ᠴᠢ ᠹᠧᠢ ᠶᠦᠨ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠭᠦᠨᠵᠡᠭᠡᠶᠢᠷᠡᠨ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/6/19
   6 ᠰᠠᠷ᠎ᠠ ᠶᠢᠨ 17 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ  ᠴᠢ ᠹᠧᠢ ᠶᠦᠨ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠮᠧᠶ ᠲᠢᠶᠠᠨ ᠸᠠᠩ ᠮᠠᠯᠵᠢᠯ ᠤᠨ ᠲᠠᠯᠠᠪᠠᠶ ᠳᠤ  ᠭᠦᠨᠵᠡᠭᠡᠶᠢᠷᠡᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠤᠭᠰᠠᠨ ᠪᠥᠭᠡᠳ ᠪᠥᠬᠦ ᠬᠤᠲᠠ ᠶᠢᠨ ᠰᠦ ᠶᠢᠨ ᠦᠢᠯᠡᠰ ᠢ ᠬᠥᠭᠵᠢᠭᠦᠯᠬᠦ ᠬᠠᠮᠢᠶ᠎ᠠ ᠪᠦᠬᠦᠢ ᠠᠵᠢᠯ ᠢ ᠪᠠᠶᠢᠷᠢᠯᠠᠭᠤᠯᠪᠠ᠃         ᠮᠧᠢ ᠲᠢᠶᠠᠨ ᠸᠠᠩ ᠮᠠᠯᠵᠢᠯ ᠤᠨ ᠲᠠᠯᠠᠪᠠᠢ ᠳᠤ᠂ ᠴᠢ ᠹᠧᠢ ᠶᠦᠨ ᠲᠡᠵᠢᠭᠡᠨ ᠦᠷᠡᠵᠢᠭᠦᠯᠬᠦ ᠫᠧᠩ ᠰᠠᠷᠠᠪᠴᠢ᠂  ᠪᠣᠷᠳᠣᠭᠠᠨ ᠤ ᠦᠢᠯᠡᠳᠪᠦᠷᠢ ᠵᠡᠷᠭᠡ ᠲᠠᠯᠠᠪᠠᠢ ᠶᠢ ᠨᠠᠷᠢᠨ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ  ᠪᠦᠲᠦᠭᠡᠭᠳᠡᠬᠦᠨ ᠢ ᠰᠤᠳᠤᠯᠤᠨ ᠨᠡᠭᠡᠭᠡᠬᠦ᠂ ᠵᠠᠬ᠎ᠠ ᠳᠡᠯᠭᠡᠭᠦᠷ ᠲᠤ ᠪᠣᠷᠣᠯᠠᠭᠤᠯᠬᠤ᠂ ᠰᠢᠨ᠎ᠡ ᠰᠦ ᠶᠢᠨ ᠦᠨ᠎ᠡ ᠬᠠᠩᠰᠢ  ᠵᠡᠷᠭᠡ ᠪᠠᠶᠢᠳᠠᠯ ᠢ ᠭᠦᠨᠵᠡᠭᠡᠢ ᠣᠶᠢᠯᠠᠭᠠᠭᠰᠠᠨ ᠪᠥᠭᠡᠳ ᠲᠤᠬᠠᠢ ᠶᠢᠨ ᠲᠠᠯᠠᠪᠠᠢ ᠳᠤ ᠠᠵᠢᠯᠯᠠᠵᠤ ᠠᠵᠤ ᠠᠬᠤᠶᠢᠯᠠᠯ ᠤᠨ  ᠬᠦᠰᠡᠯ ᠱᠠᠭᠠᠷᠳᠠᠯᠭ᠎ᠠ ᠳᠤ ᠬᠠᠷᠢᠭᠤ ᠥᠭᠴᠦ᠂ ᠣᠷᠣᠰᠢᠵᠤ ᠪᠠᠶᠢᠭ᠎ᠠ ᠬᠦᠴᠢᠷᠳᠡᠯ ᠢ ᠨᠢ ᠰᠢᠢᠳᠪᠦᠷᠢᠯᠡᠪᠡ᠃         ᠴᠢ ᠹᠧᠢ ᠶᠦᠨ᠂ ᠰᠦ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠮᠥᠨ᠂  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠠᠷᠭᠠᠭᠰᠠᠨ ᠴᠢᠬᠤᠯᠠ ᠠᠵᠢᠯ ᠤᠨ ᠪᠠᠶᠢᠷᠢᠯᠠᠭᠤᠯᠤᠯᠲᠠ ᠮᠥᠨ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠪᠠ ᠠᠵᠤ ᠠᠬᠤᠢ ᠶᠢᠨ  ᠬᠥᠭᠵᠢᠯᠲᠡ ᠶᠢ ᠠᠬᠢᠭᠤᠯᠬᠤ ᠳᠤ ᠲᠤᠶᠢᠯ ᠤᠨ ᠴᠢᠬᠤᠯᠠ ᠶᠤᠮ᠃ ᠡᠯ᠎ᠡ ᠬᠠᠮᠢᠶ᠎ᠠ ᠪᠦᠬᠦᠢ ᠬᠤᠰᠢᠭᠤ ᠰᠢᠶᠠᠨ ᠬᠤᠲᠠ ᠲᠣᠭᠤᠷᠢᠭ ᠨᠢ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂  ᠲᠡᠳᠬᠦᠨ ᠳᠡᠮᠵᠢᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠦᠴᠦᠨ ᠵᠦᠢᠯ ᠤᠨ ᠪᠠᠲᠤᠯᠠᠭ᠎ᠠ ᠶᠢ  ᠴᠢᠩᠭᠠᠷᠠᠭᠤᠯᠤᠨ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠤᠷᠢᠳᠠᠪᠠᠷ ᠦᠢᠯᠡᠴᠢᠯᠡᠨ᠂ ᠠᠵᠢᠯ ᠲᠥᠷᠥᠯ ᠤᠨ  ᠬᠥᠲᠥᠴᠢ ᠠᠵᠤ ᠠᠬᠤᠶᠢᠯᠠᠯ ᠢ ᠲᠠᠰᠤᠷᠠᠯᠲᠠ ᠦᠭᠡᠢ ᠪᠣᠶᠢᠵᠢᠭᠤᠯᠤᠨ ᠪᠤᠵᠠᠭᠠᠶᠢᠷᠠᠭᠤᠯᠵᠤ᠂ ᠳᠤᠮᠳᠠ ᠵᠢᠵᠢᠭ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠳᠤ ᠬᠦᠴᠦ ᠨᠡᠮᠡᠷᠢᠯᠡᠬᠦ ᠬᠡᠷᠡᠭᠲᠡᠢ᠃ ᠰᠦ ᠰᠠᠭᠠᠯᠢ ᠶᠢᠨ ᠦᠢᠯᠡᠰ ᠤᠨ ᠣᠳᠣᠬᠢᠴᠢᠯᠠᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠲᠤᠰ ᠭᠠᠵᠠᠷ ᠤᠨ ᠰᠦ ᠰᠠᠭᠠᠯᠢ ᠶᠢᠨ ᠦᠢᠯᠡᠰ ᠤᠨ ᠪᠦᠲᠦᠭᠡᠭᠳᠡᠬᠦᠨ ᠢ ᠰᠢᠯᠢᠳᠡᠭ ᠰᠠᠶᠢᠨ ᠪᠣᠶᠢᠵᠢᠭᠤᠯᠵᠤ᠂ ᠰᠦ ᠪᠣᠯᠪᠠᠰᠤᠷᠠᠭᠤᠯᠬᠤ ᠦᠢᠯᠡᠰ ᠤᠨ ᠦᠢᠯᠡᠳᠪᠦᠷᠢᠯᠡᠯ ᠤᠨ ᠴᠢᠳᠠᠪᠤᠷᠢ ᠶᠢ ᠥᠷᠭᠡᠳᠬᠡᠬᠦ᠂ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠨᠡᠩ ᠤᠯᠠᠨ ᠮᠠᠯᠴᠢᠨ ᠲᠠᠷᠢᠶᠠᠴᠢᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠢ᠃ ᠡᠯ᠎ᠡ ᠬᠠᠮᠢᠶ᠎ᠠ ᠪᠦᠬᠦᠢ ᠠᠵᠤ ᠠᠬᠤᠶᠢᠯᠠᠯ ᠤᠨ ᠬᠢᠨ ᠤᠯᠠᠭᠠᠨᠴᠠᠪ ᠤᠨ ᠰᠢᠵᠢᠷ ᠠᠯᠲᠠᠨ ᠰᠦ ᠶᠢᠨ ᠢᠷᠡᠯᠲᠡ ᠶᠢᠨ ᠪᠦᠰᠡ ᠶᠢᠨ ᠳᠠᠪᠠᠭᠤᠯᠢᠭ ᠢ ᠭᠦᠢᠴᠡᠳ ᠠᠰᠢᠭᠯᠠᠵᠤ᠂ ᠣᠳᠣᠬᠢᠴᠢᠯᠠᠭᠰᠠᠨ ᠰᠠᠭᠠᠯᠢ ᠶᠢᠨ ᠦᠨᠢᠶ᠎ᠡ ᠶᠢᠨ  ᠮᠠᠯᠵᠢᠯ ᠤᠨ ᠲᠠᠯᠠᠪᠠᠶ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠨᠠᠷᠠᠲᠤ ᠲᠥᠷᠥᠯ ᠲᠡᠮᠳᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠶᠡᠬᠡᠪᠡᠷ ᠬᠡᠷᠡᠭᠵᠢᠭᠦᠯᠦᠨ᠂ ᠴᠠᠭᠠᠨ ᠢᠳᠡᠭᠡᠨ ᠤ ᠦᠢᠯᠡᠳᠪᠦᠷᠢᠯᠡᠵᠦ ᠡᠳ᠋ᠰᠢᠭᠦᠯᠦᠨ ᠡᠵᠡᠩᠨᠡᠬᠦ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠪᠦᠲᠦᠭᠡᠭᠳᠡᠬᠦᠨ ᠤ ᠲᠥᠷᠥᠯ ᠵᠦᠢᠯ ᠢ ᠨᠡᠮᠡᠭᠳᠡᠭᠦᠯᠦᠨ᠂ ᠪᠦᠲᠦᠭᠡᠭᠳᠡᠬᠦᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠰᠦᠯᠵᠢᠶᠡᠨ ᠳᠡᠭᠡᠷᠡᠬᠢ ᠪᠠ  ᠰᠦᠯᠵᠢᠶᠡᠨ ᠠᠴᠠ ᠭᠠᠳᠠᠭᠤᠷᠬᠢ ᠪᠣᠷᠤᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠨ᠂ ᠤᠯᠠᠭᠠᠨᠴᠠᠪ ᠤᠨ ᠴᠢᠨᠠᠷ ᠰᠠᠶᠢᠲᠠᠢ ᠴᠠᠭᠠᠨ ᠢᠳᠡᠭᠡᠨ ᠢ ᠪᠡᠭᠡᠵᠢᠩ᠂ ᠲᠡᠷᠡᠴᠢᠯᠡᠨ ᠪᠥᠬᠦ ᠤᠯᠤᠰ ᠲᠤ ᠨᠠᠩ ᠰᠠᠶᠢᠨ ᠢᠶᠠᠷ ᠬᠥᠭᠵᠢᠭᠦᠯᠵᠦ᠂  ᠴᠠᠭᠠᠨ ᠢᠳᠡᠭᠡᠨ ᠤ ᠦᠢᠯᠡᠰ ᠤᠨ ᠬᠥᠭᠵᠢᠯᠲᠡ ᠶᠢᠨ ᠬᠤᠷᠳᠤᠴᠠ ᠶᠢ  ᠲᠥᠷᠭᠡᠳᠬᠡᠬᠦ ᠬᠡᠷᠡᠭᠲᠡᠢ ᠭᠡᠵᠦ ᠴᠢᠬᠤᠯᠠᠴᠢᠯᠠᠪᠠ  ᠃         ᠯᠢ ᠵᠢᠶᠠᠨ ᠵᠢᠶᠦ᠋ᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                                                                                  ᠣᠷᠴᠢᠭᠤᠯᠤᠭᠴᠢ᠄ ᠭᠤᠸ᠎ᠠ                                                                                  ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2