲᠣᠭᠠᠴᠢᠯᠠᠭᠰᠠᠨ ᠵᠠᠰᠠᠭ ᠤᠨ ᠣᠷᠳᠣᠨ ᠤ | ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠢᠭᠡ ᠪᠦᠯᠦᠭ ᠬᠡᠷᠡᠭᠯᠡᠭᠡᠨ ᠤ ᠵᠢᠱᠢᠶ᠎ᠠ ᠦᠵᠡᠭᠦᠯᠬᠦ | ᠦᠵᠡᠭᠳᠡᠯ ᠢ ᠪᠤᠢ ᠪᠣᠯᠭᠠᠵᠤ᠂ ᠲᠤᠭ᠎ᠠ ᠪᠠᠷᠢᠮᠲᠠ ᠶᠢᠨ ᠨᠡᠩ ᠰᠠᠶᠢᠨ ᠬᠤᠯᠪᠤᠭᠳᠠᠭᠤᠯᠬᠤ ᠶᠢ ᠠᠬᠢᠭᠤᠯᠵᠤ᠂ | ᠵᠢᠯᠣᠭᠤᠳᠬᠤ ᠲᠥᠪ ᠤᠨ ︽ᠬᠤᠳᠠ ᠶᠢᠨ ᠶᠡᠭᠡ ᠲᠠᠷᠢᠬᠢ︾᠂ ᠤᠶᠤᠨᠲᠤ ᠲᠥᠪ ᠤᠨ ᠴᠢᠳᠠᠪᠤᠷᠢ ᠶᠢ ᠳᠠᠰᠤᠷᠠᠯᠳᠠ | ᠦᠬᠡᠢ ᠳᠡᠭᠡᠭᠰᠢᠯᠡᠭᠦᠯᠵᠦ᠂ ᠬᠤᠳᠠ ᠶᠢᠨ ᠠᠵᠢᠯᠯᠠᠭᠠᠨ ᠤ ︽ᠨᠢᠭᠡ ᠳᠡᠯᠭᠡᠴᠡ ᠪᠠᠷ ᠨᠢᠭᠡᠳᠦᠯᠲᠡᠢ ᠬᠠᠮᠢᠶᠠᠷᠬᠤ︾᠂ | ᠪᠠᠴᠢᠮ ᠪᠠᠶᠢᠳᠠᠯ ᠢ ᠠᠷᠭᠠᠴᠠᠨ᠂ ᠵᠢᠯᠤᠭᠤᠳᠤᠯᠭ᠎ᠠ ᠶᠢᠨ ︽ᠨᠢᠭᠡ ᠳᠠᠷᠤᠪᠴᠢ ᠪᠠᠷ ᠳᠤᠬᠢᠷᠠᠭᠤᠯᠬᠤ︾ ᠶᠢ | ᠳᠦᠷᠬᠡᠪᠴᠢᠯᠡᠨ ᠪᠡᠶᠡᠯᠡᠬᠦᠯᠤᠨ᠎ᠠ᠃ | ᠰᠣᠶᠣᠯ ᠵᠤᠭᠠᠴᠠᠯ ᠡᠷᠡᠬᠦᠯᠵᠢᠯ ᠰᠤᠪᠢᠯᠠᠯᠲᠠ ᠶᠢᠨ ᠠᠭᠤᠰᠤᠯᠴᠠᠯ ᠤᠨ ᠠᠵᠢᠯᠯᠠᠭ᠎ᠠ ᠶᠢ ᠬᠡᠷᠡᠭᠵᠢᠬᠦᠯᠤᠨ᠎ᠠ᠃ | ᠵᠤᠭᠠᠴᠠᠯ ᠤᠨ ᠳᠦᠪᠯᠡᠷᠡᠬᠦᠯᠵᠤ ᠳᠠᠷᠬᠠᠭᠠᠬᠤ ᠲᠥᠪ᠂ ᠵᠤᠭᠠᠴᠠᠭᠰᠠᠳ ᠤᠨ ᠦᠢᠯᠡᠴᠢᠯᠡᠬᠡᠨ ᠤ ᠳᠦᠪ ᠤᠨ | ᠪᠠᠶᠢᠭᠤᠯᠤᠯᠳᠠ ᠶᠢ ᠳᠦᠷᠬᠡᠳᠬᠡᠵᠤ᠂ ᠱᠤᠰᠢᠭ᠎ᠠ ᠳᠡᠮᠳᠡᠭ ᠡᠯᠭᠦᠬᠦ᠂ ᠳᠡᠷᠬᠡᠨ ᠵᠤᠭᠰᠤᠭᠠᠯ᠂ ᠦᠵᠡᠮᠵᠢ ᠶᠢᠨ ᠤᠷᠤᠨ | ᠤ ᠵᠤᠷᠯᠤᠩ ᠵᠢᠴᠢ ᠦᠪᠡᠷᠳᠡᠬᠡᠨ ᠳᠡᠷᠬᠡ ᠵᠢᠯᠤᠭᠤᠳᠴᠤ ᠬᠡᠬᠡᠷᠡᠯᠡᠬᠦ ᠬᠤᠸᠠᠷᠠᠨ ᠵᠡᠷᠬᠡ ᠦᠢᠯᠡᠴᠢᠯᠡᠬᠡᠨ ᠤ | ᠳᠦᠬᠦᠬᠡᠷᠤᠮᠵᠢ ᠶᠢ ᠳᠡᠬᠦᠯᠳᠡᠷᠵᠢᠬᠦᠯᠵᠤ᠂ ᠬᠤᠩ ᠶᠠ ᠲᠠᠢ ᠳ᠋ᠢ᠂ ᠤᠯᠠᠭᠠᠨᠬᠠᠳᠠ ᠭᠠᠯᠲᠤ ᠠᠭᠤᠯᠠ ᠶᠢᠨ ᠭᠠᠵᠠᠷ | ᠰᠢᠨᠵᠢᠯᠡᠭᠡᠨ ᠤ ᠴᠡᠴᠡᠷᠯᠢᠭ᠂ ᠯᠦᠩ ᠱᠧᠩ ᠵᠤᠸᠠᠩ ᠵᠡᠷᠭᠡ ᠤᠨᠴᠠᠯᠢᠭᠳᠤ ᠡᠬᠢ ᠰᠤᠷᠪᠤᠯᠵᠢ ᠶᠢ ᠨᠡᠬᠡᠬᠡᠨ ᠠᠰᠢᠭᠯᠠᠬᠤ | ᠪᠠ ᠲᠠᠰ ᠳᠡᠪᠰᠢᠬᠦ ᠶᠢ ᠠᠬᠢᠭᠤᠯᠵᠤ᠂ ᠬᠦᠨᠳᠡᠨᠰᠢᠯᠢ᠂ ᠬᠡᠬᠡᠨᠳᠡᠯᠠ᠂ ᠵᠢᠨᠢᠩ ᠤᠨ ᠳᠠᠶᠢᠯᠠᠯᠳᠤᠭᠠᠨ ᠤ ᠬᠤᠪᠢᠰᠬᠠᠯᠳᠤ | ᠳᠤᠷᠠᠰᠬᠠᠯ ᠤᠨ ᠬᠦᠷᠢᠶᠡᠯᠡᠩ ᠵᠡᠷᠬᠡ ᠶᠢ ᠤᠯᠤᠰ ᠤᠨ 5A ᠳᠡᠰ ᠤᠨ ᠵᠤᠭᠠᠴᠠᠯ ᠤᠨ ᠤᠷᠤᠨ ᠪᠤᠯᠭᠠᠨ ᠬᠦᠭᠵᠢᠬᠦᠯᠬᠦ | ᠶᠢ ᠳᠡᠮᠵᠢᠨ᠎ᠠ᠃ ᠯᠢᠨ ᠬᠤ᠋ ᠡᠷᠳᠡᠨ ᠤ ᠴᠠᠶᠢᠵᠠ ᠦᠵᠡᠮᠵᠢ ᠶᠢᠨ ᠤᠷᠤᠨ ᠢ ᠤᠯᠤᠰ ᠤᠨ ᠲᠠᠰ ᠤᠨ ᠵᠤᠭᠠᠴᠠᠯ | ᠰᠡᠯᠡᠬᠦᠴᠠᠯ ᠤᠨ ᠣᠷᠣᠨ ᠪᠤᠯᠭᠠᠨ ᠬᠦᠭᠵᠢᠬᠦᠯᠬᠦ ᠶᠢ ᠳᠡᠮᠵᠢᠨ᠎ᠠ᠃ ᠠᠷᠠᠳ ᠤᠨ ᠪᠠᠭᠤᠴᠠ ᠡᠷᠡᠬᠦᠯᠵᠢᠯ ᠰᠤᠪᠢᠯᠠᠯᠳᠠ | ᠶᠢᠨ ᠦᠢᠯᠡᠰ ᠶᠡᠬᠡᠪᠡᠷ ᠬᠦᠭᠵᠢᠬᠦᠯᠵᠤ᠂ ᠵᠤᠭᠠᠴᠠᠯ ᠤᠨ ᠠᠷᠠᠳ ᠤᠨ ᠪᠠᠭᠤᠴᠠ ᠶᠢ ᠬᠦᠭᠵᠢᠬᠦᠯᠬᠦ ᠰᠠᠭᠤᠷᠢ ᠮᠦᠩᠬᠦᠨ | ᠤ ᠨᠡᠶᠢᠬᠡᠮᠯᠢᠭ ᠢ ᠪᠠᠶᠢᠭᠤᠯᠵᠤ᠂ ᠤᠯᠠᠭᠠᠨ ᠭᠤᠸ᠎ᠠ ᠵᠡᠷᠬᠡ ᠡᠷᠡᠬᠦᠯᠵᠢᠯ ᠰᠤᠪᠢᠯᠠᠯᠳᠠ ᠶᠢᠨ ᠪᠠᠶᠢᠭᠤᠯᠤᠮᠵᠢ ᠶᠢᠨ | ᠶᠡᠷᠦᠩᠬᠡᠶᠢᠯᠡᠭᠰᠡᠨ ᠦᠢᠯᠡᠴᠢᠯᠡᠬᠡᠨ ᠤ ᠴᠢᠳᠠᠪᠬᠢ ᠶᠢ ᠳᠡᠬᠡᠭᠰᠢᠯᠡᠬᠦᠯᠵᠤ᠂ ᠵᠢᠯ ᠳᠤ ᠡᠷᠡᠬᠦᠯᠵᠢᠯ ᠰᠤᠪᠢᠯᠠᠯᠳᠠ | ᠰᠡᠯᠡᠬᠦᠴᠠᠯ ᠵᠤᠭᠠᠴᠠᠯ ᠤᠨ ᠰᠠᠭᠤᠷᠢᠨ ᠢ 5 ᠠᠴᠠ ᠳᠡᠬᠡᠭᠰᠢ ᠪᠠᠶᠢᠭᠤᠯᠤᠨ᠎ᠠ᠃ ᠬᠤᠪᠢᠰᠬᠠᠯᠳᠤ ᠵᠤᠭᠠᠴᠠᠯ᠂ ᠬᠥᠳᠡᠭᠡ | ᠲᠣᠰᠬᠤᠨ ᠤ ᠵᠤᠭᠠᠴᠠᠯ᠂ ᠬᠤᠪᠢ ᠪᠠᠷ ᠢᠶᠠᠨ ᠲᠡᠷᠭᠡ ᠵᠢᠯᠣᠭᠤᠳᠴᠤ ᠵᠤᠭᠠᠴᠠᠬᠤ᠂ ᠴᠠᠰᠤᠨ ᠴᠠᠨ᠎ᠠ ᠶᠢᠨ ᠵᠤᠭᠠᠴᠠᠯ | ᠵᠡᠷᠭᠡ ᠰᠢᠨ᠎ᠡ ᠬᠡᠯᠪᠡᠷᠢ ᠶᠢᠨ ᠠᠵᠤ ᠦᠢᠯᠡᠰ ᠢ ᠪᠤᠶᠢᠵᠢᠭᠤᠯᠵᠤ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ | ᠨᠠᠨ ᠼᠦᠨ ᠳᠤᠰᠬᠤᠨ ᠢ ᠤᠯᠤᠰ ᠤᠨ ᠲᠠᠰ ᠤᠨ ᠬᠥᠳᠡᠭᠡ ᠲᠣᠰᠬᠤᠨ ᠤ ᠵᠤᠭᠠᠴᠠᠯ ᠤᠨ ᠭᠤᠤᠯᠳᠠᠯᠭ᠎ᠠ ᠲᠠᠢ | ᠲᠣᠰᠬᠤᠨ ᠪᠤᠯᠭᠠᠨ ᠪᠠᠶᠢᠭᠤᠯᠬᠤ ᠶᠢ ᠳᠡᠮᠵᠢᠵᠤ᠂ ᠳᠠᠭ᠎ᠠ ᠶᠢᠨ ᠨᠠᠭᠤᠷ ᠤᠯᠠᠨ ᠤᠯᠤᠰ ᠤᠨ ᠴᠠᠰᠤᠨ ᠳᠤ ᠭᠤᠯᠭᠤᠬᠤ | ᠳᠠᠯᠠᠪᠠᠢ᠂ ᠳ᠋ᠠ ᠾᠧ ᠸᠠᠨ ᠤ ᠴᠠᠰᠤᠨ ᠳᠤ ᠭᠤᠯᠭᠤᠬᠤ ᠲᠠᠯᠠᠪᠠᠢ ᠶᠢ ᠤᠯᠤᠰ ᠤᠨ ᠳᠡᠰ ᠤᠨ ᠴᠠᠰᠤᠨ ᠳᠤ | ᠭᠤᠤᠯᠭᠤᠬᠤ ᠵᠤᠭᠠᠴᠠᠯ ᠰᠡᠯᠡᠬᠦᠴᠠᠯ ᠤᠨ ᠰᠠᠭᠤᠷᠢᠨ ᠪᠤᠯᠭᠠᠬᠤ ᠶᠢ ᠳᠡᠮᠵᠢᠵᠤ᠂ ᠭᠠᠯᠳᠤ ᠠᠭᠤᠯᠠ ᠶᠢᠨ ᠳᠠᠯ᠎ᠠ | ᠨᠤᠳᠤᠭ ᠤᠨ ᠬᠤᠪᠢ ᠪᠠᠷ ᠢᠶᠠᠨ ᠳᠡᠷᠬᠡ ᠵᠢᠯᠤᠭᠤᠳᠴᠤ ᠵᠤᠭᠠᠴᠠᠬᠤ ᠬᠤᠸᠠᠷᠠᠨ ᠢ ᠤᠯᠤᠰ ᠤᠨ 5C ᠳᠡᠰ ᠤᠨ | ᠬᠤᠪᠢ ᠪᠠᠷ ᠢᠶᠠᠨ ᠳᠡᠷᠬᠡ ᠵᠢᠯᠤᠭᠤᠳᠴᠤ ᠵᠤᠭᠠᠴᠠᠬᠤ ᠬᠤᠸᠠᠷᠠᠨ ᠪᠣᠯᠭᠠᠨ ᠪᠠᠶᠢᠭᠤᠯᠵᠤ᠂ ᠬᠤᠪᠢ ᠪᠠᠷ ᠢᠶᠠᠨ ᠲᠡᠷᠭᠡ | ᠵᠢᠯᠣᠭᠤᠳᠴᠤ ᠵᠤᠭᠠᠴᠠᠨ ᠳᠤᠭᠤᠷᠢᠵᠤ ᠬᠤᠨᠤᠭᠯᠠᠬᠤ ᠬᠤᠸᠠᠷᠠᠨ ᠢ 5 ᠰᠢᠨ᠎ᠡ ᠪᠠᠷ ᠪᠠᠶᠢᠭᠤᠯᠤᠨ᠎ᠠ᠃ | ᠲᠥᠯᠥᠭᠡᠯᠡᠭᠴᠢᠳ ᠡ︕ ᠠᠵᠤ ᠦᠢᠯᠡᠰ ᠪᠣᠯ ᠨᠢᠭᠡ ᠬᠤᠲᠠ ᠶᠢᠨ ᠬᠤᠳᠠ ᠪᠠᠶᠢᠭᠤᠯᠬᠤ ᠶᠢᠨ ᠦᠨᠳᠦᠰᠦ᠂ | ᠬᠤᠳᠠ ᠪᠠᠨ ᠬᠦᠴᠦᠷᠬᠡᠭᠵᠢᠭᠦᠯᠬᠦ ᠶᠢᠨ ᠰᠠᠭᠤᠷᠢ ᠮᠦᠨ᠃ ᠪᠢᠳᠡᠨ ᠤ ᠪᠦᠲᠦᠭᠡᠯᠴᠢ ᠬᠦᠴᠦᠨ᠂ ᠦᠷᠢᠰᠦᠯᠳᠦᠬᠦ | ᠬᠦᠴᠦᠨ ᠪᠣᠯᠤᠨ ᠶᠡᠷᠦᠩᠬᠡᠶᠢᠯᠡᠭᠰᠡᠨ ᠪᠣᠳᠠᠲᠤ ᠬᠦᠴᠦᠨ ᠤ ᠴᠢᠬᠤᠯᠠ ᠢᠯᠡᠷᠡᠯ ᠪᠣᠯᠬᠤ ᠶᠢ ᠦᠢᠯᠡᠳᠦᠯᠭᠡ ᠭᠡᠷᠡᠴᠢᠯᠡᠵᠡᠢ᠃ | ᠪᠢᠳᠡ ᠠᠵᠤ ᠦᠢᠯᠡᠰ ᠢᠶᠠᠷ ᠬᠤᠳᠠ ᠪᠠᠨ ᠬᠦᠴᠦᠷᠬᠡᠭᠵᠢᠭᠦᠯᠬᠦ ᠶᠢ ᠡᠷᠡᠰ ᠭᠤᠶᠢᠪᠢᠰᠢ ᠦᠬᠡᠢ ᠠᠬᠢᠭᠤᠯᠵᠤ᠂ ᠪᠣᠳᠠᠲᠤ | ᠴᠣᠭᠴᠠ ᠶᠢᠨ ᠠᠵᠤ ᠠᠬᠤᠢ ᠶᠢ ᠭᠤᠶᠢᠪᠢᠰᠢ ᠦᠬᠡᠢ ᠬᠦᠴᠦᠷᠬᠡᠭᠵᠢᠭᠦᠯᠵᠦ᠂ ᠬᠡᠪᠴᠢᠶ᠎ᠠ ᠪᠠᠨ ᠳᠠᠰᠤᠷᠠᠯᠳᠠ ᠦᠬᠡᠢ | ᠪᠤᠵᠠᠭᠠᠶᠢᠷᠠᠭᠤᠯᠵᠤ᠂ ᠶᠠᠰᠤ ᠴᠢᠨᠠᠷ ᠢᠶᠠᠨ ᠳᠡᠭᠡᠭᠰᠢᠯᠡᠭᠦᠯᠬᠦ ᠳᠤ ᠬᠦᠷᠪᠡᠯ᠂ ᠤᠯᠠᠭᠠᠨᠴᠠᠪ ᠤᠨ ᠢᠷᠡᠭᠡᠳᠦᠢ ᠶᠢᠨ | ᠬᠥᠭᠵᠢᠯᠲᠡ ᠶᠢᠨ ᠵᠠᠮ ᠳᠠᠭᠠᠨ ᠯᠠᠪᠳᠠᠭᠤᠨ ᠪᠠᠳᠤᠳᠠᠢ ᠤᠷᠤᠭᠰᠢᠯᠠᠵᠤ᠂ ᠰᠢᠨ᠎ᠡ ᠥᠨᠳᠥᠷ ᠲᠦᠪᠰᠢᠨ ᠳᠤ ᠳᠠᠬᠢᠨ | ᠭᠠᠷᠴᠤ ᠴᠢᠳᠠᠬᠤ ᠨᠢ ᠯᠠᠪᠲᠠᠢ ᠶᠤᠮ︕ | ︵ᠭᠤᠷᠪᠠ︶ ᠥᠭᠡᠷᠡᠴᠢᠯᠡᠯᠲᠡ ᠶᠢ ᠬᠦᠨᠵᠡᠬᠡᠶᠢᠷᠡᠬᠦᠯᠵᠤ ᠬᠦᠳᠡᠯᠬᠡᠬᠦᠷ ᠬᠦᠴᠤᠨ ᠢᠶᠠᠨ ᠰᠢᠨᠡᠳᠬᠡᠵᠤ᠂ | ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠢᠶᠠᠨ ᠬᠦᠴᠦᠯᠡᠨ ᠬᠥᠭᠵᠢᠭᠡᠨ᠎ᠡ | ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠬᠡᠭᠰᠢᠯᠡᠬᠦᠯᠤᠨ᠎ᠠ᠃ ᠰᠢᠨ᠎ᠠ ᠶᠢ ᠡᠬᠦᠳᠬᠦ | ᠭᠤᠤᠯ ᠴᠤᠭᠴᠠ ᠶᠢ ᠪᠤᠶᠢᠵᠢᠭᠤᠯᠬᠤ ᠳᠦᠯᠦᠪᠯᠡᠭᠡ ᠶᠢ ᠬᠡᠷᠡᠭᠵᠢᠬᠦᠯᠵᠤ᠂ ᠨᠢᠬᠡ ᠬᠦᠷᠢᠶᠡᠯᠡᠩ ᠳᠤᠭᠤᠷᠢᠭ ᠨᠢᠬᠡ ᠠᠵᠤ | ᠠᠬᠤᠶᠢᠯᠠᠯ ᠢ ᠪᠤᠶᠢᠵᠢᠭᠤᠯᠵᠤ᠂ ᠨᠢᠬᠡ ᠠᠵᠤ ᠦᠢᠯᠡᠰ ᠤᠨ ᠬᠡᠯᠬᠢᠶ᠎ᠠ ᠨᠢᠬᠡ ᠰᠤᠳᠤᠯᠭᠠᠨ ᠤ ᠬᠦᠷᠢᠶᠡᠯᠡᠩ ᠢ | ᠪᠠᠶᠢᠭᠤᠯᠵᠤ᠂ ᠨᠢᠬᠡ ᠭᠤᠤᠯᠳᠠᠯᠭ᠎ᠠ ᠲᠠᠢ ᠠᠵᠤ ᠠᠬᠤᠶᠢᠯᠠᠯ ᠨᠢ ᠨᠢᠬᠡ ᠰᠤᠳᠤᠯᠭᠠᠨ ᠤ ᠳᠦᠪ ᠢ ᠪᠠᠶᠢᠭᠤᠯᠵᠤ᠂ | ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠠ ᠰᠢᠨᠵᠢᠯᠡᠭᠡ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ | ᠠᠬᠤᠶᠢᠯᠠᠯ ᠢ 50 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ | ᠦᠷ᠎ᠡ ᠶᠢᠨ ᠦᠶᠯᠡᠰ᠂ ᠡᠪᠡᠰᠦᠨ ᠤ ᠦᠶᠯᠡᠰ᠂ ᠰᠦ ᠴᠠᠭ᠎ᠠ ᠶᠢᠨ ᠦᠶᠯᠡᠰ ᠵᠡᠷᠭᠡ ᠭᠤᠤᠯᠳᠠᠯᠭ᠎ᠠ ᠲᠠᠢ ᠬᠦᠷᠢᠶ᠎ᠡ | ᠴᠠᠷᠠᠭ᠎ᠠ ᠶᠢᠨ ᠲᠣᠭᠤᠷᠢᠨ ᠳᠤ᠂ ᠰᠢᠨᠵᠢᠯᠡᠭᠡ ᠮᠡᠷᠬᠡᠵᠢᠯ ᠤᠨ ᠳᠦᠷᠤᠯ ᠵᠦᠢᠯ ᠢ ᠪᠠᠶᠢᠷᠢᠰᠢᠭᠤᠯᠵᠤ᠂ ᠮᠡᠷᠬᠡᠵᠢᠯ ᠤᠨ | ᠪᠤᠭᠤᠮᠳᠠ ᠰᠢᠪᠲᠤᠯᠤᠯᠲᠠ ᠶᠢ ᠦᠷᠨᠢᠬᠦᠯᠵᠤ᠂ ᠬᠦᠶᠲᠡᠨ ᠰᠡᠷᠢᠭᠦᠨ ᠢᠳᠡᠰᠢᠨ ᠨᠣᠭᠤᠭ᠎ᠠ᠂ ᠨᠣᠬᠠᠶ ᠶᠢᠨ ᠬᠤᠰᠢᠭᠤ ᠶᠢᠨ | ᠠᠺᠠᠳᠧᠮᠢᠴᠢ ᠲᠤᠰᠬᠠᠶ ᠮᠡᠷᠭᠡᠵᠢᠯᠲᠡᠨ ᠤ ᠠᠵᠢᠯ ᠤᠨ ᠥᠷᠲᠡᠭᠡ ᠪᠠ ᠤᠯᠤᠰ ᠤᠨ ᠡᠪᠡᠰᠤ ᠪᠡᠯᠴᠢᠬᠡᠷ ᠤᠨ | ᠲᠡᠷᠢᠭᠦᠨ ᠤ ᠰᠢᠨᠵᠢᠯᠡᠬᠦ ᠤᠬᠠᠭᠠᠨᠳᠠᠨ ᠤ ᠠᠵᠢᠯ ᠤᠨ ᠦᠷᠳᠡᠭᠡ ᠪᠠ ᠲᠥᠮᠥᠰᠥ ᠶᠢᠨ ᠦᠷ᠎ᠡ ᠶᠢᠨ ᠦᠶᠯᠡᠰ ᠤᠨ | ᠮᠡᠷᠭᠡᠵᠢᠯ ᠤᠨ ᠰᠢᠨ᠎ᠡ ᠶᠢ ᠡᠭᠦᠳᠬᠦ ᠲᠥᠪ ᠵᠡᠷᠭᠡ ᠲᠠᠪᠴᠠᠩ ᠤᠨ ᠰᠢᠨᠵᠢᠯᠡᠭᠡ ᠮᠡᠷᠭᠡᠵᠢᠯ ᠤᠨ ᠲᠤᠷᠰᠢᠯᠲᠠ ᠶᠢᠨ ᠵᠢᠱᠢᠶ᠎ᠡ | ᠦᠵᠡᠭᠦᠯᠬᠦ ᠢᠨᠵᠧᠨᠧᠷᠢᠩ ᠢ ᠳᠡᠮᠵᠢᠵᠦ᠂ ᠲᠥᠷᠥᠯ ᠵᠦᠶᠯ ᠳᠤ ᠲᠦᠰᠢᠭᠯᠡᠨ ᠳᠠᠪᠴᠠᠩ ᠢᠶᠠᠷ ᠦᠷ᠎ᠠ ᠪᠦᠳᠤᠮᠵᠢ ᠤᠯᠬᠤ | ᠳᠤ ᠳᠦᠰᠢᠭᠯᠡᠨ᠎ᠠ᠃ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠢᠶᠠᠷ ᠬᠤᠲᠠ ᠪᠠᠨ ᠬᠦᠴᠦᠷᠬᠡᠭᠵᠢᠭᠦᠯᠬᠦ ᠪᠠᠶᠢᠯᠳᠤᠬᠤ | ᠪᠣᠳᠣᠯᠭ᠎ᠠ ᠶᠢ ᠶᠡᠬᠡᠪᠡᠷ ᠬᠡᠷᠡᠭᠵᠢᠭᠦᠯᠵᠦ᠂ ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠮᠵᠢ ᠲᠣᠭᠲᠠᠴᠠ ᠶᠢᠨ | ᠥᠭᠡᠷᠡᠴᠢᠯᠡᠯᠲᠡ ᠶᠢ ᠬᠦᠨᠵᠡᠬᠡᠶᠢᠷᠡᠬᠦᠯᠵᠤ᠂ᠬᠠᠷᠢᠮᠠᠬᠠᠢ ᠴᠢᠨᠠᠷ ᠲᠠᠢ ᠪᠠᠷ ᠤᠯᠤᠰ ᠤᠨ ᠳᠣᠲᠣᠭᠠᠳᠤ ᠭᠠᠳᠠᠭᠠᠳᠤ ᠠᠴᠠ | ᠳᠡᠭᠡᠳᠦ ᠲᠡᠰ ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠳᠡᠯᠡᠬᠡᠢ ᠳ᠋ᠠᠬᠢᠨ ᠤ ᠡᠷᠳᠡᠮᠲᠡᠨ | ᠴᠢᠳᠠᠪᠤᠷᠢᠲᠠᠨ ᠢ ᠤᠷᠢᠵᠤ ᠴᠤᠭᠯᠠᠭᠤᠯᠤᠨ ᠬᠡᠷᠡᠭᠯᠡᠨ᠎ᠡ᠃ | ᠠᠵᠤ ᠦᠶᠯᠡᠰ ᠤᠨ ᠬᠦᠷᠢᠶᠡᠯᠡᠩ ᠲᠣᠭᠤᠷᠢᠭ ᠤᠨ ᠴᠢᠳᠠᠪᠬᠢ ᠶᠢ ᠳᠡᠬᠡᠭᠰᠢᠯᠡᠬᠦᠯᠤᠨ᠎ᠠ᠃ ᠬᠦᠷᠢᠶᠡᠯᠡᠩ | ᠲᠣᠭᠤᠷᠢᠭ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠳᠤᠳᠤᠷᠬᠠᠢ ᠪᠤᠯᠭᠠᠵᠤ᠂ ᠠᠵᠤ ᠦᠶᠯᠡᠰ ᠤᠨ | ᠪᠠᠶᠢᠷᠢᠯᠠᠭᠤᠯᠤᠯᠳᠠ ᠶᠢ ᠰᠢᠯᠢᠳᠡᠭᠵᠢᠬᠦᠯᠵᠤ᠂ ᠴᠠᠬᠠᠷ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ | ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠢ ᠡᠭᠦᠳᠦᠨ ᠪᠠᠶᠢᠭᠤᠯᠬᠤ ᠶᠢ ᠳᠠᠮᠵᠢᠨ᠎ᠠ᠃ | ᠬᠦᠢᠳᠡᠨᠰᠢᠯᠢ᠂ ᠪᠡᠬᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠤ ᠦᠶᠯᠡᠰ ᠤᠨ ᠨᠡᠭᠡᠭᠡᠯᠲᠡ ᠶᠢᠨ ᠲᠣᠭᠤᠷᠢᠭ | ᠢ ᠳᠡᠮᠵᠢᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠦᠢᠯᠡᠳᠬᠦᠨ ᠢ ᠡᠳ᠋ᠰᠢᠬᠦᠯᠤᠨ ᠪᠤᠯᠪᠠᠰᠤᠷᠠᠭᠤᠯᠬᠤ᠂ ᠲᠣᠨᠤᠭ | ᠲᠥᠬᠦᠭᠡᠷᠦᠮᠵᠢ ᠦᠶᠯᠡᠳᠬᠦ ᠵᠡᠷᠬᠡ ᠦᠪᠡᠷᠮᠢᠴᠠ ᠤᠨᠴᠠᠯᠢᠭ ᠲᠠᠢ ᠠᠵᠤ ᠦᠢᠯᠡᠰ ᠤᠨ ᠪᠦᠬᠡᠮᠨᠡᠷᠡᠯ ᠢ ᠪᠤᠢ ᠪᠤᠯᠭᠠᠵᠤ | ᠰᠢᠨ᠎ᠠ ᠮᠠᠲ᠋ᠧᠷᠢᠶᠠᠯ ᠤᠨ ᠠᠵᠤ ᠦᠢᠯᠡᠰ ᠢ ᠳᠡᠮᠵᠢᠨ᠎ᠠ᠃ ᠹᠧᠩ ᠴᠤᠸᠠᠨ ᠤᠷᠴᠢᠯᠳᠤ ᠠᠵᠤ ᠠᠬᠤᠶ ᠶᠢᠨ | ᠨᠡᠭᠡᠭᠡᠯᠲᠡ ᠶᠢᠨ ᠲᠣᠭᠤᠷᠢᠭ ᠤᠨ ᠳᠡᠭᠡᠳᠦ ᠲᠠᠰ ᠤᠨ ᠬᠢᠮᠢ ᠶᠢᠨ ᠠᠵᠤ ᠦᠶᠯᠡᠳᠪᠦᠷᠢ᠂ ᠰᠢᠨ᠎ᠡ ᠮᠠᠲ᠋ᠧᠷᠢᠶᠠᠯ ᠢ | ᠤᠯᠠᠷᠢᠯᠠᠭᠤᠯᠬᠤ ᠵᠢᠱᠢᠶ᠎ᠡ ᠦᠵᠡᠭᠦᠯᠬᠦ ᠲᠣᠭᠤᠷᠢᠭ ᠢ ᠴᠤᠭᠴᠠᠯᠠᠬᠤ᠂ ᠤᠯᠠᠭᠠᠨᠴᠠᠪ᠂ ᠡᠷᠢᠶᠡᠨ ᠬᠤᠲᠠ ᠶᠢᠨ ᠤᠯᠤᠰ ᠤᠨ | ᠪᠠᠷᠠᠭ᠎ᠠ ᠭᠦᠶᠯᠭᠡᠭᠡᠨ ᠤ ᠬᠦᠢᠰᠤ ᠬᠦᠷᠢᠶᠡᠯᠡᠩ ᠲᠣᠭᠤᠷᠢᠭ ᠢ ᠤᠯᠤᠰ ᠤᠨ ᠭᠠᠳᠠᠭᠠᠳᠤ ᠠᠴᠠ ᠣᠷᠣᠭᠤᠯᠬᠤ | ᠠᠷᠠᠯᠵᠢᠶ᠎ᠠ ᠶᠢ ᠠᠬᠢᠭᠤᠯᠬᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠲᠣᠭᠤᠷᠢᠭ ᠪᠤᠯᠭᠠᠨ ᠪᠠᠶᠢᠭᠤᠯᠬᠤ ᠶᠢ ᠳᠡᠮᠵᠢᠨ᠎ᠡ | ᠃ ᠬᠦᠷᠢᠶᠡᠯᠡᠩ ᠲᠣᠭᠤᠷᠢᠭ ᠤᠨ ᠪᠠᠶᠢᠭᠤᠯᠤᠮᠵᠢ ᠶᠢᠨ ᠲᠣᠭᠲᠠᠴᠠ ᠶᠢ ᠰᠢᠯᠤᠭᠤᠳᠬᠠᠵᠤ᠂ ᠴᠢᠬᠤᠯᠠ ᠡᠯᠧᠮᠧᠨ᠋ᠲ ᠤᠨ | ᠪᠠᠲᠤᠯᠠᠭ᠎ᠠ ᠶᠢ ᠴᠢᠩᠭᠠᠳᠬᠠᠵᠤ᠂ ᠬᠦᠷᠢᠶᠡᠯᠡᠩ ᠲᠣᠭᠤᠷᠢᠭ ᠤᠨᠶᠠᠪᠤᠳᠠᠯ ᠢ ᠬᠦᠷᠢᠶᠡᠯᠡᠩ ᠲᠣᠭᠤᠷᠢᠭ ᠲᠤ | ᠰᠢᠳᠪᠤᠷᠢᠯᠡᠬᠦ ᠶᠢ ᠪᠡᠶᠡᠯᠡᠬᠦᠯᠤᠨ᠎ᠠ᠃ ᠨᠡᠬᠡᠬᠡᠯᠳᠡ ᠶᠢᠨ ᠲᠣᠭᠤᠷᠢᠭ ᠤᠨ ᠬᠠᠮᠳᠤᠷᠠᠯ ᠬᠤᠯᠪᠤᠭᠠᠯᠠᠯ ᠢ ᠠᠬᠢᠭᠤᠯᠵᠤ᠂ | ᠬᠤᠲᠠ ᠶᠢᠨ ᠬᠡᠪᠴᠢᠶᠡᠨ ᠤ ︽ ᠭᠠᠵᠠᠷ ᠤᠷᠤᠨ ᠤ ᠬᠢᠵᠠᠭᠠᠷᠯᠠᠯ ᠢ ᠡᠪᠳᠡᠭᠰᠡᠨ ᠠᠵᠤ ᠠᠬᠤᠢ︾ ᠶᠢ ᠶᠡᠬᠡᠪᠡᠷ | ᠬᠥᠭᠵᠢᠭᠦᠯᠵᠦ᠂ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠬᠦᠷᠢᠶᠡᠯᠡᠩ | ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠳᠠᠭᠠᠭᠠᠴᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠠᠵᠤ | ᠦᠶᠯᠡᠳᠪᠦᠷᠢ ᠶᠢᠨ ᠲᠥᠷᠥᠯ ᠵᠦᠶᠯ ᠤᠨ ︽ᠪᠠᠷᠢᠮᠵᠢᠶᠠᠲᠤ ᠭᠠᠵᠠᠷ︾ ᠤᠨ ᠬᠠᠩᠭᠠᠯᠭ᠎ᠠ ᠶᠢ ᠠᠬᠢᠭᠤᠯᠵᠤ᠂ ᠲᠦᠷᠦᠯ | ᠵᠦᠢᠯ ᠤᠨ ᠥᠨᠳᠥᠷ ᠪᠦᠲᠦᠮᠵᠢᠲᠡᠢ ᠪᠠᠷ ᠰᠠᠭᠤᠷᠢᠰᠢᠬᠤ ᠶᠢ ᠠᠬᠢᠭᠤᠯᠤᠨ᠎ᠠ᠃ | ᠬᠤᠳᠠᠯᠳᠤᠭ᠎ᠠ ᠡᠵᠡᠩᠨᠡᠯᠳᠡ ᠶᠢᠨ ᠣᠷᠴᠢᠨ ᠨᠥᠬᠦᠴᠡᠯ ᠢ ᠳᠠᠰᠤᠷᠠᠯᠳᠠ ᠦᠬᠡᠢ ᠰᠢᠯᠢᠳᠡᠭᠵᠢᠭᠦᠯᠦᠨ᠎ᠡ᠃ ᠠᠵᠤ | ᠠᠬᠤᠶᠢᠯᠠᠯ ᠤᠨ ᠪᠦᠬᠡᠮᠨᠡᠷᠡᠯ ᠤᠨ ᠬᠡᠷᠡᠭᠴᠡᠭᠡ ᠠᠵᠤ ᠠᠬᠤᠶᠢᠯᠠᠯ ᠤᠨ ᠠᠮᠢ ᠨᠠᠰᠤᠨ ᠤ ᠤᠷᠴᠢᠯ ᠦᠢᠯᠡᠴᠢᠯᠡᠭᠡ ᠶᠢ | ᠳᠦᠪᠯᠡᠷᠡᠬᠦᠯᠵᠤ᠂ ᠰᠠᠨᠠᠭ᠎ᠠ ᠠᠮᠤᠷ ᠠᠵᠤ ᠦᠢᠯᠡᠰ ᠡᠷᠬᠢᠯᠡᠬᠦ ᠶᠢ ᠳᠡᠮᠵᠢᠨ᠎ᠠ᠃ ᠬᠤᠲᠠ ᠶᠢᠨ ᠲᠣᠰ ᠱᠠᠲᠤ᠂ | ᠹᠧᠩᠵᠧᠨ ᠬᠤᠲᠠ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠪᠣᠯᠤᠨ ᠯᠢᠶᠠᠩᠴᠧᠩ ᠰᠢᠶᠠᠨ ᠤ ︽ᠨᠢᠭᠡ | ᠲᠠᠮᠠᠭ᠎ᠠ ᠪᠠᠷ ᠬᠢᠨᠠᠨ ᠵᠦᠪᠰᠢᠶᠡᠷᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠳᠤ | ᠬᠦᠢᠴᠡᠳᠬᠡᠬᠦ ᠴᠠᠭ ᠢ 0.5 ᠠᠵᠢᠯᠯᠠᠬᠤ ᠡᠳᠦᠷ ᠪᠤᠯᠭᠠᠨ ᠪᠤᠭᠤᠨᠢᠰᠬᠠᠵᠤ᠂ ᠢᠨᠵᠧᠨᠧᠷᠢᠩ ᠤᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠶᠯ ᠢ ᠬᠢᠨᠠᠨ ᠵᠦᠪᠰᠢᠶᠡᠷᠡᠬᠦ ᠶᠢ 40 ᠠᠵᠢᠯᠯᠠᠬᠤ ᠡᠳᠦᠷ ᠪᠣᠯᠭᠠᠨ ᠪᠤᠭᠤᠨᠢᠰᠬᠠᠬᠤ ᠶᠢ | ᠠᠬᠢᠭᠤᠯᠤᠨ᠎ᠠ᠃ ᠬᠤᠶᠠᠷ ᠢ ᠰᠢᠯᠢᠳᠡᠭᠵᠢᠬᠦᠯᠬᠦ ᠳᠤᠰᠬᠠᠢ ᠠᠵᠢᠯᠯᠠᠭ᠎ᠠ ᠶᠢ ᠦᠷᠨᠢᠬᠦᠯᠵᠤ᠂ ᠵᠠᠰᠠᠭ ᠤᠨ ᠶᠠᠪᠤᠳᠠᠯ ᠤᠨ | ᠦᠶᠯᠡᠴᠢᠯᠡᠭᠡ ᠶᠢ ᠦᠨᠳᠦᠰᠦᠨ ᠱᠠᠲᠤ ᠳᠠᠰᠢ ᠤᠷᠲᠤᠳᠬᠠᠬᠤ ᠲᠤᠷᠰᠢᠯᠲᠠ ᠶᠢᠨ ᠠᠵᠢᠯ ᠢ ᠴᠢᠨᠠᠷ ᠰᠠᠶᠢᠲᠠᠶ | ᠪᠡᠶᠡᠯᠡᠭᠦᠯᠵᠦ᠂ ︽15 ᠮᠢᠨᠦ᠋ᠲ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠳᠤᠭᠤᠷᠢᠭ︾ ᠶᠢ ᠲᠦᠷᠭᠡᠳᠬᠡᠨ | ᠪᠠᠶᠢᠭᠤᠯᠵᠤ᠂ ᠨᠠᠩ ᠣᠯᠠᠨ ᠥᠨᠳᠥᠷ ᠳᠠᠪᠲᠠᠮᠵᠢᠲᠤ ᠦᠶᠯᠡᠴᠢᠯᠡᠭᠡᠨ ᠤ ᠵᠦᠶᠯᠡᠰ ᠢ ᠬᠤᠲᠠ ᠶᠢᠨ ᠬᠡᠪᠴᠢᠶᠡᠨ ᠳᠤ | ᠨᠡᠶᠢᠳᠡᠮ ᠭᠦᠶᠴᠡᠳᠬᠡᠬᠦ ᠶᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠶᠠᠪᠤᠳᠠᠯ ᠤᠴᠢᠷ ᠢ | ᠰᠦᠯᠵᠢᠶᠠᠨ ᠳᠡᠬᠡᠷ᠎ᠡ ᠬᠦᠴᠡᠳᠬᠡᠬᠦ ᠶᠢ 98 % ᠠᠴᠠ ᠳᠡᠭᠡᠭᠰᠢ ᠳᠤ ᠬᠦᠷᠬᠡᠵᠤ᠂ ︽ᠬᠠᠮᠤᠭ ᠤᠯᠠᠨ ᠳᠠᠭᠠᠨ ᠨᠢᠬᠡ | ᠤᠳᠠᠭ᠎ᠠ ᠤᠴᠢᠵᠤ ︾ ᠶᠠᠪᠤᠳᠠᠯ ᠬᠦᠢᠴᠡᠳᠬᠡᠬᠦ ᠨᠤᠷᠮ᠎ᠠ ᠶᠢ 99 % ᠠᠴᠠ ᠳᠡᠭᠡᠭᠰᠢ ᠳᠤ ᠬᠦᠷᠬᠡᠨ᠎ᠠ᠃ | 12345 ᠬᠠᠯᠠᠮᠰᠢᠯ ᠤᠲᠠᠰᠤᠨ ᠤ ᠤᠶᠤᠨᠴᠢᠯᠠᠯᠲᠠ ᠪᠠ ᠮᠡᠳᠡᠭᠡ ᠵᠠᠩᠭᠢᠵᠢᠯᠲᠠ ᠶᠢᠨ ᠥᠭᠡᠷᠡᠴᠢᠯᠡᠯᠲᠡ ᠶᠢ | ᠠᠬᠢᠭᠤᠯᠵᠤ᠂ ︽ᠬᠦᠯᠢᠶᠡᠮᠡᠭᠴᠠ ᠳᠠᠷᠤᠶᠢᠬᠠᠨ ᠰᠢᠢᠳᠪᠤᠷᠢᠯᠡᠬᠦ ᠰᠠᠷ᠎ᠠ ᠪᠦᠷᠢ ᠶᠢᠨ ᠨᠢᠬᠡ ᠰᠡᠳᠤᠪ︾ ᠤᠨ ᠳᠤᠭᠳᠠᠴᠠ | ᠶᠢ ᠪᠠᠶᠢᠭᠤᠯᠵᠤ᠂ ᠠᠷᠠᠳ ᠳᠦᠮᠡᠨ ᠤ ᠳᠤᠰᠬᠠᠯ ᠢᠶᠠᠷ ᠴᠢᠩᠭ᠎ᠠ ᠠᠰᠠᠭᠤᠳᠠᠯ ᠢ ᠳᠦᠪᠯᠡᠷᠡᠩᠬᠦᠢ ᠰᠢᠢᠳᠪᠤᠷᠢᠯᠡᠵᠤ᠂ | ︽ᠠᠩᠬ᠎ᠠ ᠵᠥᠷᠢᠴᠡᠭᠰᠡᠨ ᠢ ᠥᠯᠥ ᠳᠤᠷᠭᠠᠬᠤ︾ ᠨᠠᠷᠢᠨ ᠳᠠᠩᠰᠠ ᠶᠢ ᠰᠦᠪᠡᠭᠴᠢᠯᠡᠨ ᠪᠠᠶᠢᠭᠤᠯᠵᠤ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠨᠡᠩ ᠡᠷᠴᠢᠮᠯᠢᠭ᠂ ᠨᠡᠩ ᠡᠶᠡᠯᠰᠡᠭ ᠳᠤᠳᠤᠨᠤ ᠪᠤᠯᠭᠠᠨ᠎ᠠ᠃ | ︵ᠲᠥᠷᠪᠡ︶ ᠣᠷᠣᠨ ᠪᠦᠰᠡ ᠶᠢᠨ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠵᠤ᠂ ᠬᠦᠭᠵᠢᠯᠳᠡ ᠶᠢᠨ | ᠤᠷᠤᠨ ᠵᠠᠢ ᠶᠢ ᠪᠥᠬᠦ ᠬᠦᠴᠦᠨ ᠢᠶᠠᠷ ᠢᠶᠠᠨ ᠥᠷᠭᠡᠳᠬᠡᠨ᠎ᠡ | ᠦᠨᠳᠤᠷ ᠳᠦᠪᠰᠢᠨ ᠪᠦᠬᠦᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠦᠷᠨᠢᠬᠦᠯᠤᠨ᠎ᠠ᠃ ︽ | ᠭᠤᠤᠯ ᠬᠠᠷᠢᠭᠤᠴᠠᠯᠭᠠᠳᠠᠨ︾ ᠬᠤᠳᠠᠯᠳᠤᠭᠠᠴᠢᠨ ᠤᠷᠢᠬᠤ ᠶᠢ ᠠᠳᠬᠤᠬᠤ᠂ ᠠᠵᠤ ᠦᠶᠯᠡᠰ ᠤᠨ ᠬᠡᠯᠬᠢᠶ᠎ᠡ ᠶᠢᠨ | ᠲᠣᠭᠤᠷᠢᠨ ᠳᠤ ᠰᠢᠨ᠎ᠠ ᠶᠢ ᠡᠬᠦᠳᠬᠦ ᠬᠡᠯᠬᠢᠶ᠎ᠠ ᠶᠢ ᠡᠬᠦᠳᠤᠨ ᠬᠤᠳᠠᠯᠳᠤᠭᠠᠴᠢᠨ ᠤᠷᠢᠬᠤ ᠶᠢ ᠪᠠᠷᠢᠮᠳᠠᠯᠠᠵᠤ᠂ | ᠬᠤᠳᠠᠯᠳᠤᠭᠠᠴᠢᠨ ᠤᠷᠢᠬᠤ ᠲᠤᠰᠬᠠᠶ ᠪᠠᠭ ᠪᠠ ᠰᠠᠯᠪᠤᠷᠢ ᠪᠠᠭ ᠶᠢᠨ ᠦᠶᠯᠡᠳᠦᠯ ᠢ ᠭᠦᠶᠴᠡᠳ ᠪᠠᠳᠠᠷᠠᠭᠤᠯᠤᠨ᠂ | ᠬᠤᠰᠢᠭᠤ ᠰᠢᠶᠠᠨ ᠬᠦᠷᠢᠶᠠᠯᠡᠩ ᠳᠤᠭᠤᠷᠢᠭ ᠤᠨ ᠬᠤᠤᠰ ᠴᠢᠭᠯᠡᠯ ᠢᠶᠠᠷ ᠦᠨᠡᠯᠡᠬᠦ ᠪᠠᠶᠢᠭᠤᠯᠤᠮᠵᠢ ᠶᠢ ᠬᠡᠷᠡᠭᠵᠢᠬᠦᠯᠵᠤ᠂ | ᠪᠥᠬᠦ ᠠᠵᠢᠯᠲᠠᠨ ᠪᠦᠬᠦᠨ ᠢᠶᠠᠷ ᠢᠶᠠᠨ ᠬᠤᠳᠠᠯᠳᠤᠭᠠᠴᠢᠨ ᠤᠷᠢᠬᠤ᠂ ᠪᠥᠬᠦ ᠲᠠᠯ᠎ᠠ ᠪᠠᠷ ᠬᠤᠳᠠᠯᠳᠤᠭᠠᠴᠢᠨ ᠤᠷᠢᠬᠤ᠂ | ᠪᠥᠬᠦ ᠬᠦᠴᠦᠨ ᠢᠶᠠᠷ ᠢᠶᠠᠨ ᠬᠤᠳᠠᠯᠳᠤᠭᠠᠴᠢᠨ ᠤᠷᠢᠬᠤ ᠠᠭᠤᠷ ᠠᠮᠢᠰᠬᠤᠯ ᠢ ᠪᠣᠶ ᠪᠣᠯᠭᠠᠬᠤ ᠶᠢ ᠠᠬᠢᠭᠤᠯᠤᠨ᠎ᠠ᠃ | ᠪᠡᠬᠡᠵᠢᠩ ᠳᠢᠶᠠᠨᠵᠢᠨ ᠡᠾᠧᠪᠸᠢ ᠂ ᠬᠦᠬᠡᠮᠦ᠋ᠷᠡᠨ ᠤ ᠭᠤᠷᠪᠠᠯᠵᠢᠨ ᠬᠤᠶᠢᠭ᠂ ᠤᠤᠮᠧᠨ ᠰᠢᠶᠠᠩᠭᠠᠩ ᠭᠤᠸ᠋ᠩᠳᠦ᠋ᠩ | ᠵᠡᠷᠬᠡ ᠭᠤᠣᠯᠳᠠᠯᠭ᠎ᠠ ᠲᠠᠢ ᠬᠤᠳᠠᠯᠳᠤᠭᠠᠴᠢᠨ ᠤᠷᠢᠬᠤ ᠤᠷᠤᠨ ᠪᠦᠰᠠ ᠳᠤ ᠠᠩᠬᠠᠷᠤᠯ ᠢᠶᠠᠨ ᠳᠦᠪᠯᠡᠷᠡᠬᠦᠯᠵᠤ᠂ | ᠭᠤᠤᠯᠳᠠᠯᠭ᠎ᠠ ᠲᠠᠢ ᠲᠥᠪ ᠠᠵᠤ ᠠᠬᠤᠶᠢᠯᠠᠯ᠂ ᠪᠣᠳᠠᠲᠤ ᠬᠦᠴᠦᠨ ᠲᠠᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ | ᠪᠠ ᠳᠤᠯᠤᠭᠠᠶᠢᠯᠠᠭᠴᠢ ᠠᠵᠤ ᠠᠬᠤᠶᠢᠯᠠᠯ ᠲᠠᠢ ᠵᠣᠯᠭᠠᠭᠤᠯᠬᠤ ᠡᠷᠴᠢᠮ ᠢᠶᠠᠨ ᠴᠢᠩᠭᠠᠷᠠᠭᠤᠯᠵᠤ᠂ ᠪᠦᠬᠦ ᠵᠢᠯ ᠳᠤ | 800 ᠠᠴᠠ ᠳᠡᠭᠡᠭᠰᠢ ᠵᠦᠢᠯᠡᠰ ᠲᠤ ᠭᠠᠷ ᠤᠨ ᠦᠰᠦᠭ ᠵᠢᠷᠤᠵᠤ ᠨᠠᠶᠢᠳᠠᠪᠤᠷᠢᠵᠢᠭᠤᠯᠤᠨ᠂ 900 ᠠᠴᠠ ᠳᠡᠭᠡᠭᠰᠢ | ᠵᠦᠢᠯᠡᠰ ᠢ ᠨᠦᠬᠡᠴᠡᠯᠡᠵᠤ᠂ ᠪᠤᠳᠠᠳᠤ ᠪᠡᠯᠡ ᠤᠷᠤᠭᠤᠯᠤᠯᠳᠠ ᠶᠢᠨ ᠮᠦᠩᠬᠦ ᠶᠢ 15% ᠪᠠᠷ ᠨᠡᠮᠡᠭᠳᠡᠬᠦᠯᠤᠨ᠎ᠠ᠃ | ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ ᠠᠬᠢᠭᠤᠯᠤᠨ᠎ᠠ᠃ ᠬᠥᠬᠡᠬᠤᠲᠠ ᠪᠤᠭᠤᠲᠤ | ᠤᠷᠳᠤᠰ ᠤᠯᠠᠭᠠᠨᠴᠠᠪ ᠤᠨ ᠨᠢᠭᠡ ᠴᠤᠭᠴᠠᠵᠢᠭᠰᠠᠨ ᠬᠥᠭᠵᠢᠯᠲᠡ ᠶᠢ ᠭᠦᠨᠵᠡᠭᠡᠶᠢᠷᠡᠭᠦᠯᠵᠦ᠂ ᠤᠶᠤᠨᠲᠤ ᠬᠤᠳᠠ ᠶᠢᠨ | ᠳᠠᠪᠴᠠᠩ ᠤᠨ ᠨᠡᠪᠳᠡᠷᠡᠯᠴᠡᠭᠡ᠂ ᠳᠤᠭ᠎ᠠ ᠪᠠᠷᠢᠮᠳᠠ ᠶᠢ ᠬᠠᠮᠳᠤ ᠪᠠᠷ ᠡᠳ᠋ᠯᠡᠬᠦ᠂ ᠲᠤᠬᠠᠶᠢᠯᠠᠭᠰᠠᠨ ᠠᠵᠢᠯ ᠤᠨ ᠲᠠᠯ᠎ᠠ ᠪᠠᠷ | ᠬᠢ ᠬᠠᠮᠳᠤᠷᠠᠯᠴᠠᠭ᠎ᠠ ᠶᠢ ᠠᠬᠢᠭᠤᠯᠵᠤ᠂ ᠭᠤᠤᠯᠳᠠᠭ᠎ᠠ ᠲᠠᠢ ᠡᠮᠴᠢᠯᠡᠬᠡᠨ ᠤ ᠤᠬᠠᠭᠠᠨ ᠤ ᠰᠤᠳᠤᠯᠭᠠᠨ ᠵᠢᠴᠢ | ᠳᠦᠷᠢᠮᠵᠢᠭᠰᠡᠨ ᠪᠣᠯᠪᠠᠰᠤᠷᠠᠭᠤᠯᠬᠤ ᠰᠠᠭᠤᠷᠢᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠎ᠡ᠃ ︽ᠥᠪᠥᠷ | ᠮᠣᠩᠭᠤᠯ ᠰᠠᠨ ᠰᠢ᠂ ᠡᠾᠧᠪᠸᠢ ︵ᠤᠯᠠᠭᠠᠨᠴᠠᠪ᠂ ᠳ᠋ᠠᠲ᠋ᠦ᠋ᠩ᠂ ᠴᠢᠭᠤᠯᠤᠯᠳᠤ ᠬᠠᠭᠠᠯᠭ᠎ᠠ︶ ᠶᠢᠨ ᠣᠷᠳᠣ ᠴᠠᠭᠠᠨ | ᠬᠡᠷᠡᠮ ᠤᠨ ᠠᠯᠲᠠᠨ ᠭᠤᠷᠪᠠᠯᠵᠢᠨ ᠬᠤᠶᠢᠭ ᠤᠨ ᠬᠠᠮᠲᠤᠷᠠᠯᠴᠠᠭᠠᠨ ᠤ ᠳᠤᠭᠤᠷᠢᠭ ᠤᠨ ᠳᠤᠮᠳᠠ ᠣᠷᠳᠣ | ᠬᠤᠭᠤᠴᠠᠭᠠᠨ ᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠲᠥᠯᠥᠪᠵᠢᠭᠦᠯᠭᠡ︾ ᠶᠢ ᠨᠠᠶᠢᠷᠠᠭᠤᠯᠤᠨ | ᠵᠣᠬᠢᠶᠠᠬᠤ ᠶᠢ ᠪᠡᠶᠡᠯᠡᠭᠦᠯᠵᠦ᠂ ᠶᠠᠨᠱᠠᠨ ᠠᠭᠤᠯᠠ᠂ ᠲᠠᠶᠢᠬᠠᠩᠱᠠᠨ ᠠᠭᠤᠯᠠ ᠨᠢᠷᠤᠭᠤ ᠶᠢᠨ ᠠᠮᠢ ᠠᠬᠤᠶ ᠶᠢᠨ | ᠬᠠᠮᠠᠭᠠᠯᠠᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠪᠠ ᠤᠮᠠᠷᠠᠲᠤ ᠶᠢᠨ ᠡᠯᠡᠰᠦ ᠶᠢ ᠰᠡᠷᠭᠡᠶᠢᠯᠡᠬᠦ ᠠᠮᠢ | ᠠᠬᠤᠶ ᠶᠢᠨ ᠬᠠᠮᠠᠭᠠᠯᠠᠯᠲᠠ ᠪᠠ ᠰᠡᠷᠭᠦᠭᠡᠯᠲᠡ ᠶᠢ ᠲᠦᠷᠭᠡᠳᠬᠡᠨ᠂ ᠠᠮᠢ ᠠᠬᠤᠶ ᠶᠢᠨ ᠬᠠᠮᠠᠭᠠᠯᠠᠯᠲᠠ ᠶᠢᠨ | ᠬᠠᠮᠲᠤᠷᠠᠯᠴᠠᠭᠠᠨ ᠤ ᠦᠯᠢᠬᠡᠷ ᠳᠠᠭᠤᠷᠢᠶᠠᠯ ᠢ ᠪᠣᠶ ᠪᠣᠯᠭᠠᠨ᠎ᠠ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ᠨᠡᠶᠢᠰᠯᠡᠯ ᠤᠨ ᠪᠤᠰᠤ ᠴᠢᠳᠠᠮᠵᠢ ᠶᠢ ᠳᠡᠯᠬᠡᠷᠡᠬᠦᠯᠬᠦ ᠪᠠ ᠠᠵᠤ ᠦᠶᠯᠡᠰ ᠤᠨ | ᠡᠵᠡᠩᠨᠡᠯᠳᠡ ᠶᠢᠨ ᠡᠷᠬᠡ ᠶᠢ ᠰᠢᠯᠵᠢᠬᠦᠯᠬᠦ ᠶᠢ ᠢᠳᠡᠪᠬᠢᠲᠡᠶ ᠪᠠᠷ ᠳᠠᠭᠠᠭᠠᠴᠢᠯᠠᠵᠤ᠂ ᠪᠡᠭᠡᠵᠢᠩ ᠥᠪᠥᠷ ᠮᠣᠩᠭᠤᠯ ᠤᠨ | ᠬᠠᠮᠳᠤᠷᠠᠯᠴᠠᠭᠠᠨ ᠤ ᠴᠢᠳᠠᠪᠤᠷᠢᠲᠠᠨ ᠤ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠯᠡᠩ ᠢ ᠬᠠᠮᠲᠤᠪᠠᠷ | ᠪᠠᠶᠢᠭᠤᠯᠬᠤ ᠶᠢ ᠠᠬᠢᠭᠤᠯᠤᠨ᠎ᠠ᠃ | ᠭᠠᠳᠠᠭᠠᠳᠤ ᠯᠤᠭ᠎ᠠ ᠶᠢᠨ ᠴᠢᠯᠤᠬᠡᠳᠤ ᠶᠠᠪᠤᠯᠴᠠᠭ᠎ᠠ ᠶᠢ ᠪᠥᠬᠦ ᠬᠦᠴᠦᠨ ᠢᠶᠠᠷ ᠢᠶᠠᠨ ᠦᠷᠬᠡᠳᠬᠡᠨ᠎ᠠ᠃ ᠦᠪᠤᠷ | ᠮᠣᠩᠭᠤᠯ ᠤᠨ ᠳᠤᠯᠤᠳᠤᠭᠠᠷ ᠰᠤᠮᠤ ᠣᠯᠠᠨ ᠤᠯᠤᠰ ᠤᠨ ᠪᠠᠷᠠᠭ᠎ᠠ ᠭᠦᠶᠯᠭᠡᠭᠡᠨ ᠤ ᠬᠦᠢᠰᠤ ᠠᠵᠤ ᠦᠶᠯᠡᠰ ᠤᠨ | ᠬᠦᠷᠢᠶᠡᠯᠡᠩ ᠤᠨ ᠭᠠᠳᠠᠭᠠᠳᠤ ᠠᠴᠠ ᠣᠷᠣᠭᠤᠯᠬᠤ ᠠᠷᠠᠯᠵᠢᠶ᠎ᠠ ᠶᠢ ᠠᠬᠢᠭᠤᠯᠬᠤ ᠰᠢᠨ᠎ᠡ ᠶᠢ ᠡᠭᠦᠳᠬᠦ ᠵᠢᠱᠢᠶ᠎ᠡ | ᠦᠵᠡᠬᠦᠯᠬᠦ ᠳᠤᠭᠤᠷᠢᠭ ᠢ ᠦᠨᠳᠤᠷ ᠳᠦᠪᠰᠢᠨ ᠢᠶᠠᠷ ᠪᠦᠳᠦᠬᠡᠨ ᠪᠠᠶᠢᠭᠤᠯᠬᠤ ᠶᠢ ᠳᠡᠮᠵᠢᠨ᠎ᠠ᠃ ᠳᠤᠮᠳᠠᠳᠤ | ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢ 180 ᠴᠤᠪᠤᠭ᠎ᠠ ᠨᠡᠪᠲᠡᠷᠡᠭᠦᠯᠬᠦ ᠪᠠᠷ ᠴᠢᠷᠮᠠᠶᠢᠨ᠎ᠠ᠃ ᠬᠦᠴᠤᠨ | ᠢᠶᠠᠨ ᠳᠦᠪᠯᠡᠷᠡᠬᠦᠯᠤᠨ ᠤᠯᠠᠭᠠᠨᠴᠠᠪ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢ ᠳᠦᠪᠯᠡᠷᠡᠬᠦᠯᠵᠤ | ᠳᠠᠷᠬᠠᠭᠠᠬᠤ ᠳᠦᠪ ᠢ ᠪᠠᠶᠢᠭᠤᠯᠵᠤ᠂ ᠭᠠᠳᠠᠭᠠᠳᠤ ᠠᠴᠠ ᠣᠷᠣᠭᠤᠯᠬᠤ ᠲᠡᠮᠦᠷ ᠤᠨ ᠬᠦᠳᠡᠷ ᠤᠨ ᠠᠷᠠᠯᠵᠢᠶ᠎ᠠ ᠶᠢᠨ | ᠲᠣᠭᠠᠴᠢᠯᠠᠯᠲᠠ᠂ ᠳᠤᠯᠤᠳᠤᠭᠠᠷ ᠰᠤᠮᠤ ᠶᠢᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ᠂ ᠭᠠᠳᠠᠭᠠᠳᠤ ᠳᠠᠬᠢ | ᠬᠥᠮᠥᠷᠭᠡ ᠪᠠ ᠭᠠᠳᠠᠭᠠᠳᠤ ᠳᠠᠬᠢ ᠬᠦᠷᠢᠶᠡᠯᠡᠩ ᠲᠣᠭᠤᠷᠢᠭ ᠵᠡᠷᠭᠡ ᠲᠠᠪᠴᠠᠩ ᠤᠨ ᠪᠥᠲᠥᠭᠡᠨ ᠪᠠᠶᠢᠭᠤᠯᠤᠯᠲᠠ ᠶᠢ | ᠠᠬᠢᠭᠤᠯᠵᠤ᠂ ᠮᠦᠰᠦᠯᠡᠭᠰᠡᠨ ᠰᠣᠷᠭᠤᠭ ᠮᠢᠬᠠᠨ ᠤ ᠲᠥᠷᠥᠯ ᠤᠨ ᠪᠣᠭᠤᠮᠲᠠ ᠶᠢᠨ ᠳᠤᠰᠬᠠᠢ ᠲᠣᠭᠲᠠᠭᠠᠭᠰᠠᠨ ᠬᠢᠨᠠᠨ | ᠬᠠᠮᠢᠶᠠᠷᠬᠤ ᠲᠠᠯᠠᠪᠤᠷ ᠢ ᠡᠬᠢᠯᠡᠨ ᠪᠠᠶᠢᠭᠤᠯᠵᠤ᠂ ᠮᠣᠳᠣᠨ ᠮᠠᠲ᠋ᠧᠷᠢᠶᠠᠯ᠂ ᠠᠮᠤ ᠪᠤᠳᠠᠭᠠᠨ ᠤ ᠪᠣᠭᠤᠮᠲᠠ ᠶᠢᠨ ᠳᠤᠰᠬᠠᠢ | ᠲᠣᠭᠲᠠᠭᠠᠭᠰᠠᠨ ᠬᠢᠨᠠᠨ ᠬᠠᠮᠢᠶᠠᠷᠬᠤ ᠲᠠᠯᠠᠪᠤᠷ ᠶᠢ ᠪᠡᠯᠡ ᠤᠷᠤᠭᠤᠯᠵᠤ ᠪᠠᠶᠢᠭᠤᠯᠤᠨ᠎ᠠ᠃ ᠵᠢᠨᠢᠩ ᠳ᠋ᠠᠲ᠋ᠦ᠋ᠩ | ᠶᠤᠸᠠᠨᠫᠢᠩ ᠬᠤᠷᠳᠤᠨ ᠤ ᠳᠡᠮᠤᠷ ᠵᠠᠮ ᠤᠨ ᠪᠠᠶᠢᠭᠤᠯᠤᠯᠳᠠ᠂ ᠵᠢᠨᠢᠩ ᠠᠴᠠ ᠲᠦᠩᠯᠢᠶᠤᠤ ᠬᠦᠷᠬᠦ ᠲᠡᠮᠦᠷ ᠵᠠᠮ ᠤᠨ | ᠴᠠᠬᠢᠯᠭᠠᠨᠴᠢᠯᠠᠬᠤ ᠥᠭᠡᠷᠡᠴᠢᠯᠡᠯᠲᠡ᠂ ᠵᠢᠨᠢᠩ ᠨᠢᠰᠬᠡᠯ ᠤᠨ ᠪᠠᠭᠤᠳᠠᠯ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ | ᠵᠡᠷᠭᠡ ᠢᠨᠵᠧᠨᠧᠷᠢᠩ ᠢ ᠳᠦᠷᠬᠡᠳᠬᠡᠨ ᠠᠬᠢᠭᠤᠯᠤᠨ᠎ᠠ᠃ ᠵᠢᠨᠢᠩ ᠠᠴᠠ ᠲᠦᠩᠯᠶᠤᠤ ᠬᠦᠷᠬᠦ᠂ ᠲᠦᠩᠯᠢᠶᠤᠤ ᠠᠴᠠ | ᠴᠠᠩᠴᠦ᠋ᠨ ᠬᠦᠷᠬᠦ ᠬᠤᠷᠳᠤᠨ ᠤ ᠳᠡᠮᠤᠷ ᠵᠠᠮ ᠤᠨ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠰᠠᠶᠢᠳᠤᠷ ᠬᠢᠵᠤ᠂ | ᠳᠡᠮᠤᠷ ᠵᠠᠮ᠂ ᠠᠭᠠᠷ ᠠᠶᠠᠯᠠᠯ ᠤᠨ ᠬᠢᠯᠢ ᠪᠤᠭᠤᠮᠳᠠ ᠶᠢᠨ ᠭᠤᠶᠤᠴᠢᠯᠠᠨ ᠮᠡᠳᠡᠬᠦᠯᠵᠤ ᠪᠠᠶᠢᠭᠤᠯᠬᠤ ᠠᠵᠢᠯ ᠢ ᠪᠤᠳᠠᠳᠤ | ᠠᠬᠢᠯᠳᠠ ᠲᠠᠢ ᠪᠤᠯᠭᠠᠨ᠎ᠠ᠃ ᠭᠠᠳᠠᠭᠠᠳᠤ ᠠᠷᠠᠯᠵᠢᠶᠠᠨ ᠤ ᠡᠵᠡᠩᠨᠡᠯᠲᠡ ᠶᠢᠨ ᠪᠡᠶᠡᠴᠢ ᠴᠣᠭᠴᠠ ᠶᠢ ᠪᠤᠵᠠᠭᠠᠶᠢᠷᠠᠭᠤᠯᠵᠤ᠂ | ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠠᠷᠠᠯᠵᠢᠶᠠᠨ ᠤ ᠬᠡᠪᠴᠢᠶ᠎ᠡ ᠶᠢ ᠦᠷᠬᠡᠳᠬᠡᠵᠤ᠂ | ᠭᠠᠳᠠᠭᠠᠳᠤ ᠠᠴᠠ ᠤᠷᠤᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠢ ᠨᠤᠷᠮ᠎ᠠ ᠶᠢ 15 % ᠪᠠᠷ ᠨᠡᠮᠡᠭᠳᠡᠬᠦᠯᠤᠨ᠎ᠠ᠃ | ᠡᠷᠢᠶᠠᠨᠤ ᠬᠢᠯᠢ ᠶᠢᠨ ᠠᠷᠠᠳ ᠤᠨ ᠬᠠᠷᠢᠯᠴᠠᠨ ᠠᠷᠠᠯᠵᠢᠶᠠᠯᠠᠬᠤ ᠰᠠᠭᠤᠷᠢᠰᠢᠭᠤᠯᠬᠤ ᠶᠢ ᠢᠳᠡᠪᠬᠢᠳᠡᠢ ᠵᠤᠯᠭᠠᠭᠤᠯᠵᠤ᠂ | ᠤᠯᠤᠰ ᠤᠨ ᠭᠠᠳᠠᠭᠠᠳᠤ ᠠᠷᠠᠯᠵᠢᠶᠠᠨ ᠤ ᠡᠳ᠋ᠰᠢᠬᠦᠯᠵᠤ ᠪᠤᠯᠪᠠᠰᠤᠠᠭᠤᠯᠬᠤ ᠠᠷᠠᠯᠵᠢᠶᠠᠨ ᠤ ᠱᠠᠳᠤᠯᠵᠢᠨ ᠮᠠᠶ᠋ᠢᠭ ᠤᠨ | ᠰᠢᠯᠵᠢᠯᠳᠠ ᠶᠢ ᠵᠤᠯᠭᠠᠭᠤᠯᠬᠤ ᠭᠤᠤᠯᠳᠠᠯᠭ᠎ᠠ ᠲᠠᠢ ᠭᠠᠵᠠᠷ ᠪᠤᠯᠭᠠᠨ ᠴᠤᠭᠴᠠᠯᠠᠨ᠎ᠠ᠃ | ︵ᠲᠠᠪᠤ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠬᠠᠮᠲᠤᠪᠠᠷ ᠴᠢᠨᠡᠭᠡᠯᠢᠭᠵᠢᠬᠦ | ᠲᠡᠰᠢ ᠳᠤᠭᠳᠠᠭᠤᠨ ᠤᠷᠤᠭᠰᠢᠯᠠᠨ᠎ᠠ | ᠠᠮᠤ ᠪᠤᠳᠠᠭᠠᠨ ᠤ ᠠᠮᠤᠷ ᠳᠦᠪᠰᠢᠨ ᠤ ᠬᠦᠨᠳᠤ ᠡᠬᠦᠷᠬᠡ ᠶᠢ ᠭᠤᠶᠢᠪᠢᠰᠢ ᠦᠬᠡᠢ ᠡᠬᠦᠷᠬᠡᠯᠠᠨ᠎ᠠ᠃ ᠲᠠᠷᠢᠶᠠᠨ | ᠭᠠᠵᠠᠷ ᠤᠨ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠳᠠᠷᠢᠶᠠᠨ ᠭᠠᠵᠠᠷ ᠢ ︽ᠳᠠᠷᠢᠶᠠᠯᠠᠩ ᠤᠨ | ᠪᠤᠰᠤ ᠪᠤᠯᠭᠠᠬᠤ︾ ᠶᠢ ᠬᠤᠷᠢᠭᠯᠠᠵᠤ᠂ ︽ᠠᠮᠤ ᠪᠤᠳᠠᠭᠠᠨ ᠤ ᠪᠤᠰᠤ ᠪᠤᠯᠭᠠᠬᠤ︾ ᠶᠢ ᠴᠢᠩᠭ᠎ᠠ ᠬᠠᠮᠢᠶᠠᠷᠤᠨ | ᠡᠵᠡᠮᠳᠡᠨ᠎ᠠ᠃ 1 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠵᠤ᠂ 118 | ᠲᠦᠮᠡᠨ ᠮᠥ ᠴᠢᠨᠠᠷ ᠰᠠᠶᠢᠲᠠᠶ ᠲᠡᠵᠢᠭᠡᠯ ᠡᠪᠡᠰᠦ ᠳᠠᠷᠢᠵᠤ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ | ᠬᠡᠪᠴᠢᠶᠡᠵᠢᠭᠰᠡᠨ ᠲᠠᠯᠠᠪᠠᠶ ᠶᠢ 8 ᠪᠥᠲᠥᠭᠡᠨ ᠪᠠᠶᠢᠭᠤᠯᠵᠤ᠂ ᠴᠢᠨᠠᠷ ᠰᠠᠶᠢᠲᠠᠶ ᠨᠣᠬᠠᠶ ᠶᠢᠨ ᠬᠤᠰᠢᠭᠤ᠂ ᠬᠦᠶᠲᠡᠨ | ᠰᠡᠷᠢᠭᠦᠨ ᠢᠳᠡᠰᠢᠨ ᠨᠣᠭᠤᠭ᠎ᠠ᠂ ᠲᠥᠮᠥᠰᠥ ᠶᠢᠨ ᠴᠢᠨᠠᠷ ᠰᠠᠶᠢᠲᠠᠶ ᠤᠨᠴᠠᠯᠢᠭᠳᠤ ᠦᠢᠯᠡᠳᠬᠦᠨ ᠤ | ᠦᠶᠯᠡᠳᠪᠦᠷᠢᠯᠡᠯ ᠤᠨ ᠰᠠᠭᠤᠷᠢᠨ ᠢ ᠪᠠᠶᠢᠭᠤᠯᠵᠤ᠂ ᠮᠠᠯ ᠤᠨ ᠳᠤᠭ᠎ᠠ ᠳᠤᠯᠤᠭᠠᠢ ᠶᠢ 760 ᠲᠦᠮᠡ ᠪᠠᠷ ᠬᠢᠵᠠᠭᠠᠷᠯᠠᠵᠤ᠂ | ᠠᠮᠤ ᠪᠤᠳᠠᠭᠠᠨ ᠤ ᠤᠨᠠᠯᠲᠠ ᠶᠢ 25 ᠳ᠋ᠦᠩᠰᠢᠭᠤᠷ ᠵᠢᠩ ᠠᠴᠠ ᠳᠡᠭᠡᠭᠰᠢ ᠳᠤᠭᠳᠠᠪᠤᠷᠢᠵᠢᠭᠤᠯᠵᠤ᠂ ᠦᠨᠢᠶᠡᠨ ᠰᠦ | ᠶᠢᠨ ᠭᠠᠷᠤᠯᠲᠠ ᠶᠢ 39 ᠲᠦᠮᠡᠨ ᠲᠣᠨ᠂ ᠮᠢᠬᠠᠨ ᠤ ᠵᠦᠶᠯ ᠤᠨ ᠭᠠᠷᠤᠯᠲᠠ ᠶᠢ 26 ᠲᠦᠮᠡᠨ ᠲᠣᠨ ᠪᠣᠯᠭᠠᠨ | ᠨᠡᠮᠡᠭᠳᠡᠭᠦᠯᠵᠦ᠂ ᠠᠮᠤ ᠪᠤᠳᠠᠭᠠᠨ ᠤ ᠠᠮᠤᠷ ᠲᠦᠪᠰᠢᠨ ︽ᠨᠤᠭᠤᠭ᠎ᠠ ᠶᠢᠨ ᠰᠠᠭᠰᠤ︾ ᠶᠢᠨ ᠬᠠᠩᠭᠠᠯᠭ᠎ᠠ ᠶᠢ ᠦᠨᠡᠨᠬᠦ | ᠪᠠᠲᠤᠯᠠᠨ᠎ᠠ᠃ ︽ᠴᠢᠨᠠᠷᠯᠢᠭ ᠨᠤᠭᠤᠭ᠎ᠠ ᠶᠢ ᠨᠡᠶᠢᠰᠯᠡᠯ ᠳᠤ ᠤᠷᠤᠭᠤᠯᠬᠤ︾ ᠠᠵᠢᠯᠯᠠᠭ᠎ᠠ ᠶᠢ ᠠᠬᠢᠭᠤᠯᠵᠤ᠂ | ᠬᠦᠢᠳᠡᠨ ᠬᠦᠮᠤᠷᠬᠡ ᠶᠢᠨ ᠬᠡᠯᠬᠢᠶᠡᠵᠢᠯ ᠤᠨ ᠪᠠᠶᠢᠭᠤᠯᠤᠯᠳᠠ ᠶᠢ ᠠᠬᠢᠭᠤᠯᠵᠤ᠂ ᠦᠨᠳᠤᠷ ᠪᠦᠳᠤᠮᠵᠢᠳᠤ ᠪᠤᠷᠤᠯᠭᠤᠯᠭᠠ | ᠶᠢᠨ ᠵᠠᠮ ᠢ ᠦᠷᠬᠡᠳᠬᠡᠵᠤ᠂ ᠴᠢᠨᠠᠷ ᠰᠠᠶᠢᠳᠠᠢ ᠪᠤᠬᠢᠷᠳᠤᠯ ᠦᠬᠡᠢ ᠮᠠᠯ ᠲᠠᠷᠢᠶᠠᠯᠠᠩ ᠤᠨ ᠪᠦᠳᠦᠬᠡᠭᠳᠡᠬᠦᠨ ᠤ | ᠪᠤᠷᠤᠯᠠᠭᠤᠯᠭ᠎ᠠ ᠶᠢᠨ ᠵᠠᠮ ᠢ ᠬᠠᠶᠢᠨ ᠰᠦᠪᠡᠭᠴᠢᠯᠡᠵᠤ᠂ ᠦᠨᠳᠤᠷ ᠦᠨ᠎ᠠ ᠬᠠᠩᠰᠢ ᠪᠠᠷ ᠬᠤᠳᠠᠯᠳᠤᠨ᠎ᠠ᠃ | ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠢ ᠳᠡᠬᠡᠭᠰᠢᠯᠡᠬᠦᠯᠵᠤ ᠦᠷ᠎ᠠ ᠠᠰᠢᠭ ᠢ ᠨᠡᠮᠳᠡᠬᠦᠯᠬᠦ ᠶᠢ ᠠᠬᠢᠭᠤᠯᠤᠨ᠎ᠠ | ᠃ ᠦᠷ᠎ᠡ ᠶᠢᠨ ᠦᠶᠯᠡᠰ᠂ ᠰᠦ ᠴᠠᠭ᠎ᠠ ᠶᠢᠨ ᠦᠢᠯᠡᠰ ᠢ ᠬᠦᠭᠵᠢᠬᠦᠯᠬᠦ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ | ᠵᠦᠸᠧᠽᠢ ᠰᠢᠶᠠᠨ ᠤ ᠤᠯᠤᠰ ᠤᠨ ᠳᠡᠰ ᠤᠨ ᠨᠣᠬᠠᠶ ᠶᠢᠨ ᠬᠤᠰᠢᠭᠤ ᠶᠢᠨ ᠰᠢᠯᠢᠳᠡᠭ ᠡᠭᠦᠯᠳᠡᠷ ᠢ ᠦᠷᠡᠵᠢᠭᠦᠯᠦᠨ | ᠪᠤᠶᠢᠵᠢᠭᠤᠯᠬᠤ ᠰᠠᠭᠤᠷᠢᠨ ᠪᠠᠶᠢᠭᠤᠯᠬᠤ᠂ ᠳᠥᠷᠪᠡᠳ ᠬᠤᠰᠢᠭᠤᠨ ᠤ ᠪᠥᠬᠦ ᠤᠯᠤᠰ ᠤᠨ ᠢᠳᠡᠰᠢᠨ ᠬᠤᠨᠢᠨ ᠤ ᠦᠷ᠎ᠠ | ᠵᠢᠨᠡᠭᠦᠯᠳᠡᠷ ᠤᠨ ᠢᠷᠡᠯᠲᠡ ᠶᠢᠨ ᠰᠠᠭᠤᠷᠢᠨ ᠪᠠᠶᠢᠭᠤᠯᠬᠤ ᠶᠢ ᠳᠡᠮᠵᠢᠵᠦ᠂ ᠵᠦᠷᠢᠶᠡᠳᠤ ᠮᠠᠶ᠋ᠢᠭ ᠢᠶᠠᠷ ᠰᠢᠨ᠎ᠡ ᠰᠤᠷᠭᠤᠭ | ᠰᠦᠨ ᠵᠠᠶᠢᠷᠮᠠᠭ᠂ ᠡᠭᠡᠳᠡᠭᠰᠡᠨ ᠰᠦ ᠵᠡᠷᠭᠡ ᠤᠨᠴᠠᠯᠢᠬᠳᠤ ᠴᠠᠭᠠᠨ ᠢᠳᠡᠭᠡᠨ ᠢ ᠦᠢᠯᠡᠳᠬᠦᠨ ᠢ ᠬᠦᠭᠵᠢᠬᠦᠯᠤᠨ᠎ᠠ᠃ | ᠭᠤᠤᠯᠳᠠᠯᠭ᠎ᠠ ᠲᠠᠢ ᠳᠤᠯᠤᠭᠠᠶᠢᠯᠠᠭᠴᠢ ᠠᠵᠤ ᠠᠬᠤᠶᠢᠯᠠᠯ ᠢ ᠬᠦᠭᠵᠢᠬᠦᠯᠤᠨ ᠪᠤᠵᠠᠭᠠᠶᠢᠷᠠᠭᠤᠯᠵᠤ᠂ ᠵᠢᠯ ᠤᠨ | ᠪᠤᠷᠤᠯᠠᠭᠤᠯᠭ᠎ᠠ ᠶᠢᠨ ᠣᠷᠣᠯᠭ᠎ᠠ ᠨᠢ 500 ᠲᠦᠮᠡᠨ ᠲᠥᠭᠦᠷᠢᠭ ᠠᠴᠠ ᠳᠡᠭᠡᠭᠰᠢᠬᠢ ᠠᠵᠤ ᠠᠬᠤᠶᠢᠯᠠᠯ ᠢ 100 ᠠᠴᠠ | ᠳᠡᠭᠡᠭᠰᠢ ᠳᠤ ᠬᠦᠷᠦᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ ᠳᠤᠯᠤᠭᠠᠶᠢᠯᠠᠭᠴᠢ ᠠᠵᠤ | ᠠᠬᠤᠶᠢᠯᠠᠯ ᠢ 40 ᠳᠤ ᠬᠦᠷᠦᠭᠦᠯᠵᠦ᠂ ᠭᠤᠤᠯ ᠪᠣᠯᠬᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠦᠢᠯᠡᠳᠬᠦᠨ | ᠪᠤᠯᠪᠠᠰᠤᠷᠠᠭᠤᠯᠬᠤ ᠶᠢ ᠬᠤᠪᠢᠷᠠᠭᠤᠯᠬᠤ ᠨᠣᠷᠮ᠎ᠠ ᠶᠢ 72% ᠲᠤ ᠬᠦᠷᠦᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ | ᠲᠥᠮᠥᠰᠥ᠂ ᠲᠡᠮᠦᠷ ᠤᠨ ᠬᠠᠶᠢᠯᠤᠰᠢ᠂ ᠨᠣᠬᠠᠢ ᠶᠢᠨ ᠬᠤᠰᠢᠭᠤ᠂ ᠡᠭᠡᠳᠡᠭᠰᠡᠨ ᠰᠦ ᠶᠢᠨ ᠠᠵᠤ ᠦᠢᠯᠡᠰ ᠤᠨ | ᠬᠡᠮᠵᠢᠯᠲᠡ ᠶᠢᠨ ᠰᠢᠯᠭᠠᠬᠤ ᠲᠥᠪ ᠶᠢ ᠭᠤᠶᠤᠴᠢᠯᠠᠨ ᠪᠠᠶᠢᠭᠤᠯᠬᠤ ᠶᠢ ᠲᠥᠷᠭᠡᠳᠬᠡᠵᠦ᠂ ᠤᠯᠤᠰ ᠤᠨ ᠲᠥᠮᠥᠰᠥ ᠶᠢᠨ | ᠠᠵᠤ ᠦᠢᠯᠡᠰ ᠤᠨ ᠬᠡᠮᠵᠢᠯᠲᠡ ᠶᠢᠨ ᠰᠢᠯᠭᠠᠬᠤ ᠲᠥᠪ ᠢ ᠪᠠᠶᠢᠭᠤᠯᠤᠨ᠎ᠠ᠃ ᠤᠯᠠᠭᠠᠨᠴᠠᠪ ᠤᠨ ᠪᠠᠷᠢᠮᠵᠢᠶ᠎ᠠ ᠰᠢᠰᠲ᠋ᠧᠮ | ᠤᠨ ᠪᠠᠶᠢᠭᠤᠯᠤᠯᠳᠠ᠂ ᠱᠤᠰᠢᠭ᠎ᠠ ᠳᠡᠮᠳᠡᠭ ᠤᠨ ᠡᠵᠡᠨᠩᠨᠡᠯᠳᠡ ᠪᠤᠷᠤᠯᠠᠭᠤᠯᠭ᠎ᠠ ᠳᠡᠯᠬᠡᠷᠡᠬᠦᠯᠬᠦ᠂ ᠮᠡᠳᠡᠯᠬᠡ ᠶᠢᠨ | ᠦᠮᠴᠢᠯᠠᠯ ᠤᠨ ᠡᠷᠬᠡ ᠶᠢᠨ ᠬᠠᠮᠠᠭᠠᠯᠠᠯᠳᠠ ᠶᠢ ᠴᠢᠩᠭᠠᠳᠬᠠᠵᠤ᠂ ᠤᠤᠯ ᠦᠨᠤᠷ ᠠᠮᠳᠠᠳᠤ ᠠᠮᠢ ᠠᠬᠤᠢ ᠶᠢᠨ | ᠪᠤᠬᠢᠷᠳᠤᠯ ᠦᠬᠡᠢ ᠦᠢᠯᠡᠳᠬᠦᠨ ᠢ ᠭᠠᠵᠠᠷ ᠬᠠᠩᠬᠤᠯᠠᠭᠤᠯᠵᠤ᠂ ᠪᠦᠬᠦ ᠤᠯᠤᠰ ᠲᠤ ᠠᠯᠳᠠᠷᠰᠢᠭᠤᠯᠨᠠ᠃ | ᠳᠠᠬᠢᠨ ᠶᠠᠳᠠᠭᠤᠷᠠᠬᠤ ᠶᠢ ᠬᠤᠷᠢᠭᠯᠠᠬᠤ ᠪᠠ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠳᠠ ᠶᠢᠨ ᠡᠬᠦᠷᠬᠡ ᠶᠢ | ᠪᠦᠬᠦ ᠳᠠᠯ᠎ᠠ ᠪᠠᠷ ᠨᠠᠶᠢᠳᠠᠪᠤᠷᠢᠵᠢᠭᠤᠯᠤᠨ᠎ᠠ᠃ ᠰᠢᠯᠵᠢᠯᠳᠠ ᠶᠢᠨ ᠬᠤᠭᠤᠴᠠᠭᠠᠨ ᠤ ᠬᠠᠪᠰᠤᠷᠤᠨ ᠳᠡᠮᠵᠢᠬᠦ ᠳᠦᠷᠤ ᠶᠢᠨ | ᠪᠤᠳᠤᠯᠭ᠎ᠠ ᠪᠠ ᠳᠠᠷᠢᠶᠠᠯᠠᠩ ᠳᠤ ᠬᠤᠯᠪᠤᠭᠳᠠᠭᠰᠠᠨ ᠪᠡᠯᠡ ᠮᠦᠩᠬᠦ ᠶᠢᠨ ᠳᠦᠷᠤ ᠶᠢᠨ ᠪᠤᠳᠤᠯᠭ᠎ᠠ ᠶᠢ ᠬᠦᠢᠴᠡᠳ | ᠰᠠᠶᠢᠳᠤᠷ ᠬᠡᠷᠡᠭᠵᠢᠬᠦᠯᠤᠨ᠎ᠠ᠃ ᠪᠡᠬᠡᠵᠢᠩ ᠦᠪᠤᠷ ᠮᠤᠩᠭᠤᠯ ᠤᠨ ᠬᠠᠮᠵᠢᠯᠴᠠᠭ᠎ᠠ ᠪᠠ ᠳᠦᠪ ᠤᠨ ᠪᠠᠶᠢᠭᠤᠯᠭ᠎ᠠ ᠶᠢᠨ | ᠳᠤᠭᠳᠠᠭᠰᠠᠨ ᠶᠠᠳᠠᠭᠤ ᠶᠢ ᠳᠡᠳᠬᠦᠬᠦ ᠴᠡᠭ ᠢ ᠦᠷᠬᠦᠯᠵᠢᠯᠡᠨ ᠬᠦᠨᠵᠡᠬᠡᠶᠢᠷᠡᠬᠦᠯᠵᠤ᠂ ᠬᠡᠪᠴᠢᠶᠡᠳᠤ ᠴᠢᠨᠠᠷ ᠲᠠᠢ ᠳᠠᠬᠢᠨ | ᠶᠠᠳᠠᠭᠤᠷᠬᠤ ᠬᠤᠷᠢᠭ᠎ᠠ ᠱᠤᠭᠤᠮ ᠢ ᠪᠠᠳᠤ ᠰᠠᠬᠢᠨ᠎ᠠ᠃ ᠮᠠᠯᠵᠢᠬᠤ ᠲᠠᠷᠢᠶᠠᠯᠠᠬᠤ ᠣᠷᠣᠨ ᠤ ᠠᠷᠠᠳ ᠤᠯᠠᠨ ᠤ | ᠣᠷᠣᠰᠢᠨ ᠠᠮᠢᠳᠤᠷᠠᠬᠤ ᠣᠷᠴᠢᠨ ᠲᠣᠭᠤᠷᠢᠨ ᠤ ᠵᠠᠰᠠᠯᠲᠠ ᠶᠢ ᠭᠦᠨᠵᠡᠭᠡᠶ ᠥᠷᠨᠢᠭᠦᠯᠵᠦ᠂ ᠥᠪᠡᠷᠲᠡᠭᠡᠨ ᠵᠠᠰᠠᠬᠤ | ᠣᠷᠣᠨ ᠤ ᠬᠥᠳᠡᠭᠡ ᠲᠣᠰᠬᠤᠨ ᠢ ᠨᠣᠭᠤᠭᠠᠷᠠᠭᠤᠯᠵᠤ ᠭᠤᠶᠤᠵᠢᠭᠤᠯᠬᠤ 45 ᠰᠣᠳᠣᠨ ᠵᠢᠱᠢᠶ᠎ᠡ ᠦᠵᠡᠭᠦᠯᠬᠦ | ᠲᠣᠰᠬᠤᠨ ᠢ ᠴᠤᠭᠴᠠᠯᠠᠨ᠎ᠠ᠃ ︽ᠬᠦᠨᠳᠡᠢ ᠬᠤᠭᠤᠰᠤᠨ ᠳᠤᠰᠬᠤᠨ︾᠂ ᠰᠤᠯᠠ ᠪᠠᠶᠢᠭ᠎ᠠ ᠬᠡᠷ ᠤᠷᠤᠨ ᠢ | ᠠᠮᠢᠯᠠᠭᠤᠯᠵᠤ᠂ 4000 ᠮᠤ᠋ ᠳᠠᠷᠢᠶᠠᠯᠠᠠᠬᠤ ᠳᠠᠯᠠᠪᠠᠢ ᠶᠢ ᠰᠡᠷᠬᠦᠬᠡᠵᠤ᠂ 5000 ᠮᠤ᠋ ᠲᠠᠷᠢᠶᠠᠨ ᠭᠠᠵᠠᠷ ᠢ ᠨᠦᠬᠦᠵᠤ | ᠪᠠᠶᠢᠭᠤᠯᠤᠨ᠎ᠠ᠃ ᠬᠥᠳᠡᠭᠡ ᠲᠣᠰᠬᠤᠨ ᠤ 472 ᠺᠢᠯᠣᠮᠧᠲᠷ ᠵᠠᠰᠠᠮᠠᠯ ᠵᠠᠮ ᠢ ᠰᠢᠨ᠎ᠡ ᠪᠠᠷ ᠳᠡᠪᠢᠰᠴᠤ᠂ ᠠᠮᠢᠳᠤᠷᠠᠯ ᠤᠨ | ᠬᠤᠭ ᠪᠠ ᠪᠤᠬᠢᠷ ᠤᠰᠤ ᠶᠢ ᠪᠦᠲᠦᠮᠵᠢᠲᠡᠶ ᠪᠠᠷ ᠬᠤᠷᠢᠶᠠᠨ ᠴᠤᠭᠯᠠᠭᠤᠯᠵᠤ ᠰᠢᠶᠳᠪᠦᠷᠢᠯᠡᠬᠦ ᠶᠢ ᠪᠡᠶᠡᠯᠡᠬᠦᠯᠤᠨ᠎ᠠ᠃ ︽ | ᠵᠠᠩ ᠠᠭᠠᠯᠢ ᠪᠠᠨᠥᠭᠡᠷᠡᠴᠢᠯᠡᠬᠦ ᠶᠢ ᠠᠬᠢᠭᠤᠯᠵᠤ᠂ ᠬᠥᠳᠡᠭᠡ ᠳᠤᠰᠬᠤᠨ ᠤ ᠪᠤᠯᠪᠠᠰᠤᠨ ᠰᠤᠷᠲᠠᠯ ᠢ ᠪᠣᠶ ᠪᠣᠯᠭᠠᠬᠤ︾ | ᠲᠤᠰᠬᠠᠶ ᠠᠵᠢᠯᠯᠠᠭ᠎ᠠ ᠶᠢ ᠥᠷᠨᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠶᠡᠭᠡ ᠪᠠᠷ ᠪᠠᠵᠠᠭᠠᠵᠤ ᠪᠡᠯᠡᠳᠬᠡᠬᠦ᠂ | ᠳᠤᠳᠠᠭᠤ ᠬᠠᠷᠠᠭᠠᠯᠵᠠᠵᠤ ᠶᠡᠬᠡᠪᠡᠷ ᠣᠷᠣᠰᠢᠭᠤᠯᠬᠤ ᠵᠡᠷᠭᠡ ᠪᠦᠳᠦᠭᠦᠯᠢᠭ ᠶᠤᠰᠤ ᠵᠠᠩᠰᠢᠯ ᠢ ᠴᠡᠭᠴᠡᠯᠡᠬᠦ ᠶᠢ | ᠴᠢᠩᠭᠠᠳᠬᠠᠨ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠠᠬᠢᠭᠤᠯᠵᠤ᠂ ᠪᠣᠯᠪᠠᠰᠤᠨ ᠬᠥᠳᠡᠭᠡ ᠶᠢᠨ ᠰᠤᠷᠲᠠᠯ᠂ | ᠰᠠᠶᠢᠨ ᠰᠠᠶᠢᠬᠠᠨ ᠬᠡᠷ ᠤᠨ ᠰᠤᠷᠲᠠᠯ᠂ ᠪᠣᠷᠣᠭᠵᠢᠭᠤᠨ ᠰᠠᠶᠢᠨ ᠠᠷᠠᠳ ᠤᠨ ᠰᠤᠷᠲᠠᠯ ᠢ ᠪᠤᠢ ᠪᠤᠯᠭᠠᠨ᠎ᠠ᠃ | ︵ᠵᠢᠷᠭᠤᠭ᠎ᠠ︶ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠪᠣᠬᠢᠷᠲᠤᠯ ᠦᠭᠡᠢ | ᠬᠥᠭᠵᠢᠯᠲᠡ ᠶᠢᠨ ᠳᠠᠪᠠᠭᠤᠯᠢᠭ ᠢ ᠪᠠᠲᠤᠳᠬᠠᠨ᠎ᠠ | ᠠᠮᠢ ᠠᠬᠤᠢ ᠶᠢᠨ ᠬᠠᠮᠠᠭᠠᠯᠠᠯᠳᠠ ᠰᠡᠷᠬᠦᠬᠡᠯᠳᠡ ᠶᠢ ᠴᠢᠩᠭᠠᠳᠬᠠᠨ᠎ᠠ᠃ ᠤᠯᠤᠰ ᠤᠨ ᠠᠮᠢ ᠠᠬᠤᠢ ᠶᠢᠨ | ᠪᠤᠯᠪᠠᠰᠤᠨ ᠤ ᠪᠦᠳᠦᠬᠡᠨ ᠪᠠᠶᠢᠭᠤᠯᠤᠯᠳᠠ ᠶᠢᠨ ᠬᠤᠳᠠ ᠶᠢ ᠢᠳᠡᠪᠬᠢᠳᠡᠢ ᠡᠬᠦᠳᠤᠨ ᠪᠠᠶᠢᠭᠤᠯᠤᠨ᠎ᠠ᠃ ︽ᠭᠤᠷᠪᠠᠨ | ᠱᠤᠭᠤᠮ ᠨᠢᠭᠡ ᠬᠠᠭᠤᠳᠠᠰᠤ︾ ᠶᠢᠨ ᠦᠷ᠎ᠡ ᠪᠦᠲᠦᠭᠡᠯ ᠢ ᠪᠣᠳᠠᠲᠠᠶᠢᠵᠢᠭᠤᠯᠤᠨ ᠬᠡᠷᠡᠭᠯᠡᠬᠦ ᠶᠢ ᠲᠦᠷᠭᠡᠳᠬᠡᠵᠦ᠂ ︽ | ᠵᠢᠷᠤᠨ ᠭᠠᠷᠭᠠᠵᠤ ᠬᠥᠮᠥᠷᠭᠡ ᠳᠤ ᠣᠷᠣᠭᠤᠯᠬᠤ︾ ᠨᠠᠷᠢᠯᠢᠭ ᠬᠠᠮᠢᠶᠠᠷᠤᠯᠲᠠ ᠶᠢ ᠴᠢᠩᠭᠠᠳᠬᠠᠨ᠂ ᠴᠢᠬᠤᠯᠠ ᠠᠮᠢ | ᠠᠬᠤᠶ ᠶᠢᠨ ᠰᠢᠰᠲ᠋ᠧᠮ ᠢ ᠬᠠᠮᠠᠭᠠᠯᠠᠨ ᠰᠡᠷᠭᠦᠭᠡᠬᠦ ᠪᠠ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ | ᠢᠨᠵᠧᠨᠧᠷᠢᠩ ᠢ ᠬᠡᠷᠡᠭᠵᠢᠭᠦᠯᠵᠦ᠂ 79.6 ᠲᠦᠮᠡᠨ ᠮᠥ ᠣᠶ ᠰᠢᠭᠤᠶ ᠪᠡᠯᠴᠢᠬᠡᠷ ᠤᠨ ᠠᠮᠢ ᠠᠬᠤᠶ ᠶᠢᠨ ᠪᠥᠲᠥᠭᠡᠨ | ᠪᠠᠶᠢᠭᠤᠯᠤᠯᠲᠠ ᠪᠠ ᠬᠠᠮᠠᠭᠠᠯᠠᠨ ᠰᠡᠷᠭᠦᠭᠡᠬᠦ ᠶᠢ ᠪᠡᠶᠡᠯᠡᠭᠦᠯᠦᠨ᠎ᠡ᠃ ᠣᠶ ᠰᠢᠭᠤᠶ ︵ᠡᠪᠡᠰᠦ︶ ᠶᠢᠨ ᠤᠷᠲᠤ | ᠬᠤᠭᠤᠴᠠᠭᠠᠨ ᠤ ᠲᠦᠷᠢᠮ ᠢ ᠭᠦᠨᠵᠡᠭᠡᠶ ᠨᠠᠶᠢᠳᠠᠪᠤᠷᠢᠵᠢᠭᠤᠯᠵᠤ᠂ ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ ᠪᠠ | ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷᠯᠡᠭᠦᠯᠬᠦ ᠶᠢ | ᠵᠣᠭᠰᠣᠭᠠᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠮᠠᠭᠤᠳᠠᠭᠰᠠᠨ ᠣᠶ ᠰᠢᠭᠤᠶ᠂ ᠨᠤᠲᠤᠭ ᠪᠡᠯᠴᠢᠭᠡᠷ ᠢ ᠰᠡᠷᠬᠦᠬᠡᠵᠤ | ᠰᠠᠶᠢᠵᠢᠷᠠᠭᠤᠯᠬᠤ ᠵᠡᠷᠭᠡ ᠢᠨᠵᠧᠨᠧᠷᠢᠩ ᠢ ᠬᠡᠷᠡᠭᠵᠢᠭᠦᠯᠦᠨ᠎ᠡ᠃ ᠬᠠᠲᠤᠨ ᠭᠤᠤᠯ ᠤᠨ ᠰᠠᠪᠠ ᠭᠠᠵᠠᠷ ᠤᠨ ᠠᠮᠢ | ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠵᠤ᠂ ᠳᠠᠭ᠎ᠠ ᠶᠢᠨ ᠨᠠᠭᠤᠷ᠂ | ᠴᠠᠭᠠᠨ ᠨᠠᠭᠤᠷ ᠤᠨ ᠶᠡᠷᠦᠩᠬᠡᠶᠢᠯᠡᠨ ᠵᠠᠰᠠᠯᠳᠠᠵᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠣᠨ ᠤ | ᠡᠭᠦᠷᠭᠡ ᠶᠢ ᠪᠡᠶᠡᠯᠡᠭᠦᠯᠦᠨ᠎ᠡ᠃ ᠬᠠᠶᠠᠭᠳᠠᠮᠠᠯ ᠠᠭᠤᠷᠬᠠᠶ ᠶᠢᠨ ᠳᠠᠯᠠᠪᠠᠢ ᠶᠢ 2 ᠳᠡᠭᠰᠢ ᠳᠦᠷᠪᠡᠯᠵᠢᠨ ᠺᠢᠯᠦᠮᠧᠲᠷ | ᠰᠡᠷᠭᠦᠭᠡᠨ ᠵᠠᠰᠠᠵᠤ᠂ ᠪᠣᠬᠢᠷᠲᠤᠯ ᠥᠬᠡᠶ ᠠᠭᠤᠷᠬᠠᠶ ᠶᠢ 4 ᠪᠠᠶᠢᠭᠤᠯᠤᠨ᠎ᠠ᠃ ᠠᠮᠢ ᠠᠬᠤᠶ ᠶᠢᠨ ᠪᠦᠲᠦᠭᠡᠭᠳᠡᠬᠦᠨ ᠤ | ᠥᠷᠲᠡᠭ ᠢ ᠪᠡᠶᠡᠯᠡᠭᠦᠯᠬᠦ ᠠᠷᠭ᠎ᠠ ᠵᠠᠮ ᠢ ᠥᠷᠭᠡᠳᠬᠡᠵᠦ᠂ ᠨᠢᠮᠪᠡᠭᠡ ᠶᠢᠨ ᠠᠵᠤ ᠦᠶᠯᠡᠰ᠂ ᠨᠡᠬᠦᠷᠡᠰᠤᠳᠦ᠋ᠷᠦᠭᠴᠢᠳᠤ | ᠬᠤᠵᠢᠮᠠᠭ ᠠᠵᠤ ᠠᠬᠤᠶ ᠶᠢ ᠲᠦᠷᠭᠡᠳᠬᠡᠨ ᠬᠥᠭᠵᠢᠭᠦᠯᠵᠦ᠂ 20 ᠲᠦᠮᠡᠨ ᠮᠦ ᠨᠢᠮᠪᠡᠭᠡ ᠨᠦᠬᠦᠵᠦ ᠲᠠᠷᠢᠵᠤ᠂ | ᠠᠭᠯᠠᠭ ᠠᠭᠤᠯᠠ ᠠᠳᠠᠷ ᠲᠠᠯ᠎ᠠ ᠶᠢ ︽ᠨᠣᠭᠤᠭᠠᠷᠠᠭᠤᠯᠬᠤ︾ ᠮᠥᠷᠲᠡᠭᠡᠨ ︽ᠬᠦᠷᠦᠩᠬᠡ︾ ᠪᠣᠯᠭᠠᠨ᠎ᠠ᠃ | ᠤᠷᠴᠢᠨ ᠳᠤᠭᠤᠷᠢᠨ ᠤ ᠳᠤᠪᠤᠶᠢᠮ᠎ᠠ ᠠᠰᠠᠭᠤᠳᠠᠯ ᠢ ᠴᠡᠭᠴᠡᠯᠡᠨ ᠵᠠᠰᠠᠨ᠎ᠠ᠃ ᠦᠨᠡᠨ ᠢ ᠪᠠᠷᠢᠮᠲᠠᠯᠠᠨ ᠬᠠᠲᠠᠭᠤ ᠶᠢ | ᠬᠦᠨᠳᠡᠵᠦ᠂ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠵᠤ᠂ ᠲᠥᠪ ᠂ ᠦᠪᠤᠷ ᠮᠤᠩᠭᠤᠯ ᠤᠨ | ᠠᠮᠢ ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢ ᠬᠢᠨᠠᠨ ᠪᠠᠶᠢᠴᠠᠭᠠᠬᠤ ᠶᠢ ᠬᠠᠷᠢᠭᠤ ᠲᠤᠰᠬᠠᠭᠰᠠᠨ | ᠠᠰᠠᠭᠤᠳᠠᠯ ᠢ ᠴᠢᠨᠠᠷ ᠰᠠᠶᠢᠲᠠᠶ ᠴᠡᠭᠴᠡᠯᠡᠨ ᠰᠠᠶᠢᠵᠢᠷᠠᠭᠤᠯᠤᠨ᠎ᠠ᠃ ᠠᠭᠠᠷ ᠮᠠᠨᠳᠠᠯ ᠤᠨ ᠪᠣᠬᠢᠷᠲᠤᠯ ᠢ ᠬᠠᠮᠲᠤᠷᠠᠨ | ᠰᠡᠷᠭᠡᠶᠢᠯᠡᠵᠦ ᠡᠵᠡᠮᠳᠡᠬᠦ ᠶᠢ ᠴᠢᠩᠭᠠᠳᠬᠠᠵᠤ᠂ ᠨᠡᠭᠦᠷᠡᠰᠦ ᠰᠢᠲᠠᠭᠠᠬᠤ ᠵᠤᠤᠬ᠎ᠠ᠂ ᠬᠢᠮᠢ ᠶᠢᠨ ᠠᠵᠤ ᠦᠢᠯᠡᠳᠪᠦᠷᠢ ᠶᠢᠨ | ᠠᠵᠢᠯ ᠲᠦᠷᠦᠯ ᠤᠨ ᠬᠡᠳᠤ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠠᠬᠢᠭᠤᠯᠵᠤ᠂ ᠵᠠᠮ | ᠲᠡᠭᠡᠭᠡᠪᠦᠷᠢ ᠶᠢᠨ ᠬᠦᠷᠢᠶ᠎ᠠ ᠴᠠᠷᠠᠭᠠᠨ ᠳᠠᠬᠢ ᠪᠣᠬᠢᠷᠲᠤᠯ ᠢ ᠵᠠᠰᠠᠬᠤ ᠠᠵᠢᠯ ᠢ ᠭᠦᠨᠵᠡᠭᠡᠶᠢᠷᠡᠭᠦᠯᠵᠦ᠂ ᠠᠭᠠᠷ ᠤᠨ ᠶᠠᠰᠤ | ᠴᠢᠨᠠᠷ ᠢ ᠲᠣᠭᠲᠠᠭᠤᠨ ᠢᠶᠠᠷ ᠳᠡᠬᠡᠭᠰᠢᠯᠡᠬᠦᠯᠤᠨ᠎ᠠ᠃ ᠤᠰᠤᠨ ᠤ ᠪᠣᠬᠢᠷᠲᠤᠯ ᠢ ᠵᠠᠰᠠᠬᠤ ᠶᠢ ᠨᠠᠷᠢᠯᠢᠭ ᠣᠨᠣᠴᠠᠲᠠᠶ | ᠬᠡᠷᠡᠭᠵᠢᠭᠦᠯᠵᠦ᠂ ᠬᠤᠳᠠ ᠶᠢᠨ ᠤᠰᠤᠨ ᠴᠣᠭᠴᠠ ᠶᠢᠨ ᠪᠤᠬᠢᠷᠳᠤᠵᠤ ᠦᠮᠡᠬᠡᠶᠢᠷᠡᠬᠦ ᠶᠢ ᠰᠡᠷᠭᠡᠶᠢᠯᠡᠵᠦ᠂ ᠪᠣᠬᠢᠷ ᠤᠰᠤ | ᠰᠢᠶᠳᠪᠦᠷᠢᠯᠡᠬᠦ ᠦᠢᠯᠡᠳᠪᠦᠷᠢ ᠶᠢᠨ ᠪᠠᠷᠢᠮᠵᠢᠶ᠎ᠠ ᠶᠢ ᠳᠡᠰᠵᠢᠬᠦᠯᠤᠨ ᠥᠭᠡᠷᠡᠴᠢᠯᠡᠵᠦ᠂ ᠢᠳᠡᠬᠦ ᠤᠰᠤᠨ ᠤ ᠡᠬᠢ | ᠰᠤᠷᠪᠤᠯᠵᠢ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ ᠬᠥᠷᠥᠰᠥ ᠰᠢᠷᠣᠶ ᠶᠢᠨ ᠪᠣᠬᠢᠷᠲᠤᠯ ᠢ ᠡᠬᠢ ᠡᠭᠦᠰᠦᠯ ᠠᠴᠠ ᠨᠢ | ᠰᠡᠷᠭᠡᠶᠢᠯᠡᠨ ᠡᠵᠡᠮᠳᠡᠬᠦ ᠶᠢ ᠠᠬᠢᠭᠤᠯᠵᠤ᠂ ᠠᠶᠤᠯᠲᠠᠶ ᠬᠠᠶᠠᠭᠳᠠᠮᠠᠯ ᠪᠣᠳᠠᠰ ᠤᠨ ᠬᠠᠮᠢᠶᠠᠷᠤᠯᠲᠠ ᠶᠢᠨ ᠳᠦᠪᠰᠢᠨ ᠢ | ᠲᠠᠰᠤᠷᠠᠯᠲᠠ ᠥᠬᠡᠶ ᠳᠡᠭᠡᠭᠰᠢᠯᠡᠭᠦᠯᠦᠨ᠂ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ | ᠴᠢᠨᠠᠭᠰᠢᠳᠠ ᠳᠡᠬᠡᠭᠰᠢᠯᠡᠬᠦᠯᠤᠨ᠎ᠠ᠃ | ᠳᠤᠤᠷ᠎ᠠ ᠨᠡᠬᠦᠷᠡᠰᠤᠳᠦ᠋ᠷᠦᠭᠴᠢᠳᠤ ᠤᠷᠴᠢᠯᠳᠠ ᠬᠥᠭᠵᠢᠯᠲᠡ ᠶᠢ ᠲᠦᠷᠭᠡᠳᠬᠡᠨ᠎ᠡ᠃ ᠨᠡᠬᠦᠷᠡᠰᠤᠳᠦ᠋ᠷᠦᠭᠴᠢᠳᠤ ᠶᠢ | ᠤᠷᠬᠢᠯ ᠳᠤᠨᠢ ᠬᠦᠷᠭᠡᠬᠦ ᠠᠵᠢᠯᠯᠠᠭ᠎ᠠ ᠶᠢ ᠯᠠᠪᠳᠠᠭᠤᠨ ᠪᠠᠲᠤᠲᠠᠶ ᠡᠮᠬᠢ ᠲᠢᠭᠯᠢᠮ ᠲᠠᠢ ᠪᠠᠷ ᠥᠷᠨᠢᠭᠦᠯᠵᠦ᠂ ᠡᠨᠧᠷᠭᠢ᠂ | ᠠᠵᠤ ᠦᠢᠯᠡᠳᠪᠦᠷᠢ᠂ ᠵᠠᠮ ᠬᠠᠷᠢᠯᠴᠠᠭ᠎ᠠ ᠵᠡᠷᠭᠡ ᠬᠦᠷᠢᠶᠡᠨ ᠳᠠᠬᠢ ᠳᠤᠤᠷ᠎ᠠ ᠨᠡᠬᠦᠷᠡᠰᠤᠳᠦ᠋ᠷᠦᠭᠴᠢᠳᠤ ᠬᠡᠯᠪᠡᠷᠢ ᠪᠤᠯᠭᠠᠨ | ᠬᠤᠪᠢᠷᠠᠭᠤᠯᠬᠤ ᠶᠢ ᠭᠤᠣᠯᠳᠠᠯᠭ᠎ᠠ ᠲᠠᠢ ᠠᠬᠢᠭᠤᠯᠵᠤ᠂ ︽ᠬᠤᠶᠠᠷ ᠶᠡᠬᠡᠳᠡᠢ︾ ︵ᠡᠨᠧᠷᠭᠢ ᠶᠢᠨ ᠬᠤᠷᠤᠭᠳᠠᠯ | ᠶᠡᠬᠡᠲᠡᠶ᠂ ᠪᠤᠬᠢᠷᠳᠤᠯ ᠶᠡᠬᠡᠲᠡᠶ︶ ᠳᠦᠷᠤᠯ ᠵᠦᠢᠯ ᠢ ᠳᠤᠷ᠎ᠠ ᠢᠶᠠᠷ ᠰᠤᠬᠤᠷ ᠪᠠᠯᠠᠢ ᠪᠠᠷ ᠬᠦᠭᠵᠢᠬᠦᠯᠬᠦ ᠶᠢ ᠡᠷᠡᠰ | ᠬᠤᠷᠢᠭᠯᠠᠵᠤ᠂ ᠰᠢᠨ᠎ᠡ ᠪᠠᠷ ᠪᠠᠶᠢᠭᠤᠯᠬᠤ ᠲᠦᠷᠦᠯ ᠵᠦᠢᠯ ᠤᠨ ᠡᠨᠧᠷᠭᠢ ᠶᠢᠨ ᠠᠰᠢᠭᠯᠠᠮᠵᠢ ᠶᠢ ᠡᠷᠬᠡᠪᠰᠢ ᠤᠯᠤᠰ ᠤᠨ | ᠲᠡᠷᠢᠭᠦᠨ ᠤ ᠦᠷᠳᠡᠭ ᠤᠨ ᠳᠦᠪᠰᠢᠨ ᠳᠤ ᠬᠦᠷᠬᠡᠨ᠎ᠠ᠃ ᠪᠥᠬᠦ ᠲᠠᠯ᠎ᠠ ᠪᠠᠷ ᠠᠷᠪᠢᠯᠠᠬᠤ ᠪᠠ ᠣᠷᠴᠢᠯᠳᠤᠭᠤᠯᠤᠨ | ᠠᠰᠢᠭᠯᠠᠬᠤ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠵᠤ᠂ ᠡᠨᠧᠷᠭᠢ ᠠᠷᠪᠢᠯᠠᠬᠤ ᠤᠰᠤ ᠠᠷᠪᠢᠯᠠᠬᠤ ᠮᠡᠷᠭᠡᠵᠢᠯ ᠤᠨ | ᠥᠭᠡᠷᠡᠴᠢᠯᠡᠯᠲᠡ ᠶᠢᠨ 35 ᠲᠥᠷᠥᠯ ᠵᠦᠶᠯ ᠢ ᠬᠡᠷᠡᠭᠵᠢᠭᠦᠯᠵᠦ᠂ ᠪᠣᠬᠢᠷᠲᠤᠯ ᠥᠬᠡᠶ ᠦᠶᠯᠡᠳᠪᠦᠷᠢ ᠶᠢ 5 | ᠨᠡᠮᠡᠭᠳᠡᠭᠦᠯᠦᠨ᠎ᠡ᠃ ︽ᠲᠠᠪᠤᠨ ᠶᠡᠭᠡ ᠢᠯᠡᠷᠡᠬᠦᠯᠤᠯ︾ ᠤᠨᠠᠵᠢᠯᠯᠠᠭ᠎ᠠ ᠶᠢ ᠭᠦᠨᠵᠡᠭᠡᠶᠢᠷᠡᠭᠦᠯᠦᠨ᠂ ᠵᠥᠪᠰᠢᠶᠡᠷᠡᠭᠰᠡᠨ | ᠪᠣᠯᠪᠠᠴᠤ ᠬᠠᠩᠭᠠᠭᠠᠳᠤᠶ ᠪᠠ ᠰᠤᠯᠠ ᠲᠠᠯᠪᠢᠵᠤ ᠪᠠᠶᠢᠭ᠎ᠠ ᠭᠠᠵᠠᠷ ᠰᠢᠷᠣᠶ᠂ ᠨᠡᠭᠡᠭᠡᠨ ᠬᠥᠭᠵᠢᠭᠦᠯᠬᠦ ᠣᠷᠣᠨ ᠤ ︽ | ᠦᠭᠰᠢᠷᠡᠮᠡᠯ ᠠᠵᠤ ᠠᠬᠤᠶᠢᠯᠠᠯ︾ ᠪᠠ ︽ᠦᠭᠰᠢᠷᠡᠮᠡᠯ ᠳᠦᠷᠤᠯ ᠵᠦᠢᠯ︾ ᠢ ᠳᠦᠷᠬᠡᠳᠬᠡᠨ ᠰᠢᠶᠳᠪᠦᠷᠢᠯᠡᠵᠦ᠂ ᠪᠤᠢ | ᠪᠦᠬᠦᠢ ︽ᠬᠠᠭᠠᠰ ᠳᠤᠷᠭᠤᠨ︾ ᠢᠨᠵᠧᠨᠧᠷᠢᠩ ᠢ ᠠᠮᠢᠳᠤᠯᠢᠭ ᠪᠤᠯᠭᠠᠬᠤ ᠪᠤᠶᠤ ᠬᠦᠴᠦᠨ ᠦᠭᠡᠢ ᠪᠣᠯᠭᠠᠬᠤ ᠶᠢ | ᠲᠦᠷᠭᠡᠳᠬᠡᠨ᠎ᠡ᠃ ᠤᠰᠤ ᠶᠢ ᠠᠷᠪᠢᠯᠠᠵᠤ ᠬᠢᠵᠠᠭᠠᠷᠯᠠᠬᠤ ᠠᠵᠢᠯᠯᠠᠭ᠎ᠠ ᠶᠢ ᠬᠦᠨᠵᠡᠬᠡᠢ ᠥᠷᠨᠢᠭᠦᠯᠵᠦ᠂ ᠲᠠᠷᠢᠶᠠᠯᠠᠩ ᠤᠨ | ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ᠂ ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷᠲᠤᠯ ᠪᠣᠳᠠᠰ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠬᠤᠳᠠ ᠬᠥᠳᠡᠭᠡ ᠶᠢᠨ ᠠᠮᠢᠳᠤᠷᠠᠯ ᠤᠨ ᠤᠰᠤ ᠠᠷᠪᠢᠯᠠᠬᠤ ᠶᠢ | ᠴᠢᠩᠭᠠᠳᠬᠠᠵᠤ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠬᠡᠷᠡᠭᠯᠡᠬᠦ ᠶᠢ ᠵᠠᠰᠠᠬᠤ ᠠᠵᠢᠯᠯᠠᠭ᠎ᠠ ᠶᠢ | ᠭᠦᠨᠵᠡᠭᠡᠶᠢᠷᠡᠭᠦᠯᠵᠦ᠂ ᠦᠷ᠎ᠡ ᠬᠤᠶᠢᠴᠢᠰ ᠲᠠᠭᠠᠨ ︽ᠤᠰᠤᠨ ᠤ ᠡᠬᠢ ᠪᠠᠶᠠᠯᠢᠭ ᠤᠨ ᠣᠷᠣᠨ ᠵᠠᠶ︾ ᠶᠢ ᠦᠯᠡᠳᠡᠭᠡᠵᠦ | ᠥᠭᠭᠦᠨ᠎ᠡ᠃ | ︵ᠳᠣᠯᠤᠭ᠎ᠠ︶ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠲᠠᠰᠤᠷᠠᠯᠲᠠ ᠥᠬᠡᠶ ᠨᠡᠮᠡᠭᠳᠡᠭᠦᠯᠵᠦ᠂ | ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ | ᠠᠵᠢᠯ ᠣᠯᠭᠤᠯᠲᠠ ᠶᠢ ᠤᠷᠢᠳᠠᠪᠠᠷ ᠪᠣᠳᠣᠯᠬᠢᠯᠠᠬᠤ ᠶᠢ ᠪᠠᠷᠢᠮᠲᠠᠯᠠᠨ᠎ᠠ᠃ ᠶᠡᠭᠡ ᠳᠡᠭᠡᠳᠦ ᠰᠤᠷᠭᠠᠭᠤᠯᠢ | ᠲᠡᠭᠦᠰᠦᠭᠰᠡᠨ ᠤᠶᠤᠳᠡᠳ ᠂ ᠶᠠᠳᠠᠭᠤ ᠠᠴᠠ ᠠᠩᠬᠢᠵᠢᠷᠠᠭᠰᠠᠨ ᠬᠥᠮᠦᠨ ᠠᠮᠠ᠂ ᠮᠠᠯᠴᠢᠨ ᠲᠠᠷᠢᠶᠠᠴᠢᠨ ᠬᠦᠴᠦ | ᠶᠠᠪᠤᠭᠰᠡᠳ᠂ ᠴᠡᠷᠢᠭ ᠠᠴᠠ ᠬᠠᠯᠠᠭᠳᠠᠭᠰᠠᠳ᠂ ᠠᠵᠢᠯ ᠤᠯᠬᠤ ᠳᠤ ᠬᠦᠴᠢᠷᠲᠡᠶ ᠬᠥᠮᠦᠰ᠂ ᠵᠡᠮᠳᠡᠭᠴᠦᠳ ᠵᠡᠷᠭᠡ | ᠭᠤᠤᠯᠳᠠᠯᠭ᠎ᠠ ᠲᠠᠢ ᠬᠠᠮᠲᠤᠯᠢᠭ ᠲᠤ ᠠᠵᠢᠯ ᠣᠯᠭᠤᠬᠤ ᠶᠢ ᠨᠠᠷᠢᠯᠢᠭ ᠣᠨᠣᠴᠢᠲᠠᠶ ᠪᠠᠷ ᠬᠠᠪᠰᠤᠷᠤᠨ ᠲᠡᠳᠬᠦᠬᠦ ᠠᠵᠢᠯ ᠢ | ᠰᠠᠶᠢᠳᠤᠷ ᠬᠢᠵᠦ᠂ ᠠᠳᠠᠯ ᠦᠶᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠵᠣᠷᠢᠭᠵᠢᠭᠤᠯᠤᠨ᠎ᠠ᠃ | ᠠᠵᠢᠯ ᠠᠯᠳᠠᠯᠲᠠ ᠶᠢᠨ ᠳᠠᠭᠠᠳᠬᠠᠯ ᠢᠶᠠᠷ ᠠᠵᠤ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠠᠬᠢᠭᠤᠯᠬᠤ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠠᠯᠳᠠᠯᠲᠠ ᠶᠢᠨ ᠳᠠᠭᠠᠳᠬᠠᠯ ᠤᠨ ᠬᠠᠷᠠᠭᠠᠯᠵᠠᠯ ᠢ | ᠬᠦᠢᠴᠡᠳ ᠬᠡᠮᠵᠢᠶ᠎ᠠ ᠪᠠᠷ ᠳᠤᠭ᠎ᠠ ᠨᠤᠷᠮ᠎ᠠ ᠳᠠᠷᠬᠠᠭᠠᠬᠤ ᠶᠢ ᠪᠠᠳᠤᠯᠠᠨ᠎ᠠ᠃ ᠤᠷᠲᠤ ᠬᠤᠭᠤᠴᠠᠭ᠎ᠠ ᠪᠠᠷ ᠴᠠᠯᠢᠩ | ᠦᠷᠢᠳᠦᠬᠦ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠥᠯᠥᠰᠥᠨ ᠠᠵᠢᠯᠴᠢᠨ ᠤ | ᠬᠠᠤᠯᠢ ᠶᠤᠰᠤᠨ ᠤ ᠡᠷᠬᠡ ᠠᠰᠢᠭ ᠪᠠᠳᠤᠯᠠᠨ᠎ᠠ᠃ | ᠨᠡᠶᠢᠬᠡᠮ ᠤᠨ ᠪᠠᠳᠤᠯᠠᠭ᠎ᠠ ᠶᠢ ᠴᠢᠩᠭᠠᠳᠬᠠᠨ᠎ᠠ᠃ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ | ᠮᠠᠶ᠋ᠢᠭ ᠪᠠ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠦᠷᠢᠮ ᠤᠨ | ᠰᠢᠰᠲ᠋ᠧᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠢᠨᠲ᠋ᠧᠷ ᠰᠦᠯᠵᠢᠶ᠎ᠡ +︾ ᠶᠢᠨ ᠡᠮᠴᠢᠯᠡᠭᠡ | ᠦᠶᠯᠡᠴᠢᠯᠡᠭᠡᠨ ᠤ ᠡᠮ ᠡᠮᠨᠡᠯᠬᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠶᠢ ᠪᠦᠬᠦᠨ ᠢ ᠪᠡᠶᠡᠯᠡᠬᠦᠯᠬᠦ ᠶᠢ ᠠᠬᠢᠭᠤᠯᠵᠤ | ᠂ ᠤᠨᠳᠤᠤ ᠭᠠᠵᠠᠷ ᠲᠤ ᠡᠮᠴᠢᠯᠡᠭᠦᠯᠬᠦ ᠬᠠᠮᠢᠶᠠᠷᠤᠯᠲᠠ ᠶᠢ ᠴᠢᠩᠭᠠᠳᠬᠠᠵᠤ᠂ ᠣᠨᠳᠣᠣ ᠭᠠᠵᠠᠷ ᠲᠤ ᠡᠮᠴᠢᠯᠡᠭᠦᠯᠦᠭᠰᠡᠨ | ᠵᠠᠷᠤᠳᠠᠯ ᠢ ᠰᠢᠭᠤᠳ ᠳᠠᠰᠤᠯᠠᠨ ᠪᠤᠳᠤᠬᠤ ᠨᠤᠷᠮ᠎ᠠ ᠶᠢ 70% ᠠᠴᠠ ᠳᠡᠭᠡᠭᠰᠢ ᠪᠠᠶᠢᠯᠭᠠᠬᠤ ᠶᠢ ᠪᠡᠶᠡᠯᠡᠭᠦᠯᠦᠨ᠎ᠡ᠃ | ᠬᠤᠲᠠ ᠪᠠᠯᠭᠠᠰᠤ ᠶᠢᠨ 182 ᠬᠠᠭᠤᠴᠢᠨ ᠲᠣᠭᠤᠷᠢᠭ᠂ ᠮᠠᠯᠵᠢᠬᠤ ᠲᠠᠷᠢᠶᠠᠯᠠᠬᠤ ᠣᠷᠣᠨ ᠤ 673 ᠡᠷᠦᠬᠡ ᠶᠢᠨ | ᠨᠤᠷᠠᠬᠤ ᠠᠶᠤᠯᠲᠠᠶ ᠬᠡᠷ ᠪᠠᠶᠢᠰᠢᠩ᠂ 717 ᠳᠥᠭᠦᠮ ᠪᠦᠳᠤᠴᠢᠳᠤ ᠣᠷᠣᠨ ᠰᠠᠭᠤᠴᠠ ᠶᠢᠨ ᠲᠣᠭᠤᠷᠢᠭ ᠢ | ᠥᠭᠡᠷᠡᠴᠢᠯᠡᠨ ᠰᠠᠶᠢᠵᠢᠷᠠᠭᠤᠯᠵᠤ᠂ 1642 ᠢᠵᠢ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ | ᠪᠥᠲᠥᠭᠡᠨ ᠪᠠᠶᠢᠭᠤᠯᠵᠤ᠂ 4271 ᠡᠷᠦᠬᠡ ᠶᠢᠨ ᠨᠡᠶᠢᠲᠡ ᠶᠢᠨ ᠲᠦᠷᠢᠶᠡᠰᠦᠨ ᠬᠡᠷ ᠲᠦᠷᠢᠶᠡᠰᠦᠯᠡᠬᠦ ᠨᠥᠬᠦᠪᠥᠷᠢ ᠶᠢ | ᠲᠠᠷᠬᠠᠭᠠᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠲᠡᠤᠬᠡᠨ ᠠᠴᠠ ᠦᠯᠡᠳᠡᠭᠳᠡᠵᠦ ᠢᠷᠡᠭᠰᠡᠨ ︽ᠭᠤᠷᠪᠠᠨ ᠪᠡᠷᠬᠡ︾ | ᠠᠰᠠᠭᠤᠳᠠᠯ ᠢ ᠦᠷᠭᠦᠯᠵᠢᠯᠡᠨ ᠰᠢᠢᠳᠪᠤᠷᠢᠯᠡᠨ᠎ᠠ᠃ ᠨᠡᠭᠦᠷᠡᠰᠦ ᠴᠠᠬᠢᠯᠭᠠᠨ ᠲᠤᠰᠤ ᠬᠡᠢ ᠲᠡᠭᠡᠭᠡᠪᠦᠷᠢ ᠶᠢᠨ ᠬᠠᠩᠭᠠᠯᠭ᠎ᠠ | ᠪᠠ ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ | ᠲᠣᠭᠲᠠᠪᠤᠷᠢᠵᠢᠭᠤᠯᠬᠤ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠨ᠎ᠠ᠃ | ᠬᠤᠳᠠ ᠶᠢᠨ ᠴᠢᠳᠠᠪᠬᠢ ᠶᠢ ᠲᠡᠭᠦᠯᠳᠡᠷᠵᠢᠭᠦᠯᠦᠨ᠎ᠡ᠃ ᠪᠦᠬᠦ ᠤᠯᠤᠰ ᠤᠨ ᠪᠣᠯᠪᠠᠰᠤᠨ ᠬᠤᠲᠠ ᠶᠢ ᠠᠮᠵᠢᠯᠲᠠ | ᠲᠠᠢ ᠡᠭᠦᠳᠦᠨ ᠪᠠᠶᠢᠭᠤᠯᠪᠠ᠃ G335 ᠬᠦᠭᠡᠪᠦᠷ ᠠᠴᠠ ᠤᠯᠠᠭᠠᠨᠬᠤᠸᠠ ᠬᠦᠷᠬᠦ᠂ ᠵᠢᠨᠢᠩ ᠠᠴᠠ ᠱᠠᠩᠳᠤ ᠬᠦᠷᠬᠦ | ᠵᠡᠷᠭᠡ 13 ᠭᠤᠤᠯᠳᠠᠯᠭ᠎ᠠ ᠲᠠᠢ ᠵᠠᠰᠠᠮᠠᠯ ᠵᠠᠮ ᠤᠨ ᠳᠦᠷᠤᠯ ᠵᠦᠢᠯ ᠢ ᠬᠡᠷᠡᠭᠵᠢᠬᠦᠯᠵᠤ᠂ ᠬᠤᠲᠠ ᠶᠢᠨ ᠶᠠᠪᠤᠳᠠᠯ ᠤᠨ | ᠵᠠᠮ ᠬᠠᠷᠢᠯᠴᠠᠭᠠᠨ ᠤ ᠲᠣᠤᠷ ᠢ ᠰᠢᠯᠢᠳᠡᠭᠵᠢᠭᠦᠯᠵᠦ᠂ ᠰᠢᠲᠠᠮᠠᠬᠠᠶ ᠬᠡᠶ᠂ ᠢᠯᠴᠢ ᠬᠠᠩᠭᠠᠯᠳᠠ᠂ ᠤᠰᠤ ᠬᠠᠩᠭᠠᠬᠤ | ᠤᠰᠤ ᠵᠠᠯᠠᠬᠤ ᠬᠤᠭᠤᠯᠠᠶ ᠶᠢᠨ ᠲᠣᠤᠷ ᠢ ᠰᠢᠨᠡᠳᠬᠡᠨ ᠥᠭᠡᠷᠡᠴᠢᠯᠡᠬᠦ ᠶᠢ ᠠᠬᠢᠭᠤᠯᠵᠤ᠂ ᠳᠡᠷᠬᠡᠨ ᠵᠤᠭᠰᠤᠭᠠᠯ 8000 | ᠶᠢ ᠪᠠᠶᠢᠭᠤᠯᠤᠨ᠎ᠠ᠃ ᠳᠦᠪ ᠬᠤᠳᠠ ᠳᠤᠭᠤᠷᠢᠭ ᠤᠨ ᠤᠰᠤ ᠬᠠᠩᠭᠠᠬᠤ ᠢᠨᠵᠧᠨᠧᠷᠢᠩ ᠢ ᠬᠡᠷᠡᠭᠵᠢᠬᠦᠯᠤᠨ᠎ᠠ᠃ | ᠬᠠᠷᠢᠮᠠᠬᠠᠢ ᠴᠢᠨᠠᠷ ᠲᠠᠢ ᠬᠤᠲᠠ ᠶᠢᠨ ᠪᠥᠲᠥᠭᠡᠨ ᠪᠠᠶᠢᠭᠤᠯᠤᠯᠲᠠ ᠶᠢ ᠡᠮᠬᠢ ᠲᠢᠭᠯᠢᠮ ᠲᠠᠢ ᠠᠬᠢᠭᠤᠯᠵᠤ᠂ ᠲᠥᠪ | ᠬᠤᠲᠠ ᠲᠣᠭᠤᠷᠢᠭ ᠲᠤ ᠠᠢ ᠴᠢᠩ ᠬᠠᠢ ᠴᠡᠴᠡᠷᠯᠢᠭ ᠪᠠ 5 ︽ᠪᠢᠳᠡᠬᠦᠤ ᠴᠡᠴᠡᠷᠯᠢᠭ︾ ᠢ ᠪᠠᠶᠢᠭᠤᠯᠤᠨ᠎ᠠ᠃ | ᠤᠶᠤᠨᠴᠢ ᠨᠡᠶᠢᠬᠡᠮ ᠳᠤᠭᠤᠷᠢᠭ ᠤᠨ ᠪᠦᠳᠦᠬᠡᠨ ᠪᠠᠶᠢᠭᠤᠯᠤᠯᠳᠠ ᠶᠢ ᠠᠬᠢᠭᠤᠯᠵᠤ ︽ᠬᠠᠮᠤᠭ ᠰᠠᠶᠢᠬᠠᠨ ᠰᠠᠭᠤᠭᠠᠯᠢ | ᠳᠤᠭᠤᠷᠢᠭ︾ ᠪᠠ ︽ᠬᠠᠮᠤᠭ ᠰᠠᠶᠢᠬᠠᠨ ᠬᠤᠷᠢᠶᠠᠯᠠᠯ︾ ᠵᠡᠷᠬᠡ ᠰᠢᠯᠭᠠᠷᠠᠭᠤᠯᠬᠤ ᠠᠵᠢᠯᠯᠠᠭ᠎ᠠ ᠶᠢ ᠦᠷᠨᠢᠬᠦᠯᠤᠨ᠎ᠠ᠃ | ᠠᠳᠠᠯ ᠠᠬᠤᠶ ᠶᠢᠨ ᠬᠠᠮᠢᠶᠠᠷᠤᠯᠲᠠ ᠶᠢᠨ ᠦᠶᠯᠡᠴᠢᠯᠡᠭᠡᠨ ᠤ ᠬᠢᠷᠢ ᠳᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ | ᠬᠤᠲᠠ ᠶᠢᠨ ᠦᠵᠡᠮᠵᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠦᠷᠭᠦᠯᠵᠢᠯᠡᠨ ᠥᠷᠨᠢᠭᠦᠯᠵᠦ᠂ ᠬᠤᠲᠠ ᠶᠢᠨ | ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠰᠢᠰᠲ᠋ᠧᠮ ᠤᠨ ᠪᠠᠶᠢᠭᠤᠯᠤᠯᠲᠠ ᠶᠢ ᠡᠮᠬᠢ ᠲᠢᠭᠯᠢᠮ ᠲᠠᠢ | ᠠᠬᠢᠭᠤᠯᠵᠤ᠂ ᠲᠣᠭᠤᠭᠠᠨ ᠬᠡᠷ ︵ᠬᠤᠭᠤᠯᠠᠨ ᠭᠡᠷ︶᠂ ᠪᠠᠷᠢᠯᠭ᠎ᠠ ᠶᠢᠨ ᠬᠤᠭ ᠨᠣᠪᠰᠢ ᠶᠢ ᠰᠢᠶᠳᠪᠦᠷᠢᠯᠡᠬᠦ | ᠴᠢᠳᠠᠪᠬᠢ ᠶᠢᠨ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠬᠤᠲᠠ ᠶᠢ ᠨᠠᠩ ᠴᠡᠪᠡᠷ᠂ ᠨᠠᠩ ᠡᠮᠬᠢ ᠲᠢᠭᠯᠢᠮ ᠲᠠᠢ᠂ | ᠨᠠᠩ ᠪᠣᠯᠪᠠᠰᠤᠨ ᠪᠣᠯᠭᠠᠬᠤ ᠪᠠᠷ ᠴᠢᠷᠮᠠᠶᠢᠨ᠎ᠠ᠃ | ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠶᠣᠰᠣ ᠰᠤᠷᠲᠠᠬᠤᠨ ᠢᠶᠠᠷ ᠬᠥᠮᠦᠨ ᠢ | ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ︽ᠶᠡᠭᠡ ᠦᠵᠡᠯ ᠰᠠᠨᠠᠭ᠎ᠠ ᠤᠯᠤᠰ ᠲᠥᠷᠥ ᠶᠢᠨ | ᠬᠢᠴᠢᠶᠡᠯ︾ ᠤᠨ ᠦᠶᠯᠡᠳᠦᠯᠭᠡ ᠶᠢᠨ ᠵᠢᠭᠠᠨ ᠰᠤᠷᠭᠠᠯᠲᠠ ᠶᠢᠨ ᠰᠠᠭᠤᠷᠢᠨ ᠢ 3 ᠪᠠᠶᠢᠭᠤᠯᠤᠨ᠎ᠠ᠃ ᠠᠯᠪᠠᠨ ᠵᠢᠷᠤᠮ | ᠤᠨ ᠰᠤᠷᠭᠠᠨ ᠬᠦᠮᠤᠵᠢᠯ ᠤᠨ ᠴᠢᠨᠠᠷᠯᠢᠭ ᠳᠡᠩᠴᠡᠬᠦᠷᠢᠳᠤ ᠬᠦᠭᠵᠢᠯᠳᠡ ᠪᠠ ᠬᠤᠳᠠ ᠬᠦᠳᠡᠭᠡ ᠶᠢᠨ ᠨᠢᠬᠡ | ᠴᠤᠭᠴᠠᠵᠢᠯᠳᠠ ᠶᠢ ᠠᠬᠢᠭᠤᠯᠵᠤ᠂ ᠤᠷᠤᠨ ᠳᠤᠭᠤᠷᠢᠭ ᠤᠨ ᠰᠤᠷᠭᠠᠨ ᠬᠦᠮᠤᠵᠢᠯ ᠤᠨ ᠬᠤᠪᠢᠶᠠᠷᠢᠯᠠᠯᠳᠠ ᠶᠢ | ᠰᠢᠯᠢᠳᠡᠭᠵᠢᠬᠦᠯᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠤᠵᠢᠯ ᠣᠨᠴᠠᠭᠠᠶ ᠰᠤᠷᠭᠠᠨ ᠬᠥᠮᠦᠵᠢᠯ ᠤᠨ | ᠲᠦᠭᠡᠮᠡᠯ ᠬᠠᠷᠠᠭᠠᠯᠵᠠᠯᠳᠤ ᠬᠥᠭᠵᠢᠯᠲᠡ ᠶᠢ ᠴᠢᠩᠭᠠᠳᠬᠠᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠱᠠᠲᠤᠨ ᠤ ᠰᠤᠷᠭᠠᠭᠤᠯᠢ ᠶᠢᠨ ᠤᠯᠠᠨ ᠶᠠᠩᠵᠤᠴᠢᠯᠠᠭᠰᠠᠨ ᠬᠥᠭᠵᠢᠯᠲᠡ ᠶᠢ ᠠᠬᠢᠭᠤᠯᠵᠤ᠂ ︽ᠬᠤᠶᠠᠷ ᠢ | ᠬᠦᠩᠬᠡᠷᠡᠬᠦᠯᠬᠦ︾ ᠵᠢᠱᠢᠶᠡᠴᠢ ᠰᠤᠷᠭᠠᠭᠤᠯᠢ ᠶᠢ 30 ᠰᠠᠭᠤᠷᠢ ᠪᠠᠶᠢᠭᠤᠯᠵᠤ᠂ ᠨᠡᠷᠡᠳᠤ ᠰᠤᠷᠭᠠᠭᠤᠯᠢ ᠶᠢᠨ ᠳᠠᠷᠤᠭ᠎ᠠ | ᠶᠢᠨ ᠠᠵᠢᠯᠯᠠᠬᠤ ᠲᠠᠰᠤᠭ 8 ᠪᠠᠶᠢᠭᠤᠯᠵᠤ᠂ ᠨᠡᠷᠡᠳᠤ ᠪᠠᠭᠰᠢ ᠶᠢᠨ ᠠᠵᠢᠯᠯᠠᠬᠤ ᠦᠷᠤᠬᠡ 15 ᠶᠢ ᠪᠠᠶᠢᠭᠤᠯᠤᠨ᠎ᠠ᠃ | ᠠᠵᠤ ᠦᠶᠯᠡᠰ ᠪᠠ ᠰᠤᠷᠭᠠᠨ ᠬᠥᠮᠦᠵᠢᠯ ᠢ ᠠᠭᠤᠰᠤᠯᠴᠠᠭᠤᠯᠬᠤ᠂ ᠰᠤᠷᠭᠠᠭᠤᠯᠢ ᠪᠠ ᠠᠵᠤ ᠠᠬᠤᠶᠢᠯᠠᠯ ᠤᠨ | ᠬᠠᠮᠵᠢᠯᠴᠠᠭ᠎ᠠ ᠶᠢ ᠬᠦᠨᠵᠡᠬᠡᠶᠢᠷᠡᠬᠦᠯᠵᠤ᠂ ᠦᠪᠤᠷ ᠮᠤᠩᠭᠤᠯ ᠤᠨ ᠠᠵᠢᠯ ᠮᠡᠷᠬᠡᠵᠢᠯ ᠤᠨ ᠰᠤᠷᠭᠠᠨ ᠬᠦᠮᠤᠵᠢᠯ ᠤᠨ | ᠳᠤᠭᠤᠷᠢᠭ ᠢ ᠪᠦᠳᠦᠬᠡᠨ ᠪᠠᠶᠢᠭᠤᠯᠵᠤ ᠶᠢ ᠠᠬᠢᠭᠤᠯᠤᠨ᠎ᠠ᠃ ᠤᠯᠠᠭᠠᠨᠴᠠᠪ ᠠᠵᠢᠯ ᠮᠡᠷᠬᠡᠵᠢᠯ ᠤᠨ ᠰᠤᠷᠭᠠᠭᠤᠯᠢ᠂ | ᠤᠯᠠᠭᠠᠨᠴᠠᠪ ᠤᠨ ᠡᠮ ᠡᠮᠨᠡᠯᠬᠡ ᠶᠢᠨ ᠳᠤᠰᠬᠠᠢ ᠮᠡᠷᠬᠡᠵᠢᠯ ᠤᠨ ᠰᠤᠷᠭᠠᠭᠤᠯᠢ ᠶᠢ ᠵᠢᠩᠬᠢᠨᠢ ᠠᠩᠬᠢ ᠶᠢᠨ ᠰᠤᠷᠭᠠᠭᠤᠯᠢ | ᠪᠤᠯᠭᠠᠨ ᠳᠡᠪᠰᠢᠬᠦ ᠶᠢ ᠳᠡᠮᠵᠢᠨ᠎ᠠ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠬᠦ | ᠡᠷᠴᠢᠮ ᠢᠶᠠᠨ ᠴᠢᠩᠭᠠᠷᠠᠭᠤᠯᠵᠤ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ | ᠦᠷ᠎ᠡ ᠪᠦᠲᠦᠭᠡᠯ ᠢ ᠪᠠᠬᠢᠵᠢᠬᠦᠯᠤᠨ᠎ᠠ᠃ ᠰᠤᠷᠤᠭᠴᠢ ᠶᠢᠨ ᠰᠡᠳᠬᠢᠴᠠ ᠶᠢ ᠠᠩᠬᠠᠷᠬᠤ ᠪᠠ ᠰᠤᠷᠭᠠᠭᠤᠯᠢ ᠶᠢᠨ | ᠬᠦᠷᠢᠶᠠᠨ ᠤ ᠠᠮᠤᠷ ᠳᠦᠪᠰᠢᠨ ᠤ ᠬᠠᠮᠢᠶᠠᠷᠤᠯᠳᠠ ᠶᠢ ᠴᠢᠩᠭᠠᠳᠬᠠᠨ᠎ᠠ᠃ | ᠤᠯᠠᠨ ᠲᠦᠮᠡᠨ ᠤ ᠡᠷᠡᠭᠦᠯ ᠮᠡᠨᠳᠤ ᠶᠢ ᠬᠠᠮᠠᠭᠠᠯᠠᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ | ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠰᠢᠯᠢᠳᠡᠭ ᠡᠮᠴᠢᠯᠡᠬᠡᠨ ᠤ ᠡᠬᠢ ᠰᠤᠷᠪᠤᠯᠵᠢ ᠶᠢ ᠥᠷᠭᠡᠳᠬᠡᠬᠦ ᠪᠠ | ᠤᠷᠤᠨ ᠪᠦᠰᠠ ᠶᠢᠨ ᠳᠡᠩᠴᠡᠷᠢᠬᠦᠳᠤ ᠪᠠᠶᠢᠳᠠᠯ ᠢ ᠠᠬᠢᠭᠤᠯᠵᠤ᠂ ᠨᠢᠬᠳᠠᠷᠠᠭᠰᠠᠨ ᠬᠡᠯᠪᠡᠷᠢ ᠶᠢᠨ ᠡᠮ ᠡᠮᠨᠡᠯᠬᠡ | ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠵᠤ᠂ ᠬᠤᠰᠢᠭᠤ ᠰᠢᠶᠠᠨ ᠬᠤᠳᠠ ᠳᠤᠭᠤᠷᠢᠭ ᠲᠤ | ᠪᠦᠷᠬᠦᠬᠦ ᠨᠤᠷᠮ᠎ᠠ ᠶᠢ ᠪᠡᠶᠡᠯᠡᠬᠦᠯᠤᠨ᠎ᠠ᠃ ᠬᠤᠲᠠ ᠶᠢᠨ ᠡᠪᠡᠳᠴᠢᠨ ᠡᠮᠬᠡᠭ ᠢ ᠡᠵᠡᠮᠳᠡᠬᠦ ᠲᠥᠪ ᠢ ᠦᠭᠡᠷᠡᠴᠢᠯᠡᠨ | ᠦᠷᠭᠡᠳᠬᠡᠨ ᠪᠠᠶᠢᠭᠤᠯᠵᠤ ᠳᠠᠭᠤᠰᠬᠠᠨ᠎ᠠ᠃ ᠬᠤᠳᠠ ᠶᠢᠨ ᠳᠦᠪ ᠡᠮᠨᠡᠯᠬᠡ ᠶᠢᠨ ᠬᠤᠷᠢᠶ᠎ᠠ ᠶᠢ ︽ᠢᠨᠲ᠋ᠧᠷ ᠡᠮᠨᠡᠯᠬᠡ︾ | ᠪᠤᠯᠭᠠᠨ ᠰᠦᠯᠵᠢᠶᠠᠨ ᠳᠡᠬᠡᠷ᠎ᠡ ᠠᠵᠢᠯᠯᠠᠭᠤᠯᠬᠤ ᠶᠢ ᠠᠬᠢᠭᠤᠯᠵᠤ᠂ ᠪᠡᠬᠡᠵᠢᠩ ᠤᠨ ᠰᠢᠯᠢᠳᠡᠭ ᠡᠮ ᠡᠮᠨᠡᠯᠬᠡ ᠶᠢᠨ | ᠪᠠᠶᠢᠭᠤᠯᠤᠮᠵᠢ ᠯᠤᠭ᠎ᠠ ᠶᠢᠨ ᠬᠠᠮᠳᠤᠷᠠᠯᠴᠠᠭ᠎ᠠ ᠪᠠᠨ ᠬᠦᠨᠵᠡᠬᠡᠶᠢᠷᠡᠬᠦᠯᠵᠤ᠂ ᠵᠢᠷᠤᠬᠡ ᠴᠢᠰᠤᠨ ᠰᠤᠳᠠᠯ ᠤᠨ ᠡᠪᠡᠳᠴᠢᠨ | ᠤ ᠨᠡᠷᠡᠳᠤ ᠡᠮᠴᠢ ᠶᠢᠨ ᠲᠠᠰᠤᠭ ᠢ ᠪᠠᠶᠢᠭᠤᠯᠤᠨ᠎ᠠ᠃ ︽ᠨᠠᠰᠤᠲᠠᠨ ᠨᠢᠯᠬ᠎ᠠ︾ ᠶᠢᠨ ᠡᠷᠡᠭᠦᠯ ᠮᠡᠨᠳᠤ ᠵᠢᠨᠬᠠᠷᠠᠭᠠᠯᠵᠠᠨ | ᠠᠰᠠᠷᠠᠬᠤ ᠦᠢᠯᠡᠴᠢᠯᠡᠭᠡ ᠶᠢ ᠰᠠᠶᠢᠲᠤᠷ ᠬᠢᠵᠦ᠂ ᠭᠡᠷ ᠤᠨ ᠢᠶᠠᠨ ᠪᠠᠶᠢᠭ᠎ᠠ ᠨᠡᠶᠢᠭᠡᠮ ᠲᠣᠭᠤᠷᠢᠭ ᠤᠨ ᠪᠠᠶᠢᠭᠤᠯᠤᠮᠵᠢ | ᠲᠠᠢ ᠬᠠᠷᠢᠯᠴᠠᠨ ᠵᠤᠬᠢᠴᠠᠯᠳᠤᠬᠤ᠂ ᠡᠮᠨᠡᠬᠦ ᠰᠤᠪᠢᠯᠠᠬᠤ ᠡᠷᠡᠭᠦᠯᠵᠢᠭᠦᠯᠬᠦ ᠶᠢ ᠤᠶᠠᠯᠳᠤᠭᠤᠯᠤᠭᠰᠠᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠳᠦᠷᠬᠡᠳᠬᠡᠨ ᠪᠠᠶᠢᠭᠤᠯᠵᠤ᠂ ᠮᠢᠩᠭᠠᠨ ᠬᠥᠮᠦᠨ ᠪᠦᠷᠢ ᠳᠤ 3 | ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠤᠨ ᠣᠷᠣᠨ ᠪᠠᠶᠢᠷᠢ ᠶᠢᠨ ᠲᠤᠭ᠎ᠠ ᠶᠢ 3 .5 ᠳᠤ ᠬᠦᠷᠭᠡᠨ᠎ᠡ᠃ | ᠰᠣᠶᠣᠯ ᠲᠠᠮᠢᠷ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃ ᠰᠤᠶᠤᠯ ᠤᠨ ᠳᠤᠭᠠᠴᠠᠯᠠᠭᠰᠠᠨ ᠪᠦᠳᠦᠬᠡᠨ | ᠪᠠᠶᠢᠭᠤᠯᠤᠯᠳᠠ ᠶᠢ ᠠᠬᠢᠭᠤᠯᠵᠤ᠂ ᠣᠯᠠᠨ ᠨᠡᠶᠢᠲᠡ ᠶᠢᠨ ᠰᠣᠶᠣᠯ ᠤᠨ ᠡᠭᠦᠯᠡᠨ ᠲᠠᠪᠴᠠᠩ ᠢ ᠦᠷᠭᠦᠯᠵᠢᠯᠡᠨ | ᠲᠡᠭᠦᠯᠳᠡᠷᠵᠢᠭᠦᠯᠵᠦ᠂ ᠬᠤᠰᠢᠭᠤ ᠰᠢᠶᠠᠨ ᠤ ᠰᠣᠶᠣᠯ ᠤᠨ ᠣᠷᠳᠣᠨ᠂ ᠨᠣᠮ ᠤᠨ ᠰᠠᠩ ᠢ ᠪᠠᠷᠢᠮᠵᠢᠶ᠎ᠠ ᠳᠤ ᠬᠦᠷᠬᠦ ᠶᠢ | ᠠᠬᠢᠭᠤᠯᠤᠨ᠎ᠠ᠃ ᠰᠣᠶᠣᠯ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠶᠢ ᠠᠬᠢᠭᠤᠯᠵᠤ᠂ | ᠤᠯᠠᠭᠠᠨᠮᠥ᠋ᠴᠢᠷ ᠤᠨ ᠠᠷᠠᠳ ᠲᠤ ᠠᠰᠢᠭ ᠬᠦᠷᠳᠡᠬᠡᠬᠦ ᠳᠤᠭᠯᠠᠯᠳᠠ ᠶᠢ1400 ᠳᠠᠯᠠᠪᠠᠢ ᠠᠴᠠ ᠳᠡᠬᠡᠭᠰᠢ | ᠦᠷᠨᠢᠬᠦᠯᠤᠨ᠎ᠠ᠃ ᠭᠤᠤᠯᠳᠠᠯᠭ᠎ᠠ ᠰᠤᠶᠤᠯ ᠤᠨ ᠦᠪ ᠤᠨ ᠬᠠᠮᠠᠭᠠᠯᠠᠯᠳᠠ ᠶᠢᠨ ᠳᠦᠷᠤᠯ ᠵᠦᠢᠯ ᠤᠨ ᠪᠦᠳᠦᠬᠡᠨ | ᠪᠠᠶᠢᠭᠤᠯᠤᠯᠳᠠ ᠶᠢ ᠠᠬᠢᠭᠤᠯᠵᠤ᠂ ᠪᠦᠬᠦ ᠤᠯᠤᠰ ᠤᠨ ᠶᠢᠰᠤᠳᠤᠬᠡᠷ ᠪᠦᠯᠦᠭ ᠤᠨ ᠭᠤᠤᠯᠳᠠᠯᠭ᠎ᠠ ᠲᠠᠢ ᠰᠤᠶᠤᠯ ᠤᠨ | ᠦᠪ ᠤᠨ ᠬᠠᠮᠠᠭᠠᠯᠠᠯᠳᠠ ᠶᠢᠨ ᠨᠢᠬᠡᠴᠢ ᠶᠢ ᠢᠳᠡᠪᠬᠢᠳᠡᠢ ᠭᠤᠶᠤᠴᠢᠯᠠᠨ ᠮᠡᠳᠡᠬᠦᠯᠤᠨ᠎ᠠ᠃ ᠪᠡᠶ᠎ᠡ ᠶᠢᠨ ᠲᠠᠮᠢᠷ ᠤᠨ | ᠳᠠᠯᠠᠪᠤᠷ ᠣᠷᠳᠣᠨ ᠢ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠬᠦ ᠡᠷᠴᠢᠮ ᠢ ᠴᠢᠩᠭᠠᠷᠠᠭᠤᠯᠵᠤ᠂ ︽ᠰᠦᠯᠵᠢᠶᠡᠨ | ᠳᠡᠬᠡᠷ᠎ᠡ +ᠰᠦᠯᠵᠢᠶᠠᠨ ᠭᠠᠳᠠᠨ᠎ᠠ︾ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠳᠡᠯᠭᠡᠷᠡᠭᠦᠯᠦᠨ᠎ᠡ᠃ | ᠪᠥᠬᠦ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ | ᠴᠤᠭᠯᠠᠭᠠᠨ ᠤ ᠬᠡᠰᠡᠭ ᠤᠷᠤᠯᠳᠤᠭᠠᠨ᠂ ᠪᠥᠬᠦ ᠤᠯᠤᠰ ᠤᠨ ᠵᠢᠤᠳᠤ ᠪᠦᠬᠡ ᠶᠢᠨ ᠮᠠᠩᠯᠠᠶ ᠰᠢᠯᠭᠠᠷᠠᠭᠤᠯᠬᠤ | ᠤᠷᠤᠯᠳᠤᠭᠠᠨ᠂ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠴᠥᠭᠡᠨ ᠲᠣᠭᠠᠲᠤ | ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠵᠡᠷᠬᠡ ᠤᠷᠤᠯᠳᠤᠭᠠᠨ ᠤ ᠠᠵᠢᠯᠯᠠᠭ᠎ᠠ ᠶᠢ | ᠰᠠᠶᠢᠳᠤᠷ ᠡᠷᠬᠢᠯᠡᠨ᠎ᠠ ᠃ | ᠲᠥᠯᠥᠭᠡᠯᠡᠭᠴᠢᠳ ᠡ︕ ᠡᠨᠡ ᠵᠢᠯ ᠪᠢᠳᠡ ︽ᠪᠢᠴᠢᠯ ᠦᠶᠯᠡᠴᠢᠯᠡᠭᠡ︾ ᠪᠠᠷ ᠳᠤᠮᠤ ᠠᠷᠠᠳ ᠤᠨ | ᠠᠮᠢᠳᠤᠷᠠᠯ ᠢ ᠢᠯᠡᠷᠡᠭᠦᠯᠬᠦ ᠶᠢ ᠨᠠᠩ ᠴᠢᠬᠤᠯᠠᠴᠢᠯᠠᠵᠤ᠂ ︽ᠪᠢ ᠬᠤᠲᠠ ᠶᠢᠨ ᠳᠠᠷᠤᠭ᠎ᠠ ᠳᠤ ᠨᠢᠭᠡ ᠦᠭᠡ ᠬᠡᠯᠡᠶ᠎ᠡ︾ | ᠭᠡᠳᠡᠭ ᠢᠶᠠᠷ ᠴᠤᠭᠯᠠᠭᠤᠯᠤᠭᠰᠠᠨ ᠠᠰᠠᠭᠤᠳᠠᠯ ᠰᠠᠨᠠᠭᠤᠯᠭ᠎ᠠ ᠲᠠᠢ ᠤᠶᠠᠯᠳᠤᠭᠤᠯᠤᠨ᠂ ︽ᠳᠠᠪᠤᠨ ᠤᠷᠤᠨ ᠪᠠᠶᠢᠷᠢ︾ | ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢᠨ 2.0 ᠬᠡᠪᠯᠡᠯ ᠢ ᠬᠡᠷᠡᠭᠵᠢᠬᠦᠯᠤᠨ᠎ᠠ᠃ ᠨᠢᠬᠡ ᠳᠤ ︽ᠠᠵᠢᠯ ᠤᠨ | ᠪᠠᠶᠢᠷᠢ ︾ ᠃ ︽ᠤᠷᠢᠬᠠᠨ ᠰᠠᠯᠬᠢᠨ ᠠᠵᠢᠯᠯᠠᠭ᠎ᠠ︾᠂ ︽ᠠᠵᠢᠯ ᠣᠯᠭᠤᠯᠲᠠ ᠶᠢᠨ ᠲᠤᠰᠠᠯᠠᠮᠵᠢ ᠶᠢᠨ ᠰᠠᠷ᠎ᠠ︾᠂ | ︽ᠭᠤᠣᠯᠳᠠᠯᠭ᠎ᠠ ᠲᠠᠢ ᠠᠵᠤ ᠠᠬᠤᠶᠢᠯᠠᠯ ᠤᠨ ᠠᠵᠢᠯᠴᠢᠨ ᠡᠯᠰᠡᠵᠦ ᠬᠡᠷᠡᠭᠯᠡᠬᠦ ᠲᠤᠰᠬᠠᠶ ᠲᠠᠯᠠᠪᠤᠷ︾ ᠵᠡᠷᠭᠡ ᠤᠷᠢᠵᠤ | ᠡᠯᠰᠡᠬᠦ ᠠᠵᠢᠯᠯᠠᠭ᠎ᠠ ᠶᠢ 45 ᠲᠠᠯᠠᠪᠤᠷ ᠠᠴᠠ ᠳᠡᠭᠡᠭᠰᠢ ᠥᠷᠨᠢᠭᠦᠯᠵᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ | ᠪᠤᠯᠪᠠᠰᠤᠷᠠᠯ ᠢ 1.1 ᠲᠦᠮᠡᠨ ᠬᠥᠮᠦᠨ ᠤᠳᠠᠭ᠎ᠠ ᠳᠤ ᠦᠷᠨᠢᠭᠦᠯᠵᠦ᠂ ᠬᠤᠳᠠ ᠪᠠᠯᠭᠠᠰᠤᠨ ᠳᠤ 8500 ᠠᠴᠠ | ᠳᠡᠭᠡᠭᠰᠢ ᠬᠥᠮᠦᠨ ᠳᠤ ᠰᠢᠨ᠎ᠡ ᠪᠠᠷ ᠠᠵᠢᠯ ᠤᠯᠭᠤᠨ᠎ᠠ᠃ ᠬᠤᠶᠠᠷ ᠲᠤ ︽ᠰᠤᠷᠤᠯᠴᠠᠬᠤ ᠤᠷᠤᠨ ᠪᠠᠶᠢᠷᠢ︾ ᠃ | ᠬᠡᠦᠬᠡᠳ ᠤᠨ ᠴᠡᠴᠡᠷᠯᠢᠭ ᠢ 8 ᠰᠢᠨ᠎ᠡ ᠪᠠᠷ ᠪᠠᠶᠢᠭᠤᠯᠬᠤ ᠪᠠ ᠦᠷᠭᠦᠯᠵᠢᠯᠡᠨ ᠪᠠᠶᠢᠭᠤᠯᠵᠤ᠂ ᠰᠤᠷᠤᠯᠴᠠᠬᠤ ᠣᠷᠣᠨ | ᠪᠠᠶᠢᠷᠢ ᠶᠢ1350 ᠰᠢᠨ᠎ᠡ ᠪᠠᠷ ᠨᠡᠮᠡᠭᠳᠡᠬᠦᠯᠤᠨ᠎ᠠ᠃ ᠵᠢᠨᠢᠩ ᠲᠣᠭᠤᠷᠢᠭ ᠲᠤ 1 ᠪᠠᠭ᠎ᠠ ᠰᠤᠷᠭᠠᠭᠤᠯᠢ ᠶᠢ ᠰᠢᠨ᠎ᠡ ᠪᠠᠷ | ᠪᠠᠶᠢᠭᠤᠯᠵᠤ᠂ 1200 ᠰᠤᠷᠤᠭᠴᠢ ᠶᠢ ᠰᠢᠨ᠎ᠡ ᠪᠠᠷ ᠨᠡᠮᠡᠭᠳᠡᠬᠦᠯᠤᠨ᠎ᠠ᠃ ᠭᠤᠷᠪᠠ ᠳᠤ ︽ᠡᠪᠡᠳᠴᠢᠲᠡᠨ ᠤ ᠣᠷᠣ︾᠃ | ᠮᠡᠳᠡᠷᠡᠯ ᠡᠷᠡᠭᠦᠯᠵᠢᠯ ᠤᠨ ᠣᠷᠣ ᠶᠢ 280 ᠨᠡᠮᠡᠭᠳᠡᠬᠦᠯᠤᠨ᠎ᠠ᠃ ᠬᠤᠲᠠ ᠶᠢᠨ ᠳᠥᠷᠪᠡᠳᠦᠭᠡᠷ ᠡᠮᠨᠡᠯᠭᠡ ᠶᠢᠨ | ᠬᠤᠷᠢᠶ᠎ᠠ ᠶᠢᠨ ᠬᠠᠯᠳᠠᠪᠤᠷᠢᠲᠤ ᠡᠪᠡᠳᠴᠢᠨ ᠤ ᠳᠤᠭᠤᠷᠢᠭ ᠢ ᠦᠷᠬᠡᠳᠬᠡᠨ ᠥᠭᠡᠷᠡᠴᠢᠯᠡᠨ ᠪᠠᠶᠢᠭᠤᠯᠵᠤ᠂ 200 | ᠡᠪᠡᠳᠴᠢᠲᠡᠨ ᠤ ᠣᠷᠣ ᠨᠡᠮᠡᠭᠳᠡᠬᠦᠯᠤᠨ᠎ᠠ᠃ ᠵᠢᠨᠢᠩ ᠲᠣᠭᠤᠷᠢᠭ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ᠂ ᠵᠦᠸᠧᠽᠢ | ᠰᠢᠶᠠᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠶᠯᠡᠴᠢᠯᠡᠭᠡᠨ ᠤ ᠴᠢᠳᠠᠪᠤᠷᠢ ᠶᠢᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ 400 ᠡᠪᠡᠳᠴᠢᠲᠡᠨ ᠤ ᠣᠷᠣ ᠶᠢ ᠨᠡᠮᠡᠵᠦ ᠲᠣᠬᠢᠷᠠᠭᠤᠯᠤᠨ᠎ᠠ᠃ | ᠳᠥᠷᠪᠡ ᠳᠤ ᠨᠠᠰᠤᠵᠢᠯ ᠤᠨ ᠠᠰᠠᠷᠠᠮᠵᠢ ᠶᠢᠨ ︽ᠤᠷᠤ ᠴᠡᠭ︾ ᠶᠢ ᠵᠤᠬᠢᠴᠠᠭᠤᠯᠤᠨ᠎ᠠ᠃ ᠰᠢᠶᠠᠩ ᠪᠠᠯᠭᠠᠰᠤᠨ ᠤ | ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ ᠲᠥᠪ 30᠂ ᠨᠡᠶᠢᠭᠡᠮ ᠲᠣᠭᠤᠷᠢᠭ ᠤᠨ ᠨᠠᠰᠤᠵᠢᠯ ᠤᠨ ᠵᠢᠱᠢᠶ᠎ᠡ | ᠦᠵᠡᠭᠦᠯᠬᠦ ᠥᠷᠲᠡᠭᠡ 13 ᠶᠢ ᠰᠢᠨ᠎ᠡ ᠪᠠᠷ ᠪᠠᠶᠢᠭᠤᠯᠵᠤ᠂ ᠬᠠᠷᠢᠯᠴᠠᠨ ᠬᠠᠪᠰᠤᠷᠤᠯᠴᠠᠬᠤ ᠵᠣᠯ ᠵᠢᠷᠭᠠᠯᠳᠤ ᠬᠦᠷᠢᠶᠡᠯᠡᠩ | ᠢ ᠳᠡᠰᠵᠢᠬᠦᠯᠵᠤ᠂ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ ᠲᠥᠪ ᠤᠨ ᠠᠵᠢᠯᠯᠠᠭᠠᠨ ᠤ ᠴᠢᠳᠠᠪᠤᠷᠢ ᠶᠢ ᠪᠥᠬᠦ | ᠲᠠᠯ᠎ᠠ ᠪᠠᠷ ᠳᠡᠬᠡᠭᠰᠢᠯᠡᠬᠦᠯᠤᠨ᠎ᠠ᠃ ᠲᠠᠪᠤ ᠳᠤ ︽ᠵᠣᠷᠯᠣᠩ ᠤᠨ ᠪᠠᠶᠢᠷᠢᠰᠢᠯ︾ ᠢ ᠵᠤᠬᠢᠴᠠᠭᠤᠯᠤᠨ᠎ᠠ᠃ ᠣᠯᠠᠨ | ᠲᠦᠮᠡᠨ ᠤ ᠬᠦᠰᠡᠯ ᠰᠠᠨᠠᠭ᠎ᠠ ᠶᠢ ᠬᠦᠨᠳᠦᠳᠬᠡᠵᠦ᠂ ᠬᠥᠳᠡᠭᠡ ᠲᠣᠰᠬᠤᠨ ᠮᠠᠯᠵᠢᠬᠤ ᠣᠷᠣᠨ ᠤ ᠡᠷᠦᠬᠡ ᠶᠢᠨ ᠵᠣᠷᠯᠣᠩ ᠢ | 5000 ᠠᠴᠠ ᠳᠡᠭᠡᠭᠰᠢ ᠥᠭᠡᠷᠡᠴᠢᠯᠡᠨ᠎ᠡ᠃ ᠰᠢᠨ᠎ᠡ ᠪᠠᠷ ᠪᠠᠶᠢᠭᠤᠯᠤᠭᠰᠠᠨ ᠬᠤᠲᠠ ᠪᠠᠯᠭᠠᠰᠤᠨ ᠤ ᠨᠡᠶᠢᠳᠡ ᠶᠢᠨ | ᠵᠣᠷᠯᠣᠩ 63᠂ ᠵᠤᠭᠠᠴᠠᠯ ᠤᠨ ᠵᠠᠮ ᠱᠤᠭᠤᠮ ᠳᠠᠭᠠᠤ ᠰᠢᠨ᠎ᠡ ᠪᠠᠷ ᠵᠣᠷᠯᠣᠩ 30 ᠪᠠᠶᠢᠭᠤᠯᠤᠨ᠎ᠠ᠃ | ︵ᠨᠠᠢᠮᠠ︶ ᠲᠦᠭᠰᠢᠭᠦᠷᠢ ᠶᠢ ᠰᠡᠷᠬᠡᠶᠢᠯᠡᠬᠦ ᠬᠤᠷᠢᠭ᠎ᠠ ᠱᠤᠭᠤᠮ ᠢ ᠪᠠᠲᠤ ᠰᠠᠬᠢᠵᠤ᠂ ᠠᠮᠤᠷ ᠠᠮᠤᠭᠤᠯᠠᠩ | ᠤᠯᠠᠭᠠᠨᠴᠠᠪ ᠢ ᠪᠥᠲᠥᠭᠡᠨ ᠪᠠᠶᠢᠭᠤᠯᠤᠨ᠎ᠠ | ᠬᠢᠵᠢᠭ ᠢ ᠰᠡᠷᠭᠡᠶᠢᠯᠡᠨ ᠡᠵᠡᠮᠳᠡᠬᠦ ᠳᠤᠬᠢᠷᠠᠭᠤᠯᠭ᠎ᠠ ᠰᠢᠯᠵᠢᠯᠳᠠ ᠶᠢᠨ ᠱᠠᠳᠤᠨ ᠤ ᠠᠵᠢᠯ ᠢ ᠰᠠᠶᠢᠳᠤᠷ ᠬᠢᠨ᠎ᠠ᠃ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠢᠯᠢᠳᠡᠭᠵᠢᠭᠦᠯᠬᠦ ᠶᠢ ᠴᠠᠭ ᠲᠤᠬᠠᠶ ᠳᠤᠨᠢ | ᠳᠠᠭᠠᠵᠤ᠂ ᠲᠥᠷᠥ ᠶᠢᠨ ᠪᠣᠳᠣᠯᠭ᠎ᠠ ᠶᠢ ᠵᠣᠯᠭᠠᠭᠤᠯᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠠ᠃ | ᠨᠠᠰᠤᠲᠠᠶᠢᠴᠤᠳ ᠲᠤ ᠸᠠᠺᠼᠢᠨ ᠤ ᠲᠠᠷᠢᠯᠭ᠎ᠠ ᠬᠢᠬᠦ ᠶᠢ ᠠᠬᠢᠭᠤᠯᠤᠨ᠎ᠠ᠃ ᠡᠮᠴᠢᠯᠡᠬᠡᠨ ᠤ ᠡᠬᠢ ᠪᠠᠶᠠᠯᠢᠭ ᠤᠨ | ᠪᠠᠶᠢᠭᠤᠯᠤᠯᠲᠠ ᠪᠠ ᠨᠢᠭᠡᠳᠦᠯᠲᠡᠶ ᠲᠥᠯᠥᠪᠵᠢᠭᠦᠯᠭᠡ ᠶᠢ ᠴᠢᠩᠭᠠᠳᠬᠠᠵᠤ᠂ ᠶᠠᠪᠤᠴᠠ ᠶᠢ ᠰᠢᠯᠢᠳᠡᠭᠵᠢᠭᠦᠯᠦᠨ᠂ ᠡᠬᠢ | ᠪᠠᠶᠠᠯᠢᠭ ᠤᠨ ᠬᠡᠪᠴᠢᠶ᠎ᠠ ᠶᠢ ᠥᠷᠭᠡᠳᠬᠡᠵᠦ᠂ ᠬᠦᠴᠦᠨ ᠢᠶᠠᠨ ᠨᠡᠮᠡᠭᠳᠡᠭᠦᠯᠦᠨ᠂ ᠡᠯ᠎ᠡ ᠲᠥᠷᠥᠯ ᠤᠨ ᠡᠮᠨᠡᠨ ᠵᠠᠰᠠᠬᠤ | ᠡᠮ ᠡᠳ᠋ ᠪᠤᠳᠠᠰ ᠢ ᠭᠦᠶᠴᠡᠳ ᠪᠡᠯᠡᠳᠬᠡᠵᠦ᠂ ᠰᠢᠨ᠎ᠡ ᠲᠢᠲᠢᠮᠯᠢᠭ ᠸᠢᠷᠦ᠋ᠰ ᠲᠤ ᠨᠡᠷᠪᠡᠭᠳᠡᠭᠰᠡᠳ ᠢ ᠡᠮᠨᠡᠨ ᠵᠠᠰᠠᠬᠤ ᠪᠠ | ᠡᠳᠦᠷ ᠲᠤᠲᠤᠮ ᠤᠨ ᠡᠮᠴᠢᠯᠡᠭᠡᠨ ᠤ ᠦᠶᠯᠡᠴᠢᠯᠡᠭᠡ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠣᠯᠠᠨ | ᠲᠦᠮᠡᠨ ᠤ ᠡᠷᠡᠭᠦᠯ ᠮᠡᠨᠳᠦ ᠶᠢᠨ ᠠᠮᠤᠷ ᠲᠦᠪᠰᠢᠨ ᠢ ᠦᠨᠡᠨᠬᠦ ᠬᠠᠮᠠᠭᠠᠯᠠᠨ᠎ᠠ᠃ | ᠠᠵᠤ ᠠᠬᠤᠶ ᠮᠥᠩᠭᠦᠨ ᠭᠦᠢᠯᠭᠡᠭᠡᠨ ᠤ ᠬᠦᠷᠢᠶᠡᠨ ᠳᠠᠬᠢ ᠲᠦᠭᠰᠢᠭᠦᠷᠢ ᠶᠢ ᠰᠡᠷᠬᠡᠶᠢᠯᠡᠨ᠎ᠠ᠃ ᠠᠷᠭ᠎ᠠ ᠪᠦᠬᠦᠨ ᠢ | ᠰᠦᠪᠡᠭᠴᠢᠯᠡᠨ ᠣᠷᠣᠯᠭ᠎ᠠ ᠪᠠᠨ ᠨᠡᠮᠡᠭᠳᠡᠭᠦᠯᠦᠨ ᠵᠠᠷᠤᠯᠭ᠎ᠠ ᠪᠠᠨ ᠠᠷᠪᠢᠯᠠᠵᠤ᠂ ᠡᠳ᠋ ᠤᠨ ᠬᠦᠴᠦᠨ ᠢᠶᠠᠨ ᠨᠡᠮᠡᠭᠳᠡᠭᠦᠯᠦᠨ᠂ | ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠪᠦᠬᠦ ᠦᠶᠡᠯᠡᠯ ᠤᠨ ᠬᠤᠭᠤᠴᠠᠭᠠᠨ ᠤ ᠬᠠᠮᠢᠶᠠᠷᠤᠯᠲᠠ ᠶᠢ | ᠴᠢᠩᠭᠠᠳᠬᠠᠵᠤ᠂ ᠵᠠᠰᠠᠭ ᠤᠨ ᠣᠷᠳᠣᠨ ᠤ ᠳᠠᠯᠳᠠ ᠥᠭᠴᠡᠭᠡ ᠶᠢᠨ ᠨᠡᠮᠡᠭᠳᠡᠯ ᠤᠨ ᠬᠡᠮᠵᠢᠶ᠎ᠡ ᠶᠢ ᠡᠷᠡᠰ ᠬᠤᠷᠢᠭᠯᠠᠵᠤ᠂ | ᠥᠭᠴᠡᠭᠡ ᠶᠢᠨ ᠬᠠᠳᠠᠭᠠᠯᠠᠯᠲᠠ ᠶᠢᠨ ᠬᠡᠮᠵᠢᠶ᠎ᠡ ᠶᠢ ᠵᠦᠢ ᠵᠤᠬᠢᠰᠳᠠᠢ ᠰᠢᠶᠳᠪᠦᠷᠢᠯᠡᠵᠦ᠂ ᠥᠭᠴᠡᠭᠡ ᠶᠢᠨ ᠬᠡᠪᠴᠢᠶ᠎ᠡ ᠪᠠ | ᠲᠦᠭᠰᠢᠭᠦᠷᠢ ᠶᠢᠨ ︽ᠬᠤᠣᠰ ᠪᠠᠭᠤᠷᠠᠯᠲᠠ︾ ᠶᠢ ᠪᠡᠶᠡᠯᠡᠭᠦᠯᠦᠨ᠎ᠡ᠃ ᠮᠥᠩᠭᠦᠨ ᠭᠦᠢᠯᠭᠡᠭᠡᠨ ᠤ ᠲᠦᠭᠰᠢᠭᠦᠷᠢ ᠶᠢ | ᠰᠡᠷᠭᠡᠶᠢᠯᠡᠨ ᠡᠵᠡᠮᠳᠡᠬᠦ ᠶᠢ ᠦᠷᠭᠦᠯᠵᠢᠯᠡᠨ ᠴᠢᠩᠭᠠᠳᠬᠠᠵᠤ᠂ ᠬᠠᠤᠯᠢ ᠪᠤᠰᠤ ᠪᠠᠷ ᠪᠡᠯᠡ ᠴᠤᠭᠯᠠᠭᠤᠯᠬᠤ᠂ ᠴᠠᠬᠢᠯᠭᠠᠨ | ᠬᠤᠯᠪᠣᠭ᠎ᠠ ᠰᠦᠯᠵᠢᠶ᠎ᠡ ᠪᠠᠷ ᠮᠡᠬᠡᠯᠡᠬᠦ ᠵᠡᠷᠭᠡ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ 2 ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠲᠦᠭᠰᠢᠭᠦᠷᠢ ᠬᠤᠭᠤᠴᠠᠭᠠᠨ ᠳᠠᠭᠠᠨ ᠳᠦᠭᠰᠢᠬᠦᠷᠢ ᠶᠡᠬᠡᠳᠡᠢ ᠡᠩᠨᠡᠬᠡᠨ ᠠᠴᠠ | ᠤᠬᠤᠷᠢᠨ ᠭᠠᠷᠬᠤ ᠶᠢ ᠠᠬᠢᠭᠤᠯᠤᠨ᠎ᠠ᠃ ᠥᠷᠢ ᠶᠡᠬᠡᠲᠡᠶ ᠣᠷᠣᠨ ᠰᠠᠭᠤᠴᠠ ᠶᠢᠨ ᠠᠵᠤ ᠠᠬᠤᠶᠢᠯᠠᠯ ᠤᠨ ᠭᠡᠷ᠎ᠡ ᠪᠠᠨ | ᠭᠦᠶᠴᠡᠳᠬᠡᠬᠦ ᠲᠦᠭᠰᠢᠭᠦᠷᠢ ᠶᠢ ᠵᠤᠬᠢᠰᠳᠠᠢ ᠰᠢᠶᠳᠪᠦᠷᠢᠯᠡᠵᠦ᠂ ᠪᠠᠶᠢᠭᠤᠯᠵᠤ ᠪᠠᠶᠢᠭ᠎ᠠ ᠳᠦᠷᠤᠯ ᠵᠦᠢᠯ ᠤᠨ | ᠳᠦᠭᠰᠢᠬᠦᠷᠢ ᠶᠢᠨ ᠬᠠᠮᠢᠶᠠᠷᠤᠯᠳᠠ ᠡᠵᠡᠮᠳᠡᠯ ᠢ ᠴᠢᠩᠭᠠᠳᠬᠠᠵᠤ᠂ ᠬᠡᠷ ᠪᠠᠶᠢᠰᠢᠩ ᠬᠦᠷᠦᠩᠬᠡ ᠶᠢᠨ ᠵᠠᠬ᠎ᠠ ᠳᠡᠯᠬᠡᠬᠦᠷ | ᠤᠨ ᠳᠤᠭᠳᠠᠭᠤᠨ ᠡᠷᠡᠬᠦᠯ ᠬᠦᠭᠵᠢᠯᠳᠡ ᠶᠢ ᠠᠬᠢᠭᠤᠯᠤᠨ᠎ᠠ᠃ | ᠠᠶᠤᠯᠭᠦᠶ ᠦᠢᠯᠡᠳᠪᠦᠷᠢᠯᠡᠯ ᠢ ᠥᠴᠦᠬᠡᠨ ᠴᠦ ᠰᠤᠯᠠᠷᠠᠭᠤᠯᠤᠯ ᠦᠭᠡᠢ ᠪᠠᠷ ᠠᠳᠬᠤᠨ᠎ᠠ᠃ ᠠᠶᠤᠯᠭᠦᠢ | ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠯᠲᠠ ᠶᠢ ᠪᠠᠬᠢᠵᠢᠭᠦᠯᠦᠨ ᠳᠡᠭᠡᠭᠰᠢᠯᠡᠭᠦᠯᠵᠦ᠂ ᠡᠯ᠎ᠡ ᠲᠦᠷᠦᠯ ᠤᠨ ᠠᠮᠤᠷ | ᠲᠦᠪᠰᠢᠨ ᠤ ᠬᠡᠮ ᠰᠣᠭᠤᠭ ᠢ ᠴᠠᠭ ᠲᠤᠬᠠᠢ ᠳᠤᠨᠢ ᠠᠷᠢᠯᠭᠠᠵᠤ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ | ᠡᠷᠡᠰ ᠬᠤᠷᠢᠭᠯᠠᠨ᠎ᠠ᠃ ᠪᠠᠴᠢᠮ ᠪᠠᠶᠢᠳᠠᠯ ᠢ ᠠᠷᠭᠠᠭᠠᠴᠠᠬᠤ ᠠᠪᠤᠷᠠᠨ ᠲᠤᠰᠠᠯᠠᠬᠤ ᠬᠦᠴᠤᠯᠡᠴᠠ ᠶᠢ ᠴᠢᠩᠭᠠᠳᠬᠠᠵᠤ᠂ | ᠪᠠᠴᠢᠮ ᠪᠠᠶᠢᠳᠠᠯ ᠢ ᠠᠷᠭᠠᠭᠠᠴᠠᠬᠤ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠭᠠᠮᠰᠢᠭ ᠢ ᠰᠡᠷᠭᠡᠶᠢᠯᠡᠬᠦ | ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠪᠠ ᠤᠯᠠᠨ ᠨᠡᠶᠢᠲᠡ ᠶᠢᠨ ᠬᠡᠷᠡᠭ ᠶᠠᠪᠤᠳᠠᠯ ᠢ ᠰᠢᠶᠳᠪᠦᠷᠢᠯᠡᠬᠦ | ᠪᠠᠲᠤᠯᠠᠭ᠎ᠠ ᠶᠢᠨ ᠴᠢᠳᠠᠪᠤᠷᠢ ᠶᠢ ᠳᠡᠬᠡᠭᠰᠢᠯᠡᠬᠦᠯᠤᠨ᠎ᠠ᠃ ᠤᠯᠤᠰ ᠤᠨ ᠢᠳᠡᠭᠡᠨ ᠤᠮᠳᠠᠭᠠᠨ ᠤ ᠠᠮᠤᠷ ᠳᠦᠪᠰᠢᠨ ᠤ | ᠵᠢᠱᠢᠶᠡᠴᠢ ᠬᠤᠳᠠ ᠶᠢ ᠢᠳᠡᠪᠬᠢᠲᠡᠶ ᠪᠠᠷ ᠡᠭᠦᠳᠦᠨ ᠪᠠᠶᠢᠭᠤᠯᠵᠤ᠂ ᠢᠳᠡᠭᠡᠨ ᠤ ᠵᠦᠢᠯ᠂ ᠡᠮ ᠤᠨ ᠵᠦᠢᠯ ᠤᠨ ᠠᠮᠤᠷ | ᠳᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠬᠠᠷᠢᠮᠠᠬᠠᠢ ᠴᠢᠨᠠᠷᠲᠠᠶ ᠬᠤᠳᠠ ᠶᠢᠨ ᠪᠦᠳᠦᠭᠡᠨ | ᠪᠠᠶᠢᠭᠤᠯᠤᠯᠲᠠ ᠶᠢ ᠠᠬᠢᠭᠤᠯᠵᠤ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠦᠶᠡᠷ ᠢ | ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ᠂ ᠣᠨᠴᠠᠭᠠᠶ ᠴᠠᠭ ᠠᠭᠤᠷ ᠢ ᠠᠷᠭᠠᠴᠠᠬᠤ ᠵᠡᠷᠭᠡ ᠠᠵᠢᠯ ᠢ | ᠨᠢᠭᠡᠳᠦᠯᠲᠡᠶ ᠲᠥᠯᠥᠪᠯᠡᠨ ᠰᠠᠶᠢᠲᠤᠷ ᠬᠢᠨ᠎ᠠ᠃ | ᠨᠡᠶᠢᠭᠡᠮ ᠤᠨ ᠵᠠᠰᠠᠯᠲᠠ ᠶᠢᠨ ᠴᠢᠳᠠᠪᠬᠢ ᠶᠢ ᠪᠦᠲᠦᠮᠵᠢᠲᠡᠶ ᠳᠡᠭᠡᠭᠰᠢᠯᠡᠭᠦᠯᠦᠨ᠎ᠡ᠃ ᠰᠢᠨ᠎ᠡ ᠴᠠᠭ ᠦᠶ᠎ᠡ ᠶᠢᠨ ︽ | ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ︽ ᠳ᠋ᠠᠶᠢᠲ᠋ᠠ+ᠳᠤᠤᠷᠵᠢᠯ︾ ᠤᠨ ᠦᠨᠳᠦᠰᠦᠨ | ᠱᠠᠲᠤᠨ ᠤ ᠵᠠᠰᠠᠯᠲᠠ ᠶᠢᠨ ᠲᠠᠪᠴᠠᠩ ᠪᠣᠯᠤᠨ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠰᠢᠰᠲ᠋ᠧᠮ ᠢ | ᠲᠡᠭᠦᠯᠳᠡᠷᠵᠢᠭᠦᠯᠵᠦ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ | ᠬᠤᠯᠪᠣᠭ᠎ᠠ᠂ ᠤᠯᠠᠭᠠᠨ ᠵᠠᠭᠠᠯᠮᠠᠶᠢᠢᠳᠠᠨ ᠤ ᠨᠡᠶᠢᠭᠡᠮᠯᠢᠭ ᠵᠡᠷᠭᠡ ᠤᠯᠠᠨ ᠲᠦᠮᠡᠨ ᠤ ᠪᠦᠯᠬᠦᠮ ᠤᠨ ᠵᠣᠬᠢᠶᠠᠨ | ᠪᠠᠶᠢᠭᠤᠯᠤᠯᠲᠠ ᠪᠣᠯᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠰᠠᠶᠢᠳᠤᠷ ᠪᠠᠳᠠᠷᠠᠭᠤᠯᠬᠤ ᠶᠢ | ᠳᠡᠮᠵᠢᠨ᠎ᠡ᠃ ᠤᠯᠠᠨ ᠲᠦᠮᠡᠨ ᠤ ᠭᠤᠮᠣᠳᠠᠯ ᠢᠶᠠᠨ ᠢᠯᠡᠳᠬᠡᠬᠦ᠂ ᠠᠰᠢᠭ ᠲᠤᠰᠠ ᠶᠢ ᠵᠣᠬᠢᠴᠠᠭᠤᠯᠬᠤ᠂ ᠡᠷᠬᠡ | ᠠᠰᠢᠭ ᠢᠶᠠᠨ ᠬᠠᠮᠠᠭᠠᠯᠠᠬᠤ ᠶᠢ ᠪᠠᠲᠤᠯᠠᠬᠤ ᠠᠷᠭ᠎ᠠ ᠵᠠᠮ ᠢ ᠰᠢᠯᠤᠭᠤᠳᠬᠠᠨ ᠳᠦᠷᠢᠮᠵᠢᠬᠦᠯᠵᠤ᠂ ᠵᠠᠬᠢᠳᠠᠯ | ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠪᠠ ᠳᠤᠪᠤᠶᠢᠮ᠎ᠠ ᠠᠰᠠᠭᠤᠳᠠᠯ ᠢ ᠨᠠᠮᠳᠠᠭᠤᠯᠤᠨ ᠰᠢᠪᠳᠤᠯᠤᠯᠳᠠ ᠶᠢᠨ ᠠᠵᠢᠯ | ᠢ ᠭᠦᠨᠵᠡᠭᠡᠶᠢᠷᠡᠭᠦᠯᠦᠨ᠎ᠡ᠃ ᠬᠤᠲᠠ ᠶᠢᠨ ᠬᠡᠪᠴᠢᠶᠡᠨ ᠳᠠᠬᠢ ︽ᠨᠡᠶᠢᠭᠡᠮ ᠤᠨ ᠵᠠᠰᠠᠯᠲᠠ ᠶᠢᠨ ᠲᠠᠪᠴᠠᠩ︾ ᠪᠠ ︽ | ᠬᠡᠷᠡᠯ ᠬᠡᠬᠡ ᠢᠨᠵᠧᠨᠧᠷᠢᠩ︾ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠬᠠᠷ᠎ᠠ ᠪᠦᠯᠦᠭᠲᠡᠨ ᠬᠠᠷᠭᠢᠰ | ᠬᠦᠴᠦᠨ ᠳᠤ ᠴᠤᠬᠢᠯᠳᠠ ᠦᠭᠬᠦ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ᠡᠯ᠎ᠡ ᠲᠥᠷᠥᠯ ᠤᠨ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ ᠵᠠᠯᠬᠠᠭᠠᠨ ᠰᠢᠳᠬᠡᠨ᠎ᠡ᠃ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠬᠦᠨ ᠭᠦᠨᠵᠡᠭᠡᠶ | ᠤᠳᠠᠭᠠᠨ ᠳᠠᠭᠠᠭᠠᠮᠠᠭᠠᠶ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠳᠤᠳᠬᠠᠵᠤ᠂ ᠦᠨᠳᠦᠰᠦᠲᠡᠨ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠤᠨ᠎ᠠ᠃ | ᠴᠡᠷᠢᠭ ᠠᠷᠠᠳ ᠤᠨ ᠠᠭᠤᠰᠤᠯᠴᠠᠨ ᠬᠦᠭᠵᠢᠬᠦ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠤᠯᠤᠰ ᠤᠨ | ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ ᠶᠢᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠪᠦᠬᠦ | ᠬᠦᠴᠦᠨ ᠢᠶᠠᠷ ᠢᠶᠠᠨ ᠳᠡᠮᠵᠢᠵᠦ᠂ ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠰᠢᠰᠲ᠋ᠧᠮ ᠪᠠ ᠪᠠᠲᠤᠯᠠᠭ᠎ᠠ ᠶᠢᠨ | ᠲᠦᠷᠢᠮ ᠢ ᠳᠡᠬᠦᠯᠳᠡᠷᠵᠢᠬᠦᠯᠵᠤ᠂ ᠬᠤᠶᠠᠷ ᠢ ᠬᠦᠷᠢᠶᠡᠯᠡᠨ ᠬᠠᠮᠲᠤᠪᠠᠷ ᠪᠠᠶᠢᠭᠤᠯᠬᠤ ᠶᠢ ᠭᠦᠨᠵᠡᠭᠡᠶᠢᠷᠡᠭᠦᠯᠵᠦ᠂ ᠰᠢᠨ᠎ᠡ | ᠴᠠᠭ ᠦᠶ᠎ᠡ ᠶᠢᠨ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠤᠨ ᠰᠢᠨ᠎ᠡ ᠬᠠᠭᠤᠳᠠᠰᠤ ᠶᠢ ᠪᠢᠴᠢᠭᠯᠡᠨ᠎ᠡ᠃ | | ᠳᠥᠷᠪᠡ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠳᠠ ᠶᠢ ᠴᠢᠩᠭᠠᠳᠬᠠᠨ᠎ᠠ | | ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠶᠢ ᠴᠤᠤᠷᠢᠶᠠᠲᠤᠭᠤᠯᠤᠨ᠎ᠠ᠃ ᠪᠢᠳᠠ ᠳᠡᠭᠡᠷ᠎ᠡ ᠳᠣᠣᠷᠠᠳᠤ | ᠱᠠᠲᠤ ᠪᠠᠷ ᠢᠶᠠᠨ ᠰᠡᠳᠬᠢᠯ ᠨᠢᠭᠡᠳᠦᠨ ᠪᠦᠬᠦ ᠬᠦᠴᠦᠨ ᠢᠶᠠᠷ ᠢᠶᠠᠨ ᠠᠵᠢᠯ ᠢᠶᠠᠨ ᠰᠠᠶᠢᠲᠤᠷ ᠬᠢᠵᠦ᠂ | ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠲᠡᠷᠢᠭᠦᠨ ᠴᠢᠬᠤᠯᠠ ᠬᠠᠷᠢᠭᠤᠴᠠᠯᠭ᠎ᠠ ᠪᠠᠨ ᠪᠣᠯᠭᠠᠵᠤ᠂ ︽ᠳᠤᠯᠤᠭᠠᠨ | ᠳᠠᠯ᠎ᠠ ᠪᠠᠷ ᠳᠡᠮᠡᠴᠠᠬᠦ︾ ᠢ ᠰᠠᠶᠢᠳᠤᠷ ᠬᠢᠨ᠎ᠠ᠃ ᠠᠵᠢᠯ ᠬᠢᠵᠦ ᠦᠢᠯᠡᠰ ᠪᠤᠰᠬᠠᠬᠤ᠂ ᠲᠡᠷᠢᠭᠦᠨ ᠳᠤ ᠣᠷᠣᠬᠤ ᠪᠠᠷ | ᠴᠢᠷᠮᠠᠶᠢᠬᠤ ᠴᠤᠬ ᠵᠢᠪᠬᠤᠭ᠎ᠠ ᠪᠠᠨ ᠳᠠᠰᠤᠷᠠᠯᠳᠠ ᠦᠬᠡᠢ ᠳᠡᠬᠡᠭᠰᠢᠯᠡᠬᠦᠯᠤᠨ᠎ᠠ᠃ ᠠᠯᠢᠪᠠ ᠠᠵᠢᠯ ᠳᠤ ᠪᠦᠷ | ᠠᠰᠠᠭᠤᠳᠠᠯ ᠢ ᠰᠢᠢᠳᠪᠦᠷᠢᠯᠡᠬᠦ ᠪᠠᠷ ᠵᠤᠷᠢᠯᠳᠠ ᠪᠤᠯᠭᠠᠨ᠂ ᠬᠠᠷᠠᠯᠲᠠ ᠪᠠᠨ ᠪᠡᠶᠡᠯᠡᠭᠦᠯᠬᠦ ᠪᠠᠷ ᠳᠡᠮᠡᠴᠠᠵᠤ᠂ ᠦᠷ᠎ᠡ | ᠪᠦᠲᠦᠮᠵᠢ ᠤᠯᠬᠤ ᠪᠠᠷ ᠴᠢᠷᠮᠠᠶᠢᠵᠤ᠂ ᠬᠡᠯᠡᠪᠡᠯ ᠬᠡᠯᠡᠭᠰᠡᠨ ᠳᠡᠭᠡᠨ ᠬᠦᠷᠴᠤ᠂ ᠵᠤᠷᠢᠪᠠᠯ ᠵᠤᠷᠢᠭᠰᠠᠨ ᠳᠠᠭᠠᠨ ᠬᠦᠷᠬᠦ | ᠪᠠᠷ ᠴᠢᠷᠮᠠᠶᠢᠨ᠎ᠠ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠴᠢᠩᠭᠠᠳᠬᠠᠨ᠎ᠠ᠃ ᠦᠪᠡᠷᠳᠡᠬᠡᠨ ᠵᠠᠰᠠᠬᠤ ᠣᠷᠣᠨ ᠤ | ᠬᠠᠤᠯᠢᠵᠢᠯ ᠤᠨ ᠵᠠᠰᠠᠭ ᠤᠨ ᠤᠷᠳᠤᠨ ᠤ ᠪᠦᠳᠦᠬᠡᠨ ᠪᠠᠶᠢᠭᠤᠯᠤᠯᠳᠠ ᠶᠢᠨ ᠵᠢᠱᠢᠶ᠎ᠠ ᠦᠵᠡᠬᠦᠯᠬᠦ ᠬᠤᠳᠠ ᠶᠢ | ᠢᠳᠡᠪᠬᠢᠳᠡᠢ ᠡᠬᠦᠳᠤᠨ ᠪᠠᠶᠢᠭᠤᠯᠤᠨ᠎ᠠ᠃ ᠬᠠᠤᠯᠢ ᠪᠠᠷ ᠵᠠᠰᠠᠬᠤ ᠶᠢ ᠡᠷᠬᠢᠮᠯᠡᠬᠦ᠂ ᠬᠠᠤᠯᠢ ᠴᠠᠭᠠᠵᠠ ᠶᠢ ᠵᠢᠷᠤᠮᠯᠠᠬᠤ ᠶᠢ | ᠪᠠᠷᠢᠮᠲᠠᠯᠠᠵᠤ᠂ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢᠶᠠᠷ ᠠᠵᠢᠯ ᠢᠶᠠᠨ | ᠠᠬᠢᠭᠤᠯᠬᠤ᠂ ᠠᠰᠠᠭᠤᠳᠠᠯ ᠢ ᠰᠢᠢᠳᠪᠦᠷᠢᠯᠡᠬᠦ ᠳᠡᠭᠡᠨ ᠴᠢᠳᠠᠮᠠᠭᠠᠢ ᠪᠠᠶᠢᠵᠤ᠂ ᠬᠠᠤᠯᠢ ᠪᠠᠷ ᠵᠠᠰᠠᠬᠤ ᠶᠢ ᠴᠢᠩᠭ᠎ᠠ | ᠬᠡᠷᠡᠭᠵᠢᠭᠦᠯᠬᠦ ᠶᠢ ᠵᠠᠰᠠᠭ ᠵᠠᠬᠢᠷᠭᠠᠨ ᠤ ᠪᠣᠳᠠᠲᠠᠢ ᠦᠢᠯᠡ ᠠᠵᠢᠯᠯᠠᠭ᠎ᠠ ᠨᠢᠭᠡᠪᠦᠷᠢ ᠳᠤ ᠨᠡᠪᠴᠢᠭᠦᠯᠬᠦ ᠶᠢ ᠵᠠᠰᠠᠭ ᠤᠨ | ᠣᠷᠳᠣᠨ ᠤ ᠠᠵᠢᠯᠳᠠᠨ ᠨᠢᠭᠡᠪᠦᠷᠢ ᠶᠢᠨ ᠤᠬᠠᠮᠰᠠᠷᠲᠤ ᠳᠠᠳᠬᠠᠯ ᠪᠠ ᠰᠠᠨᠠᠭᠠᠴᠢᠯᠠᠭᠠᠲᠤ ᠬᠥᠭᠡᠭᠡᠴᠡᠯᠳᠦᠯ ᠪᠣᠯᠭᠠᠨ᠎ᠠ᠃ | ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ | ᠶᠢᠨ ᠪᠠᠶᠢᠭᠤᠯᠤᠯᠳᠠ ᠶᠢ ᠴᠢᠩᠭᠠᠳᠬᠠᠨ᠎ᠠ᠃ ᠡᠯ᠎ᠠ ᠲᠠᠯ᠎ᠠ ᠶᠢᠨ ᠬᠢᠨᠠᠯᠲᠠ ᠶᠢ ᠤᠬᠠᠮᠰᠠᠷ ᠠᠴᠠ ᠪᠠᠨ | ᠰᠠᠨᠠᠭᠠᠴᠢᠯᠠᠭ᠎ᠠ ᠠᠴᠠ ᠪᠠᠨ ᠬᠦᠯᠢᠶᠡᠵᠤ᠂ ᠡᠷᠬᠡ ᠶᠢ ᠢᠯᠡ ᠪᠠᠷ ᠬᠡᠷᠡᠭᠵᠢᠭᠦᠯᠬᠦ ᠶᠢ ᠱᠠᠭᠠᠷᠳᠠᠨ᠎ᠠ᠃ | ᠪᠣᠳᠠᠲᠠᠶ ᠶᠢ ᠡᠷᠬᠢᠮᠯᠡᠬᠦ ᠰᠤᠷᠲᠠᠯ ᠢ ᠢᠯᠡᠷᠡᠬᠦᠯᠤᠨ᠎ᠠ᠃ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ | ᠵᠣᠷᠢᠭ ᠰᠠᠨᠠᠭ᠎ᠠ ᠶᠢ ᠭᠤᠶᠢᠪᠢᠰᠢ ᠦᠭᠡᠢ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠢ ᠵᠠᠯᠠᠷᠠᠭᠤᠯᠤᠨ | ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠭᠤᠣᠯᠳᠠᠯᠭ᠎ᠠ ᠲᠠᠢ | ᠴᠡᠭᠴᠡᠯᠡᠨ ᠵᠠᠰᠠᠵᠤ᠂ ︽ᠭᠤᠷᠪᠠᠨ ᠤᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ ᠪᠠᠶᠢᠬᠤ ᠠᠰᠠᠭᠤᠳᠠᠯ ᠢ | ᠬᠦᠴᠦᠯᠡᠨ ᠰᠢᠢᠳᠪᠤᠷᠢᠯᠡᠨ᠎ᠠ᠃ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠤᠨ ᠲᠥᠰᠦᠪ ᠪᠠ ᠵᠠᠷᠤᠯᠭ᠎ᠠ ᠶᠢ | ᠴᠢᠩᠭ᠎ᠠ ᠬᠢᠵᠠᠭᠠᠷᠯᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠦᠨ᠂ ᠨᠠᠷᠢᠨ ᠨᠢᠮᠪᠠᠢ ᠲᠥᠯᠥᠪᠯᠡᠨ᠂ ᠠᠷᠪᠢᠯᠠᠨ ᠭᠠᠮᠨᠠᠵᠤ ᠠᠷᠠᠳ ᠢ ᠪᠠᠶᠠᠵᠢᠭᠤᠯᠵᠤ᠂ ᠠᠷᠠᠳ ᠤᠨ | ᠵᠠᠰᠠᠭ ᠤᠨ ᠣᠷᠳᠣᠨ ᠤ ︽ᠬᠠᠳᠠᠭᠤ ᠠᠮᠢᠳᠤᠷᠠᠯ︾ ᠢᠶᠠᠷ ᠠᠷᠠᠳ ᠤᠯᠠᠨ ᠤ ︽ᠰᠠᠶᠢᠨ ᠰᠠᠶᠢᠬᠠᠨ ᠠᠮᠢᠳᠤᠷᠠᠯ︾ ᠢ | ᠰᠣᠯᠢᠵᠤ ᠠᠪᠴᠢᠷᠠᠨ᠎ᠠ᠃ | ᠠᠷᠢᠭᠤᠨ ᠴᠢᠬᠡᠴᠢ ᠶᠢᠨ ᠮᠥᠨ ᠴᠢᠨᠠᠷ ᠢᠶᠠᠨ ᠪᠠᠲᠤ ᠰᠠᠬᠢᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ | ᠭᠦᠨᠵᠡᠭᠡᠶᠢᠷᠡᠭᠦᠯᠦᠨ ᠬᠥᠭᠵᠢᠭᠦᠯᠬᠦ ᠶᠢ ᠠᠬᠢᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠪᠠ | ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠢ ᠭᠦᠨᠵᠡᠭᠡᠢ ᠠᠬᠢᠭᠤᠯᠵᠤ᠂ | ᠢᠯᠵᠠᠷᠠᠵᠤ ᠴᠢᠳᠠᠬᠤ᠂ ᠢᠯᠵᠠᠷᠠᠬᠤ ᠪᠤᠯᠬᠤ ᠦᠬᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ | ᠴᠤᠭᠴᠠᠵᠢᠭᠤᠯᠤᠨ ᠠᠬᠢᠭᠤᠯᠤᠨ᠎ᠠ᠃ ᠡᠷᠬᠡ ᠲᠥᠪᠯᠡᠷᠡᠭᠰᠡᠨ᠂ ᠪᠡᠯᠡ ᠮᠥᠩᠭᠦ ᠨᠢᠭᠲᠠᠷᠠᠭᠰᠠᠨ᠂ ᠡᠬᠢ ᠪᠠᠶᠠᠯᠢᠭ | ᠬᠤᠷᠠᠭᠰᠠᠨ ᠬᠦᠷᠢᠶ᠎ᠡ ᠪᠠ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠬᠢᠨᠠᠯᠲᠠ ᠬᠠᠮᠢᠶᠠᠷᠤᠯᠲᠠ ᠶᠢᠨ | ᠥᠭᠡᠷᠡᠴᠢᠯᠡᠯᠲᠡ ᠶᠢ ᠴᠢᠩᠭᠠᠳᠬᠠᠵᠤ᠂ ᠢᠯᠵᠠᠷᠠᠯ ᠤᠨ ᠡᠭᠦᠰᠦᠨ ᠳᠡᠯᠭᠡᠷᠡᠬᠦ ᠬᠥᠷᠥᠰᠥ ᠰᠢᠷᠣᠶ ᠶᠢ ᠠᠷᠢᠯᠭᠠᠨ᠎ᠠ᠃ | ᠰᠤᠷᠲᠠᠯ ᠴᠢᠬᠡᠴᠢ ᠣᠪᠣᠷ ᠲᠥᠪ ᠰᠠᠶᠢᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠪᠠᠷ ᠠᠯᠪᠠᠨ ᠲᠤᠰᠢᠶᠠᠯᠲᠠᠨ ᠤ | ᠠᠷᠢᠭᠤᠨ ᠴᠢᠬᠡᠴᠢ ᠪᠠᠷ ᠨᠡᠶᠢᠲᠡ ᠶᠢᠨ ᠲᠥᠯᠥᠭᠡ ᠵᠢᠳᠬᠦᠬᠦ ᠶᠢ ᠠᠬᠢᠭᠤᠯᠵᠤ᠂ ᠨᠡᠶᠢᠭᠡᠮ ᠤᠨ ᠬᠡᠪ ᠰᠤᠷᠲᠠᠯ ᠶᠣᠰᠣ | ᠰᠤᠷᠲᠠᠬᠤᠨ ᠢ ᠡᠷᠬᠢᠮᠯᠡᠨ ᠪᠤᠶᠠᠨ ᠦᠢᠯᠡᠳᠬᠦ ᠶᠢ ᠳᠠᠶᠢᠴᠢᠯᠠᠨ᠎ᠠ᠃ | ᠲᠥᠯᠥᠭᠡᠯᠡᠭᠴᠢᠳ ᠡ︕ ᠵᠠᠭᠤᠨ ᠵᠢᠯ ᠤᠨ ᠠᠶᠠᠨ ᠳᠤ ᠡᠷᠴᠢ ᠵᠤᠷᠢᠭ ᠢᠶᠠᠨ ᠬᠦᠪᠴᠢᠯᠡᠵᠤ᠂ ᠡᠬᠦᠷᠬᠡ | ᠬᠠᠷᠢᠭᠤᠴᠠᠯᠭ᠎ᠠ ᠪᠠᠨ ᠪᠠᠳᠤ ᠴᠡᠬᠡᠵᠢᠯᠡᠵᠤ ᠡᠷᠡᠮᠡᠬᠡᠶᠢᠯᠡᠨ ᠤᠷᠤᠭᠰᠢᠯᠠᠵᠤ᠂ ᠪᠣᠳᠠᠲᠠᠢ ᠠᠵᠢᠯᠯᠠᠵᠤ ᠬᠦᠰᠡᠯ | ᠵᠡᠭᠦᠳᠦ ᠪᠠᠨ ᠲᠡᠷᠭᠡᠯᠰᠢᠭᠦᠯᠦᠨ᠎ᠡ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠪᠣᠯᠤᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠶ ᠳᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠨᠢᠭᠡ | ᠰᠡᠳᠬᠢᠯ ᠨᠡᠶᠢᠲᠡ ᠶᠢᠨ ᠵᠣᠷᠢᠭ ᠢᠶᠠᠷ ᠰᠢᠨᠲᠠᠷᠠᠰᠢ ᠥᠬᠡᠶ ᠵᠢᠳᠬᠦᠵᠦ᠂ ᠰᠢᠷᠭᠠᠭᠤ ᠬᠠᠲᠠᠭᠤᠵᠢᠯᠲᠠᠶ ᠠᠵᠢᠯᠯᠠᠨ᠂ | ᠡᠷᠡᠯᠬᠡᠭᠯᠡᠨ ᠤᠷᠤᠭᠰᠢᠯᠠᠵᠤ᠂ ᠠᠵᠤ ᠲᠣᠬᠢᠶᠠᠯ ᠢ ᠡᠵᠡᠮᠳᠡᠨ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠠᠤᠭ᠎ᠠ ᠲᠥᠰᠦᠪ ᠠᠯᠤᠰ ᠤᠨ ᠵᠤᠷᠢᠯᠳᠠ ᠶᠢ ᠠᠮᠢᠳᠤᠯᠢᠭ ᠦᠢᠯᠡᠳᠤᠯᠬᠡᠵᠢᠬᠦᠯᠬᠦ ᠪᠠᠷ | ᠴᠢᠷᠮᠠᠶᠢᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠠᠭᠠᠨᠴᠠᠪ ᠢ ᠪᠦᠲᠦᠭᠡᠨ ᠪᠠᠶᠢᠭᠤᠯᠬᠤ ᠪᠠᠷ ᠴᠢᠷᠮᠠᠶᠢᠨ | ᠲᠡᠮᠡᠴᠡᠵᠡᠭᠡᠶ᠎ᠡ︕ | | |