ᠬᠦᠬᠡᠪᠦᠷ ᠤᠨ ᠬᠡᠰᠡᠭ ᠤᠨ ᠵᠠᠰᠠᠮᠠᠯ ᠵᠠᠮ ︵K482+300 K487+800︶ ᠨᠡᠶᠢᠭᠡᠮ ᠤᠨ | ᠲᠣᠭᠲᠠᠭᠤᠨ ᠪᠠᠶᠢᠳᠠᠯ ᠤᠨ ᠠᠶᠤᠯ ᠲᠦᠭᠰᠢᠭᠦᠷᠢ ᠶᠢᠨ ᠲᠠᠯ᠎ᠠ ᠪᠠᠷ ᠬᠢ ᠰᠠᠨᠠᠯ ᠪᠠ ᠰᠠᠨᠠᠭᠤᠯᠭ᠎ᠠ᠂ ᠨᠡᠶᠢᠭᠡᠮ ᠤᠨ | ᠲᠣᠭᠲᠠᠭᠤᠨ ᠪᠠᠶᠢᠳᠠᠯ ᠤᠨ ᠠᠶᠤᠯ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠨᠡᠩ ᠰᠠᠶᠢᠨ ᠬᠢᠬᠦ ᠶᠢᠨ ᠲᠤᠯᠠᠳᠠ᠂ | ︽ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢᠨ ᠴᠢᠬᠤᠯᠠ ᠶᠡᠭᠡ ᠲᠦᠷᠦᠯ ᠵᠦᠢᠯ ᠤᠨ ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠶᠢ | ᠦᠨᠡᠯᠡᠨ ᠵᠢᠱᠢᠬᠦ ᠲᠦᠷ ᠬᠡᠷᠡᠭᠵᠢᠭᠦᠯᠬᠦ ᠠᠷᠭ᠎ᠠ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ | ᠬᠥᠭᠵᠢᠭᠦᠯᠦᠯᠲᠡ ᠥᠭᠡᠷᠡᠴᠢᠯᠡᠯᠲᠡ ᠶᠢᠨ ᠪᠡᠯᠡ ᠣᠷᠣᠭᠤᠯᠤᠯᠲᠠ ﹇2012﹈ 2492 ᠳ᠋ᠤᠭᠠᠷ ᠲᠤᠭᠠᠳᠤ︶᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠤᠨ ᠢ ᠬᠠᠮᠠᠭᠠᠯᠠᠬᠤ | ᠠᠵᠢᠯ ᠤᠨ ᠤᠳᠤᠷᠢᠳᠬᠤ ᠳᠤᠭᠤᠶᠢᠯᠠᠩ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠳᠠᠷᠤᠮᠠᠯᠯᠠᠨ | ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠬᠡᠷᠡᠭ ᠶᠠᠪᠤᠳᠠᠯ ᠤᠨ | ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠬᠦ ᠠᠵᠢᠯ ᠤᠨ ᠠᠵᠢᠯᠯᠠᠬᠤ ᠳᠦᠷᠢᠮ ︵ | ᠲᠤᠷᠰᠢᠨ ᠬᠡᠷᠡᠭᠵᠢᠭᠦᠯᠬᠦ︶︾ ᠵᠡᠷᠭᠡ ᠳᠥᠷᠪᠡᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠮᠡᠳᠡᠭᠳᠡᠯ ︵ | ᠥᠪᠥᠷ ᠲᠣᠭᠲᠠᠭᠤᠨ ᠲᠠᠷᠬᠠᠭᠠᠭᠰᠠᠨ ﹇2016﹈ 1 ᠳ᠋ᠦᠭᠡᠷ ᠲᠣᠭᠠᠲᠤ︶᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠨᠡᠶᠢᠭᠡᠮ ᠤᠨ ᠲᠣᠭᠲᠠᠭᠤᠨ | ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠬᠦ ᠶᠢᠨ ᠬᠡᠷᠡᠭᠵᠢᠭᠦᠯᠬᠦ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ ︵ᠥᠪᠥᠷ ᠨᠠᠮ ᠠᠯᠪᠠᠨ | ᠲᠠᠷᠬᠠᠭᠠᠭᠰᠠᠨ ﹇2021﹈ 7 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠵᠦ᠂ ᠡᠳᠦᠭᠡ ᠡᠨᠡᠬᠦ | ᠵᠣᠷᠢᠯᠭ᠎ᠠ ᠶᠢᠨ ᠦᠨᠳᠦᠰᠦᠨ ᠪᠠᠶᠢᠳᠠᠯ ᠵᠢᠴᠢ ᠬᠤᠯᠪᠣᠭᠳᠠᠬᠤ ᠠᠭᠤᠯᠭ᠎ᠠ ᠶᠢ ᠵᠠᠷᠯᠠᠬᠤ ᠶᠢᠨ ᠬᠠᠮᠲᠤ ᠤᠯᠠᠨ ᠲᠦᠮᠡᠨ ᠤ | ᠰᠠᠨᠠᠯ ᠢ ᠬᠤᠷᠢᠶᠠᠶ᠎ᠠ᠃ | ᠨᠢᠭᠡ᠂ ᠲᠥᠷᠥᠯ ᠵᠦᠢᠯ ᠤᠨ ᠲᠣᠶᠢᠮᠣ ᠪᠠᠶᠢᠳᠠᠯ | 1. ᠲᠥᠷᠥᠯ ᠵᠦᠢᠯ ᠤᠨ ᠨᠡᠷᠡᠶᠢᠳᠦᠯ᠄ ᠤᠯᠤᠰ ᠤᠨ ᠵᠠᠮ ᠤᠨ 335 ᠱᠤᠭᠤᠮ ᠤᠨ ᠵᠢᠨᠢᠩ ᠠᠴᠠ ᠬᠦᠬᠡᠪᠦᠷ | ᠬᠦᠷᠬᠦ ᠵᠠᠰᠠᠮᠠᠯ ᠵᠠᠮ ︵K482+300 ︱ K487+800︶᠃ | 2. ᠲᠥᠷᠥᠯ ᠵᠦᠢᠯ ᠤᠨ ᠨᠢᠭᠡᠴᠢ᠄ ᠤᠯᠠᠭᠠᠨᠴᠠᠪ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠃ | 3. ᠵᠠᠮ ᠤᠨ ᠴᠢᠭᠯᠡᠯ᠄ ᠡᠬᠢᠯᠡᠯᠲᠡ ᠶᠢᠨ ᠴᠡᠭ ᠨᠢ G335 ᠱᠤᠭᠤᠮ ᠤᠨ K482+300 ᠭᠠᠵᠠᠷ ᠲᠤ | ᠪᠠᠶᠢᠵᠤ᠂ G335 ᠱᠤᠭᠤᠮ ᠤᠨ ᠮᠸᠢ ᠬᠦᠢ ᠶᠢᠩ ᠠᠴᠠ ᠵᠢᠨᠢᠩ ᠬᠦᠷᠬᠦ ᠬᠡᠰᠡᠭ ᠲᠠᠢ ᠵᠠᠯᠭᠠᠯᠳᠤᠨ᠎ᠠ᠃ ᠲᠡᠬᠦᠰᠭᠡᠯ | ᠤᠨ ᠴᠡᠭ ᠨᠢ G335 ᠱᠤᠭᠤᠮ ᠤᠨ K487+800 ᠭᠠᠵᠠᠷ ᠲᠤ ᠪᠠᠶᠢᠷᠢᠯᠠᠵᠤ᠂ G335 ᠱᠤᠭᠤᠮ ᠤᠨ | ᠵᠢᠨᠢᠩ ᠠᠴᠠ ᠬᠦᠭᠡᠪᠦᠷ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠲᠠᠢ ᠵᠠᠯᠭᠠᠨ᠎ᠠ᠃ | 4. ᠪᠠᠷᠢᠯᠭ᠎ᠠ ᠶᠢᠨ ᠬᠤᠭᠤᠴᠠᠭ᠎ᠠ᠄ 12 ᠰᠠᠷ᠎ᠠ᠃ | 5. ᠪᠠᠶᠢᠭᠤᠯᠬᠤ ᠬᠡᠪᠴᠢᠶ᠎ᠡ ᠬᠢᠭᠡᠳ ᠠᠭᠤᠯᠭ᠎ᠠ᠄ G335 ᠱᠤᠭᠤᠮ ᠤᠨ K482+300 ᠤᠨ ᠬᠡᠰᠡᠭ᠂ | ᠴᠠᠬᠠᠷ ᠤᠨ ᠲᠠᠷᠢᠶᠠᠯᠠᠩ ᠤᠨ ᠰᠣᠶᠣᠯ ᠤᠨ ᠬᠦᠷᠢᠶᠡᠯᠡᠩ᠂ ᠳ᠋ᠠ ᠱᠢ ᠬᠤᠤ ᠲᠣᠰᠬᠤᠨ ᠳᠤ ᠨᠡᠪᠲᠡᠷᠡᠬᠦ ᠵᠠᠮ ᠪᠣᠯᠣᠨ | G335 ᠲᠡᠭᠰᠢ ᠠᠭᠤᠯᠵᠠᠷ ᠤᠨ ᠬᠡᠰᠡᠭ᠂ G335 ᠱᠤᠭᠤᠮ ᠤᠨ ᠮᠢᠨ ᠯᠢ ᠴᠢᠦᠢ ᠶᠢᠨ ᠵᠢᠵᠢᠭ ᠬᠥᠭᠦᠷᠭᠡ᠂ | G335 ᠱᠤᠭᠤᠮ ᠤᠨ K487+800 ᠤᠨ ᠬᠡᠰᠡᠭ᠃ ᠵᠠᠮ ᠤᠨ ᠴᠢᠭᠯᠡᠯ᠄ ᠡᠮᠦᠨ᠎ᠡ ᠠᠴᠠ ᠤᠮᠠᠷᠠᠰᠢ᠃ | ᠲᠣᠰ ᠲᠥᠷᠥᠯ ᠵᠦᠢᠯ ᠤᠨ ᠪᠥᠬᠦ ᠣᠷᠳᠣ ᠨᠢ 5.5 ᠺᠢᠯᠣᠮᠧᠲᠷ ᠪᠠᠶᠢᠵᠤ᠂ ᠪᠥᠬᠦ ᠱᠤᠭᠤᠮ ᠳᠤ ᠬᠤᠶᠠᠷ ᠵᠢᠵᠢᠭ | ᠬᠥᠭᠦᠷᠭᠡ ᠲᠠᠯᠪᠢᠵᠤ᠂ ᠨᠢᠭᠡ ᠬᠡᠰᠡᠭ ᠲᠤ ᠰᠣᠯᠪᠢᠴᠠᠵᠤ᠂ 169.71 ᠮᠦ ᠭᠠᠵᠠᠷ ᠰᠢᠷᠣᠢ ᠶᠢ ᠲᠠᠲᠠᠪᠤᠷᠢᠯᠠᠨ | ᠬᠡᠷᠡᠭᠯᠡᠪᠡ᠃ | 6. ᠪᠠᠷᠢᠯᠭ᠎ᠠ ᠶᠢᠨ ᠪᠡᠯᠡ ᠣᠷᠣᠭᠤᠯᠤᠯᠲᠠ᠄ 7178.24 ᠲᠦᠮᠡᠨ ᠲᠥᠭᠦᠷᠢᠭ᠃ | ᠬᠤᠶᠠᠷ᠂ ᠦᠨᠡᠯᠡᠨ ᠵᠢᠱᠢᠬᠦ ᠳᠤ ᠠᠩᠬ᠎ᠠ ᠠᠯᠬᠤᠮ ᠲᠣᠭᠲᠠᠭᠠᠭᠰᠠᠨ ᠭᠤᠣᠯ ᠪᠣᠯᠬᠤ ᠨᠡᠶᠢᠭᠡᠮ ᠤᠨ ᠲᠣᠭᠲᠠᠭᠤᠨ | ᠪᠠᠶᠢᠳᠠᠯ ᠤᠨ ᠠᠶᠤᠯ ᠲᠦᠭᠰᠢᠭᠦᠷᠢ ᠶᠢᠨ ᠬᠦᠴᠦᠨ ᠵᠦᠢᠯ ᠳᠠᠬᠢ ᠲᠤᠰ ᠲᠦᠷᠦᠯ ᠵᠦᠢᠯ ᠤᠨ ᠠᠶᠤᠯ | ᠲᠦᠭᠰᠢᠭᠦᠷᠢ ᠶᠢᠨ ᠬᠦᠴᠦᠨ ᠵᠦᠢᠯ ᠳᠤ ᠭᠤᠣᠯᠳᠠᠭᠤ᠄ ᠲᠦᠷᠦᠯ ᠵᠦᠢᠯ ᠤᠨ ᠬᠠᠤᠯᠢ ᠶᠣᠰᠣᠴᠢ ᠴᠢᠨᠠᠷ᠂ ᠵᠦᠢ | ᠶᠣᠰᠣᠴᠢ ᠴᠢᠨᠠᠷ᠂ ᠪᠣᠯᠣᠮᠵᠢᠲᠤ ᠴᠢᠨᠠᠷ᠂ ᠱᠤᠤᠭᠢᠶᠠᠨ᠂ ᠨᠠᠷᠢᠨ ᠲᠣᠭᠤᠰᠣ ᠵᠡᠷᠭᠡ ᠶᠢᠨ ᠠᠮᠢ ᠠᠬᠤᠢ ᠶᠢᠨ ᠣᠷᠴᠢᠨ | ᠨᠥᠬᠦᠴᠡᠯ ᠳᠤ ᠦᠵᠡᠭᠦᠯᠬᠦ ᠨᠥᠯᠥᠭᠡ᠂ ᠪᠠᠷᠢᠯᠭ᠎ᠠ ᠶᠢᠨ ᠠᠵᠢᠯ ᠤᠨ ᠬᠥᠯᠥᠰᠦᠨ ᠠᠵᠢᠯᠴᠢᠨ ᠤ ᠡᠷᠬᠡ ᠠᠰᠢᠭ᠂ ᠵᠠᠮ | ᠬᠠᠷᠢᠯᠴᠠᠭ᠎ᠠ ᠶᠢᠨ ᠨᠥᠯᠥᠭᠡ ᠵᠡᠷᠭᠡ ᠪᠤᠢ᠃ | ᠭᠤᠷᠪᠠ᠂ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠬᠡᠪᠴᠢᠶ᠎ᠡ ᠪᠠ ᠲᠦᠷᠦᠯ ᠵᠦᠢᠯ ᠢ ᠮᠡᠳᠡᠭᠳᠡᠬᠦ ᠭᠤᠣᠯ ᠪᠣᠯᠬᠤ | ᠡᠲᠡᠭᠡᠳ ᠪᠣᠯ ᠪᠠᠶᠢᠭᠤᠯᠬᠤ ᠪᠠᠷ ᠪᠠᠶᠢᠭ᠎ᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠡᠪᠴᠢᠶᠡᠨ | ᠳᠣᠲᠣᠷᠠᠬᠢ ᠵᠢᠴᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠠᠵᠢᠯᠯᠠᠭᠠᠨ ᠳᠤ ᠨᠥᠯᠥᠭᠡᠯᠡᠭᠳᠡᠵᠦ ᠮᠡᠳᠡᠬᠦ | ᠣᠯᠠᠨ ᠲᠦᠮᠡᠨ ᠪᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠣᠯᠣᠨ᠎ᠠ᠃ ᠡᠨᠡ ᠬᠦ ᠪᠠᠷᠢᠯᠭ᠎ᠠ ᠶᠢᠨ ᠲᠤᠬᠠᠢ | ᠤᠯᠠᠨ ᠨᠡᠶᠢᠲᠡ ᠶᠢᠨ ᠰᠠᠨᠠᠯ ᠢ ᠭᠤᠣᠯᠳᠠᠭᠤ ᠳᠣᠣᠷᠠᠬᠢ ᠬᠡᠳᠦᠨ ᠲᠠᠯ᠎ᠠ ᠪᠠᠷ ᠬᠤᠷᠢᠶᠠᠨ᠎ᠠ᠂ ᠬᠡᠷᠪᠡ ᠪᠤᠰᠤᠳ | ᠲᠠᠯ᠎ᠠ ᠶᠢᠨ ᠰᠠᠨᠠᠯ ᠪᠤᠶᠤ ᠰᠠᠨᠠᠭᠤᠯᠭ᠎ᠠ ᠪᠠᠶᠢᠪᠠᠯ ᠪᠠᠰᠠ ᠳᠤᠷᠠᠳᠴᠤ ᠪᠣᠯᠣᠨ᠎ᠠ᠄ | 1. ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠵᠥᠪᠰᠢᠶᠡᠷᠡᠬᠦ ᠡᠰᠡᠬᠦ᠃ | 2. ᠲᠣᠰ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠨᠢ ᠰᠠᠭᠤᠭᠠᠯᠢ ᠠᠷᠠᠳ ᠤᠨ ᠶᠠᠪᠤᠵᠤ ᠰᠠᠭᠤᠬᠤ | ᠨᠥᠬᠦᠴᠡᠯ ᠢ ᠳᠡᠭᠡᠭᠰᠢᠯᠡᠭᠦᠯᠬᠦ ᠳᠤ ᠠᠰᠢᠭᠲᠠᠢ ᠡᠰᠡᠬᠦ︔ | 3. ᠲᠤᠰ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠨᠢ ᠲᠤᠬᠠᠢ ᠶᠢᠨ ᠭᠠᠵᠠᠷ ᠤᠨ ᠡᠷᠬᠢᠨ ᠲᠣᠭᠤᠷᠢᠨ ᠤ | ᠵᠠᠮ ᠬᠠᠷᠢᠯᠴᠠᠭ᠎ᠠ ᠪᠠ ᠨᠡᠶᠢᠭᠡᠮ ᠤᠨ ᠠᠮᠤᠷ ᠲᠦᠪᠰᠢᠨ ᠳᠤ ᠦᠵᠡᠭᠦᠯᠬᠦ ᠨᠥᠯᠥᠭᠡ᠃ | 4. ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠠᠨ ᠤ ᠲᠣᠰ ᠬᠥᠮᠥᠨ ᠤ ᠠᠮᠢᠳᠤᠷᠠᠯ ᠪᠤᠶᠤ | ᠠᠵᠢᠯ ᠤᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠃ | 5. ᠪᠤᠰᠤᠳ ᠰᠠᠨᠠᠯ ᠪᠠ ᠰᠠᠨᠠᠭᠤᠯᠭ᠎ᠠ᠃ | ᠳᠥᠷᠪᠡ᠂ ᠵᠠᠷ ᠤᠨ ᠲᠣᠳᠣᠷᠬᠠᠶᠢᠯᠠᠯᠲᠠ | 1. ᠲᠣᠰ ᠤᠳᠠᠭᠠᠨ ᠤ ᠣᠯᠠᠨ ᠨᠡᠶᠢᠲᠡ ᠶᠢᠨ ᠰᠠᠨᠠᠯ ᠢ ᠵᠠᠬᠢᠳᠠᠯ᠂ ᠳ᠋ᠢᠶᠠᠩᠬᠤᠸᠠ᠂ ᠡᠯᠧᠺᠲᠷᠣᠨ ᠰᠢᠤᠳᠠᠨ ᠤ | ᠵᠦᠢᠯ ᠵᠡᠷᠭᠡ ᠪᠢᠴᠢᠭ ᠤᠨ ᠬᠡᠯᠪᠡᠷᠢ ᠪᠠᠷ ᠳᠠᠮᠵᠢᠭᠤᠯᠤᠨ ᠲᠥᠷᠥᠯ ᠵᠦᠢᠯ ᠤᠨ ᠨᠢᠭᠡᠴᠢ ᠪᠤᠶᠤ ᠨᠡᠶᠢᠭᠡᠮ ᠤᠨ | ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠬᠦ ᠨᠢᠭᠡᠴᠢ ᠲᠠᠢ ᠬᠠᠷᠢᠯᠴᠠᠵᠤ ᠪᠣᠯᠣᠨ᠎ᠠ᠃ | 2. ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠳᠤ ᠨᠡᠶᠢᠭᠡᠮ ᠤᠨ ᠲᠣᠭᠲᠠᠭᠤᠨ ᠪᠠᠶᠢᠳᠠᠯ ᠤᠨ | ᠲᠦᠭᠰᠢᠭᠦᠷᠢ ᠲᠠᠢ ᠪᠠᠶᠢᠬᠤ ᠲᠤᠬᠠᠢ ᠤᠯᠠᠨ ᠨᠡᠶᠢᠲᠡ ᠶᠢᠨ ᠰᠠᠨᠠᠭᠤᠯᠭ᠎ᠠ ᠪᠤᠶᠤ ᠰᠠᠨᠠᠯ ᠢ ᠵᠠᠷᠯᠠᠨ ᠨᠡᠶᠢᠲᠡᠯᠡᠭᠰᠡᠨ | ᠡᠳᠦᠷ ᠠᠴᠠ ᠡᠬᠢᠯᠡᠨ ᠠᠷᠪᠠᠨ ᠲᠠᠪᠤᠨ ᠡᠳᠦᠷ ᠤᠨ ᠳᠣᠲᠣᠷ᠎ᠠ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠨᠢᠭᠡᠴᠢ | ᠪᠤᠶᠤ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠭᠰᠡᠨ ᠮᠡᠳᠡᠭᠦᠯᠦᠯᠲᠡ ᠶᠢ | ᠨᠠᠶᠢᠷᠠᠭᠤᠯᠤᠨ ᠵᠣᠬᠢᠶᠠᠭᠰᠠᠨ ᠨᠢᠭᠡᠴᠢ ᠳᠤ ᠳᠤᠷᠠᠳᠴᠤ ᠪᠣᠯᠣᠨ᠎ᠠ᠂ ᠮᠥᠨ ᠴᠦ ᠲᠤᠬᠠᠢ ᠶᠢᠨ ᠭᠠᠵᠠᠷ ᠤᠨ ᠤᠯᠤᠰ | ᠲᠦᠷᠦ ᠬᠠᠤᠯᠢ ᠴᠠᠭᠠᠵᠠ ᠶᠢᠨ ᠬᠤᠷᠢᠶ᠎ᠠ᠂ ᠵᠠᠬᠢᠳᠠᠯ ᠰᠣᠷᠪᠤᠯᠵᠢᠯᠠᠭ᠎ᠠ ᠶᠢᠨ ᠠᠯᠪᠠᠨ ᠭᠡᠷ ᠲᠤ ᠬᠠᠭᠤᠯᠤᠨ ᠬᠦᠷᠭᠡᠵᠦ | ᠪᠣᠯᠣᠨ᠎ᠠ᠃ | ᠲᠠᠪᠤ᠂ ᠵᠠᠷᠯᠠᠬᠤ ᠬᠤᠭᠤᠴᠠᠭ᠎ᠠ | ᠲᠣᠰ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ ᠠᠷᠪᠠᠨ ᠲᠠᠪᠤᠨ ᠡᠳᠦᠷ ᠤᠨ ᠳᠤᠳᠤᠷ᠎ᠠ᠃ | ᠵᠢᠷᠭᠤᠭ᠎ᠠ᠂ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠬᠦ ᠨᠢᠭᠡᠴᠢ ᠶᠢᠨ ᠬᠠᠷᠢᠯᠴᠠᠬᠤ | ᠠᠷᠭ᠎ᠠ | ᠪᠦᠲᠦᠭᠡᠨ ᠪᠠᠶᠢᠭᠤᠯᠬᠤ ᠨᠢᠭᠡᠴᠢ᠄ ᠤᠯᠠᠭᠠᠨᠴᠠᠪ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ | ᠬᠠᠷᠢᠯᠴᠠᠬᠤ ᠬᠥᠮᠥᠨ᠄ ᠰᠦ ᠰᠢᠶᠣᠣ ᠯᠦᠩ | ᠬᠠᠷᠢᠯᠴᠠᠬᠤ ᠤᠲᠠᠰᠤ᠄ 15624657038 | ᠦᠨᠡᠯᠡᠨ ᠵᠢᠱᠢᠬᠦ ᠨᠢᠭᠡᠴᠢ᠄ ᠥᠪᠥᠷ ᠮᠣᠩᠭᠤᠯ ᠤᠨ ᠷᠦᠩ ᠲᠠᠢ ᠪᠠᠷᠢᠯᠭ᠎ᠠ ᠶᠢᠨ ᠲᠥᠷᠥᠯ ᠵᠦᠢᠯ ᠤᠨ | ᠬᠠᠮᠢᠶᠠᠷᠤᠯᠲᠠ ᠶᠢᠨ ᠬᠢᠵᠠᠭᠠᠷᠲᠤ ᠺᠤᠮᠫᠠᠨᠢ | ᠬᠠᠷᠢᠯᠴᠠᠬᠤ ᠬᠥᠮᠥᠨ᠄ ᠵᠠᠩ ᠨᠠ | ᠬᠠᠷᠢᠯᠴᠠᠬᠤ ᠤᠲᠠᠰᠤ᠄ 18047417547 | | ᠤᠯᠠᠭᠠᠨᠴᠠᠪ ᠬᠤᠲᠠ ᠶᠢᠨ ᠵᠠᠮ ᠲᠡᠭᠡᠭᠡᠪᠦᠷᠢ ᠶᠢᠨ ᠲᠣᠪᠴᠢᠶ᠎ᠠ | 2023 ᠣᠨ ᠤ ᠰᠠᠷ᠎ᠠ ᠶᠢᠨ ᠡᠳᠦᠷ | | | ᠤᠷᠴᠢᠭᠤᠯᠤᠭᠴᠢ᠄ ᠢᠷᠭᠤᠢ | ᠬᠢᠨᠠᠭᠴᠢ᠄ ᠠᠷᠢᠭᠤᠨ | | | | | | | | |