ᠮᠠᠨ ᠤ ᠬᠤᠲᠠ ᠳ᠋ᠠ ᠲᠠᠩ ︵ᠥᠪᠥᠷ ᠮᠣᠩᠭᠤᠯ︶ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ
ᠨᠡᠶᠢᠲᠡᠯᠡᠭᠰᠡᠨ ᠴᠠᠭ᠄
2023/6/15
  6 ᠰᠠᠷ᠎ᠠ ᠶᠢᠨ 13 ᠤ ᠡᠳᠦᠷ᠂ ᠮᠠᠨ ᠤ ᠬᠤᠲᠠ ᠳ᠋ᠠ ᠲᠠᠩ ︵ᠥᠪᠥᠷ ᠮᠣᠩᠭᠤᠯ︶ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠥᠰᠥᠭ ᠵᠢᠷᠤᠵᠤ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠪᠣᠯᠣᠨ ᠳ᠋ᠠ ᠲᠠᠩ  ︵ᠥᠪᠥᠷ ᠮᠣᠩᠭᠤᠯ︶ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠵᠠᠩ ᠬᠤᠩ ᠬᠠᠮᠲᠤ ᠪᠠᠷ ᠰᠢᠨ᠎ᠡ ᠡᠨᠧᠷᠭᠢ ᠶᠢᠨ ᠠᠵᠤ ᠦᠢᠯᠡᠰ ᠤᠨ ᠳᠡᠭᠡᠳᠦ ᠰᠤᠷᠭᠠᠭᠤᠯᠢ ᠶᠢᠨ ᠫᠠᠶᠢᠰᠠ ᠶᠢ ᠰᠡᠬᠦᠪᠡ᠃       ᠰᠦᠢ ᠸᠧᠢ ᠵᠢᠶᠦ᠋ᠨ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠮᠦᠨ᠎ᠡ ᠠᠴᠠ ᠵᠠᠩ ᠬᠤᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠳ᠋ᠠ ᠲᠠᠩ ᠪᠦᠯᠦᠭᠯᠡᠯ ᠤᠨ ᠤᠷᠳᠤ ᠬᠤᠭᠤᠴᠠᠭᠠᠨ ᠤ  ᠲᠤᠷᠰᠢ ᠤᠯᠠᠭᠠᠨᠴᠠᠪ ᠲᠤ ᠦᠵᠡᠭᠦᠯᠦᠭᠰᠡᠨ ᠬᠠᠯᠠᠮᠵᠢᠯᠠᠯ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃  ᠲᠡᠷᠡ᠂ ᠤᠯᠠᠨ ᠵᠢᠯ ᠤᠨ ᠲᠤᠷᠰᠢ᠂ ᠬᠤᠶᠠᠷ ᠲᠠᠯ᠎ᠠ ᠶᠢᠨ ᠰᠢᠨ᠎ᠡ ᠡᠨᠧᠷᠭᠢ ᠶᠢᠨ ᠬᠦᠷᠢᠶᠡᠨ ᠳᠠᠬᠢ ᠬᠠᠮᠲᠤᠷᠠᠯᠴᠠᠭ᠎ᠠ ᠰᠠᠭᠤᠷᠢ ᠲᠠᠢ᠂ ᠦᠷ᠎ᠡ ᠪᠦᠲᠦᠮᠵᠢ ᠲᠠᠢ᠂ ᠨᠡᠩ ᠠᠯᠤᠰ ᠢᠷᠡᠭᠡᠳᠦᠢ ᠲᠠᠢ ᠶᠤᠮ᠃ ᠬᠤᠶᠠᠷ ᠲᠠᠯ᠎ᠠ ᠪᠠᠷ ᠢᠶᠠᠨ  ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠳᠡᠬᠦ ᠵᠠᠷᠴᠢᠮ ᠢᠶᠠᠷ᠂ ᠰᠢᠨ᠎ᠡ ᠡᠨᠧᠷᠭᠢ ᠶᠢ ᠨᠡᠭᠡᠭᠡᠨ ᠠᠰᠢᠭᠯᠠᠬᠤ᠂  ᠪᠣᠬᠢᠷᠳᠣᠯ ᠦᠭᠡᠢ ᠴᠠᠬᠢᠯᠭᠠᠨ ᠢ ᠪᠡᠭᠡᠵᠢᠩ ᠳᠤ ᠣᠷᠣᠭᠤᠯᠬᠤ᠂ ᠪᠣᠬᠢᠷᠳᠣᠯ ᠦᠭᠡᠢ ᠡᠨᠧᠷᠭᠢ ᠶᠢ ᠣᠷᠣᠯᠠᠭᠤᠯᠬᠤ᠂  ᠦᠢᠯᠡᠳᠪᠦᠷᠢᠯᠡᠯ ᠪᠠ ᠰᠤᠷᠭᠠᠨ ᠬᠥᠮᠦᠵᠢᠯ ᠢ ᠠᠭᠤᠰᠤᠯᠴᠠᠭᠤᠯᠬᠤ ᠵᠡᠷᠭᠡ ᠲᠠᠯ᠎ᠠ ᠪᠠᠷ ᠬᠠᠮᠲᠤᠷᠠᠯᠴᠠᠭ᠎ᠠ ᠪᠠᠨ ᠴᠢᠩᠭᠠᠳᠬᠠᠵᠤ᠂ ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠠᠵᠢᠯ ᠢ ᠬᠠᠮᠲᠤᠪᠠᠷ ᠰᠠᠶᠢᠲᠤᠷ ᠬᠢᠬᠦ ᠶᠢ  ᠬᠦᠰᠡᠵᠦ ᠪᠠᠶᠢᠨ᠎ᠠ᠃ ᠤᠯᠠᠭᠠᠨᠴᠠᠪ ᠵᠣᠬᠢᠴᠠᠭᠤᠯᠤᠨ ᠨᠡᠪᠲᠡᠷᠡᠯᠴᠡᠬᠦ ᠪᠠ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ  ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠯ᠎ᠡ ᠵᠦᠢᠯ ᠤᠨ ᠬᠠᠮᠲᠤᠷᠠᠯᠴᠠᠭᠠᠨ ᠤ ᠶᠠᠪᠤᠳᠠᠯ ᠢ ᠲᠦᠷᠭᠡᠨ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ ᠭᠡᠵᠦ ᠬᠡᠯᠡᠪᠡ᠃     ᠵᠠᠩ ᠬᠤᠩ ᠤᠯᠠᠭᠠᠨᠴᠠᠪ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠷᠳᠤ ᠬᠤᠭᠤᠴᠠᠭᠠᠨ ᠤ ᠲᠤᠷᠰᠢ ᠠᠵᠤ ᠠᠬᠤᠶᠢᠯᠠᠯ ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃  ᠲᠡᠷᠡ᠂ ᠳ᠋ᠠ ᠲᠠᠩ ︵ᠥᠪᠥᠷ ᠮᠣᠩᠭᠤᠯ︶ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠰᠠᠶᠢᠨ ᠰᠠᠶᠢᠬᠠᠨ ᠰᠠᠭᠤᠷᠢ ᠳᠤ ᠰᠠᠭᠤᠷᠢᠯᠠᠵᠤ᠂ ᠪᠡᠯᠡ ᠣᠷᠣᠭᠤᠯᠤᠯᠲᠠ ᠶᠢᠨ  ᠪᠠᠶᠢᠷᠢᠰᠢᠭᠤᠯᠤᠯᠲᠠ ᠪᠠᠨ ᠲᠠᠰᠤᠷᠠᠯᠲᠠ ᠦᠭᠡᠢ ᠰᠢᠯᠢᠳᠡᠭᠵᠢᠭᠦᠯᠵᠦ᠂ ᠬᠠᠮᠲᠤᠷᠠᠯᠴᠠᠭᠠᠨ ᠤ ᠬᠦᠷᠢᠶ᠎ᠡ ᠪᠠᠨ ᠥᠷᠭᠡᠳᠬᠡᠵᠦ  ᠂ ᠰᠢᠨ᠎ᠡ ᠡᠨᠧᠷᠭᠢ ᠶᠢᠨ ᠲᠤᠨᠤᠭ ᠲᠥᠬᠦᠭᠡᠷᠦᠮᠵᠢ ᠦᠢᠯᠡᠳᠬᠦ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠨᠢᠭᠡ ᠴᠣᠭᠴᠠᠵᠢᠭᠤᠯᠤᠨ ᠬᠥᠭᠵᠢᠭᠦᠯᠬᠦ᠂ ᠰᠢᠨ᠎ᠡ ᠡᠨᠧᠷᠭᠢ ᠶᠢᠨ ᠰᠤᠷᠪᠤᠯᠵᠢ ᠶᠢ ᠭᠠᠳᠠᠭᠰᠢ ᠬᠦᠷᠭᠡᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠬᠠᠮᠲᠤᠷᠠᠯᠴᠠᠭᠠᠨ ᠤ ᠡᠷᠴᠢᠮ ᠢᠶᠠᠨ ᠴᠢᠩᠭᠠᠷᠠᠭᠤᠯᠵᠤ᠂ ᠤᠯᠠᠭᠠᠨᠴᠠᠪ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ  ᠬᠥᠭᠵᠢᠯᠲᠡ ᠳᠤ ᠳ᠋ᠡ ᠲᠠᠩ ᠤᠨ ᠬᠦᠴᠦᠨ ᠴᠢᠳᠠᠯ ᠢᠶᠠᠨ ᠨᠡᠮᠡᠷᠢᠯᠡᠨ᠎ᠡ ᠭᠡᠵᠦ ᠬᠡᠯᠡᠪᠡ᠃       ᠶᠦᠨ ᠫᠧᠩ ᠭᠠᠩ᠂ ᠯᠧᠢ ᠺᠦᠨ᠂ ᠯᠢᠦ ᠭᠦᠸᠧ ᠭᠠᠩ᠂ ᠤᠣ ᠮᠠᠨ ᠪᠢᠨ  ᠬᠡᠯᠡᠯᠴᠡᠭᠡᠷ ᠲᠤ ᠣᠷᠣᠯᠴᠠᠵᠠᠢ᠃                                                                              ᠣᠷᠴᠢᠭᠤᠯᠤᠭᠴᠢ᠄ ᠭᠤᠸ᠎ᠠ                                                                                            ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2