ᠰᠦᠢ ᠸᠧᠢ ᠵᠢᠶᠦ᠋ᠨ ᠪᠦᠯᠬᠦᠮ ᠳᠠᠭᠠᠭᠤᠯᠤᠨ ᠪᠡᠭᠡᠵᠢᠩ ᠳᠤ ᠬᠦᠷᠴᠦ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠵᠣᠯᠭᠠᠭᠤᠯᠬᠤ ᠵᠢᠴᠢ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2023/6/26
  6 ᠰᠠᠷ᠎ᠠ ᠶᠢᠨ 21 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠪᠦᠯᠬᠦᠮ ᠳᠠᠭᠠᠭᠤᠯᠤᠨ ᠪᠡᠭᠡᠵᠢᠩ ᠳᠤ ᠬᠦᠷᠴᠦ ᠰᠤᠷᠤᠯᠴᠠᠨ ᠰᠢᠨᠵᠢᠯᠡᠨ ᠪᠠᠶᠢᠴᠠᠭᠠᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠭᠦᠨᠵᠡᠭᠡᠢ ᠵᠣᠯᠭᠠᠭᠤᠯᠬᠤ ᠶᠢᠨ ᠬᠠᠮᠲᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ  ᠥᠷᠨᠢᠭᠦᠯᠪᠡ᠃       ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠭᠠᠵᠠᠷ ᠰᠢᠨᠵᠢᠯᠡᠭᠡ ᠪᠠ ᠳᠡᠯᠡᠬᠡᠢ ᠶᠢᠨ ᠪᠥᠮᠪᠥᠷᠴᠡᠭ ᠤᠨ ᠹᠢᠽᠢᠺ ᠤᠨ ᠰᠤᠳᠤᠯᠭᠠᠨ ᠤ ᠭᠠᠵᠠᠷ ᠲᠤ᠂ ᠰᠦᠢ ᠸᠧᠢ ᠵᠢᠶᠦ᠋ᠨ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ ᠯᠢᠦ ᠵᠢᠶᠠ ᠴᠢ ᠲᠠᠢ ᠬᠦᠷᠢᠶᠡᠯᠡᠩ ᠪᠠ ᠣᠷᠣᠨ ᠨᠤᠲᠤᠭ ᠤᠨ ᠬᠠᠮᠲᠤᠷᠠᠯᠴᠠᠭ᠎ᠠ ᠶᠢ ᠴᠢᠩᠭᠠᠳᠬᠠᠬᠤ᠂ ᠬᠦᠷᠮᠡᠨ ᠴᠢᠯᠠᠭᠤᠯᠢᠭ ᠤᠨ ᠰᠢᠷᠬᠡᠭᠯᠢᠭ ᠤᠨ ᠠᠵᠤ ᠦᠢᠯᠡᠰ ᠤᠨ  ᠬᠥᠭᠵᠢᠯᠲᠡ ᠶᠢ ᠠᠬᠢᠭᠤᠯᠬᠤ ᠲᠤᠬᠠᠢ ᠵᠣᠯᠭᠠᠭᠤᠯᠤᠨ ᠰᠣᠯᠢᠯᠴᠠᠪᠠ᠃ ᠠᠺᠠᠳᠧᠮᠢᠴᠢ ᠯᠢᠦ ᠵᠢᠶᠠ ᠴᠢ ᠬᠦᠷᠮᠡᠨ ᠴᠢᠯᠠᠭᠤᠯᠢᠭ ᠤᠨ ᠰᠢᠷᠬᠡᠭᠯᠢᠭ ᠤᠨ ᠬᠥᠭᠵᠢᠯᠲᠡ ᠶᠢᠨ ᠣᠳᠣᠬᠢ ᠪᠠᠶᠢᠳᠠᠯ᠂ ᠴᠢᠳᠠᠮᠵᠢ ᠬᠡᠷᠡᠭᠴᠡᠭᠡ᠂ ᠦᠢᠯᠡᠳᠬᠦ  ᠤᠷᠠᠯᠠᠯ᠂ ᠬᠡᠷᠡᠭᠯᠡᠭᠡᠨ ᠤ ᠬᠦᠷᠢᠶ᠎ᠡ᠂ ᠬᠥᠭᠵᠢᠯᠲᠡ ᠶᠢᠨ ᠬᠡᠲᠦ ᠶᠢᠨ ᠲᠥᠯᠥᠪ ᠵᠡᠷᠭᠡ ᠶᠢᠨ ᠲᠣᠭᠤᠷᠢᠨ ᠳᠤ ᠨᠠᠷᠢᠨ ᠲᠠᠶᠢᠯᠤᠮᠵᠢ ᠬᠢᠵᠡᠢ᠃ ᠰᠦᠢ ᠸᠧᠢ ᠵᠢᠶᠦ᠋ᠨ᠂ ᠤᠯᠠᠭᠠᠨᠴᠠᠪ ᠤᠨ ᠬᠦᠷᠮᠡᠨ ᠴᠢᠯᠠᠭᠤᠯᠢᠭ ᠤᠨ ᠡᠬᠢ ᠪᠠᠶᠠᠯᠢᠭ ᠡᠯᠪᠡᠭ  ᠳᠡᠯᠪᠡᠭ᠂ ᠡᠨᠧᠷᠭᠢ ᠶᠢᠨ ᠳᠠᠪᠠᠭᠤᠯᠢᠭ ᠮᠡᠳᠡᠭᠳᠡᠮ᠎ᠡ ᠪᠠᠶᠢᠨ᠎ᠠ᠂ ᠪᠢᠳᠡ ᠬᠦᠷᠮᠡᠨ ᠴᠢᠯᠠᠭᠤᠯᠢᠭ ᠤᠨ ᠰᠢᠷᠬᠡᠭᠯᠢᠭ ᠤᠨ ᠠᠵᠤ ᠦᠢᠯᠡᠰ ᠢ ᠬᠥᠭᠵᠢᠭᠦᠯᠬᠦ ᠳᠤ ᠢᠲᠡᠭᠡᠯ ᠲᠡᠭᠦᠯᠳᠡᠷ ᠪᠠᠶᠢᠨ᠎ᠠ᠂ ᠲᠥᠯᠥᠪᠵᠢᠭᠦᠯᠦᠨ ᠪᠠᠶᠢᠷᠢᠰᠢᠭᠤᠯᠬᠤ ᠶᠢ ᠤᠷᠢᠳᠴᠢᠯᠠᠨ ᠰᠠᠶᠢᠲᠤᠷ ᠬᠢᠵᠦ᠂ ᠠᠵᠤ ᠦᠢᠯᠡᠰ ᠤᠨ ᠲᠠᠪᠴᠠᠩ᠂ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠶᠢ ᠡᠭᠦᠳᠬᠦ ᠲᠠᠪᠴᠠᠩ᠂ ᠬᠦᠯᠢᠶᠡᠨ ᠠᠪᠬᠤ ᠲᠠᠪᠴᠠᠩ ᠢ ᠢᠳᠡᠪᠬᠢᠲᠡᠢ ᠪᠠᠶᠢᠭᠤᠯᠵᠤ᠂ ᠰᠢᠨᠵᠢᠯᠡᠬᠦ ᠤᠬᠠᠭᠠᠨ  ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠲᠦᠷᠭᠡᠬᠡᠨ ᠪᠡᠶᠡᠯᠡᠭᠦᠯᠵᠦ᠂ ᠬᠦᠷᠮᠡᠨ ᠴᠢᠯᠠᠭᠤᠯᠢᠭ ᠤᠨ  ᠰᠢᠷᠬᠡᠭᠯᠢᠭ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠠᠮᠲᠤᠪᠠᠷ ᠠᠬᠢᠭᠤᠯᠤᠨ᠎ᠠ ᠭᠡᠵᠦ ᠬᠡᠯᠡᠪᠡ  ᠃     ᠪᠡᠭᠡᠵᠢᠩ ᠤᠨ ᠢᠦᠢ ᠱᠢ ᠶᠤᠸᠠᠨ ᠢᠳᠡᠭᠡᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ᠂  ᠪᠡᠭᠡᠵᠢᠩ ᠤᠨ ᠶᠠᠨ ᠴᠢ ᠶᠤᠸᠠᠢ ᠱᠧᠩ ᠵᠠᠢ ᠯᠠᠯᠤ ᠶᠢᠨ ᠢᠳᠡᠭᠡᠨ ᠤ ᠬᠢᠵᠠᠭᠠᠷᠲᠤ ᠺᠣᠮᠫᠠᠨᠢ ᠳᠤ᠂ ᠰᠦᠢ ᠸᠧᠢ ᠵᠢᠶᠦ᠋ᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠪᠣᠯᠣᠨ ᠢᠷᠡᠭᠡᠳᠦᠢ ᠶᠢᠨ ᠬᠥᠭᠵᠢᠯᠲᠡ ᠶᠢᠨ ᠲᠥᠯᠦᠪᠵᠢᠭᠦᠯᠭᠡ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠬᠤᠸᠠᠢ ᠷᠧᠦ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ᠂ ᠬᠤᠸᠠᠢ ᠷᠧᠦ ᠰᠢᠨᠵᠢᠯᠡᠬᠦ ᠤᠬᠠᠭᠠᠨ ᠤ ᠬᠤᠳᠠ ᠶᠢᠨ ᠨᠠᠮ ᠤᠨ ᠠᠵᠢᠯᠯᠠᠬᠤ ᠬᠤᠷᠢᠶ᠎ᠠ ᠶᠢᠨ  ᠱᠦᠵᠢ ᠭᠦᠸᠧ ᠶᠠᠨ ᠬᠤᠩ ᠲᠠᠢ ᠶᠠᠷᠢᠯᠴᠠᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ  ᠭᠦᠨᠵᠡᠭᠡᠶᠢᠷᠡᠭᠦᠯᠬᠦ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠰᠦᠢ ᠸᠧᠢ ᠵᠢᠶᠦ᠋ᠨ ᠬᠤᠳᠠ ᠶᠢᠨ ᠨᠠᠮ ᠤᠨ  ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠢ ᠲᠥᠯᠥᠭᠡᠯᠡᠨ ᠬᠤᠸᠠᠢ ᠷᠧᠦ ᠲᠣᠭᠤᠷᠢᠭ ᠤᠨ ᠤᠯᠠᠭᠠᠨᠴᠠᠪ ᠵᠢᠴᠢ  ᠳᠥᠷᠪᠡᠳ ᠬᠤᠰᠢᠭᠤᠨ ᠳᠤ ᠦᠵᠡᠭᠦᠯᠦᠭᠰᠡᠨ ᠬᠦᠴᠦᠲᠡᠢ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃  ᠲᠡᠷᠡ᠂ ᠤᠯᠠᠭᠠᠨᠴᠠᠪ ᠣᠲᠣ ᠶᠠᠭ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠡᠭᠡᠵᠢᠩ ᠳᠤ ᠣᠷᠣᠭᠤᠯᠬᠤ ᠶᠢ ᠶᠡᠭᠡ ᠪᠠᠷ ᠠᠬᠢᠭᠤᠯᠵᠤ ᠪᠠᠶᠢᠨ᠎ᠠ᠂ ᠡᠨᠡ ᠲᠠᠯ᠎ᠠ ᠪᠠᠷ ᠬᠤᠸᠠᠢ ᠷᠧᠦ ᠣᠷᠣᠨ ᠲᠠᠢ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠥᠷᠭᠡᠳᠬᠡᠬᠦ ᠶᠢ ᠬᠦᠰᠡᠵᠦ ᠪᠠᠶᠢᠨ᠎ᠠ᠂ ᠪᠢᠳᠡ ᠯᠠᠪᠳᠠᠶ᠎ᠠ ᠬᠠᠮᠵᠢᠯᠴᠠᠬᠤ  ᠬᠦᠴᠦᠨ ᠢᠶᠠᠨ ᠦᠨᠡᠨ ᠬᠦ ᠰᠠᠶᠢᠲᠤᠷ ᠬᠡᠷᠡᠭᠯᠡᠵᠦ᠂ ᠬᠤᠶᠠᠷ ᠭᠠᠵᠠᠷ ᠤᠨ ᠬᠠᠮᠲᠤᠷᠠᠯᠴᠠᠭ᠎ᠠ ᠶᠢ ᠲᠠᠰᠤᠷᠠᠯᠲᠠ ᠦᠭᠡᠢ ᠨᠠᠩ ᠶᠡᠭᠡ ᠰᠢᠨ᠎ᠡ ᠠᠬᠢᠴᠠ ᠲᠠᠢ ᠪᠣᠯᠭᠠᠬᠤ ᠶᠢ ᠲᠦᠯᠬᠢᠨ ᠠᠬᠢᠭᠤᠯᠤᠨ᠎ᠠ᠃ ᠡᠭᠦᠨ ᠤ ᠬᠠᠮᠲᠤ᠂ ᠬᠤᠯᠪᠣᠭᠳᠠᠯ ᠪᠦᠬᠦᠢ ᠠᠵᠤ ᠠᠬᠤᠶᠢᠯᠠᠯ ᠢ ᠤᠯᠠᠭᠠᠨᠴᠠᠪ ᠲᠤ ᠢᠷᠡᠵᠦ ᠰᠢᠨᠵᠢᠯᠡᠨ ᠪᠠᠶᠢᠴᠠᠭᠠᠵᠤ ᠵᠣᠯᠭᠠᠭᠤᠯᠵᠤ᠂ ᠪᠡᠯᠡ ᠣᠷᠣᠭᠤᠯᠤᠨ ᠦᠢᠯᠡᠰ ᠬᠥᠭᠵᠢᠭᠦᠯᠵᠦ᠂ ᠨᠠᠩ ᠣᠯᠠᠨ ᠴᠢᠨᠠᠷ ᠰᠠᠶᠢᠲᠠᠢ ᠲᠥᠷᠥᠯ ᠵᠦᠢᠯ ᠢ ᠤᠯᠠᠭᠠᠨᠴᠠᠪ ᠲᠤ ᠨᠠᠶᠢᠳᠠᠪᠤᠷᠢᠵᠢᠭᠤᠯᠬᠤ ᠶᠢ ᠴᠢᠩ ᠰᠡᠳᠬᠢᠯ ᠠᠴᠠ ᠪᠠᠨ ᠤᠷᠢᠵᠤ ᠪᠠᠶᠢᠨ᠎ᠠ᠂ ᠪᠢᠳᠡ ᠪᠥᠬᠦ ᠬᠦᠴᠦᠨ ᠢᠶᠠᠷ ᠢᠶᠠᠨ ᠲᠠᠪᠴᠠᠩ ᠢ ᠰᠠᠶᠢᠲᠤᠷ ᠪᠠᠶᠢᠭᠤᠯᠵᠤ᠂ ᠦᠢᠯᠡᠴᠢᠯᠡᠭᠡ ᠶᠢ ᠰᠠᠶᠢᠲᠤᠷ ᠬᠢᠵᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠦᠨ᠎ᠡ ᠭᠡᠵᠦ ᠬᠡᠯᠡᠪᠡ  ᠃ ᠭᠦᠸᠧ ᠶᠠᠨ ᠬᠤᠩ ᠰᠦᠢ ᠸᠧᠢ ᠵᠢᠶᠦ᠋ᠨ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠬᠤᠸᠠᠢ ᠷᠧᠦ ᠲᠣᠭᠤᠷᠢᠭ ᠤᠨ  ᠬᠢᠨ ᠥᠩᠭᠡᠷᠡᠭᠰᠡᠨ ᠲᠠᠢ ᠪᠠᠨ ᠠᠳᠠᠯᠢ ᠪᠠᠷ ᠤᠯᠠᠭᠠᠨᠴᠠᠪ ᠵᠢᠴᠢ ᠳᠥᠷᠪᠡᠳ ᠬᠤᠰᠢᠭᠤᠨ ᠤ ᠬᠥᠭᠵᠢᠯᠲᠡ ᠶᠢ ᠳᠡᠮᠵᠢᠵᠦ᠂ ᠲᠤᠰ ᠪᠡᠶ᠎ᠡ ᠶᠢᠨ ᠳᠠᠪᠠᠭᠤᠯᠢᠭ ᠲᠠᠭᠠᠨ ᠰᠠᠭᠤᠷᠢᠯᠠᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ  ᠡᠳ᠋ᠰᠢᠭᠦᠯᠬᠦ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠨᠡᠩ ᠤᠯᠠᠨ ᠪᠣᠳᠠᠲᠠᠢ ᠶᠢ ᠡᠷᠬᠢᠮᠯᠡᠭᠰᠡᠨ ᠦᠷ᠎ᠡ ᠪᠦᠲᠦᠭᠡᠯ ᠣᠯᠬᠤ ᠶᠢ ᠭᠠᠷ ᠬᠤᠯᠪᠣᠨ  ᠠᠬᠢᠭᠤᠯᠤᠨ᠎ᠠ ᠭᠡᠵᠦ ᠬᠡᠯᠡᠪᠡ᠃                                                     ᠣᠷᠴᠢᠭᠤᠯᠤᠭᠴᠢ᠄ ᠭᠤᠸ᠎ᠠ                                                   ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2