︽ᠤᠯᠠᠭᠠᠨᠴᠠᠪ ᠬᠤᠲᠠ ᠶᠢᠨ ᠬᠠᠶᠠᠭᠳᠠᠮᠠᠯ ᠬᠠᠭᠤᠴᠢᠨ ᠪᠣᠯᠣᠳ ᠲᠡᠮᠦᠷ ᠢ ᠡᠭᠡᠭᠦᠯᠦᠨ ᠬᠤᠷᠢᠶᠠᠵᠤ ᠳᠠᠬᠢᠨ ᠠᠰᠢᠭᠯᠠᠬᠤ ᠶᠢ ᠵᠣᠷᠢᠭᠵᠢᠭᠤᠯᠬᠤ ᠠᠵᠤ ᠦᠢᠯᠡᠰ ᠤᠨ ᠬᠥᠭᠵᠢᠯᠲᠡ ᠶᠢ ᠲᠡᠳᠬᠦᠬᠦ ᠲᠥᠷᠥ ᠶᠢᠨ ᠪᠣᠳᠣᠯᠭ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠶᠠᠪᠤᠭᠤᠯᠬᠤ ᠲᠤᠬᠠᠢ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/6/18
ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄    ︽ᠤᠯᠠᠭᠠᠨᠴᠠᠪ ᠬᠤᠲᠠ ᠶᠢᠨ ᠬᠠᠶᠠᠭᠳᠠᠮᠠᠯ ᠬᠠᠭᠤᠴᠢᠨ ᠪᠣᠯᠣᠳ ᠲᠡᠮᠦᠷ ᠢ ᠡᠭᠡᠭᠦᠯᠦᠨ ᠬᠤᠷᠢᠶᠠᠵᠤ ᠳᠠᠬᠢᠨ ᠠᠰᠢᠭᠯᠠᠬᠤ ᠶᠢ ᠵᠣᠷᠢᠭᠵᠢᠭᠤᠯᠬᠤ ᠠᠵᠤ ᠦᠢᠯᠡᠰ ᠤᠨ ᠬᠥᠭᠵᠢᠯᠲᠡ ᠶᠢ ᠲᠡᠳᠬᠦᠬᠦ ᠲᠥᠷᠥ ᠶᠢᠨ ᠪᠣᠳᠣᠯᠭ᠎ᠠ︾ ᠶᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2023 ᠣᠨ ᠤ 11 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠨᠢᠭᠡᠨᠲᠡ ᠬᠢᠨᠠᠨ ᠵᠥᠪᠯᠡᠵᠦ ᠪᠠᠲᠤᠯᠠᠭᠠᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃                                           2023 ᠣᠨ ᠤ 5 ᠰᠠᠷ᠎ᠠ ᠶᠢᠨ 24 ᠤ ᠡᠳᠦᠷ                                           ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶       ᠤᠯᠠᠭᠠᠨᠴᠠᠪ ᠬᠤᠲᠠ ᠶᠢᠨ ᠬᠠᠶᠠᠭᠳᠠᠮᠠᠯ ᠬᠠᠭᠤᠴᠢᠨ ᠪᠣᠯᠣᠳ ᠲᠡᠮᠦᠷ ᠢ ᠬᠤᠷᠢᠶᠠᠨ ᠠᠪᠴᠤ ᠳᠠᠬᠢᠨ ᠠᠰᠢᠭᠯᠠᠬᠤ ᠶᠢ ᠵᠣᠷᠢᠭᠵᠢᠭᠤᠯᠬᠤ ᠠᠵᠤ ᠦᠢᠯᠡᠰ ᠤᠨ ᠬᠥᠭᠵᠢᠯᠲᠡ ᠶᠢ ᠲᠡᠳᠬᠦᠬᠦ ᠲᠥᠷᠥ ᠶᠢᠨ ᠪᠣᠳᠣᠯᠭ᠎ᠠ        ᠣᠷᠴᠢᠯ ᠠᠵᠤ ᠠᠬᠤᠢ ᠶᠢ ᠶᠡᠬᠡᠪᠡᠷ ᠬᠥᠭᠵᠢᠭᠦᠯᠵᠦ ᠂ ᠡᠬᠢ ᠪᠠᠶᠠᠯᠢᠭ ᠢ ᠠᠷᠪᠢᠲᠠᠢ ᠡᠷᠴᠢᠮᠯᠢᠭ ᠡᠷᠭᠢᠯᠳᠦᠭᠦᠯᠦᠨ ᠠᠰᠢᠭᠯᠠᠬᠤ ᠶᠢ ᠠᠬᠢᠭᠤᠯᠵᠤ᠂ ᠡᠬᠢ ᠪᠠᠶᠠᠯᠢᠭ ᠤᠨ ᠠᠰᠢᠭᠯᠠᠮᠵᠢ ᠶᠢ ᠳᠡᠭᠡᠭᠰᠢᠯᠡᠭᠦᠯᠬᠦ ᠪᠠᠷ ᠳᠠᠮᠵᠢᠭᠤᠯᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤ ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ︽ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠪᠥᠬᠦ ᠨᠡᠶᠢᠭᠡᠮ ᠤᠨ ᠡᠬᠢ ᠪᠠᠶᠠᠯᠢᠭ ᠢ ᠪᠥᠬᠦ ᠲᠠᠯ᠎ᠠ ᠪᠠᠷ ᠠᠷᠪᠢᠲᠠᠢ ᠡᠷᠴᠢᠮᠯᠢᠭ ᠪᠠᠶᠢᠯᠭᠠᠬᠤ ᠶᠢ ᠲᠦᠯᠬᠢᠨ ᠠᠬᠢᠭᠤᠯᠬᠤ ᠲᠤᠬᠠᠢ ᠵᠢᠯᠤᠭᠤᠳᠬᠤ ᠰᠠᠨᠠᠯ︾ ᠬᠢᠭᠡᠳ ᠮᠠᠨ ᠤ ᠬᠤᠳᠠ ᠶᠢᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠦᠨᠳᠦᠰᠦᠯᠡᠨ᠂ ᠡᠳᠦᠭᠡ ᠮᠠᠨ ᠤ ᠬᠤᠳᠠ ᠶᠢᠨ ᠬᠠᠶᠠᠭᠳᠠᠮᠠᠯ ᠬᠠᠭᠤᠴᠢᠨ ᠪᠣᠯᠣᠳ ᠲᠡᠮᠦᠷ ᠢ ᠡᠭᠡᠭᠦᠯᠦᠨ ᠬᠤᠷᠢᠶᠠᠵᠤ ᠲᠡᠬᠢᠨ ᠠᠰᠢᠭᠯᠠᠬᠤ ᠠᠵᠤ ᠦᠢᠯᠡᠰ ᠤᠨ ᠬᠥᠭᠵᠢᠯᠲᠡ ᠶᠢ ᠵᠣᠷᠢᠭᠵᠢᠭᠤᠯᠬᠤ ᠲᠤᠬᠠᠢ ᠮᠠᠨ ᠤ ᠬᠤᠳᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠳᠣᠣᠷᠠᠬᠢ ᠮᠡᠲᠦ ᠲᠡᠳᠬᠦᠬᠦ ᠲᠥᠷᠥ ᠶᠢᠨ ᠪᠣᠳᠣᠯᠭ᠎ᠠ ᠶᠢ ᠲᠣᠭᠲᠠᠭᠠᠪᠠ᠃    ᠨᠢᠭᠡ᠂ ᠬᠡᠷᠡᠭᠯᠡᠬᠦ ᠡᠲᠡᠭᠡᠳ᠃ ᠮᠠᠨ ᠤ ᠬᠤᠲᠠ ᠶᠢᠨ ᠣᠷᠣᠨ ᠪᠦᠰᠡ ᠶᠢᠨ ᠬᠡᠪᠴᠢᠶᠡᠨ ᠳᠤ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠵᠤ ᠠᠰᠢᠭᠯᠠᠬᠤ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠢ ᠣᠯᠵᠤ᠂ ᠬᠠᠤᠯᠢ ᠶᠣᠰᠣᠭᠠᠷ ᠳᠠᠩᠰᠠᠯᠠᠭᠤᠯᠤᠨ ᠪᠠᠶᠢᠭᠤᠯᠵᠤ᠂ ᠬᠠᠶᠠᠭᠳᠠᠮᠠᠯ ᠬᠠᠭᠤᠴᠢᠨ ᠪᠣᠯᠣᠳ ᠲᠡᠮᠦᠷ ᠢ ᠡᠭᠡᠭᠦᠯᠦᠨ ᠬᠤᠷᠢᠶᠠᠵᠤ ᠰᠢᠢᠳᠪᠦᠷᠢᠯᠡᠬᠦ ᠪᠣᠷᠤᠯᠠᠭᠤᠯᠭ᠎ᠠ ᠶᠢᠨ ᠲᠤᠬᠠᠶᠢᠯᠠᠭᠰᠠᠨ ᠠᠵᠢᠯ ᠢ ᠡᠷᠭᠢᠯᠡᠨ ᠬᠢᠵᠦ᠂ ᠦᠢᠯᠡᠳᠬᠦᠨ ᠨᠢ ᠮᠡᠷᠭᠡᠵᠢᠯ ᠤᠨ ᠪᠠᠷᠢᠮᠵᠢᠶ᠎ᠠ ᠪᠠ ᠬᠠᠮᠢᠶ᠎ᠠ ᠪᠦᠬᠦᠢ ᠨᠥᠬᠦᠴᠡᠯ ᠳᠤ ᠨᠡᠶᠢᠴᠡᠭᠰᠡᠨ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠠᠵᠤ ᠠᠬᠤᠶᠢᠯᠠᠯ  ᠃    ᠬᠤᠶᠠᠷ᠂ ᠵᠣᠷᠢᠭᠵᠢᠭᠤᠯᠬᠤ ᠲᠦᠷᠦ ᠶᠢᠨ ᠪᠣᠳᠣᠯᠭ᠎ᠠ᠃ ᠬᠠᠶᠠᠭᠳᠠᠮᠠᠯ ᠬᠠᠭᠤᠴᠢᠨ ᠪᠣᠯᠣᠳ ᠲᠡᠮᠦᠷ ᠢ ᠡᠭᠡᠭᠦᠯᠦᠨ ᠬᠤᠷᠢᠶᠠᠬᠤ ᠠᠵᠤ ᠠᠬᠤᠶᠢᠯᠠᠯ ᠤᠨ ᠵᠣᠬᠢᠬᠤ ᠪᠠᠷᠢᠮᠵᠢᠶ᠎ᠠ ᠶᠢ ᠦᠨᠳᠦᠰᠦᠯᠡᠨ ᠬᠤᠲᠠ ᠰᠢᠶᠠᠨ ᠬᠤᠶᠠᠷ ᠱᠠᠲᠤᠨ ᠤ ᠶᠡᠷᠦᠩᠬᠡᠶᠢᠯᠡᠭᠰᠡᠨ ᠠᠵᠤ ᠠᠬᠤᠢ ᠳᠤ ᠦᠵᠡᠭᠦᠯᠦᠭᠰᠡᠨ ᠰᠢᠭᠤᠳ ᠬᠤᠪᠢ ᠨᠡᠮᠡᠷᠢ ᠶᠢ ᠲᠥᠰᠥᠭᠡᠯᠡᠨ ᠪᠣᠳᠣᠵᠤ᠂ ᠲᠣᠰ ᠲᠣᠰ 85% ᠶᠢᠨ ᠲᠡᠳᠬᠦᠮᠵᠢ ᠶᠢᠨ ᠱᠠᠩᠨᠠᠯ ᠣᠯᠭᠤᠨ᠎ᠠ᠃ ᠡᠭᠦᠨ ᠤ ᠬᠠᠮᠲᠤ᠂ ᠬᠤᠲᠠ ᠶᠢᠨ ᠱᠠᠲᠤᠨ ᠤ ᠰᠢᠭᠤᠳ ᠬᠤᠪᠢ ᠨᠡᠮᠡᠷᠢ ᠦᠵᠡᠭᠦᠯᠦᠭᠰᠡᠨ ᠤ ᠦᠯᠡᠳᠡᠭᠰᠡᠨ 15% ᠶᠢᠨ1/3 ᠶᠢ ᠪᠠᠶᠢᠭ᠎ᠠ ᠬᠤᠰᠢᠭᠤ ᠰᠢᠶᠠᠨ ᠤ ᠡᠳ᠋ ᠤᠨ ᠵᠠᠰᠠᠭ ᠲᠤ ᠲᠤᠰᠬᠠᠢ ᠵᠦᠢᠯ ᠢᠶᠠᠷ ᠪᠠᠭᠤᠯᠭᠠᠵᠤ᠂ ᠬᠤᠰᠢᠭᠤ ᠰᠢᠶᠠᠨ ᠤ ᠬᠠᠮᠢᠶ᠎ᠠ ᠪᠦᠬᠦᠢ ᠠᠵᠤ ᠦᠢᠯᠡᠰ ᠤᠨ ᠬᠥᠭᠵᠢᠯᠲᠡ ᠪᠠᠨ ᠲᠦᠷᠭᠡᠳᠬᠡᠬᠦ ᠶᠢ ᠵᠣᠷᠢᠭᠵᠢᠭᠤᠯᠬᠤ ᠳᠤ ᠬᠡᠷᠡᠭᠯᠡᠨ᠎ᠡ᠃    ᠭᠤᠷᠪᠠ᠂ ᠭᠦᠢᠴᠡᠳᠬᠡᠬᠦ ᠶᠠᠪᠤᠴᠠ᠃ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠬᠠᠷᠢᠶ᠎ᠠ ᠭᠠᠵᠠᠷ ᠤᠨ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠵᠤ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠵᠡᠷᠭᠡ ᠰᠠᠯᠠᠭ᠎ᠠ ᠮᠥᠴᠢᠷ ᠤᠳ ᠬᠠᠷᠢᠭᠤᠴᠠᠵᠤ ᠬᠠᠮᠵᠢᠯᠴᠠᠨ ᠰᠠᠭᠤᠷᠢ ᠠᠵᠢᠯ ᠢ ᠰᠠᠶᠢᠲᠤᠷ ᠬᠢᠵᠦ᠂ ᠵᠠᠷᠴᠢᠮ ᠳᠡᠭᠡᠷ᠎ᠡ ᠪᠠᠨ ᠤᠯᠠᠷᠢᠯ ᠪᠦᠷᠢ ᠳᠤ ᠨᠢᠭᠡ ᠤᠳᠠᠭ᠎ᠠ ᠲᠥᠰᠥᠭᠡᠯᠡᠨ ᠪᠤᠳᠤᠵᠤ᠂ 15 ᠡᠳᠦᠷ ᠤᠨ ᠳᠣᠲᠣᠷ᠎ᠠ ᠪᠡᠶᠡᠯᠡᠭᠦᠯᠦᠨ᠎ᠡ᠃ ᠡᠭᠦᠨ ᠳᠤ᠄ ᠬᠤᠲᠠ ᠶᠢᠨ ᠲᠣᠰ ᠱᠠᠲᠤᠨ ᠤ ᠡᠭᠦᠷᠭᠡᠯᠡᠬᠦ ᠳᠤ ᠬᠤᠯᠪᠣᠭᠳᠠᠬᠤ ᠲᠡᠳᠬᠦᠨ ᠳᠡᠮᠵᠢᠬᠦ ᠪᠡᠯᠡ ᠮᠥᠩᠭᠦ ᠶᠢ ᠤᠷᠢᠳᠠᠪᠠᠷ ᠬᠤᠰᠢᠭᠤ ᠰᠢᠶᠠᠨ ᠬᠤᠲᠠ ᠲᠣᠭᠤᠷᠢᠭ ᠤᠨ ᠡᠳ᠋ ᠤᠨ ᠵᠠᠰᠠᠭ ᠠᠴᠠ ᠬᠠᠮᠲᠤ ᠳᠤᠨᠢ ᠣᠷᠣᠯᠠᠨ ᠥᠭᠴᠦ᠂ ᠵᠢᠯ ᠤᠨ ᠡᠴᠦᠰ ᠲᠤ ᠳ᠋ᠦᠩᠨᠡᠨ ᠪᠤᠳᠤᠬᠤ ᠦᠶ᠎ᠡ ᠳᠤ ᠬᠤᠲᠠ ᠶᠢᠨ ᠲᠣᠰ ᠱᠠᠲᠤᠨ ᠤ ᠬᠤᠰᠢᠭᠤ ᠰᠢᠶᠠᠨ ᠬᠤᠲᠠ ᠲᠣᠭᠤᠷᠢᠭ ᠤᠨ ᠬᠥᠭᠵᠢᠯᠲᠡ ᠶᠢ ᠳᠡᠮᠵᠢᠬᠦ ᠬᠡᠰᠡᠭ ᠲᠠᠢ ᠬᠠᠮᠲᠤ ᠳᠤᠨᠢ᠂ ᠵᠢᠯ ᠤᠨ ᠡᠴᠦᠰ ᠲᠤ ᠳᠡᠭᠡᠳᠦ ᠳᠣᠣᠷᠠᠳᠤ ᠱᠠᠲᠤᠨ ᠤ ᠡᠳ᠋ ᠤᠨ ᠵᠠᠰᠠᠭ ᠢᠶᠠᠷ ᠳᠡᠮᠵᠢᠨ ᠲᠤᠰᠠᠭᠠᠷ ᠳ᠋ᠦᠩᠨᠡᠨ ᠪᠤᠳᠤᠨ᠎ᠠ᠃    ᠳᠥᠷᠪᠡ᠂ ᠬᠤᠯᠪᠣᠭᠳᠠᠯ ᠪᠦᠬᠦᠢ ᠵᠦᠢᠯᠡᠰ    ᠲᠣᠰ ᠲᠥᠷᠥ ᠶᠢᠨ ᠪᠣᠳᠣᠯᠭ᠎ᠠ ᠶᠢ 2023 ᠣᠨ ᠤ 6 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ ᠲᠤᠷᠰᠢᠨ ᠬᠡᠷᠡᠭᠵᠢᠭᠦᠯᠬᠦ ᠬᠤᠭᠤᠴᠠᠭ᠎ᠠ ᠨᠢ 2 ᠵᠢᠯ ᠪᠣᠯᠣᠨ᠎ᠠ᠃ ᠬᠤᠲᠠ ᠶᠢᠨ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠰᠠᠯᠠᠭ᠎ᠠ ᠮᠥᠴᠢᠷ ᠲᠠᠢ ᠬᠠᠮᠲᠤ ᠪᠠᠷ ᠬᠠᠷᠢᠭᠤᠴᠠᠨ ᠲᠠᠶᠢᠯᠪᠤᠷᠢᠯᠠᠨ᠎ᠠ᠃ ᠬᠡᠷᠡᠭᠵᠢᠭᠦᠯᠬᠦ ᠬᠤᠭᠤᠴᠠᠭᠠᠨ ᠳᠤ ᠬᠡᠷᠪᠡ ᠤᠯᠤᠰ ᠤᠨ ᠲᠥᠷᠥ ᠶᠢᠨ ᠪᠣᠳᠣᠯᠭ᠎ᠠ ᠶᠢᠨ ᠬᠤᠪᠢᠷᠠᠯᠲᠠ ᠲᠣᠬᠢᠶᠠᠯᠳᠤᠪᠠᠯ ᠠᠰ ᠲᠤᠨᠢ ᠲᠣᠬᠢᠷᠠᠭᠤᠯᠤᠯᠲᠠ ᠬᠢᠨ᠎ᠡ᠃ᠬᠠᠭᠤᠯᠤᠨ ᠬᠦᠷᠭᠡᠬᠦ ᠨᠢ᠄ ᠬᠤᠲᠠ ᠶᠢᠨ ᠨᠠᠮ ᠤᠨ ᠬᠤᠷᠢᠶ᠎ᠠ ᠶᠢᠨ ᠡᠯ᠎ᠡ ᠰᠠᠯᠠᠭ᠎ᠠ ᠮᠥᠴᠢᠷ᠂ ᠤᠯᠠᠭᠠᠨᠴᠠᠪ ᠤᠨ ᠴᠡᠷᠢᠭ ᠤᠨ ᠬᠤᠪᠢᠶᠠᠷᠢ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠤᠯᠠᠭᠠᠨᠴᠠᠪ ᠤᠨ ᠰᠠᠯᠪᠤᠷᠢ ᠠᠩᠭᠢ᠃ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ᠂ ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ᠂ ᠬᠤᠲᠠ ᠶᠢᠨ ᠬᠢᠨᠠᠨ ᠪᠠᠶᠢᠴᠠᠭᠠᠬᠤ ᠵᠥᠪᠯᠡᠯ᠂ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠃ᠡᠯ᠎ᠡ ᠠᠷᠠᠳ ᠤᠨ ᠪᠦᠯᠬᠦᠮ ᠂ ᠰᠣᠨᠢᠨ ᠮᠡᠳᠡᠭᠡᠯᠡᠯ ᠤᠨ ᠨᠢᠭᠡᠴᠢ ᠨᠦᠭᠦᠳ᠃                    ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                    2023 ᠣᠨ ᠤ 5 ᠰᠠᠷ᠎ᠠ ᠶᠢᠨ 24 ᠤ ᠡᠳᠦᠷ ᠳᠠᠷᠤᠮᠠᠯᠯᠠᠨ ᠲᠠᠷᠬᠠᠭᠠᠪᠠ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2