| | ᠨᠢᠭᠡ ᠳᠤ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠢ ᠪᠣᠶᠢᠵᠢᠭᠤᠯᠵᠤ᠂ ᠬᠥᠭᠵᠢᠯᠲᠡ ᠶᠢᠨ | ᠬᠥᠳᠡᠯᠭᠡᠬᠦ ᠬᠦᠴᠦᠨ ᠢ ᠬᠤᠷᠠᠮᠳᠤᠭᠤᠯᠤᠨ᠎ᠠ᠃ ︽ ᠤᠷᠢᠳᠡᠪᠡᠷ ᠬᠥᠮᠥᠷᠭᠡ ᠳᠤ ᠣᠷᠣᠭᠤᠯᠵᠤ ᠳᠠᠷᠠᠭ᠎ᠠ ᠳᠤ ᠨᠢ | ᠳᠤᠭᠠᠯᠠᠵᠤ᠂ ᠬᠥᠮᠥᠷᠭᠡ ᠳᠤ ᠣᠷᠣᠬᠤ ᠳᠤ ᠴᠤᠪᠤᠷᠠᠯ ᠢᠶᠠᠷ ᠶᠠᠪᠤᠬᠤ︾ ᠵᠠᠷᠴᠢᠮ ᠶᠣᠰᠣᠭᠠᠷ᠂ ᠠᠵᠤ ᠠᠬᠤᠶᠢᠯᠠᠯ ᠳᠤ | ᠭᠦᠨᠵᠡᠭᠡᠶᠢᠷᠡᠨ ᠬᠡᠪᠴᠢᠶᠡᠵᠢᠯ ᠠᠴᠠ ᠳᠡᠭᠡᠭᠰᠢ ᠣᠷᠣᠭᠤᠯᠬᠤ ᠪᠠᠷ ᠮᠡᠳᠡᠭᠦᠯᠬᠦ ᠠᠵᠢᠯ ᠢ ᠬᠠᠮᠵᠢᠯᠴᠠᠨ ᠰᠠᠶᠢᠲᠤᠷ ᠬᠢᠵᠦ᠂ | ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠶᠡᠷᠦᠩᠬᠡᠢ ᠬᠡᠮᠵᠢᠶ᠎ᠡ ᠶᠢ ᠥᠷᠭᠡᠳᠬᠡᠬᠦ᠂ ᠬᠡᠪᠴᠢᠶ᠎ᠡ ᠶᠢ | ᠨᠡᠮᠡᠭᠳᠡᠭᠦᠯᠬᠦ᠂ ᠪᠦᠲᠦᠴᠡ ᠶᠢ ᠲᠣᠬᠢᠷᠠᠭᠤᠯᠬᠤ᠂ ᠦᠷ᠎ᠡ ᠠᠰᠢᠭ ᠢ ᠳᠡᠭᠡᠭᠰᠢᠯᠡᠭᠦᠯᠬᠦ ᠶᠢ ᠪᠥᠬᠦ ᠬᠦᠴᠦᠨ ᠢᠶᠠᠷ ᠢᠶᠠᠨ | ᠠᠬᠢᠭᠤᠯᠪᠡ᠃ | ᠬᠤᠶᠠᠷ ᠲᠤ ᠬᠢᠨᠠᠨ ᠵᠥᠪᠰᠢᠶᠡᠷᠡᠬᠦ ᠶᠠᠪᠤᠴᠠ ᠶᠢ ᠴᠣᠮᠬᠠᠳᠬᠠᠵᠤ᠂ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠨᠡᠩ ᠰᠠᠶᠢᠨ ᠪᠣᠯᠭᠠᠪᠡ᠃ ᠪᠥᠬᠦ ᠶᠠᠪᠤᠴᠠ ᠶᠢ ᠡᠯᠧᠺᠲᠷᠤᠨᠴᠢᠯᠠᠬᠤ᠂ ᠨᠢᠭᠤᠷ ᠵᠣᠯᠭᠠᠬᠤ ᠦᠭᠡᠢ ᠪᠠᠷ | ᠬᠢᠨᠠᠨ ᠵᠥᠪᠰᠢᠶᠡᠷᠡᠬᠦ ᠶᠢ ᠭᠦᠢᠴᠡᠳ ᠪᠠᠳᠠᠷᠠᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠪᠥᠬᠦ ᠶᠠᠪᠤᠴᠠ ᠶᠢ | ᠡᠯᠧᠺᠲᠷᠤᠨᠴᠢᠯᠠᠬᠤ ᠠᠵᠢᠯᠯᠠᠭᠠᠨ ᠤ ᠴᠤᠪᠤᠷᠠᠯ ᠤᠨ ᠠᠰᠠᠭᠤᠨ ᠯᠠᠪᠯᠠᠬᠤ᠂ ᠬᠠᠪᠰᠤᠷᠤᠨ ᠭᠦᠢᠴᠡᠳᠬᠡᠬᠦ᠂ ᠣᠷᠣᠯᠠᠨ | ᠭᠦᠢᠴᠡᠳᠬᠡᠬᠦ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ᠂ ᠬᠤᠪᠢ ᠬᠥᠮᠥᠨ ᠤ ᠳᠠᠩᠰᠠᠯᠠᠯᠲᠠ ᠶᠢ ᠲᠤᠬᠠᠢ ᠶᠢᠨ | ᠭᠠᠵᠠᠷ ᠲᠤᠨᠢ ᠭᠦᠢᠴᠡᠳᠬᠡᠵᠦ ᠳᠠᠭᠤᠰᠬᠠᠬᠤ ᠶᠢ ᠪᠡᠶᠡᠯᠡᠭᠦᠯᠪᠡ᠃ | ᠭᠤᠷᠪᠠ ᠳᠤ ᠮᠥᠩᠭᠦᠨ ᠭᠦᠢᠯᠭᠡᠭᠡᠨ ᠤ ᠬᠠᠩᠭᠠᠯᠭ᠎ᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠠᠵᠤ | ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ ᠥᠭᠪᠡ᠃ ᠰᠢᠶᠠᠨ ᠤ ᠬᠡᠪᠴᠢᠶᠡᠨ ᠤ ᠠᠵᠤ | ᠦᠢᠯᠡᠰ ᠤᠨ ᠬᠥᠭᠵᠢᠯᠲᠡ᠂ ᠬᠤᠲᠠ ᠬᠥᠳᠡᠭᠡ ᠶᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ᠂ ᠰᠠᠭᠤᠭᠠᠯᠢ | ᠠᠷᠠᠳ ᠤᠨ ᠬᠡᠷᠡᠭᠯᠡᠭᠡᠨ ᠤ ᠲᠠᠰ ᠳᠡᠪᠰᠢᠬᠦ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ | ᠵᠣᠴᠢᠨ ᠢ ᠵᠥᠪᠰᠢᠶᠡᠷᠡᠨ ᠣᠷᠣᠭᠤᠯᠬᠤ᠂ ᠲᠠᠰ ᠲᠣᠭᠲᠠᠭᠠᠨ ᠢᠲᠡᠭᠡᠮᠵᠢ ᠣᠯᠭᠤᠬᠤ᠂ ᠪᠠᠷᠢᠴᠠᠭᠠᠯᠠᠨ ᠳᠠᠭᠠᠭᠠᠯᠲᠠ | ᠬᠢᠬᠦ᠂ ᠵᠢᠭᠡᠯᠡᠯᠭᠡ ᠲᠠᠯᠪᠢᠭᠰᠠᠨ ᠤ ᠳᠠᠷᠠᠭᠠᠬᠢ ᠬᠠᠮᠢᠶᠠᠷᠤᠯᠲᠠ ᠶᠢᠨ ᠲᠠᠯ᠎ᠠ ᠪᠠᠷ ᠰᠢᠨ᠎ᠡ ᠶᠢ ᠡᠭᠦᠳᠬᠦ ᠡᠷᠴᠢᠮ ᠢᠶᠠᠨ | ᠴᠢᠩᠭᠠᠷᠠᠭᠤᠯᠵᠤ᠂ ᠭᠤᠣᠯᠳᠠᠯᠭ᠎ᠠ ᠲᠠᠢ ᠬᠦᠷᠢᠶ᠎ᠡ ᠨᠢᠭᠡᠪᠦᠷᠢ ᠳᠤ ᠴᠥᠮ ᠵᠣᠬᠢᠬᠤ ᠦᠢᠯᠡᠳᠬᠦᠨ ᠢ ᠵᠣᠯᠭᠠᠭᠤᠯᠬᠤ ᠶᠢ | ᠦᠨᠡᠨᠬᠦ ᠪᠡᠶᠡᠯᠡᠭᠦᠯᠬᠦ ᠶᠢᠨ ᠬᠠᠮᠲᠤ᠂ ᠰᠢᠶᠠᠨ ᠤ ᠬᠡᠪᠴᠢᠶᠡᠨ ᠤ ᠠᠵᠤ ᠠᠬᠤᠢ ᠶᠢᠨ ᠬᠥᠭᠵᠢᠯᠲᠡ ᠪᠠ ᠵᠣᠴᠢᠨ ᠤ | ᠬᠡᠷᠡᠭᠴᠡᠭᠡ ᠶᠢ ᠦᠨᠳᠦᠰᠦᠯᠡᠨ ᠴᠠᠭ ᠲᠤᠨᠢ ᠲᠣᠬᠢᠷᠠᠭᠤᠯᠤᠨ ᠰᠢᠨᠡᠳᠭᠡᠨ ᠲᠠᠰ ᠳᠡᠪᠰᠢᠭᠦᠯᠪᠡ᠃ ︽ᠲᠠᠷᠢᠶᠠᠯᠠᠩ | ᠲᠠᠷᠢᠶᠠᠯᠠᠬᠤ ᠤᠷᠤᠨ ᠲᠠᠷᠢᠶᠠᠴᠢᠨ ᠮᠠᠯ ᠠᠵᠤ ᠠᠬᠤᠢ ᠮᠠᠯᠵᠢᠬᠤ ᠣᠷᠣᠨ ᠮᠠᠯᠴᠢᠨ︾᠂ ᠲᠠᠷᠢᠶᠠᠯᠠᠩ ᠮᠠᠯ ᠠᠵᠤ | ᠠᠬᠤᠢ ᠶᠢᠨ ᠠᠵᠤ ᠦᠶᠢᠯᠡᠰᠵᠢᠯᠲᠡ ᠶᠢᠨ ᠬᠥᠲᠥᠴᠢ ᠠᠵᠤ ᠠᠬᠤᠶᠢᠯᠠᠯ᠂ ᠳᠤᠮᠳᠠ ᠵᠢᠵᠢᠭ ᠪᠢᠴᠢᠯ ᠠᠵᠤ | ᠠᠬᠤᠶᠢᠯᠠᠯ ᠤᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠪᠠ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢᠨ | ᠡᠷᠴᠢᠮ ᠢ ᠬᠦᠴᠦᠯᠡᠨ ᠰᠠᠶᠢᠵᠢᠷᠠᠭᠤᠯᠬᠤ ᠪᠠ ᠳᠡᠭᠡᠭᠰᠢᠯᠡᠭᠦᠯᠪᠡ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ | |