ᠵᠢᠨᠢᠩ ᠲᠣᠭᠤᠷᠢᠭ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠰᠢᠰᠲ᠋ᠧᠮ ᠤᠨ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠬᠤᠭᠤᠴᠠᠭᠠᠨ ᠳᠠᠬᠢ ᠴᠢᠬᠤᠯᠠ ᠵᠢᠭᠠᠪᠤᠷᠢ ᠪᠣᠯᠣᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ
ᠨᠡᠶᠢᠲᠡᠯᠡᠭᠰᠡᠨ ᠴᠠᠭ᠄
2023/6/15
     6 ᠰᠠᠷ᠎ᠠ ᠶᠢᠨ 14 ᠤ ᠡᠳᠦᠷ ᠤᠨ ᠦᠳᠡ ᠶᠢᠨ ᠬᠤᠶᠢᠨ᠎ᠠ᠂ ᠵᠢᠨᠢᠩ ᠲᠣᠭᠤᠷᠢᠭ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠰᠢᠰᠲ᠋ᠧᠮ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠠᠵᠢᠯ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠳᠤᠭᠤᠰᠢᠯᠠᠭᠤᠯᠬᠤ ᠲᠤᠰᠬᠠᠢ ᠰᠡᠳᠦᠪᠲᠦ ᠬᠤᠷᠠᠯ ᠬᠤᠷᠠᠯᠳᠤᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠠᠵᠢᠯ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠂ ᠲᠠᠷᠠᠭᠠᠴᠢ ᠶᠢᠨ ᠠᠯᠬᠤᠮ ᠤᠨ ᠰᠤᠷᠤᠯᠴᠠᠨ ᠤᠬᠠᠭᠤᠯᠵᠤ ᠳᠤᠭᠤᠰᠢᠯᠠᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠰᠢᠰᠲ᠋ᠧᠮ ᠤᠨ ᠪᠦᠬᠦ ᠺᠠᠳ᠋ᠷᠴᠤᠳ ᠶᠡᠷᠦᠩᠬᠡᠢ ᠱᠦᠵᠢ ᠰᠢ ᠶᠢᠨ ᠫᠢᠩ ᠤᠨ ᠲᠤᠰ ᠤᠳᠠᠭ᠎ᠠ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠢᠲᠡᠭᠡᠯ ᠵᠣᠷᠢᠭ ᠢᠶᠠᠨ ᠪᠠᠲᠤᠳᠬᠠᠨ᠂ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠵᠤ᠂ ᠰᠤᠷᠤᠯᠴᠠᠨ ᠤᠬᠠᠭᠤᠯᠵᠤ ᠳᠤᠭᠤᠰᠢᠯᠠᠭᠤᠯᠬᠤ ᠳᠡᠭᠡᠷ᠎ᠡ ᠬᠦᠴᠦ ᠣᠷᠣᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠨᠳᠢᠨ ᠬᠦᠰᠡᠯ ᠨᠠᠶᠢᠳᠠᠯᠭ᠎ᠠ ᠶᠢ ᠦᠨᠡᠨᠬᠦ ᠠᠵᠢᠯ ᠢ ᠠᠬᠢᠭᠤᠯᠬᠤ᠂ ᠦᠢᠯᠡᠳᠦᠯᠭᠡ ᠶᠢ ᠵᠢᠯᠤᠭᠤᠳᠬᠤ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠬᠤ ᠬᠡᠷᠡᠭᠲᠡᠢ︔ ᠰᠤᠷᠤᠯᠴᠠᠨ ᠣᠶᠢᠯᠠᠭᠠᠵᠤ ᠪᠣᠳᠠᠲᠠᠶᠢᠵᠢᠭᠤᠯᠬᠤ ᠳᠡᠭᠡᠷ᠎ᠡ ᠬᠦᠴᠦ ᠣᠷᠣᠭᠤᠯᠵᠤ᠂ ᠤᠷᠢᠳᠠᠪᠠᠷ ᠰᠤᠷᠤᠯᠴᠠᠬᠤ᠂ ᠭᠦᠨᠵᠡᠭᠡᠢ ᠰᠤᠷᠤᠯᠴᠠᠬᠤ ᠶᠢ ᠪᠠᠷᠢᠮᠲᠠᠯᠠᠵᠤ᠂ ᠲᠤᠰᠬᠠᠢ ᠰᠡᠳᠦᠪᠲᠦ ᠲᠠᠶᠢᠯᠤᠮᠵᠢ᠂ ᠰᠣᠯᠢᠯᠴᠠᠭ᠎ᠠ ᠬᠢᠵᠦ ᠰᠤᠳᠤᠯᠤᠨ ᠶᠠᠷᠢᠯᠴᠠᠬᠤ᠂ ᠤᠨᠤᠯ ᠤᠬᠠᠭᠤᠯᠤᠨ ᠲᠠᠶᠢᠯᠪᠤᠷᠢᠯᠠᠬᠤ᠂ ᠤᠳᠬ᠎ᠠ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠤᠳᠠᠭ᠎ᠠ ᠪᠦᠷᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠭᠰᠠᠨ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢᠭᠡᠪᠦᠷᠢ ᠪᠣᠯᠣᠨ ᠪᠦᠬᠦ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠤ ᠳᠤᠮᠳᠠ ᠳᠠᠮᠵᠢᠭᠤᠯᠬᠤ ᠬᠡᠷᠡᠭᠲᠡᠢ︔ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠳᠡᠭᠡᠷ᠎ᠡ ᠬᠦᠴᠦ ᠣᠷᠣᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠣᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯ ᠰᠡᠳᠦᠪᠲᠦ ᠬᠥᠮᠦᠵᠢᠯ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠ ᠪᠠᠲᠤᠯᠠᠬᠤ ᠵᠡᠷᠭᠡ ᠭᠤᠣᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠰᠡᠳᠦᠪ ᠢ ᠡᠪᠳᠡᠨ ᠠᠰᠠᠭᠤᠳᠠᠯ ᠢ ᠰᠢᠢᠳᠪᠦᠷᠢᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠵᠢᠨᠢᠩ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠬᠦᠴᠦᠨ ᠴᠢᠳᠠᠯ ᠢᠶᠠᠨ ᠡᠷᠭᠦᠬᠦ ᠬᠡᠷᠡᠭᠳᠡᠢ ᠬᠡᠵᠤ ᠴᠢᠬᠤᠯᠠᠴᠢᠯᠠᠪᠠ᠃                             ᠤᠷᠴᠢᠭᠤᠯᠤᠭᠴᠢ᠄ ᠬᠦᠰᠡᠯ                             ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2