ᠵᠢᠷᠤᠭᠳᠤ ᠮᠡᠳᠡᠭᠡ
ᠨᠡᠶᠢᠲᠡᠯᠡᠭᠰᠡᠨ ᠴᠠᠭ᠄
2023/6/20
    ᠣᠷᠣᠢ ᠶᠢᠨ 8 ᠴᠠᠭ ᠬᠠᠭᠠᠰ ᠲᠤ᠂ ᠤᠯᠠᠭᠠᠨᠴᠠᠪ ᠤᠨ ᠰᠥᠨᠢ ᠶᠢᠨ ᠵᠡᠭᠡᠯᠢ ᠶᠢᠨ ᠲᠣᠭᠤᠷᠢᠭ ᠲᠤ ᠦᠪᠡᠳᠡᠭᠰᠢ ᠶᠡᠭᠡ ᠵᠡᠭᠡᠯᠢ ᠨᠡᠭᠡᠭᠡᠬᠦ ᠶᠣᠰᠣᠯᠠᠯ ᠶᠠᠪᠤᠭᠳᠠᠭᠤᠯᠵᠤ᠂ ᠲᠦᠨᠡᠷ ᠬᠠᠷᠠᠩᠭᠤᠢ ᠰᠥᠨᠢ ᠶᠢᠨ ᠣᠭᠲᠠᠷᠭᠤᠢ ᠳᠤ ᠳ᠋ᠧᠩ ᠤᠨ ᠭᠡᠷᠡᠯ ᠳᠤᠰᠤᠵᠤ᠂ ᠨᠢᠳᠦ ᠭᠢᠯᠠᠰᠤᠮ᠎ᠠ ᠬᠤᠸᠠᠷ ᠫᠤᠤᠵᠢᠩ ᠰᠥᠨᠢ ᠶᠢᠨ ᠣᠭᠲᠠᠷᠭᠤᠢ ᠳᠤ ᠨᠢᠵᠢᠭᠢᠨᠡᠵᠦ᠂ ᠳᠠᠭᠤᠤ ᠬᠥᠭᠵᠢᠮ ᠤᠨ ᠠᠶᠠᠰ ᠢ ᠳᠠᠭᠠᠯᠳᠤᠨ ᠪᠠᠳᠠᠷᠠᠨ ᠳᠡᠯᠭᠡᠷᠡᠪᠡ᠃ ᠰᠦᠷᠯᠢᠭ ᠰᠠᠶᠢᠬᠠᠨ ᠦᠵᠡᠮᠵᠢ ᠪᠠᠶᠢᠳᠠᠯ ᠨᠢ ᠲᠡᠭᠷᠢ ᠪᠠᠷ ᠬᠥᠰᠢᠭᠡ ᠪᠠᠨ ᠪᠣᠯᠭᠠᠵᠤ᠂ ᠭᠡᠷᠡᠯ ᠢᠶᠠᠷ ᠪᠢᠷ ᠪᠣᠯᠭᠠᠵᠤ᠂ ᠤᠯᠠᠭᠠᠨᠴᠠᠪ ᠤᠨ ᠰᠥᠨᠢ ᠶᠢᠨ ᠭᠤᠶᠢᠳᠠ ᠰᠠᠶᠢᠬᠠᠨ ᠢ ᠪᠢᠴᠢᠭᠯᠡᠵᠦ᠂ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠤᠷᠮ᠎ᠠ ᠪᠠᠬ᠎ᠠ ᠶᠢ ᠲᠠᠲᠠᠪᠠ᠃     ᠣᠶᠢᠯᠠᠭᠠᠭᠰᠠᠨ ᠢᠶᠠᠷ᠂ ︽ᠪᠡᠭᠡᠵᠢᠩ ᠠᠴᠠ ᠪᠠᠷᠠᠭᠤᠨᠰᠢ ᠨᠢᠭᠡ ᠠᠯᠬᠤᠮ · ᠤᠯᠠᠭᠠᠨᠴᠠᠪ ᠤᠨ ᠦᠳᠡᠰᠢ︾ ᠰᠢᠨ᠎ᠡ ᠶᠢᠷᠳᠢᠨᠴᠦ ᠤᠯᠠᠭᠠᠨᠴᠠᠪ ᠤᠨ ᠲᠦᠷᠭᠡᠨ ᠤ ᠲᠡᠮᠦᠷ ᠵᠠᠮ ᠤᠨ ᠥᠷᠲᠡᠭᠡᠨ ᠤ ᠡᠮᠦᠨ᠎ᠡ ᠲᠠᠯ᠎ᠠ ᠳᠤ ᠪᠠᠶᠢᠷᠢᠰᠢᠵᠤ᠂ ᠵᠡᠭᠡᠯᠢ ᠲᠣᠭᠤᠷᠢᠭ ᠤᠨ ᠪᠥᠬᠦ ᠣᠷᠳᠣ ᠨᠢ 500 ᠮᠧᠲᠷ᠂ ᠪᠥᠬᠦ ᠲᠠᠯᠠᠪᠠᠶ ᠨᠢ 16500 ᠲᠡᠭᠰᠢ ᠳᠥᠷᠪᠡᠯᠵᠢᠨ ᠮᠧᠲᠷ᠂ ᠭᠤᠣᠯ ᠰᠡᠳᠦᠪᠲᠦ ᠲᠣᠭᠯᠠᠯᠲᠠ ᠶᠢᠨ ᠲᠠᠶᠢᠰᠠ 13᠂ ᠵᠤᠭ᠎ᠠ ᠴᠡᠩᠭᠡᠯ ᠤᠨ ᠺᠠᠷᠲ ᠴᠣᠬᠢᠬᠤ ᠲᠥᠬᠦᠭᠡᠷᠦᠮᠵᠢ 21᠂ ᠬᠤᠳᠠᠯᠳᠤᠭᠠᠨ ᠤ ᠫᠦᠰᠡ 80᠂ ᠲᠣᠮᠣ ᠬᠡᠯᠪᠡᠷᠢ ᠶᠢᠨ ᠠᠵᠢᠯᠯᠠᠭᠠᠨ ᠤ ᠲᠠᠯᠠᠪᠠᠶ ᠬᠤᠶᠠᠷ ᠪᠠᠶᠢᠭᠤᠯᠵᠤ᠂ ᠰᠣᠶᠣᠯ ᠤᠨ ᠵᠣᠬᠢᠶᠠᠨ ᠪᠦᠲᠦᠭᠡᠯᠭᠡ᠂ ᠪᠣᠳᠠᠰ ᠤᠨ ᠪᠤᠰᠤ ᠰᠣᠶᠣᠯ ᠤᠨ ᠥᠪ᠂ ᠭᠠᠷ ᠤᠷᠠᠯᠠᠯ᠂ ᠤᠯᠤᠰ ᠤᠨ ᠤᠷᠤᠰᠬᠠᠯ ᠵᠡᠷᠭᠡ ᠣᠯᠠᠨ ᠡᠯᠧᠮᠧᠨ᠋ᠲ ᠢ ᠴᠤᠭᠯᠠᠭᠤᠯᠵᠤ᠂ ᠰᠦᠯᠵᠢᠶᠡᠨ ᠤ ᠴᠤᠤᠳᠣ ᠺᠠᠷᠲ ᠴᠣᠬᠢᠬᠤ᠂ ᠲᠠᠶᠢᠰᠠᠨ ᠤ ᠲᠣᠭᠯᠠᠯᠲᠠ ᠶᠢᠨ ᠤᠷᠠᠯᠢᠭ᠂ ᠰᠡᠯᠡᠭᠦᠴᠡᠯ ᠵᠤᠭ᠎ᠠ ᠴᠡᠩᠭᠡᠯ᠂ ᠥᠪᠡᠷᠮᠢᠴᠡ ᠣᠨᠴᠠᠯᠢᠭ ᠲᠠᠢ ᠠᠮᠲᠠᠲᠤ ᠢᠳᠡᠭᠡᠨ ᠢ ᠨᠢᠭᠡ ᠴᠣᠭᠴᠠᠵᠢᠭᠤᠯᠤᠭᠰᠠᠨ᠂ ᠡᠯᠪᠡᠭ ᠪᠠᠶᠠᠯᠢᠭ ᠠᠭᠤᠯᠭ᠎ᠠ ᠲᠠᠢ ᠺᠠᠷᠲ ᠴᠣᠬᠢᠬᠤ ᠰᠢᠨ᠎ᠡ ᠭᠠᠵᠠᠷ ᠤᠨ ᠲᠡᠮᠳᠡᠭ ᠪᠣᠯᠤᠭᠰᠠᠨ ᠪᠠᠶᠢᠨ᠎ᠠ᠃                    ᠵᠤᠬᠢᠶᠠᠭᠴᠢ᠄ ᠵᠤ᠋ ᠽᠢ ᠴᠧᠨ                    ᠤᠷᠴᠢᠭᠤᠯᠤᠭᠴᠢ᠄ ᠬᠦᠰᠡᠯ                    ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2