| | 5 ᠰᠠᠷ᠎ᠠ ᠶᠢᠨ 31 ᠤ ᠡᠳᠦᠷ ᠤᠨ ᠦᠳᠡ ᠶᠢᠨ ᠬᠤᠶᠢᠨ᠎ᠠ᠂ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠳ᠋ᠦᠩ ᠰᠢᠩ ᠳ᠋ᠢᠩ ᠬᠤᠸ ᠪᠠᠭᠤᠳᠠᠯ ᠤᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠲᠠᠢ ᠭᠠᠷ ᠤᠨ | ᠥᠰᠥᠭ ᠵᠢᠷᠤᠬᠤ ᠶᠣᠰᠣᠯᠠᠯ ᠶᠠᠪᠤᠭᠤᠯᠪᠠ᠃ | ᠭᠠᠷ ᠤᠨ ᠦᠰᠦᠭ ᠵᠢᠷᠤᠬᠤ ᠶᠣᠰᠣᠯᠠᠯ ᠳᠡᠭᠡᠷ᠎ᠡ᠂ ᠳ᠋ᠦᠩ ᠰᠢᠩ ᠳ᠋ᠢᠩ ᠬᠤᠤ ᠪᠠᠭᠤᠳᠠᠯ ᠤᠨ | ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠠᠴᠠ ᠠᠵᠤ ᠠᠬᠤᠶᠢᠯᠠᠯ ᠤᠨ | ᠦᠨᠳᠦᠰᠦᠨ ᠪᠠᠶᠢᠳᠠᠯ ᠪᠣᠯᠣᠨ ᠭᠡᠷ᠎ᠡ ᠲᠣᠭᠲᠠᠭᠰᠠᠨ ᠲᠦᠷᠦᠯ ᠵᠦᠢᠯ ᠤᠨ ᠲᠣᠶᠢᠮᠣ ᠪᠠᠶᠢᠳᠠᠯ ᠢ ᠲᠠᠨᠢᠯᠴᠠᠭᠤᠯᠪᠠ᠃ | ᠳᠠᠷᠠᠭ᠎ᠠ ᠨᠢ᠂ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ | ᠪᠠᠶᠢᠩᠭᠤ ᠶᠢᠨ ᠳᠡᠳ᠋ ᠳᠠᠷᠤᠭ᠎ᠠ ᠮᠦ ᠬᠠᠢ ᠮᠢᠩ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢ | ᠲᠥᠯᠥᠭᠡᠯᠡᠨ ᠳ᠋ᠦᠩ ᠰᠢᠩ ᠳ᠋ᠢᠩ ᠬᠤᠤ ᠪᠦᠯᠦᠭᠯᠡᠯ ᠤᠨ ᠳᠡᠳ᠋ ᠶᠡᠷᠦᠩᠬᠡᠢ ᠵᠠᠬᠢᠷᠤᠭᠴᠢ ᠰᠢᠶᠠ ᠰᠢᠤᠸᠠᠢ ᠹᠧᠩ ᠲᠠᠢ | ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠤ ᠭᠠᠷ ᠤᠨ ᠦᠰᠦᠭ ᠵᠢᠷᠤᠪᠠ᠃ | ᠲᠣᠰ ᠲᠥᠷᠥᠯ ᠵᠦᠢᠯ ᠨᠢ ᠵᠢᠨᠢᠩ ᠲᠣᠭᠤᠷᠢᠭ ᠲᠤ ᠤᠷᠢᠳᠴᠢᠯᠠᠨ ᠦᠢᠯᠡᠳᠦᠭᠰᠡᠨ ᠢᠳᠡᠰᠢᠨ ᠨᠣᠭᠤᠭᠠᠨ ᠤ | ᠠᠵᠤ ᠦᠢᠯᠡᠰ ᠤᠨ ᠰᠠᠭᠤᠷᠢᠨ ᠭᠠᠵᠠᠷ ᠵᠢᠴᠢ ᠲᠥᠪ ᠤᠨ ᠲᠣᠭᠤᠭᠠᠨ ᠭᠡᠷ ᠤᠨ ᠲᠥᠷᠥᠯ ᠵᠦᠢᠯ ᠢ ᠪᠠᠶᠢᠭᠤᠯᠬᠤ ᠪᠠᠷ | ᠲᠥᠯᠥᠪᠯᠡᠵᠦ᠂ ᠨᠡᠶᠢᠲᠡ 1.25 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠣᠶ᠃ | ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠡᠵᠡᠩᠨᠡᠯᠲᠡ ᠳᠤ ᠣᠷᠣᠭᠤᠯᠤᠭᠰᠠᠨ ᠤ ᠳᠠᠷᠠᠭ᠎ᠠ᠂ 5 ᠵᠢᠯ ᠳᠤ | ᠵᠢᠱᠢᠯᠲᠡ ᠪᠠᠷ 13.23 ᠳ᠋ᠦᠩᠰᠢᠭᠤᠷ ᠲᠥᠭᠦᠷᠢᠭ ᠤᠨ ᠪᠣᠷᠤᠯᠠᠭᠤᠯᠭ᠎ᠠ ᠶᠢᠨ ᠨᠣᠷᠮ᠎ᠠ ᠶᠢ ᠪᠡᠶᠡᠯᠡᠭᠦᠯᠵᠦ᠂ 200 | ︱ 400 ᠠᠵᠢᠯ ᠤᠨ ᠪᠠᠶᠢᠷᠢ ᠶᠢ ᠬᠠᠩᠭᠠᠵᠤ ᠪᠣᠯᠣᠨ᠎ᠠ᠃ ᠡᠭᠦᠨ ᠠᠴᠠ ᠭᠠᠳᠠᠨ᠎ᠠ᠂ ᠤᠷᠢᠳᠴᠢᠯᠠᠨ | ᠪᠣᠭᠤᠳᠠᠯᠯᠠᠭᠰᠠᠨ ᠢᠳᠡᠭᠡᠨ ᠢ ᠪᠣᠯᠪᠠᠰᠤᠷᠠᠭᠤᠯᠬᠤ᠂ ᠤᠷᠢᠳᠴᠢᠯᠠᠨ ᠬᠢᠭᠰᠡᠨ ᠨᠣᠭᠤᠭ᠎ᠠ ᠬᠢᠬᠦ ᠪᠠᠷ ᠳᠠᠮᠵᠢᠭᠤᠯᠤᠨ᠂ | ᠪᠠᠰᠠ ᠲᠤᠬᠠᠢ ᠶᠢᠨ ᠭᠠᠵᠠᠷ ᠤᠨ ᠲᠠᠷᠢᠶᠠᠯᠠᠩ ᠤᠨ ᠪᠦᠲᠦᠭᠡᠭᠳᠡᠬᠦᠨ ᠤ ᠠᠵᠤ ᠦᠢᠯᠡᠰ ᠤᠨ ᠬᠡᠯᠪᠡᠷᠢ ᠪᠠᠨ | ᠬᠤᠪᠢᠷᠠᠭᠤᠯᠤᠨ ᠲᠠᠰ ᠳᠡᠪᠰᠢᠬᠦ ᠶᠢ ᠲᠦᠯᠬᠢᠨ ᠠᠬᠢᠭᠤᠯᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ | ᠦᠢᠯᠡᠰ ᠤᠨ ᠠᠭᠤᠰᠤᠯᠳᠤᠨ ᠬᠥᠭᠵᠢᠬᠦ ᠶᠢ ᠠᠬᠢᠭᠤᠯᠵᠤ ᠪᠣᠯᠣᠨ᠎ᠠ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ | |