ᠪᠥᠬᠦ ᠬᠤᠲᠠ ᠶᠢᠨ ᠴᠢᠬᠤᠯᠠ ᠶᠡᠭᠡ ᠲᠥᠷᠥᠯ ᠵᠦᠢᠯ ︱ ᠯᠢᠶᠡᠩᠴᠧᠩ ᠰᠢᠶᠠᠨ ᠤ ᠳᠠᠭ᠎ᠠ ᠶᠢᠨ ᠨᠠᠭᠤᠷ ᠪᠠᠯᠭᠠᠰᠤᠨ ᠤ ᠶᠢᠨ ᠱᠢ ᠮᠠᠯ ᠠᠵᠤ ᠠᠬᠤᠢ ᠶᠢᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ 9400 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2023/6/20
    ᠯᠢᠶᠡᠩᠴᠧᠩ ᠰᠢᠶᠠᠨ ᠤ ᠳᠠᠭ᠎ᠠ ᠶᠢᠨ ᠨᠠᠭᠤᠷ ᠪᠠᠯᠭᠠᠰᠤ ᠶᠢᠨ ᠶᠢᠨ ᠱᠢ ᠮᠠᠯ ᠠᠵᠤ ᠠᠬᠤᠢ ᠶᠢᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠨᠡᠶᠢᠲᠡ 2.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠠᠯᠪᠠᠯᠠᠬᠤ ᠪᠠ ᠠᠮᠢᠳᠤᠷᠠᠬᠤ ᠲᠣᠭᠤᠷᠢᠭ ᠤᠨ 2500 ᠲᠡᠭᠰᠢ ᠳᠥᠷᠪᠡᠯᠵᠢᠨ ᠮᠧᠲᠷ᠂ ᠦᠬᠡᠷ ᠤᠨ ᠬᠠᠰᠢᠶ᠎ᠠ ᠶᠢᠨ 5000 ᠲᠡᠭᠰᠢ ᠳᠥᠷᠪᠡᠯᠵᠢᠨ ᠮᠧᠲᠷ᠂ ᠰᠦ ᠰᠠᠭᠠᠬᠤ ᠲᠢᠩᠬᠢᠮ ᠤᠨ 500 ᠲᠡᠭᠰᠢ ᠳᠥᠷᠪᠡᠯᠵᠢᠨ ᠮᠧᠲᠷ᠂ ᠡᠪᠡᠰᠦ ᠪᠣᠷᠳᠣᠭᠠᠨ ᠤ ᠬᠥᠮᠥᠷᠭᠡ ᠶᠢᠨ 5000 ᠲᠡᠭᠰᠢ ᠳᠥᠷᠪᠡᠯᠵᠢᠨ ᠮᠧᠲᠷ ᠵᠢᠴᠢ ᠳᠠᠭᠠᠯᠲᠠ ᠪᠠᠷᠢᠯᠭ᠎ᠠ ᠶᠢ ᠪᠠᠭᠲᠠᠭᠠᠭᠰᠠᠨ 5000 ᠲᠣᠯᠣᠭᠠᠢ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠶᠢ ᠪᠦᠲᠦᠭᠡᠨ ᠪᠠᠶᠢᠭᠤᠯᠪᠡ᠃ 6 ᠰᠠᠷ᠎ᠠ ᠶᠢᠨ 18  ᠤ ᠡᠳᠦᠷ ᠪᠣᠯᠲᠠᠯ᠎ᠠ᠂ ᠲᠦᠷᠦᠯ ᠵᠦᠢᠯ ᠨᠢ ᠨᠢᠭᠡᠨᠲᠡ ᠢᠰᠦᠯᠳᠦᠭᠰᠡᠨ ᠴᠥᠭᠦᠷᠥᠮ᠂ ᠢᠯᠭᠠᠳᠠᠰᠣᠨ ᠪᠣᠬᠢᠷᠲᠤᠯ ᠢ ᠰᠢᠢᠳᠪᠦᠷᠢᠯᠡᠬᠦ ᠲᠠᠰᠤᠭ᠂ 6 ᠦᠬᠡᠷ ᠤᠨ ᠬᠠᠰᠢᠶ᠎ᠠ ᠵᠢᠴᠢ ᠵᠠᠮ ᠤᠨ ᠭᠠᠳᠠᠷᠭᠤ ᠶᠢ ᠬᠠᠲᠠᠭᠤᠷᠠᠭᠤᠯᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ 9400 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠡᠢ᠃                    ᠤᠷᠴᠢᠭᠤᠯᠤᠭᠴᠢ᠄ ᠬᠦᠰᠡᠯ                    ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2