ᠤᠯᠠᠭᠠᠨᠴᠠᠪ ᠬᠤᠲᠠ ᠶᠢᠨ ᠪᠡᠭᠡᠵᠢᠩ ᠲᠢᠶᠠᠨᠵᠢᠨ ᠾᠧᠪᠧᠢ ᠣᠷᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢᠨ ᠲᠠᠨᠢᠯᠴᠠᠭᠤᠯᠭ᠎ᠠ ᠶᠢᠨ ᠬᠤᠷᠠᠯ ᠪᠡᠭᠡᠵᠢᠩ ᠳᠤ ᠬᠤᠷᠠᠯᠳᠤᠪᠠ — ᠵᠢᠨᠢᠩ ᠲᠣᠭᠤᠷᠢᠭ ᠲᠤᠬᠠᠢ ᠶᠢᠨ ᠲᠠᠯᠠᠪᠤᠷ ᠲᠤ 5 ᠲᠥᠷᠥᠯ ᠵᠦᠢᠯ ᠤᠨ ᠬᠡᠯᠡᠯᠴᠡᠭᠡᠷ ᠲᠣᠭᠲᠠᠵᠤ ᠪᠡᠯᠡ ᠣᠷᠣᠭᠤᠯᠤᠭᠰᠠᠨ ᠲᠤᠭ᠎ᠠ 38.89 ᠳ᠋ᠦᠩᠰᠢᠭᠤᠷ ᠲᠥᠭᠦᠷᠢᠭ ᠲᠤ ᠬᠦᠷᠴᠡᠢ
ᠨᠡᠶᠢᠲᠡᠯᠡᠭᠰᠡᠨ ᠴᠠᠭ᠄
2023/6/26
    ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠪᠦᠲᠦᠭᠡᠨ ᠪᠠᠶᠢᠭᠤᠯᠤᠯᠲᠠ ᠶᠢ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠪᠣᠯᠭᠠᠵᠤ᠂ ᠤᠯᠠᠭᠠᠨᠴᠠᠪ ᠬᠤᠲᠠ ᠶᠢᠨ ᠭᠤᠣᠯᠳᠠᠯᠭ᠎ᠠ ᠲᠠᠢ ᠠᠵᠤ ᠦᠢᠯᠡᠰ ᠢ ᠪᠣᠶᠢᠵᠢᠭᠤᠯᠤᠨ ᠬᠥᠭᠵᠢᠭᠦᠯᠬᠦ ᠪᠠ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠤᠨ᠂ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠳᠤ ᠢᠳᠡᠪᠬᠢᠲᠡᠢ ᠠᠭᠤᠰᠤᠯᠴᠠᠭᠤᠯᠬᠤ ᠶᠢᠨ ᠲᠥᠯᠥᠭᠡ᠂ 6 ᠰᠠᠷ᠎ᠠ ᠶᠢᠨ 25 ᠤ ᠡᠳᠦᠷ᠂ ︽ᠪᠡᠭᠡᠵᠢᠩ ᠲᠡᠭᠦᠷᠭᠡ ᠶᠢᠨ ᠲᠠᠯ᠎ᠠ ᠨᠤᠲᠤᠭ᠂ ᠤᠤᠯ ᠦᠨᠦᠷ ᠠᠮᠲᠠ ᠨᠢ ᠠᠶᠠᠨᠳᠠᠭᠠᠨ ᠪᠦᠲᠦᠭᠰᠡᠨ︾ ᠭᠡᠬᠦ ᠭᠤᠣᠯ ᠰᠡᠳᠦᠪᠲᠦ ᠤᠯᠠᠭᠠᠨᠴᠠᠪ ᠬᠤᠲᠠ ᠶᠢᠨ ᠪᠡᠭᠡᠵᠢᠩ ᠲᠢᠶᠠᠨᠵᠢᠨ ᠾᠧᠪᠧᠢ ᠣᠷᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢᠨ ᠲᠠᠨᠢᠯᠴᠠᠭᠤᠯᠭ᠎ᠠ  ᠶᠢᠨ ᠬᠤᠷᠠᠯ ︵ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠲᠠᠯᠠᠪᠠᠶ︶ ᠪᠡᠭᠡᠵᠢᠩ ᠬᠤᠲᠠ ᠳᠤ ᠶᠠᠪᠤᠭᠳᠠᠪᠠ᠃     ᠲᠠᠨᠢᠯᠴᠠᠭᠤᠯᠭ᠎ᠠ ᠶᠢᠨ ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠵᠢᠨᠢᠩ ᠲᠣᠭᠤᠷᠢᠭ ᠢ ᠲᠥᠯᠥᠭᠡᠯᠡᠨ ᠳᠠᠪᠠᠭᠤᠯᠢᠭ ᠡᠬᠢ ᠪᠠᠶᠠᠯᠢᠭ᠂ ᠠᠵᠤ ᠦᠢᠯᠡᠰ ᠤᠨ ᠰᠠᠭᠤᠷᠢ ᠪᠠ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠵᠡᠷᠭᠡ ᠶᠢᠨ ᠲᠤᠬᠠᠢ ᠲᠠᠨᠢᠯᠴᠠᠭᠤᠯᠭ᠎ᠠ ᠶᠢᠨ ᠶᠠᠷᠢᠶ᠎ᠠ ᠲᠠᠯᠪᠢᠵᠤ᠂ ᠵᠢᠨᠢᠩ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠦᠷ᠎ᠡ ᠪᠦᠲᠦᠭᠡᠯ ᠪᠠ ᠬᠥᠭᠵᠢᠯᠲᠡ ᠶᠢᠨ ᠳᠠᠯᠳᠠ ᠬᠦᠴᠦᠨ ᠢ ᠪᠥᠬᠦ ᠲᠠᠯ᠎ᠠ ᠪᠠᠷ᠂ ᠣᠯᠠᠨ ᠲᠠᠯ᠎ᠠ ᠠᠴᠠ ᠤᠬᠠᠭᠤᠯᠤᠨ ᠦᠵᠡᠭᠦᠯᠵᠦ᠂ ᠣᠯᠠᠨ ᠢ ᠵᠢᠨᠢᠩ ᠳᠤ ᠣᠴᠢᠵᠤ᠂ ᠵᠢᠨᠢᠩ ᠳᠤ ᠪᠡᠯᠡ ᠣᠷᠣᠭᠤᠯᠤᠨ᠂ ᠵᠢᠨᠢᠩ ᠳᠤ ᠨᠤᠳᠤᠭᠰᠢᠬᠤ ᠶᠢ ᠦᠨᠡᠨ ᠰᠡᠳᠬᠢᠯ ᠠᠴᠠ ᠪᠠᠨ ᠤᠷᠢᠵᠤ᠂ ᠬᠠᠮᠲᠤᠷᠠᠯᠴᠠᠭ᠎ᠠ ᠶᠢ ᠬᠠᠮᠲᠤᠪᠠᠷ ᠵᠥᠪᠯᠡᠵᠦ᠂ ᠢᠷᠡᠭᠡᠳᠦᠢ ᠶᠢ ᠬᠠᠮᠲᠤᠪᠠᠷ ᠶᠠᠷᠢᠯᠴᠠᠵᠤ᠂ ᠬᠥᠭᠵᠢᠯᠲᠡ ᠶᠢ ᠬᠠᠮᠲᠤᠪᠠᠷ ᠡᠷᠢᠯᠬᠢᠯᠡᠶ᠎ᠡ ᠭᠡᠪᠡ᠃ ᠭᠡᠷ᠎ᠡ ᠲᠣᠭᠲᠠᠬᠤ ᠠᠵᠢᠯᠯᠠᠭ᠎ᠠ ᠳᠤ᠂ ᠵᠢᠨᠢᠩ ᠲᠣᠭᠤᠷᠢᠭ ᠤᠨ ᠬᠢᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ᠂ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠪᠦᠲᠦᠭᠡᠨ ᠪᠠᠶᠢᠭᠤᠯᠤᠯᠲᠠ᠂ ᠣᠶᠤᠨᠴᠢᠯᠠᠭᠰᠠᠨ ᠥᠨᠳᠥᠷ ᠦᠷ᠎ᠡ ᠠᠰᠢᠭ ᠲᠠᠢ ᠨᠡᠷᠡᠨ ᠬᠦᠯᠡᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠲᠦᠷᠦᠯ ᠵᠦᠢᠯ ᠢ ᠪᠠᠭᠲᠠᠭᠠᠭᠰᠠᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ 5 ᠲᠦᠷᠦᠯ ᠵᠦᠢᠯ ᠤᠨ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠦᠰᠦᠭ ᠵᠢᠷᠤᠵᠤ᠂ ᠵᠥᠪᠯᠡᠯᠴᠡᠭᠡᠷ ᠤᠨ ᠪᠡᠯᠡ ᠣᠷᠣᠭᠤᠯᠤᠯᠲᠠ ᠶᠢᠨ ᠬᠡᠮᠵᠢᠶ᠎ᠡ 38.89 ᠳ᠋ᠦᠩᠰᠢᠭᠤᠷ ᠲᠥᠭᠦᠷᠢᠭ ᠲᠤ ᠬᠦᠷᠴᠡᠢ᠃    ᠲᠤᠰ ᠤᠳᠠᠭᠠᠨ ᠤ ᠲᠠᠨᠢᠯᠴᠠᠭᠤᠯᠭ᠎ᠠ ᠶᠢᠨ ᠬᠤᠷᠠᠯ ᠳᠤ ᠪᠠᠰᠠ ︽ᠣᠣᠯ ᠠᠮᠳᠠᠳᠣ ᠤᠯᠠᠭᠠᠨᠴᠠᠪ︾ ᠤᠨ ᠲᠠᠷᠢᠶᠠᠯᠠᠩ ᠤᠨ ᠣᠨᠴᠠ ᠭᠠᠷᠤᠯᠲᠠ ᠶᠢᠨ ᠳᠡᠯᠭᠡᠨ ᠦᠵᠡᠭᠦᠯᠬᠦ ᠳᠡᠯᠭᠡᠨ ᠪᠣᠷᠣᠯᠠᠭᠤᠯᠬᠤ ᠭᠤᠭᠴᠤᠭ᠎ᠠ ᠶᠢ ᠲᠣᠬᠢᠷᠠᠭᠤᠯᠵᠤ᠂ ᠵᠢᠨᠢᠩ ᠲᠣᠭᠤᠷᠢᠭ ᠤᠨ 8 ᠠᠵᠤ ᠠᠬᠤᠶᠢᠯᠠᠯ ᠤᠨ ᠠᠵᠤ ᠦᠢᠯᠡᠰ ᠤᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠯᠠᠨ ᠭᠧ ᠭᠧ ᠰᠦ ᠶᠢᠨ ᠦᠢᠯᠡᠰ ᠤᠨ ᠬᠢᠵᠠᠭᠠᠷᠲᠤ ᠺᠣᠮᠫᠠᠨᠢ᠂ ᠤᠯᠠᠭᠠᠨᠴᠠᠪ ᠬᠤᠲᠠ ᠶᠢᠨ ᠼᠦᠢ ᠱᠢ ᠪᠠᠨ ᠢᠳᠡᠭᠡᠨ ᠤ ᠬᠢᠵᠠᠭᠠᠷᠲᠤ ᠺᠣᠮᠫᠠᠨᠢ᠂ ᠤᠯᠠᠭᠠᠨᠴᠠᠪ ᠬᠤᠳᠠ ᠶᠢᠨ ᠵᠢᠨᠢᠩ ᠲᠣᠭᠤᠷᠢᠭ ᠤᠨ ᠰᠢᠣᠸᠠᠢ ᠶᠤᠸᠠᠨ ᠰᠦ ᠶᠢᠨ ᠦᠢᠯᠡᠰ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠲᠠᠯ᠎ᠠ ᠨᠤᠲᠤᠭ ᠤᠨ ᠰᠢᠨ ᠯᠧ ᠰᠦ ᠶᠢᠨ ᠦᠢᠯᠡᠰ ᠤᠨ ᠬᠢᠵᠠᠭᠠᠷᠲᠤ ᠺᠣᠮᠫᠠᠨᠢ᠂ ᠤᠯᠠᠭᠠᠨᠴᠠᠪ ᠬᠤᠳᠠ ᠶᠢᠨ ᠵᠢᠨᠢᠩ ᠤᠨ ᠨᠠᠷᠠᠰᠤᠨ ᠨᠡᠷᠡᠬᠦ ᠦᠢᠯᠡᠰ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠮᠠ ᡁᠢ ᠴᠢᠤᠸᠠᠨ ᠯᠠᠯᠤ ᠶᠢᠨ ᠢᠳᠡᠭᠡᠨ ᠤ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠵᠢᠨᠢᠩ ᠤᠨ ᠯᠣᠣ ᠮᠠ ᠯᠠᠯᠤ ᠶᠢᠨ ᠢᠳᠡᠭᠡᠨ ᠤ ᠬᠢᠵᠠᠭᠠᠷᠲᠤ ᠺᠣᠮᠫᠠᠨᠢ︶ 60 ᠭᠠᠷᠤᠢ ᠲᠦᠷᠦᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠬᠤᠶᠢᠨ᠎ᠠ ᠬᠤᠶᠢᠨ᠎ᠠ ᠠᠴᠠ ᠪᠠᠨ ᠤᠯᠠᠨ ᠲᠠᠢ ᠵᠣᠯᠭᠠᠪᠠ᠃ ︽ᠣᠣᠯ ᠠᠮᠳᠠᠳᠣ ᠤᠯᠠᠭᠠᠨᠴᠠᠪ︾ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠳᠦᠷᠢ ᠲᠥᠷᠬᠦ ᠶᠢ ᠲᠥᠪᠯᠡᠷᠡᠭᠦᠯᠦᠨ ᠳᠡᠯᠭᠡᠷᠡᠭᠦᠯᠵᠦ ᠳᠡᠯᠭᠡᠨ ᠦᠵᠡᠭᠦᠯᠵᠦ᠂ ᠵᠢᠨᠢᠩ ᠲᠣᠭᠤᠷᠢᠭ ᠤᠨ ᠮᠠᠯ ᠤᠨ ᠠᠰᠢᠭ ᠰᠢᠮ᠎ᠡ ᠲᠠᠷᠢᠶᠠᠯᠠᠩ ᠶᠢᠨ ᠪᠦᠲᠦᠭᠡᠭᠳᠡᠬᠦᠨ ᠤ ᠠᠯᠳᠠᠷᠰᠢᠯ ᠪᠠ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃                        ᠤᠷᠴᠢᠭᠤᠯᠤᠭᠴᠢ᠄ ᠬᠦᠰᠡᠯ                        ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2