| ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ 5 ᠰᠠᠷ᠎ᠠ ᠶᠢᠨ 29 ᠤ ᠦᠳᠡ ᠶᠢᠨ | ᠬᠤᠶᠢᠨ᠎ᠠ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠲᠤᠬᠠᠢ ᠲᠠᠪᠤᠳᠤᠭᠠᠷ | ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ | ᠫᠢᠩ ᠰᠤᠷᠤᠯᠴᠠᠯᠭ᠎ᠠ ᠶᠢ ᠡᠷᠭᠢᠯᠡᠭᠦ ᠳᠡᠭᠡᠨ᠂ ᠰᠤᠷᠭᠠᠨ ᠬᠥᠮᠦᠵᠢᠯ ᠬᠥᠭᠵᠢᠪᠡᠯ ᠤᠯᠤᠰ ᠮᠠᠨᠳᠤᠵᠤ᠂ ᠰᠤᠷᠭᠠᠨ | ᠬᠥᠮᠦᠵᠢᠯ ᠬᠦᠴᠦᠷᠬᠡᠭᠵᠢᠪᠡᠯ ᠤᠯᠤᠰ ᠬᠦᠴᠦᠷᠬᠡᠭᠵᠢᠨ᠎ᠡ᠃ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ | ᠪᠦᠲᠦᠭᠡᠨ ᠪᠠᠶᠢᠭᠤᠯᠬᠤ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ | ᠪᠦᠲᠦᠭᠡᠨ ᠪᠠᠶᠢᠭᠤᠯᠬᠤ ᠶᠢᠨ ᠪᠠᠶᠢᠯᠳᠤᠬᠤ ᠪᠣᠳᠣᠯᠭ᠎ᠠ ᠶᠢᠨ ᠵᠠᠮᠴᠢᠯᠠᠭᠴᠢ ᠮᠥᠨ᠂ ᠥᠨᠳᠥᠷ ᠲᠦᠪᠰᠢᠨ ᠪᠦᠬᠦᠢ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ | ᠪᠡᠶᠡᠯᠡᠭᠦᠯᠬᠦ ᠶᠢᠨ ᠴᠢᠬᠤᠯᠠ ᠲᠤᠯᠭᠠᠭᠤᠷᠢᠯᠠᠯ ᠮᠥᠨ᠂ ᠪᠦᠭᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ | ᠠᠬᠢᠭᠤᠯᠬᠤ ᠶᠢᠨ ᠪᠦᠲᠦᠮᠵᠢᠲᠡᠢ ᠠᠷᠭ᠎ᠠ ᠵᠠᠮ ᠮᠥᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢᠨ | ᠰᠠᠭᠤᠷᠢ ᠢᠨᠵᠧᠨᠧᠷᠢᠩ ᠮᠥᠨ᠃ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠭᠦ ᠲᠠᠯ᠎ᠠ ᠪᠠᠷ | ᠲᠤᠭᠤᠰᠢᠯᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠨ ᠰᠤᠷᠭᠠᠨ ᠬᠥᠮᠦᠵᠢᠯ ᠢ ᠬᠥᠭᠵᠢᠭᠦᠯᠬᠦ ᠶᠢ ᠪᠠᠷᠢᠮᠲᠠᠯᠠᠨ᠂ | ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠪᠠᠶᠢᠷᠢᠰᠢᠭᠤᠯᠵᠤ᠂ ᠬᠤᠪᠢᠰᠤᠯᠲᠠ ᠶᠢ ᠬᠦᠴᠦᠲᠡᠢ ᠠᠷᠭᠠᠴᠠᠭᠠᠵᠤ᠂ ᠰᠢᠨ᠎ᠡ | ᠪᠠᠶᠢᠳᠠᠯ ᠢ ᠬᠦᠴᠦᠯᠡᠨ ᠨᠡᠭᠡᠭᠡᠵᠦ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ᠂ | ᠰᠤᠷᠭᠠᠨ ᠬᠥᠮᠦᠵᠢᠯ ᠤᠨ ᠬᠦᠴᠦᠨ ᠢᠶᠠᠷ ᠠᠷᠠᠳ ᠲᠦᠮᠡᠨ ᠤ ᠵᠣᠯ ᠵᠢᠷᠭᠠᠯ ᠤᠨ ᠦᠨᠳᠦᠰᠦ ᠶᠢ ᠪᠠᠲᠤᠳᠬᠠᠵᠤ᠂ | ᠰᠤᠷᠭᠠᠨ ᠬᠥᠮᠦᠵᠢᠯ ᠤᠨ ᠬᠦᠴᠦᠷᠬᠡᠭᠵᠢᠯ ᠢᠶᠠᠷ ᠤᠯᠤᠰ ᠣᠷᠣᠨ ᠤ ᠪᠠᠶᠠᠨ ᠬᠦᠴᠦᠷᠬᠡᠭ ᠤᠨ ᠰᠠᠭᠤᠷᠢ ᠶᠢ | ᠪᠠᠬᠢᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ | ᠲᠦᠯᠬᠢᠨ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠴᠢᠩᠬᠤᠸᠠ ᠶᠡᠭᠡ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠱᠦᠵᠢ᠂ ᠳᠤᠮᠳᠠᠳᠤ ᠤᠯᠤᠰ ᠤᠨ ᠰᠢᠨᠵᠢᠯᠡᠬᠦ | ᠤᠬᠠᠭᠠᠨ ᠤ ᠬᠦᠷᠢᠶᠡᠯᠡᠩ ᠤᠨ ᠠᠺᠠᠳᠧᠮᠢᠴᠢ ᠴᠢᠦ ᠶᠦᠩ ᠡᠨᠡ ᠬᠦ ᠠᠰᠠᠭᠤᠳᠠᠯ ᠤᠨ ᠲᠤᠬᠠᠢ ᠲᠠᠶᠢᠯᠤᠮᠵᠢ ᠬᠢᠵᠦ᠂ | ᠠᠵᠢᠯ ᠤᠨ ᠰᠠᠨᠠᠭᠤᠯᠭ᠎ᠠ ᠳᠤᠷᠠᠳᠪᠠ᠃ ᠲᠥᠪ ᠤᠨ ᠤᠯᠤᠰ ᠲᠦᠷᠦ ᠶᠢᠨ ᠲᠣᠪᠴᠢᠶ᠎ᠠ ᠶᠢᠨ ᠨᠥᠬᠦᠳ ᠲᠠᠶᠢᠯᠤᠮᠵᠢ ᠶᠢ | ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠶᠠᠷᠢᠯᠴᠠᠪᠠ᠃ | ᠰᠢ ᠶᠢᠨ ᠫᠢᠩ ᠲᠠᠶᠢᠯᠤᠮᠵᠢ ᠪᠠ ᠶᠠᠷᠢᠯᠴᠠᠭ᠎ᠠ ᠶᠢ ᠰᠣᠨᠣᠰᠤᠭᠰᠠᠨ ᠤ ᠳᠠᠷᠠᠭ᠎ᠠ ᠴᠢᠬᠤᠯᠠ ᠶᠠᠷᠢᠶ᠎ᠠ ᠲᠠᠯᠪᠢᠪᠠ᠃ | ᠲᠡᠷᠡ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠨᠠᠮ ᠤᠨ ᠲᠥᠪ ᠬᠤᠷᠢᠶ᠎ᠠ ᠰᠤᠷᠭᠠᠨ ᠬᠥᠮᠦᠵᠢᠯ ᠢ | ᠤᠯᠤᠰ ᠤᠨ ᠶᠡᠭᠡ ᠪᠣᠳᠣᠯᠭ᠎ᠠ᠂ ᠨᠠᠮ ᠤᠨ ᠶᠡᠭᠡ ᠪᠣᠳᠣᠯᠭ᠎ᠠ ᠪᠤᠯᠭᠠᠬᠤ ᠶᠢ ᠪᠠᠷᠢᠮᠲᠠᠯᠠᠵᠤ᠂ ᠰᠤᠷᠭᠠᠨ ᠬᠥᠮᠦᠵᠢᠯ ᠤᠨ | ᠣᠳᠣᠬᠢᠴᠢᠯᠠᠯᠲᠠ ᠶᠢ ᠲᠦᠷᠭᠡᠳᠬᠡᠬᠦ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ | ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠭᠠᠷᠭᠠᠵᠤ᠂ ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠤᠨ | ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ ᠣᠯᠬᠤ᠂ ᠪᠠᠶᠢᠷᠢᠰᠢᠯ ᠤᠨ ᠴᠢᠨᠠᠷᠲᠠᠢ ᠬᠤᠪᠢᠷᠠᠯᠲᠠ ᠭᠠᠷᠬᠤ ᠶᠢ | ᠠᠬᠢᠭᠤᠯᠪᠠ᠃ ᠮᠠᠨ ᠤ ᠤᠯᠤᠰ ᠨᠢᠭᠡᠨᠲᠡ ᠳᠡᠯᠡᠬᠡᠢ ᠳᠡᠭᠡᠷᠡᠬᠢ ᠬᠡᠪᠴᠢᠶ᠎ᠡ ᠪᠠᠷ ᠬᠠᠮᠤᠭ ᠤᠨ ᠶᠡᠭᠡ ᠰᠤᠷᠭᠠᠨ | ᠬᠥᠮᠦᠵᠢᠯ ᠤᠨ ᠰᠢᠰᠲ᠋ᠧᠮ ᠢ ᠪᠠᠶᠢᠭᠤᠯᠵᠤ᠂ ᠰᠤᠷᠭᠠᠨ ᠬᠥᠮᠦᠵᠢᠯ ᠤᠨ ᠣᠳᠣᠬᠢᠴᠢᠯᠠᠭᠰᠠᠨ ᠬᠥᠭᠵᠢᠯᠲᠡ ᠶᠢᠨ | ᠶᠡᠷᠦᠩᠬᠡᠢ ᠲᠦᠪᠰᠢᠨ ᠳᠡᠯᠡᠬᠡᠢ ᠶᠢᠨ ᠳᠤᠮᠳᠠ ᠳᠡᠭᠡᠳᠦ ᠤᠯᠤᠰ ᠤᠨ ᠡᠩᠨᠡᠭᠡᠨ ᠳᠤ ᠣᠷᠣᠪᠠ᠃ ᠵᠢᠱᠢᠵᠦ | ᠪᠤᠳᠣᠬᠰᠠᠨ ᠢᠶᠠᠷ ᠮᠠᠨ ᠤ ᠤᠯᠤᠰ ᠤᠨ ᠣᠳᠣᠬᠠᠨ ᠤ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ | ᠭᠦᠢᠴᠡᠳᠬᠡᠯ ᠲᠤᠭ᠎ᠠ ᠪᠦᠭᠦ ᠳᠡᠯᠡᠬᠡᠢ ᠶᠢᠨ 23 ᠳ᠋ᠤᠭᠠᠷ ᠲᠤ ᠣᠷᠣᠵᠤ᠂ 2012 ᠣᠨ ᠤ ᠬᠢ ᠠᠴᠠ 26 ᠪᠠᠶᠢᠷᠢ | ᠡᠮᠦᠨᠡᠰᠢᠯᠡᠵᠦ᠂ ᠳᠠᠪᠰᠢᠯᠲᠠ ᠪᠠᠷ ᠬᠠᠮᠤᠭ ᠤᠨ ᠲᠦᠷᠭᠡᠨ ᠤᠯᠤᠰ ᠪᠣᠯᠵᠠᠢ᠃ ᠡᠨᠡ ᠨᠢ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠵᠠᠮ ᠪᠣᠯ ᠪᠦᠷᠢᠮᠦᠰᠦᠨ ᠵᠥᠪ | ᠪᠤᠯᠬᠤ ᠶᠢ ᠭᠦᠢᠴᠡᠳ ᠭᠡᠷᠡᠴᠢᠯᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠪᠢᠳᠠ ᠤ ᠪᠦᠲᠦᠭᠡᠨ ᠪᠠᠶᠢᠭᠤᠯᠬᠤ ᠭᠡᠵᠦ ᠪᠠᠶᠢᠭ᠎ᠠ ᠰᠤᠷᠭᠠᠨ ᠬᠥᠮᠦᠵᠢᠯ ᠤᠨ ᠬᠦᠴᠦᠷᠬᠡᠭ | ᠤᠯᠤᠰ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠤᠷᠭᠠᠨ ᠬᠥᠮᠦᠵᠢᠯ ᠤᠨ ᠬᠦᠴᠦᠷᠬᠡᠭ | ᠤᠯᠤᠰ ᠮᠥᠨ᠂ ᠡᠷᠬᠡᠪᠰᠢ ᠰᠤᠷᠭᠠᠨ ᠬᠥᠮᠦᠵᠢᠯ ᠤᠨ ᠦᠢᠯᠡᠰ ᠲᠠᠬᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ | ᠪᠠᠷᠢᠮᠲᠠᠯᠠᠬᠤ ᠪᠠᠷ ᠦᠨᠳᠦᠰᠦᠨ ᠪᠠᠲᠤᠯᠠᠭ᠎ᠠ ᠪᠤᠯᠭᠠᠵᠤ᠂ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠪᠠᠷ | ᠦᠨᠳᠦᠰᠦᠨ ᠡᠭᠦᠷᠭᠡ ᠪᠤᠯᠭᠠᠵᠤ᠂ ᠨᠠᠮ ᠤᠨ ᠲᠥᠯᠥᠭᠡ ᠬᠥᠮᠥᠨ ᠬᠥᠮᠥᠵᠢᠭᠦᠯᠬᠦ᠂ ᠤᠯᠤᠰ ᠤᠨ ᠲᠥᠯᠥᠭᠡ | ᠴᠢᠳᠠᠪᠤᠷᠢᠲᠠᠨ ᠬᠥᠮᠥᠵᠢᠭᠦᠯᠬᠦ ᠪᠠᠷ ᠦᠨᠳᠦᠰᠦᠨ ᠬᠠᠷᠠᠯᠲᠠ ᠪᠤᠯᠭᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ | ᠶᠡᠭᠡ ᠰᠡᠷᠭᠦᠨ ᠮᠠᠨᠳᠤᠯᠲᠠ ᠳᠤ ᠦᠢᠯᠡᠴᠢᠯᠡᠬᠦ ᠪᠠᠷ ᠴᠢᠬᠤᠯᠠ ᠡᠭᠦᠷᠭᠡ ᠪᠤᠯᠭᠠᠵᠤ᠂ ᠰᠤᠷᠭᠠᠨ ᠬᠥᠮᠦᠵᠢᠯ ᠤᠨ | ᠣᠶᠢᠯᠠᠭᠠᠭᠳᠠᠬᠤᠨ᠂ ᠰᠢᠰᠲ᠋ᠧᠮ᠂ ᠳᠦᠷᠢᠮ᠂ ᠠᠭᠤᠯᠭ᠎ᠠ᠂ ᠠᠷᠭ᠎ᠠ᠂ ᠵᠠᠰᠠᠯᠲᠠ ᠶᠢᠨ ᠣᠳᠣᠬᠢᠴᠢᠯᠠᠯᠲᠠ ᠪᠠᠷ | ᠦᠨᠳᠦᠰᠦᠨ ᠠᠷᠭ᠎ᠠ ᠵᠠᠮ ᠪᠤᠯᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠤᠯᠭᠠᠭᠤᠷᠢᠯᠠᠨ | ᠬᠥᠲᠥᠯᠥᠨ ᠳᠠᠭᠠᠭᠤᠯᠬᠤ ᠪᠠᠷ ᠭᠤᠣᠯ ᠦᠢᠯᠡᠳᠦᠯ ᠴᠢᠳᠠᠪᠤᠷᠢ ᠪᠤᠯᠭᠠᠬᠤ ᠬᠡᠷᠡᠭᠲᠡᠢ ᠪᠠᠶᠢᠵᠤ᠂ ᠡᠴᠦᠰ ᠤᠨ ᠬᠠᠷᠠᠯᠲᠠ | ᠪᠣᠯ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠭᠢᠯᠡᠭᠦ ᠶᠠᠪᠤᠳᠠᠯ ᠪᠣᠯᠣᠨ᠎ᠠ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠶᠠᠮᠠᠷ ᠬᠥᠮᠥᠨ ᠢ ᠬᠥᠮᠥᠵᠢᠭᠦᠯᠬᠦ᠂ ᠬᠥᠮᠥᠨ ᠢ ᠬᠡᠷᠬᠢᠨ ᠬᠥᠮᠥᠵᠢᠭᠦᠯᠬᠦ᠂ ᠬᠡᠨ ᠤ ᠲᠥᠯᠥᠭᠡ | ᠬᠥᠮᠥᠵᠢᠭᠦᠯᠬᠦ ᠪᠣᠯ ᠰᠤᠷᠭᠠᠨ ᠬᠥᠮᠦᠵᠢᠯ ᠤᠨ ᠦᠨᠳᠦᠰᠦᠨ ᠠᠰᠠᠭᠤᠳᠠᠯ ᠪᠣᠯᠣᠨ᠎ᠠ᠂ ᠪᠠᠰᠠ ᠴᠤ ᠰᠤᠷᠭᠠᠨ | ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠭᠤᠣᠯ ᠰᠡᠳᠦᠪ ᠪᠣᠯᠣᠨ᠎ᠠ᠃ ᠮᠠᠨ ᠤ ᠰᠤᠷᠭᠠᠨ | ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠶᠢᠨ ᠵᠣᠷᠢᠯᠭ᠎ᠠ ᠪᠣᠯ ᠳᠠᠷᠤᠢ ᠶᠣᠰᠣ ᠰᠤᠷᠲᠠᠬᠤᠨ | ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠪᠦᠭᠦ ᠲᠠᠯ᠎ᠠ ᠪᠠᠷ ᠬᠥᠭᠵᠢᠭᠰᠡᠨ ᠦᠶ᠎ᠡ | ᠦᠶ᠎ᠡ ᠶᠢᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠥᠵᠢᠭᠦᠯᠵᠦ᠂ ᠨᠡᠶᠢᠭᠡᠮ | ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠳᠤ ᠶᠡᠭᠡ ᠬᠡᠷᠡᠭᠴᠡᠭᠡ ᠲᠠᠢ᠂ ᠬᠦᠨᠳᠦ ᠡᠭᠦᠷᠭᠡ ᠶᠢ | ᠡᠭᠦᠷᠭᠡᠯᠡᠵᠦ ᠳᠡᠶᠢᠯᠭᠦ ᠲᠤᠯᠭᠠᠭᠤᠷᠢ ᠬᠦᠴᠦᠨ ᠪᠤᠯᠬᠤ ᠦᠶ᠎ᠡ ᠦᠶ᠎ᠡ ᠶᠢᠨ ᠴᠢᠳᠠᠪᠤᠷᠢᠲᠠᠨ ᠢ ᠬᠥᠮᠥᠵᠢᠭᠦᠯᠵᠦ᠂ | ᠨᠠᠮ ᠤᠨ ᠦᠢᠯᠡᠰ ᠪᠠ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ | ᠵᠠᠯᠭᠠᠮᠵᠢᠯᠠᠭᠴᠢ ᠲᠠᠢ ᠪᠠᠶᠢᠬᠤ ᠶᠢ ᠦᠨᠡᠨ ᠬᠦ ᠪᠠᠲᠤᠯᠠᠬᠤ ᠶᠠᠪᠤᠳᠠᠯ ᠪᠣᠯᠣᠨ᠎ᠠ᠃ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠦᠭ ᠰᠦᠨᠡᠰᠦ ᠶᠢ ᠱᠤᠭᠤᠵᠤ ᠬᠥᠮᠥᠨ ᠢ | ᠬᠥᠮᠥᠵᠢᠭᠦᠯᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ | ᠦᠵᠡᠯᠲᠡ ᠶᠢᠨ ᠬᠥᠮᠦᠵᠢᠯ ᠢ ᠬᠦᠴᠦᠯᠡᠨ ᠴᠢᠩᠭᠠᠳᠬᠠᠵᠤ᠂ ᠰᠤᠷᠤᠬᠴᠢᠳ ᠢ ᠬᠥᠲᠥᠯᠥᠨ ᠵᠢᠯᠤᠭᠤᠳᠴᠤ ᠡᠷᠡᠰ ᠪᠠᠲᠤ | ᠬᠦᠰᠡᠯᠡᠩ ᠢᠲᠡᠭᠡᠯ ᠪᠢᠰᠢᠷᠡᠯ ᠲᠠᠢ ᠪᠤᠯᠭᠠᠵᠤ᠂ ᠡᠭᠦᠷᠢᠳᠡ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠵᠤ᠂ | ᠤᠯᠤᠰ ᠪᠣᠯᠣᠨ ᠠᠷᠠᠳ ᠲᠦᠮᠡᠨ ᠳᠡᠭᠡᠨ ᠬᠤᠪᠢ ᠨᠡᠮᠡᠷᠢ ᠦᠵᠡᠭᠦᠯᠭᠦ ᠪᠠᠷ ᠵᠣᠷᠢᠭ ᠰᠢᠭᠤᠳᠬᠤ ᠪᠤᠯᠭᠠᠬᠤ ᠬᠡᠷᠡᠭᠲᠡᠢ᠃ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ | ᠰᠠᠨᠠᠭ᠎ᠠ ᠤᠯᠤᠰ ᠲᠥᠷᠥ ᠶᠢᠨ ᠬᠥᠮᠦᠵᠢᠯ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠠᠬᠢᠭᠤᠯᠵᠤ᠂ ᠦᠵᠡᠯ | ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠬᠠᠨᠳᠤᠯᠭᠠᠲᠤ ᠴᠢᠨᠠᠷ ᠪᠠ ᠲᠠᠲᠠᠬᠤ ᠬᠦᠴᠦᠨ ᠢ ᠳᠡᠭᠡᠭᠰᠢᠯᠡᠭᠦᠯᠭᠦ | ᠬᠡᠷᠡᠭᠲᠡᠢ᠃ ᠰᠦᠯᠵᠢᠶ᠎ᠡ ᠪᠠᠷ ᠬᠥᠮᠥᠨ ᠬᠥᠮᠥᠵᠢᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠢᠨᠲ᠋ᠧᠷ ᠰᠦᠯᠵᠢᠶᠡᠨ ᠤ | ᠴᠠᠭ ᠦᠶ᠎ᠡ ᠶᠢᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠪᠠ ᠦᠵᠡᠯ ᠤᠬᠠᠮᠰᠠᠷ ᠤᠨ | ᠭᠡᠯᠪᠡᠷᠢ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠴᠢᠨᠠᠷ ᠰᠠᠶᠢᠲᠠᠢ ᠬᠥᠭᠵᠢᠯᠲᠡ ᠪᠠᠷ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠨ | ᠬᠥᠮᠦᠵᠢᠯ ᠤᠨ ᠠᠮᠢᠨ ᠰᠤᠳᠠᠰᠤ ᠪᠤᠯᠭᠠᠬᠤ ᠶᠢ ᠪᠠᠷᠢᠮᠲᠠᠯᠠᠵᠤ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ | ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ᠃ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ | ᠪᠠᠶᠢᠭᠤᠯᠬᠤ ᠶᠢᠨ ᠦᠨᠳᠦᠰᠦᠨ ᠴᠡᠭ ᠨᠢ ᠰᠠᠭᠤᠷᠢ ᠰᠤᠷᠭᠠᠨ ᠬᠥᠮᠦᠵᠢᠯ ᠳᠤ ᠪᠤᠢ᠃ ᠰᠠᠭᠤᠷᠢ ᠰᠤᠷᠭᠠᠨ ᠬᠥᠮᠦᠵᠢᠯ ᠢ | ᠬᠡᠳᠦᠢ ᠯᠠᠪᠳᠠᠭᠤᠨ ᠪᠠᠲᠤᠲᠠᠢ ᠬᠢᠬᠦ ᠲᠤᠲᠤᠮ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠠᠯᠬᠤᠴᠠ ᠲᠡᠳᠦᠢ | ᠯᠠᠪᠳᠠᠭᠤᠨ ᠪᠣᠯᠵᠤ᠂ ᠨᠥᠭᠡᠴᠡ ᠬᠦᠴᠦᠨ ᠨᠢ ᠲᠡᠳᠦᠢ ᠲᠡᠭᠦᠯᠳᠡᠷ ᠪᠣᠯᠣᠨ᠎ᠠ᠃ ᠰᠤᠷᠭᠠᠭᠤᠯᠢ ᠶᠢᠨ ᠨᠠᠰᠤᠨ ᠠᠴᠠ | ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠲᠠᠢ ᠠᠮᠤᠷ ᠲᠦᠪᠰᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠢ ᠲᠡᠩᠴᠡᠭᠦᠷᠢᠲᠡᠢ | ᠬᠥᠭᠵᠢᠭᠦᠯᠬᠦ ᠪᠠ ᠬᠤᠲᠠ ᠬᠥᠳᠡᠭᠡ ᠶᠢ ᠨᠢᠭᠡ ᠴᠣᠭᠴᠠᠵᠢᠭᠤᠯᠬᠤ ᠶᠢ ᠠᠬᠢᠭᠤᠯᠬᠤ ᠬᠡᠷᠡᠭᠲᠡᠢ᠃ ᠰᠠᠭᠤᠷᠢ ᠰᠤᠷᠭᠠᠨ | ᠬᠥᠮᠦᠵᠢᠯ ᠨᠢ ᠰᠤᠷᠤᠬᠴᠢᠳ ᠤᠨ ᠮᠡᠳᠡᠯᠭᠡ ᠶᠢᠨ ᠰᠠᠭᠤᠷᠢ ᠶᠢ ᠪᠠᠬᠢᠵᠢᠭᠦᠯᠬᠦ ᠪᠠᠷ ᠪᠠᠷᠠᠬᠤ ᠦᠭᠡᠢ ᠪᠠᠰᠠ | ᠰᠤᠷᠤᠬᠴᠢᠳ ᠤᠨ ᠰᠢᠨᠵᠢᠯᠡᠬᠦ ᠤᠬᠠᠭᠠᠨ ᠢ ᠡᠷᠭᠢᠮᠯᠡᠭᠦ᠂ ᠥᠯᠥ ᠮᠡᠳᠡᠬᠦ ᠵᠦᠢᠯ ᠢ ᠰᠡᠳᠬᠢᠨ ᠰᠦᠪᠡᠭᠴᠢᠯᠡᠬᠦ ᠳᠤᠷ᠎ᠠ | ᠰᠣᠨᠢᠷᠬᠠᠯ ᠢ ᠬᠥᠭᠵᠢᠭᠡᠵᠦ᠂ ᠲᠡᠳᠡᠨ ᠤ ᠰᠡᠳᠬᠢᠨ ᠰᠦᠪᠡᠭᠴᠢᠯᠡᠬᠦ ᠴᠢᠨᠠᠷᠲᠠᠢ᠂ ᠰᠢᠨ᠎ᠡ ᠶᠢ ᠡᠭᠦᠳᠬᠦ ᠴᠢᠨᠠᠷᠲᠠᠢ | ᠰᠡᠳᠬᠢᠬᠦᠢ ᠶᠢᠨ ᠬᠡᠪ ᠴᠢᠨᠠᠷ ᠢ ᠬᠥᠮᠥᠵᠢᠭᠦᠯᠦᠨ᠎ᠡ᠃ ᠨᠡᠶᠢᠭᠡᠮ ᠳᠠᠶᠠᠭᠠᠷ ᠲᠤ ᠰᠢᠨᠵᠢᠯᠡᠬᠦ ᠤᠬᠠᠭᠠᠨᠴᠢ | ᠴᠢᠳᠠᠪᠤᠷᠢᠲᠠᠨ ᠤ ᠦᠵᠡᠯᠲᠡ᠂ ᠴᠢᠳᠠᠪᠤᠷᠢᠲᠠᠨ ᠪᠤᠯᠬᠤ ᠦᠵᠡᠯᠲᠡ᠂ ᠰᠤᠷᠭᠠᠨ ᠬᠥᠮᠦᠵᠢᠯ ᠤᠨ ᠦᠵᠡᠯᠲᠡ ᠶᠢ ᠪᠤᠢ | ᠪᠤᠯᠭᠠᠵᠤ᠂ ᠰᠤᠷᠭᠠᠨ ᠬᠥᠮᠦᠵᠢᠯ ᠤᠨ ᠠᠰᠢᠭ ᠬᠠᠷᠠᠬᠤ ᠬᠡᠯᠪᠡᠷᠢᠯ ᠢ ᠲᠦᠷᠭᠡᠪᠴᠢᠯᠡᠨ ᠬᠤᠪᠢᠷᠠᠭᠤᠯᠵᠤ᠂ ᠰᠤᠷᠭᠠᠨ | ᠬᠥᠮᠦᠵᠢᠯ ᠤᠨ ᠡᠷᠡᠭᠦᠯ ᠰᠠᠷᠠᠭᠤᠯ ᠣᠷᠴᠢᠨ ᠨᠥᠬᠦᠴᠡᠯ ᠪᠠ ᠠᠮᠢ ᠠᠬᠤᠢ ᠶᠢ ᠪᠤᠢ ᠪᠤᠯᠭᠠᠬᠤ ᠬᠡᠷᠡᠭᠲᠡᠢ᠃ ᠰᠤᠷᠭᠠᠨ | ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ᠂ ᠳᠠᠭᠠᠭᠤᠯᠤᠭᠴᠢ ᠨᠢ ᠳᠡᠭᠡᠳᠦ ᠵᠡᠷᠭᠡ ᠶᠢᠨ | ᠰᠤᠷᠭᠠᠨ ᠬᠥᠮᠦᠵᠢᠯ ᠪᠣᠯᠣᠨ᠎ᠠ᠃ ᠳᠤᠮᠳᠠᠳᠤ ᠤᠯᠤᠰ ᠤᠨ ᠣᠨᠴᠠᠯᠢᠭ ᠲᠠᠢ᠂ ᠳᠡᠯᠡᠬᠡᠢ ᠶᠢᠨ ᠲᠡᠷᠢᠭᠦᠨ ᠵᠡᠷᠭᠡ ᠶᠢᠨ | ᠶᠡᠭᠡ ᠰᠤᠷᠭᠠᠭᠤᠯᠢ ᠪᠠ ᠳᠠᠪᠠᠭᠤᠯᠢᠭ ᠰᠢᠨᠵᠢᠯᠡᠭᠡᠨ ᠤ ᠰᠠᠯᠠᠭ᠎ᠠ ᠶᠢ ᠲᠦᠷᠭᠡᠳᠬᠡᠨ ᠪᠠᠶᠢᠭᠤᠯᠬᠤ ᠶᠢ ᠴᠢᠬᠤᠯᠠ ᠠᠴᠠ | ᠴᠢᠬᠤᠯᠠ ᠵᠦᠢᠯ ᠪᠤᠯᠭᠠᠵᠤ᠂ ᠰᠠᠭᠤᠷᠢ ᠰᠢᠨᠵᠢᠯᠡᠭᠡᠨ ᠤ ᠰᠠᠯᠠᠭ᠎ᠠ᠂ ᠰᠢᠨ᠎ᠡ ᠪᠠᠷ ᠬᠥᠭᠵᠢᠭᠰᠡᠨ ᠰᠢᠨᠵᠢᠯᠡᠭᠡᠨ ᠤ ᠰᠠᠯᠠᠭ᠎ᠠ᠂ | ᠰᠣᠯᠪᠢᠴᠠᠭᠰᠠᠨ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢ ᠶᠡᠭᠡ ᠪᠠᠷ ᠴᠢᠩᠭᠠᠳᠬᠠᠨ᠂ ᠳᠡᠯᠡᠬᠡᠢ ᠶᠢᠨ | ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠤᠰᠢᠭᠤᠷᠠᠯ ᠪᠠ ᠤᠯᠤᠰ ᠤᠨ ᠴᠢᠬᠤᠯᠠ ᠶᠡᠭᠡ ᠪᠠᠶᠢᠯᠳᠤᠬᠤ | ᠪᠣᠳᠣᠯᠭ᠎ᠠ ᠶᠢᠨ ᠬᠡᠷᠡᠭᠴᠡᠭᠡ ᠳᠤ ᠴᠢᠭᠯᠡᠭᠦᠯᠦᠨ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠡᠭᠦᠳᠦᠯᠲᠡ ᠶᠢ | ᠠᠬᠢᠭᠤᠯᠵᠤ᠂ ᠠᠩᠬᠠᠨ ᠤ ᠰᠢᠨ᠎ᠡ ᠶᠢ ᠡᠭᠦᠳᠬᠦ ᠴᠢᠳᠠᠪᠤᠷᠢ ᠪᠠ ᠴᠢᠳᠠᠪᠤᠷᠢᠲᠠᠨ ᠢ ᠬᠥᠮᠥᠵᠢᠭᠦᠯᠬᠦ ᠶᠠᠰᠤ ᠴᠢᠨᠠᠷ ᠢ | ᠲᠠᠰᠤᠷᠠᠯᠳᠠ ᠦᠭᠡᠢ ᠳᠡᠭᠡᠭᠰᠢᠯᠡᠭᠦᠯᠭᠦ ᠬᠡᠷᠡᠭᠲᠡᠢ᠃ ᠪᠦᠭᠦ ᠠᠷᠠᠳ ᠢᠶᠠᠷ ᠢᠶᠠᠨ ᠨᠠᠰᠤᠨ ᠲᠤᠷᠰᠢᠲᠠ ᠰᠤᠷᠤᠯᠴᠠᠬᠤ | ᠰᠤᠷᠤᠯᠴᠠᠬᠤ ᠭᠡᠯᠪᠡᠷᠢ ᠶᠢᠨ ᠨᠡᠶᠢᠭᠡᠮ᠂ ᠰᠤᠷᠤᠯᠴᠠᠬᠤ ᠭᠡᠯᠪᠡᠷᠢ ᠶᠢᠨ ᠲᠣᠮᠣ ᠤᠯᠤᠰ ᠢ ᠪᠦᠲᠦᠭᠡᠨ ᠪᠠᠶᠢᠭᠤᠯᠵᠤ᠂ | ᠬᠥᠮᠥᠨ ᠪᠦᠭᠦᠨ ᠰᠤᠷᠤᠯᠴᠠᠬᠤ᠂ ᠭᠠᠵᠠᠷ ᠪᠣᠯᠭᠠᠨ ᠳᠤ ᠰᠤᠷᠤᠯᠴᠠᠵᠤ ᠳᠡᠶᠢᠯᠭᠦ᠂ ᠴᠠᠭ ᠢᠮᠠᠭᠲᠠ ᠰᠤᠷᠤᠯᠴᠠᠵᠤ | ᠪᠤᠯᠬᠤ ᠶᠢ ᠠᠬᠢᠭᠤᠯᠵᠤ᠂ ᠠᠷᠠᠳ ᠢᠷᠭᠡᠳ ᠤᠨ ᠰᠤᠷᠭᠠᠨ ᠬᠥᠮᠦᠵᠢᠯ ᠭᠦᠷᠲᠡᠭᠦ ᠬᠡᠮᠵᠢᠶ᠎ᠡ ᠶᠢ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠬᠥᠮᠥᠨ ᠤ ᠬᠦᠴᠦᠨ ᠤ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠲᠦᠪᠰᠢᠨ ᠢ ᠪᠦᠭᠦ ᠲᠠᠯ᠎ᠠ ᠪᠠᠷ | ᠳᠡᠭᠡᠭᠰᠢᠯᠡᠭᠦᠯᠵᠦ᠂ ᠬᠥᠮᠥᠨ ᠤ ᠪᠦᠭᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠶᠢ ᠰᠤᠷᠭᠠᠨ ᠬᠥᠮᠦᠵᠢᠯ ᠤᠨ ᠬᠦᠴᠦᠷᠬᠡᠭ | ᠤᠯᠤᠰ ᠢ ᠪᠦᠲᠦᠭᠡᠨ ᠪᠠᠶᠢᠭᠤᠯᠬᠤ ᠶᠢᠨ ᠴᠢᠬᠤᠯᠠ ᠡᠭᠦᠷᠭᠡ ᠪᠤᠯᠭᠠᠬᠤ ᠬᠡᠷᠡᠭᠲᠡᠢ᠃ ᠰᠤᠷᠭᠠᠨ ᠬᠥᠮᠦᠵᠢᠯ ᠤᠨ | ᠬᠦᠴᠦᠷᠬᠡᠭ ᠤᠯᠤᠰ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ᠂ ᠴᠢᠳᠠᠪᠤᠷᠢᠲᠠᠨ ᠤ | ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠳᠣᠲᠣᠭᠠᠳᠤ ᠨᠢᠭᠡᠳᠦᠯᠲᠦ ᠴᠢᠨᠠᠷ ᠪᠠ ᠬᠠᠷᠢᠯᠴᠠᠨ | ᠲᠤᠯᠭᠠᠭᠤᠷᠢᠯᠠᠬᠤ ᠴᠢᠨᠠᠷ ᠲᠠᠢ ᠪᠠᠶᠢᠳᠠᠭ᠂ ᠡᠨᠡ ᠭᠤᠷᠪᠠ ᠶᠢ ᠣᠷᠭᠠᠨᠢᠭ ᠢᠶᠠᠷ ᠤᠶᠠᠯᠳᠤᠭᠤᠯᠵᠤ᠂ ᠨᠢᠭᠡ | ᠴᠣᠭᠴᠠᠵᠢᠭᠤᠯᠤᠨ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠬᠤᠪᠢ ᠳᠠᠭᠢᠨ ᠦᠢᠯᠡᠳᠦᠯ ᠢ ᠪᠦᠷᠢᠯᠳᠦᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ᠂ | ᠢᠨᠵᠧᠨᠧᠷᠢᠩ ᠤᠨ ᠰᠤᠷᠭᠠᠨ ᠬᠥᠮᠦᠵᠢᠯ ᠢ ᠴᠢᠨᠠᠭᠰᠢᠳᠠ ᠴᠢᠩᠭᠠᠳᠬᠠᠵᠤ᠂ ᠰᠢᠨ᠎ᠡ ᠶᠢ ᠡᠭᠦᠳᠬᠦ ᠣᠷᠣᠶᠢᠯᠠᠭᠰᠠᠨ | ᠴᠢᠳᠠᠪᠤᠷᠢᠲᠠᠨ ᠢ ᠪᠡᠶ᠎ᠡ ᠪᠠᠨ ᠳᠠᠭᠠᠭᠠᠵᠤ ᠬᠥᠮᠥᠵᠢᠭᠦᠯᠬᠦ ᠶᠢ ᠴᠢᠩᠭᠠᠳᠬᠠᠵᠤ᠂ ᠮᠠᠨ ᠤ ᠤᠯᠤᠰ ᠤᠨ ᠵᠠᠩᠭᠢᠯᠠᠭ᠎ᠠ ᠶᠢᠨ | ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠳᠤ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠬᠤ ᠬᠡᠷᠡᠭᠲᠡᠢ᠃ | ᠮᠠᠨ ᠤ ᠤᠯᠤᠰ ᠤᠨ ᠡᠯ᠎ᠡ ᠲᠠᠯ᠎ᠠ ᠶᠢᠨ ᠴᠢᠳᠠᠪᠤᠷᠢᠲᠠᠨ ᠤ ᠬᠥᠭᠵᠢᠯᠲᠡ ᠶᠢᠨ ᠬᠠᠨᠳᠤᠰᠢ ᠵᠢᠴᠢ ᠳᠤᠲᠠᠭᠤᠳᠠᠯ ᠤᠨ | ᠪᠠᠶᠢᠳᠠᠯ ᠢ ᠰᠢᠰᠲ᠋ᠧᠮ ᠲᠠᠢ ᠵᠠᠳᠠᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠪᠠᠶᠢᠳᠠᠯ ᠢ | ᠦᠨᠳᠦᠰᠦᠯᠡᠨ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠳᠤ ᠠᠩᠬᠠᠷᠤᠯ ᠢᠶᠠᠨ | ᠲᠥᠪᠯᠡᠷᠡᠭᠦᠯᠵᠦ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠢᠨᠵᠢᠯᠡᠭᠡᠨ ᠤ ᠰᠠᠯᠠᠭ᠎ᠠ ᠶᠢᠨ | ᠲᠣᠬᠢᠷᠠᠭᠤᠯᠤᠯᠲᠠ ᠶᠢ ᠬᠥᠳᠡᠯᠦᠩᠭᠦᠢ ᠪᠠᠷ ᠲᠣᠬᠢᠷᠠᠭᠤᠯᠤᠨ ᠰᠢᠯᠢᠳᠡᠭᠵᠢᠭᠦᠯᠵᠦ᠂ ᠤᠯᠤᠰ ᠤᠨ ᠪᠠᠶᠢᠯᠳᠤᠬᠤ | ᠪᠣᠳᠣᠯᠭ᠎ᠠ ᠶᠢᠨ ᠴᠢᠳᠠᠪᠤᠷᠢᠲᠠᠨ ᠪᠠ ᠪᠠᠴᠢᠮ ᠬᠡᠷᠡᠭᠴᠡᠭᠡ ᠲᠠᠢ ᠲᠤᠲᠠᠭᠳᠠᠵᠤ ᠪᠠᠶᠢᠭ᠎ᠠ ᠴᠢᠳᠠᠪᠤᠷᠢᠲᠠᠨ ᠢ | ᠬᠠᠷᠠᠯᠲᠠ ᠲᠠᠢ ᠪᠠᠷ ᠬᠥᠮᠥᠵᠢᠭᠦᠯᠵᠦ᠂ ᠰᠤᠷᠭᠠᠨ ᠬᠥᠮᠦᠵᠢᠯ ᠠᠴᠠ ᠴᠢᠨᠠᠷ ᠰᠠᠶᠢᠲᠠᠢ ᠬᠥᠭᠵᠢᠯᠲᠡ ᠳᠤ ᠦᠵᠡᠭᠦᠯᠭᠦ | ᠲᠤᠯᠭᠠᠭᠤᠷᠢᠯᠠᠬᠤ ᠬᠦᠴᠦᠨ ᠪᠠ ᠬᠤᠪᠢ ᠨᠡᠮᠡᠷᠢ ᠦᠵᠡᠭᠦᠯᠭᠦ ᠬᠦᠴᠦᠨ ᠢ ᠳᠡᠭᠡᠭᠰᠢᠯᠡᠭᠦᠯᠭᠦ ᠬᠡᠷᠡᠭᠲᠡᠢ᠃ ᠠᠵᠢᠯ | ᠮᠡᠷᠭᠡᠵᠢᠯ ᠤᠨ ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ᠂ ᠦᠷᠭᠦᠯᠵᠢᠯᠡᠯ ᠰᠤᠷᠭᠠᠨ | ᠬᠥᠮᠦᠵᠢᠯ ᠢ ᠨᠢᠭᠡᠳᠦᠯᠲᠡᠢ ᠲᠥᠯᠥᠪᠵᠢᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠ ᠡᠩ ᠤᠨ ᠰᠤᠷᠭᠠᠨ | ᠬᠥᠮᠦᠵᠢᠯ ᠢ ᠠᠭᠤᠰᠤᠯᠴᠠᠭᠤᠯᠬᠤ᠂ ᠦᠢᠯᠡᠳᠪᠦᠷᠢᠯᠡᠯ ᠪᠠ ᠰᠤᠷᠭᠠᠨ ᠬᠥᠮᠦᠵᠢᠯ ᠢ ᠤᠶᠠᠯᠳᠤᠭᠤᠯᠬᠤ᠂ ᠰᠢᠨᠵᠢᠯᠡᠬᠦ | ᠤᠬᠠᠭᠠᠨ ᠪᠠ ᠰᠤᠷᠭᠠᠨ ᠬᠥᠮᠦᠵᠢᠯ ᠢ ᠬᠠᠮᠵᠢᠯᠴᠠᠭᠤᠯᠬᠤ ᠶᠢ ᠠᠬᠢᠭᠤᠯᠵᠤ᠂ ᠥᠨᠳᠥᠷ ᠬᠡᠪ ᠪᠣᠯᠪᠠᠰᠤᠷᠠᠯ ᠲᠠᠢ | ᠮᠡᠷᠭᠡᠵᠢᠯ ᠤᠷ᠎ᠠ ᠴᠢᠳᠠᠪᠤᠷᠢ ᠶᠢᠨ ᠴᠢᠳᠠᠪᠤᠷᠢᠲᠠᠨ᠂ ᠶᠡᠭᠡ ᠤᠯᠤᠰ ᠤᠨ ᠤᠷᠠᠨ ᠳᠠᠷᠬᠠᠨ᠂ ᠮᠡᠷᠭᠡᠰᠢᠭᠰᠡᠨ ᠳᠠᠷᠬᠠᠨ ᠢ | ᠲᠠᠰᠤᠷᠠᠯᠲᠠ ᠦᠭᠡᠢ ᠬᠥᠮᠥᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠤᠷᠭᠠᠨ ᠬᠥᠮᠦᠵᠢᠯ ᠤᠨ ᠲᠣᠮᠣ ᠤᠯᠤᠰ ᠠᠴᠠ ᠰᠤᠷᠭᠠᠨ ᠬᠥᠮᠦᠵᠢᠯ ᠤᠨ ᠬᠦᠴᠦᠷᠬᠡᠭ | ᠤᠯᠤᠰ ᠪᠤᠯᠬᠤ ᠨᠢ ᠰᠢᠰᠲ᠋ᠧᠮᠲᠦ ᠴᠢᠨᠠᠷᠲᠠᠢ ᠳᠠᠪᠠᠯᠲᠠ ᠪᠠ ᠴᠢᠨᠠᠷ ᠤᠨ ᠬᠤᠪᠢᠷᠠᠯᠲᠠ ᠪᠠᠶᠢᠵᠤ᠂ ᠡᠷᠬᠡᠪᠰᠢ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠤᠯᠭᠠᠬᠤ ᠬᠡᠷᠡᠭᠲᠡᠢ᠃ ᠰᠢᠰᠲ᠋ᠧᠮ ᠤᠨ | ᠦᠵᠡᠯᠲᠡ ᠶᠢ ᠪᠠᠷᠢᠮᠲᠠᠯᠠᠵᠤ᠂ ᠬᠥᠮᠥᠨ ᠬᠥᠮᠥᠵᠢᠭᠦᠯᠬᠦ ᠭᠡᠯᠪᠡᠷᠢ᠂ ᠰᠤᠷᠭᠠᠭᠤᠯᠢ ᠡᠷᠭᠢᠯᠡᠭᠦ ᠵᠠᠭᠪᠤᠷ᠂ | ᠬᠠᠮᠢᠶᠠᠷᠤᠯᠲᠠ ᠶᠢᠨ ᠪᠠᠶᠢᠭᠤᠯᠤᠮᠵᠢ᠂ ᠪᠠᠲᠤᠯᠠᠭ᠎ᠠ ᠶᠢᠨ ᠲᠣᠭᠲᠠᠴᠠ ᠶᠢᠨ ᠥᠭᠡᠷᠡᠴᠢᠯᠡᠯᠲᠡ ᠶᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠵᠤ᠂ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ | ᠠᠯᠢᠪᠠ ᠦᠵᠡᠯ ᠰᠠᠨᠠᠭ᠎ᠠ ᠣᠶᠢᠯᠠᠭᠠᠭᠳᠠᠬᠤᠨ ᠤ ᠬᠦᠯᠢᠶᠡᠰᠦᠯᠡᠯ ᠪᠣᠯᠣᠨ ᠪᠠᠶᠢᠭᠤᠯᠤᠮᠵᠢ ᠲᠣᠭᠲᠠᠴᠠ ᠶᠢᠨ ᠭᠡᠮ | ᠠᠷᠬᠠᠭ ᠢ ᠡᠷᠡᠰ ᠠᠷᠢᠯᠭᠠᠵᠤ᠂ ᠰᠤᠷᠭᠠᠨ ᠬᠥᠮᠦᠵᠢᠯ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠪᠦᠭᠦ ᠲᠠᠯ᠎ᠠ ᠪᠠᠷ ᠳᠡᠭᠡᠭᠰᠢᠯᠡᠭᠦᠯᠭᠦ ᠬᠡᠷᠡᠭᠲᠡᠢ᠃ ᠰᠤᠷᠭᠠᠨ | ᠬᠥᠮᠦᠵᠢᠯ ᠤᠨ ᠡᠷᠬᠡ ᠲᠡᠭᠰᠢ ᠪᠠᠶᠢᠬᠤ ᠶᠢ ᠠᠬᠢᠭᠤᠯᠬᠤ ᠶᠢ ᠰᠤᠷᠭᠠᠨ ᠬᠥᠮᠦᠵᠢᠯ ᠤᠨ ᠬᠦᠷᠢᠶᠡᠨ ᠤ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠡᠯ᠎ᠡ ᠲᠠᠯ᠎ᠠ ᠡᠯ᠎ᠡ ᠭᠤᠭᠴᠤᠭ᠎ᠠ ᠳᠤ ᠠᠭᠤᠰᠬᠠᠵᠤ᠂ ᠰᠤᠷᠭᠠᠨ ᠬᠥᠮᠦᠵᠢᠯ ᠤᠨ | ᠬᠤᠳᠠ ᠬᠥᠳᠡᠭᠡ᠂ ᠣᠷᠣᠨ ᠪᠦᠰᠡ᠂ ᠰᠤᠷᠭᠠᠭᠤᠯᠢ᠂ ᠬᠥᠮᠥᠰ ᠤᠨ ᠬᠤᠭᠤᠷᠤᠨᠳᠤᠭᠢ ᠵᠥᠷᠢᠶ᠎ᠡ ᠶᠢ ᠪᠠᠭᠠᠰᠬᠠᠵᠤ᠂ | ᠬᠡᠦᠬᠡᠳ ᠨᠢᠭᠡᠪᠦᠷᠢ ᠳᠤ ᠡᠷᠬᠡ ᠲᠡᠭᠰᠢ ᠪᠥᠭᠡᠳ ᠴᠢᠨᠠᠷ ᠰᠠᠶᠢᠲᠠᠢ ᠰᠤᠷᠭᠠᠨ ᠬᠥᠮᠦᠵᠢᠯ ᠬᠦᠷᠲᠡᠭᠡᠬᠦ ᠪᠠᠷ ᠴᠢᠷᠮᠠᠶᠢᠵᠤ᠂ | ᠤᠯᠠᠨ ᠲᠦᠮᠡᠨ ᠤ ︽ᠰᠤᠷᠭᠠᠭᠤᠯᠢ ᠳᠤ ᠰᠠᠭᠤᠬᠤ︾ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠬᠡᠷᠡᠭᠲᠡᠢ᠃ ᠰᠢᠨ᠎ᠡ | ᠴᠠᠭ ᠦᠶ᠎ᠡ ᠶᠢᠨ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠠᠨ | ᠡᠰᠢᠲᠦ ᠭᠤᠣᠯ ᠴᠣᠭᠴᠠ ᠶᠢᠨ ᠣᠷᠣᠯᠴᠠᠬᠰᠠᠨ᠂ ᠳᠤᠮᠳᠠᠳᠤ ᠤᠯᠤᠰ ᠤᠨ ᠪᠣᠳᠠᠲᠤ ᠪᠠᠶᠢᠳᠠᠯ ᠳᠤ ᠨᠡᠶᠢᠴᠡᠭᠰᠡᠨ᠂ | ᠳᠡᠯᠡᠬᠡᠢ ᠶᠢᠨ ᠲᠦᠪᠰᠢᠨ ᠪᠦᠬᠦᠢ ᠰᠤᠷᠭᠠᠨ ᠬᠥᠮᠦᠵᠢᠯ ᠤᠨ ᠦᠨᠡᠯᠡᠯᠲᠡ ᠶᠢᠨ ᠰᠢᠰᠲ᠋ᠧᠮ ᠢ ᠪᠠᠶᠢᠭᠤᠯᠬᠤ ᠬᠡᠷᠡᠭᠲᠡᠢ᠃ | ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠵᠤ᠂ ᠵᠥᠪ ᠤᠯᠤᠰ ᠲᠦᠷᠦ ᠶᠢᠨ | ᠴᠢᠭᠯᠡᠯ ᠪᠠ ᠦᠷᠳᠡᠭ ᠤᠨ ᠤᠳᠤᠷᠢᠳᠤᠮᠵᠢ ᠶᠢ ᠪᠠᠲᠤ ᠡᠵᠡᠮᠳᠡᠵᠦ᠂ ᠦᠨᠳᠦᠰᠦ ᠶᠢ ᠪᠣᠶᠢᠵᠢᠭᠤᠯᠵᠤ ᠰᠦᠭ | ᠰᠦᠨᠡᠰᠦ ᠶᠢ ᠱᠤᠭᠤᠬᠤ᠂ ᠤᠶᠤᠨ ᠤᠬᠠᠭᠠᠨ ᠢ ᠰᠡᠩᠬᠡᠷᠡᠭᠦᠯᠦᠨ ᠨᠡᠮᠡᠭᠳᠡᠭᠦᠯᠬᠦ ᠰᠣᠳᠣᠨ ᠵᠢᠭᠠᠬᠤ ᠮᠠᠲ᠋ᠧᠷᠢᠶᠠᠯ ᠢ | ᠰᠡᠳᠬᠢᠯ ᠲᠠᠯᠪᠢᠨ ᠵᠣᠬᠢᠶᠠᠬᠤ ᠬᠡᠷᠡᠭᠲᠡᠢ᠃ ᠰᠤᠷᠭᠠᠨ ᠬᠥᠮᠦᠵᠢᠯ ᠤᠨ ᠲᠣᠭᠠᠴᠢᠯᠠᠯᠲᠠ ᠪᠣᠯ ᠮᠠᠨ ᠤ ᠤᠯᠤᠰ ᠤᠨ | ᠰᠤᠷᠭᠠᠨ ᠬᠥᠮᠦᠵᠢᠯ ᠤᠨ ᠬᠥᠭᠵᠢᠯᠲᠡ ᠶᠢᠨ ᠰᠢᠨ᠎ᠡ ᠤᠷᠤᠯᠳᠤᠭᠠᠨ ᠤ ᠵᠠᠮ ᠢ ᠨᠡᠭᠡᠭᠡᠬᠦ ᠪᠠ ᠰᠤᠷᠭᠠᠨ ᠬᠥᠮᠦᠵᠢᠯ ᠤᠨ | ᠬᠥᠭᠵᠢᠯᠲᠡ ᠶᠢᠨ ᠰᠢᠨ᠎ᠡ ᠳᠠᠪᠠᠭᠤᠯᠢᠭ ᠢ ᠪᠤᠢ ᠪᠤᠯᠭᠠᠬᠤ ᠴᠢᠬᠤᠯᠠ ᠰᠢᠪᠲᠤᠯᠤᠯᠲᠠ ᠶᠢᠨ ᠴᠡᠭ ᠮᠥᠨ᠃ | ᠲᠣᠭᠠᠴᠢᠯᠠᠭᠰᠠᠨ ᠰᠤᠷᠭᠠᠨ ᠬᠥᠮᠦᠵᠢᠯ ᠢ ᠴᠢᠨᠠᠭᠰᠢᠳᠠ ᠠᠬᠢᠭᠤᠯᠵᠤ᠂ ᠥᠪᠡᠷᠮᠢᠴᠡ ᠣᠨᠴᠠᠯᠢᠭ ᠲᠠᠢ ᠰᠤᠷᠤᠯᠴᠠᠬᠤ᠂ | ᠨᠠᠰᠤᠨ ᠲᠤᠷᠰᠢᠲᠠ ᠰᠤᠷᠤᠯᠴᠠᠬᠤ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠮᠤᠷᠬᠤ | ᠬᠡᠪᠴᠢᠶ᠎ᠡ ᠶᠢ ᠥᠷᠭᠡᠳᠬᠡᠬᠦ ᠪᠠ ᠰᠤᠷᠭᠠᠨ ᠬᠥᠮᠦᠵᠢᠯ ᠤᠨ ᠣᠳᠣᠬᠢᠴᠢᠯᠠᠯᠲᠠ ᠳᠤ ᠪᠦᠲᠦᠮᠵᠢᠲᠡᠶ ᠲᠤᠯᠭᠠᠭᠤᠷᠢᠯᠠᠯ | ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠰᠤᠷᠭᠠᠨ ᠬᠥᠮᠦᠵᠢᠯ ᠤᠨ ᠭᠠᠳᠠᠭᠠᠳᠤ ᠨᠡᠭᠡᠭᠡᠯᠲᠡ ᠶᠢᠨ ᠪᠠᠶᠢᠯᠳᠤᠬᠤ ᠪᠣᠳᠣᠯᠭ᠎ᠠ ᠶᠢᠨ ᠠᠷᠭ᠎ᠠ | ᠪᠣᠳᠣᠯᠭ᠎ᠠ ᠶᠢ ᠲᠡᠭᠦᠯᠳᠡᠷᠵᠢᠭᠦᠯᠵᠦ᠂ ︽ᠣᠷᠣᠭᠤᠯᠤᠨ ᠠᠪᠴᠢᠷᠠᠬᠤ︾ ᠪᠠ ︽ᠭᠠᠳᠠᠭᠰᠢ ᠭᠠᠷᠭᠠᠬᠤ︾ ᠬᠤᠶᠠᠷ ᠶᠡᠭᠡ | ᠶᠠᠪᠤᠳᠠᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠳᠡᠯᠡᠬᠡᠢ ᠶᠢᠨ ᠲᠡᠷᠢᠭᠦᠨ ᠤ ᠰᠤᠷᠭᠠᠨ ᠬᠥᠮᠦᠵᠢᠯ ᠤᠨ | ᠡᠬᠢ ᠪᠠᠶᠠᠯᠢᠭ ᠪᠣᠯᠣᠨ ᠰᠢᠨ᠎ᠡ ᠶᠢ ᠡᠭᠦᠳᠬᠦ ᠡᠯᠧᠮᠧᠨ᠋ᠲ ᠢ ᠪᠦᠲᠦᠮᠵᠢᠲᠡᠢ ᠠᠰᠢᠭᠯᠠᠵᠤ᠂ ᠮᠠᠨ ᠤ ᠤᠯᠤᠰ ᠢᠶᠠᠨ | ᠬᠦᠴᠦᠷᠬᠡᠭ ᠶᠡᠭᠡ ᠨᠥᠯᠥᠭᠡᠯᠡᠬᠦ ᠬᠦᠴᠦᠨ ᠲᠠᠢ ᠳᠡᠯᠡᠬᠡᠢ ᠶᠢᠨ ᠴᠢᠬᠤᠯᠠ ᠰᠤᠷᠭᠠᠨ ᠬᠥᠮᠦᠵᠢᠯ ᠤᠨ ᠲᠥᠪ ᠪᠤᠯᠭᠠᠬᠤ | ᠬᠡᠷᠡᠭᠲᠡᠢ᠃ ᠪᠦᠭᠦ ᠪᠥᠮᠪᠥᠷᠴᠡᠭ ᠤᠨ ᠰᠤᠷᠭᠠᠨ ᠬᠥᠮᠦᠵᠢᠯ ᠤᠨ ᠵᠠᠰᠠᠯᠲᠠ ᠳᠤ ᠢᠳᠡᠪᠬᠢᠲᠡᠢ ᠣᠷᠣᠯᠴᠠᠵᠤ᠂ ︽ | ᠭᠠᠳᠠᠭᠠᠳᠤ ᠳᠤ ᠰᠤᠷᠤᠯᠴᠠᠬᠤ ᠳᠤᠮᠳᠠᠳᠤ ᠤᠯᠤᠰ︾ ᠤᠨ ᠲᠦᠷᠦᠯ ᠲᠡᠮᠳᠡᠭ ᠤᠨ ᠪᠠᠶᠢᠭᠤᠯᠤᠯᠲᠠ ᠶᠢ ᠶᠡᠭᠡ ᠪᠠᠷ | ᠠᠬᠢᠭᠤᠯᠵᠤ᠂ ᠳᠤᠮᠳᠠᠳᠤ ᠤᠯᠤᠰ ᠤᠨ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠤᠯᠤᠰ ᠤᠨ ᠲᠤᠷᠰᠢᠯᠭ᠎ᠠ ᠶᠢ | ᠳᠠᠮᠵᠢᠭᠤᠯᠵᠤ᠂ ᠳᠤᠮᠳᠠᠳᠤ ᠤᠯᠤᠰ ᠤᠨ ᠳᠠᠭᠤᠨ ᠢ ᠳᠠᠭᠤᠷᠢᠰᠢᠭᠤᠯᠵᠤ᠂ ᠮᠠᠨ ᠤ ᠤᠯᠤᠰ ᠤᠨ ᠰᠤᠷᠭᠠᠨ | ᠬᠥᠮᠦᠵᠢᠯ ᠤᠨ ᠳᠡᠯᠡᠬᠡᠢ ᠳᠡᠭᠡᠷᠡᠬᠢ ᠨᠥᠯᠥᠭᠡᠯᠡᠬᠦ ᠬᠦᠴᠦᠨ ᠪᠠ ᠦᠭᠡ ᠬᠡᠯᠡᠬᠦ ᠡᠷᠬᠡ ᠶᠢ ᠴᠢᠩᠭᠠᠳᠬᠠᠬᠤ ᠬᠡᠷᠡᠭᠲᠡᠢ | ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠤᠷᠭᠠᠨ ᠬᠥᠮᠦᠵᠢᠯ ᠢ ᠬᠦᠴᠦᠷᠬᠡᠭᠵᠢᠭᠦᠯᠬᠦ ᠳᠤ ᠡᠷᠬᠡᠪᠰᠢ ᠤᠷᠢᠳ ᠢᠶᠠᠷ ᠪᠠᠭᠰᠢ ᠶᠢᠨ | ᠡᠩᠨᠡᠭᠡ ᠶᠢ ᠬᠦᠴᠦᠷᠬᠡᠭᠵᠢᠭᠦᠯᠬᠦ ᠬᠡᠷᠡᠭᠲᠡᠢ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠶᠢ | ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠶᠢᠨ ᠬᠠᠮᠤᠭ ᠤᠨ ᠴᠢᠬᠤᠯᠠ ᠰᠠᠭᠤᠷᠢ | ᠠᠵᠢᠯ ᠪᠣᠯᠭᠠᠨ ᠠᠳᠬᠤᠵᠤ᠂ ᠳᠤᠮᠳᠠᠳᠤ ᠤᠯᠤᠰ ᠤᠨ ᠣᠨᠴᠠᠯᠢᠭ ᠲᠠᠢ ᠪᠠᠭᠰᠢ ᠶᠢᠨ ᠰᠤᠷᠭᠠᠨ ᠬᠥᠮᠦᠵᠢᠯ ᠤᠨ | ᠰᠢᠰᠲ᠋ᠧᠮ ᠢ ᠪᠦᠷᠢᠨᠰᠢᠭᠦᠯᠵᠦ᠂ ᠡᠷᠬᠢᠮ ᠳᠡᠭᠡᠳᠦ ᠮᠣᠷᠠᠯ ᠲᠠᠢ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ | ᠪᠦᠲᠦᠴᠡ ᠵᠣᠬᠢᠰᠲᠠᠢ᠂ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠥᠨᠳᠥᠷ ᠬᠡᠪ ᠪᠣᠯᠪᠠᠰᠤᠷᠠᠯ ᠲᠠᠢ | ᠲᠤᠰᠬᠠᠶᠢᠵᠢᠭᠰᠠᠨ ᠪᠠᠭᠰᠢ ᠶᠢᠨ ᠡᠩᠨᠡᠭᠡ ᠶᠢ ᠶᠡᠭᠡ ᠪᠠᠷ ᠬᠥᠮᠥᠵᠢᠭᠦᠯᠬᠦ ᠬᠡᠷᠡᠭᠲᠡᠢ᠃ ᠪᠠᠭᠰᠢ ᠶᠢ ᠭᠦᠨᠳᠦᠳᠭᠡᠵᠦ | ᠰᠤᠷᠭᠠᠨ ᠬᠥᠮᠦᠵᠢᠯ ᠢ ᠴᠢᠬᠤᠯᠠᠴᠢᠯᠠᠬᠤ ᠨᠡᠶᠢᠭᠡᠮ ᠤᠨ ᠬᠡᠪ ᠰᠤᠷᠲᠠᠯ ᠢ ᠪᠠᠳᠠᠷᠠᠭᠤᠯᠵᠤ᠂ ᠪᠠᠭᠰᠢ ᠶᠢᠨ ᠤᠯᠤᠰ | ᠲᠦᠷᠦ ᠶᠢᠨ ᠪᠠᠶᠢᠷᠢ ᠰᠠᠭᠤᠷᠢ᠂ ᠨᠡᠶᠢᠭᠡᠮ ᠤᠨ ᠪᠠᠶᠢᠷᠢ ᠰᠠᠭᠤᠷᠢ᠂ ᠠᠵᠢᠯ ᠮᠡᠷᠭᠡᠵᠢᠯ ᠤᠨ ᠪᠠᠶᠢᠷᠢ ᠰᠠᠭᠤᠷᠢ ᠶᠢ | ᠳᠡᠭᠡᠭᠰᠢᠯᠡᠭᠦᠯᠵᠦ᠂ ᠪᠠᠭᠰᠢ ᠶᠢ ᠨᠡᠶᠢᠭᠡᠮ ᠤᠨ ᠬᠦᠨᠳᠦᠳᠬᠡᠯ ᠢ ᠬᠠᠮᠤᠭ ᠤᠨ ᠶᠡᠭᠡ ᠣᠯᠣᠭᠰᠠᠨ ᠠᠵᠢᠯ ᠮᠡᠷᠭᠡᠵᠢᠯ ᠤᠨ | ᠨᠢᠭᠡ ᠪᠤᠯᠭᠠᠵᠤ᠂ ᠰᠢᠯᠢᠳᠡᠭ ᠴᠢᠳᠠᠪᠤᠷᠢᠲᠠᠨ ᠤ ᠬᠠᠯᠠᠭᠤᠨ ᠰᠡᠳᠬᠢᠯ ᠢᠶᠠᠷ ᠪᠠᠭᠰᠢᠯᠠᠬᠤ᠂ ᠨᠠᠷᠢᠨ ᠨᠢᠮᠪᠠᠢ ᠪᠠᠭᠰᠢᠯᠠᠬᠤ᠂ | ᠤᠷᠳᠤ ᠬᠤᠭᠤᠴᠠᠭ᠎ᠠ ᠪᠠᠷ ᠪᠠᠭᠰᠢᠯᠠᠬᠤ᠂ ᠨᠠᠰᠤᠨ ᠲᠤᠷᠰᠢᠲᠠ ᠪᠠᠭᠰᠢᠯᠠᠬᠤ ᠶᠢ ᠳᠡᠮᠵᠢᠬᠦ ᠪᠠ ᠲᠠᠲᠠᠬᠤ ᠬᠡᠷᠡᠭᠲᠡᠢ᠃ | ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠥᠷᠭᠡᠨ ᠣᠯᠠᠨ ᠪᠠᠭᠰᠢ ᠶᠢᠨ | ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠶᠣᠰᠣ ᠰᠤᠷᠲᠠᠬᠤᠨ ᠦᠵᠡᠯ ᠰᠡᠳᠬᠢᠯᠭᠡ ᠪᠠᠨ ᠪᠤᠯᠪᠠᠰᠤᠷᠠᠭᠤᠯᠵᠤ᠂ | ᠯᠠᠪᠳᠠᠭᠤᠨ ᠪᠠᠲᠤᠲᠠᠢ ᠡᠷᠳᠡᠮ ᠮᠡᠳᠡᠯᠭᠡ ᠶᠢ ᠡᠵᠡᠮᠰᠢᠵᠦ᠂ ᠥᠷᠥᠰᠢᠶᠡᠯ ᠬᠠᠶᠢᠷ᠎ᠠ ᠶᠢᠨ ᠰᠡᠳᠬᠢᠯ ᠢᠶᠠᠨ ᠦᠷᠭᠦᠯᠵᠢ | ᠵᠠᠰᠠᠵᠤ᠂ ︽ᠰᠤᠷᠭᠠᠨ ᠬᠥᠮᠦᠵᠢᠯ ᠤᠨ ᠦᠢᠯᠡᠰ ᠲᠤ ᠬᠢᠴᠢᠶᠡᠩᠭᠦᠶᠢᠯᠡᠨ ᠵᠢᠳᠬᠦᠵᠦ᠂ ᠤᠯᠤᠰ ᠢᠶᠠᠨ | ᠬᠦᠴᠦᠷᠬᠡᠭᠵᠢᠭᠦᠯᠬᠦ ᠳᠤ ᠪᠢ ᠪᠠᠶᠢᠨ᠎ᠠ︾ ᠭᠡᠬᠦ ᠵᠣᠷᠢᠭ ᠪᠠ ᠬᠦᠰᠡᠯᠡᠩ ᠢ ᠪᠤᠢ ᠪᠤᠯᠭᠠᠵᠤ᠂ ᠭᠤᠷᠪᠠᠨ ᠲᠣᠬᠤᠢ | ᠬᠢᠴᠢᠶᠡᠯ ᠤᠨ ᠲᠠᠶᠢᠰᠠ ᠶᠢ ᠪᠠᠲᠤ ᠰᠠᠬᠢᠵᠤ᠂ ᠨᠢᠭᠡ ᠰᠡᠳᠬᠢᠯ ᠢᠶᠠᠷ ᠪᠢᠴᠢᠭ ᠵᠢᠭᠠᠵᠤ ᠬᠥᠮᠥᠨ ᠬᠥᠮᠥᠵᠢᠭᠦᠯᠬᠦ ᠶᠢ | ᠬᠥᠲᠥᠯᠥᠨ ᠵᠢᠯᠤᠭᠤᠳᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ ᠬᠠᠮᠤᠭ ᠤᠨ ᠰᠡᠭᠦᠯ ᠳᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ | ᠪᠠᠶᠢᠭᠤᠯᠬᠤ ᠪᠣᠯ ᠪᠦᠭᠦ ᠨᠠᠮ ᠪᠦᠭᠦ ᠨᠡᠶᠢᠭᠡᠮ ᠤᠨ ᠬᠠᠮᠲᠤ ᠶᠢᠨ ᠡᠭᠦᠷᠭᠡ ᠮᠥᠨ᠃ ᠰᠤᠷᠭᠠᠨ ᠬᠥᠮᠦᠵᠢᠯ ᠤᠨ | ᠠᠵᠢᠯ ᠳᠠᠬᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠨᠠᠮ ᠤᠨ ᠬᠤᠷᠢᠶ᠎ᠠ | ᠨᠢᠭᠡᠳᠦᠯᠲᠡᠢ ᠤᠳᠤᠷᠢᠳᠬᠤ᠂ ᠨᠠᠮ ᠵᠠᠰᠠᠭ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ᠂ ᠰᠠᠯᠠᠭ᠎ᠠ ᠮᠥᠴᠢᠷ | ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠬᠦ ᠰᠤᠷᠭᠠᠨ ᠬᠥᠮᠦᠵᠢᠯ ᠤᠨ ᠤᠳᠤᠷᠢᠳᠬᠤ ᠪᠠᠶᠢᠭᠤᠯᠤᠯ ᠢ | ᠲᠠᠰᠤᠷᠠᠯᠲᠠ ᠦᠭᠡᠢ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ | ᠰᠤᠷᠭᠠᠨ ᠬᠥᠮᠦᠵᠢᠯ ᠢ ᠤᠷᠢᠳ ᠢᠶᠠᠷ ᠬᠥᠭᠵᠢᠭᠦᠯᠬᠦ ᠶᠢ ᠢᠮᠠᠭᠲᠠ ᠪᠠᠷᠢᠮᠲᠠᠯᠠᠵᠤ᠂ ᠵᠣᠬᠢᠶᠠᠨ ᠪᠠᠶᠢᠭᠤᠯᠵᠤ | ᠤᠳᠤᠷᠢᠳᠬᠤ᠂ ᠬᠥᠭᠵᠢᠯᠲᠡ ᠶᠢᠨ ᠲᠥᠯᠦᠪᠵᠢᠭᠦᠯᠭᠡ᠂ ᠡᠬᠢ ᠪᠠᠶᠠᠯᠢᠭ ᠤᠨ ᠪᠠᠲᠤᠯᠠᠭ᠎ᠠ᠂ ᠵᠠᠷᠤᠳᠠᠯ ᠤᠨ | ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠰᠤᠷᠭᠠᠭᠤᠯᠢ᠂ ᠭᠡᠷ ᠪᠦᠯᠢ᠂ ᠨᠡᠶᠢᠭᠡᠮ ᠨᠢᠭᠲᠠ | ᠬᠠᠮᠲᠤᠷᠠᠯᠴᠠᠵᠤ᠂ ᠠᠳᠠᠯᠢ ᠴᠢᠭᠯᠡᠯ ᠢᠶᠠᠷ ᠬᠦᠴᠦᠯᠡᠵᠦ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ | ᠦᠢᠯᠡᠳᠦᠯᠭᠡ ᠳᠤ ᠢᠳᠡᠪᠬᠢᠲᠡᠢ ᠣᠷᠣᠯᠴᠠᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠦᠢᠯᠡᠰ ᠢ | ᠬᠠᠮᠲᠤ ᠪᠠᠷ ᠰᠠᠶᠢᠲᠤᠷ ᠡᠷᠭᠢᠯᠡᠭᠦ ᠬᠡᠷᠡᠭᠲᠡᠢ᠃ ᠪᠦᠭᠦ ᠨᠠᠮ ᠪᠦᠭᠦ ᠤᠯᠤᠰ ᠤᠨ ᠠᠷᠠᠳ ᠲᠦᠮᠡᠨ ᠢᠲᠡᠭᠡᠯ ᠵᠣᠷᠢᠭ ᠢᠶᠠᠨ | ᠪᠠᠲᠤᠳᠬᠠᠨ᠂ ᠤᠳᠠᠭᠠᠨ ᠳᠠᠭᠠᠭᠠᠮᠠᠭᠠᠢ ᠵᠢᠳᠬᠦᠵᠦ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ | ᠬᠠᠷᠠᠯᠲᠠ ᠶᠢ ᠡᠷᠲᠡᠬᠡᠨ ᠪᠡᠶᠡᠯᠡᠭᠦᠯᠬᠦ ᠶᠢᠨ ᠲᠥᠯᠥᠭᠡ ᠬᠠᠮᠲᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 29 ᠤ ᠴᠠᠭᠢᠯᠭᠠᠨ ᠮᠡᠳᠡᠭᠡ︶ | | |