ᠴᠢ ᠹᠧᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ ᠤᠰᠤ ᠠᠷᠪᠢᠯᠠᠵᠤ ᠤᠰᠤ ᠡᠵᠡᠮᠳᠡᠬᠦ ᠠᠵᠢᠯᠯᠠᠭ᠎ᠠ᠂ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠪᠠ ᠲᠥᠪ ᠬᠤᠲᠠ ᠶᠢᠨ ᠲᠣᠭᠤᠷᠢᠭ ᠤᠨ ᠤᠰᠤ ᠳᠠᠮᠵᠢᠭᠤᠯᠬᠤ ᠪᠠ ᠬᠠᠩᠭᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2023/6/14
   6 ᠰᠠᠷ᠎ᠠ ᠶᠢᠨ 12 ᠤᠨ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠤᠯᠠᠭᠠᠨᠴᠠᠪ ᠬᠤᠲᠠ ᠶᠢᠨ ᠤᠰᠤ ᠠᠷᠪᠢᠯᠠᠵᠤ ᠤᠰᠤ ᠡᠵᠡᠮᠳᠡᠬᠦ ᠠᠵᠢᠯᠯᠠᠭ᠎ᠠ ᠶᠢᠨ ᠲᠥᠰᠥᠯ︾ ︽ᠤᠯᠠᠭᠠᠨᠴᠠᠪ ᠬᠤᠲᠠ ᠶᠢᠨ ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠴᠡᠪᠡᠷ ᠠᠭᠠᠷ ᠤᠨ ᠬᠠᠮᠠᠭᠠᠯᠠᠯᠲᠠ ᠶᠢᠨ ᠬᠠᠮᠢᠶᠠᠷᠤᠯᠲᠠ ᠶᠢᠨ ᠲᠣᠭᠲᠠᠭᠠᠯ︾ ︽ᠤᠯᠠᠭᠠᠨᠴᠠᠪ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠲᠥᠰᠥᠯ ︵ᠲᠤᠷᠰᠢᠨ ᠬᠡᠷᠡᠭᠵᠢᠭᠦᠯᠬᠦ︶︾ ︽ᠤᠯᠠᠭᠠᠨᠴᠠᠪ ᠬᠤᠲᠠ ᠶᠢᠨ ᠲᠥᠪ ᠬᠤᠲᠠ ᠶᠢᠨ ᠲᠣᠭᠤᠷᠢᠭ ᠤᠨ ᠤᠰᠤ ᠳᠠᠮᠵᠢᠭᠤᠯᠬᠤ ᠪᠠ ᠬᠠᠩᠭᠠᠬᠤ ᠢᠨᠵᠧᠨᠧᠷᠢᠩ ᠤᠨ ᠲᠥᠷᠥᠯ ᠵᠦᠢᠯ ᠤᠨ ᠰᠠᠨᠠᠭᠤᠯᠭ᠎ᠠ ᠶᠢᠨ ᠪᠢᠴᠢᠭ︾ ᠢ ᠬᠢᠨᠠᠨ ᠶᠠᠷᠢᠯᠴᠠᠵᠤ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠰᠤ ᠠᠷᠪᠢᠯᠠᠬᠤ ᠤᠬᠠᠮᠰᠠᠷ ᠢᠶᠠᠨ ᠪᠦᠬᠦ ᠲᠠᠯ᠎ᠠ ᠪᠠᠷ ᠴᠢᠩᠭᠠᠳᠬᠠᠵᠤ᠂ ᠬᠥᠳᠡᠭᠡ ᠠᠵᠤ ᠠᠬᠤᠢ ᠶᠢᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ᠂ ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ᠂ ᠬᠤᠳᠠ ᠪᠠᠯᠭᠠᠰᠤᠨ ᠤ ᠤᠰᠤ ᠠᠷᠪᠢᠯᠠᠵᠤ ᠬᠤᠬᠢᠷᠠᠯ ᠢ ᠪᠠᠭᠠᠰᠬᠠᠬᠤ ᠶᠢ ᠶᠡᠬᠡᠪᠡᠷ ᠠᠬᠢᠭᠤᠯᠵᠤ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠲᠦᠪᠰᠢᠨ ᠢ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ᠃ ᠲᠥᠪ ᠬᠤᠳᠠ ᠶᠢᠨ ᠲᠣᠭᠤᠷᠢᠭ ᠤᠨ ᠤᠰᠤ ᠳᠠᠮᠵᠢᠭᠤᠯᠬᠤ ᠪᠠ ᠬᠠᠩᠭᠠᠬᠤ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠵᠦ᠂ ᠨᠢᠭᠲᠠ ᠬᠠᠮᠵᠢᠯᠴᠠᠵᠤ᠂ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠪᠦᠬᠦᠯᠢ ᠴᠣᠭᠴᠠ ᠪᠠᠷ  ᠨᠢ ᠠᠬᠢᠭᠤᠯᠬᠤ ᠬᠡᠷᠡᠭᠲᠡᠢ᠃ ᠤᠯᠤᠰ ᠤᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠨᠢᠭᠲᠠ ᠬᠠᠮᠵᠢᠯᠴᠠᠨ᠂ ᠨᠢᠰᠬᠡᠯ ᠤᠨ ᠪᠠᠭᠤᠳᠠᠯ ᠤᠨ ᠴᠡᠪᠡᠷ ᠠᠭᠠᠷ ᠤᠨ ᠬᠠᠮᠠᠭᠠᠯᠠᠯᠲᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠠᠵᠢᠯᠯᠠᠭᠠᠨ ᠤ ᠵᠠᠭᠪᠤᠷ ᠲᠡᠷᠢᠭᠦᠨ ᠤ ᠂ ᠲᠥᠬᠦᠭᠡᠷᠦᠮᠵᠢ ᠢᠵᠢ ᠪᠦᠷᠢᠳᠦᠭᠰᠡᠨ ᠪᠦᠷᠢᠨ ᠲᠡᠭᠦᠯᠳᠡᠷ᠂ ᠦᠢᠯᠡᠴᠢᠯᠡᠭᠡᠨ ᠤ ᠣᠷᠴᠢᠨ ᠲᠣᠭᠤᠷᠢᠨ ᠰᠢᠯᠢᠳᠡᠭ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠲᠥᠪ ᠢ ᠬᠦᠴᠦᠯᠡᠨ ᠪᠣᠶ ᠪᠣᠯᠭᠠᠵᠤ᠂ ᠨᠠᠩ ᠣᠯᠠᠨ ᠲᠡᠷᠢᠭᠦᠨ ᠤ ᠠᠵᠤ ᠠᠬᠤᠶᠢᠯᠠᠯ ᠢ ᠲᠡᠳᠡᠨ ᠨᠤᠲᠤᠭᠰᠢᠭᠤᠯᠵᠤ᠂ ᠥᠨᠳᠥᠷ ᠪᠠᠷᠢᠮᠵᠢᠶᠠᠲᠤ᠂ ᠣᠯᠠᠨ ᠲᠠᠰ ᠳᠠᠪᠬᠤᠷᠭ᠎ᠠ ᠶᠢᠨ᠂ ᠣᠯᠠᠨ ᠡᠰᠢᠵᠢᠭᠰᠡᠨ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠬᠤ ᠶᠢ ᠲᠦᠯᠬᠢᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃                                                       ᠣᠷᠴᠢᠭᠤᠯᠤᠭᠴᠢ᠄ ᠭᠤᠸ᠎ᠠ                                                       ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2