ᠤᠯᠠᠭᠠᠨᠴᠠᠪ ᠬᠤᠲᠠ ᠶᠢᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠬᠢᠭᠡᠳ 110 ᠴᠠᠭᠳᠠᠭ᠎ᠠ ᠳᠤ ᠮᠡᠳᠡᠭᠦᠯᠬᠦ ᠦᠢᠯᠡᠴᠢᠯᠡᠭᠡᠨ ᠤ ᠲᠠᠪᠴᠠᠩ ᠢ ᠥᠨᠳᠥᠷ ᠪᠦᠲᠦᠮᠵᠢᠲᠡᠶ ᠪᠠᠷ ᠵᠣᠯᠭᠠᠭᠤᠯᠵᠤ ᠬᠠᠮᠲᠤᠷᠠᠨ ᠬᠥᠳᠡᠯᠦᠯᠴᠡᠭᠦᠯᠬᠦ ᠶᠢᠨ ᠬᠡᠷᠡᠭᠵᠢᠭᠦᠯᠬᠦ ᠲᠥᠰᠥᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/6/27
ᠨᠢᠭᠡ᠂ ᠲᠤᠭᠤᠷᠪᠢᠭᠰᠠᠨ ᠠᠬᠤᠢ ᠪᠠᠶᠢᠳᠠᠯ   ᠣᠶᠢᠷ᠎ᠠ ᠶᠢᠨ ᠵᠢᠯ ᠳᠤ᠂ 12345 ᠪᠣᠯᠣᠨ 110 ᠡᠭᠦᠷᠭᠡ ᠬᠠᠷᠢᠭᠤᠴᠠᠯᠭ᠎ᠠ ᠶᠢᠨ ᠵᠠᠭᠠᠭ ᠬᠢᠵᠠᠭᠠᠷ ᠲᠣᠳᠣᠷᠬᠠᠢ ᠦᠭᠡᠢ᠂ ᠬᠤᠯᠪᠤᠭᠠᠯᠠᠨ ᠬᠥᠳᠡᠯᠦᠯᠴᠡᠬᠦ ᠲᠣᠭᠲᠠᠴᠠ ᠲᠡᠭᠦᠯᠳᠡᠷ ᠪᠤᠰᠤ᠂ ᠲᠤᠭ᠎ᠠ ᠪᠠᠷᠢᠮᠲᠠ ᠶᠢ ᠬᠠᠮᠳᠤᠪᠠᠷ ᠡᠳ᠋ᠯᠡᠬᠦ ᠨᠢ ᠭᠦᠢᠴᠡᠳ ᠪᠤᠰᠤ᠂ ᠮᠡᠳᠡᠭᠡ ᠵᠠᠩᠭᠢᠵᠢᠯᠲᠠ ᠶᠢᠨ ᠲᠤᠯᠭᠠᠭᠤᠷᠢᠯᠠᠯ ᠪᠠᠷᠢᠮᠵᠢᠶ᠎ᠠ ᠳᠤ ᠬᠦᠷᠬᠦ ᠦᠭᠡᠢ ᠵᠢᠴᠢ 12345 ᠪᠣᠯᠣᠨ 110 ᠬᠤᠯᠪᠤᠭᠠᠯᠠᠨ ᠬᠥᠳᠡᠯᠦᠯᠴᠡᠬᠦ ᠠᠵᠢᠯ ᠤᠨ ᠦᠷ᠎ᠡ ᠪᠦᠲᠦᠮᠵᠢ  ᠳᠤᠤᠷ᠎ᠠ᠂ ᠴᠠᠭᠳᠠᠭᠠᠨ ᠤ ᠶᠠᠪᠤᠳᠠᠯ ᠤᠨ ᠪᠤᠰᠤ ᠶᠠᠪᠤᠳᠠᠯ ᠨᠢ ᠴᠠᠭᠳᠠᠭᠠᠨ ᠤ ᠬᠦᠴᠦᠨ ᠤ ᠡᠬᠢ ᠪᠠᠶᠠᠯᠢᠭ ᠢ ᠡᠵᠡᠯᠡᠨ ᠬᠡᠷᠡᠭᠯᠡᠬᠦ ᠪᠠᠶᠢᠳᠠᠯ ᠮᠥᠨ ᠬᠦ ᠨᠡᠯᠢᠶᠡᠳ ᠲᠦᠭᠡᠮᠡᠯ ᠣᠷᠣᠰᠢᠵᠤ ᠪᠠᠶᠢᠨ᠎ᠠ᠃ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠬᠢᠭᠡᠳ 110 ᠴᠠᠭᠳᠠᠭ᠎ᠠ ᠳᠤ ᠮᠡᠳᠡᠭᠦᠯᠬᠦ ᠦᠢᠯᠡᠴᠢᠯᠡᠭᠡᠨ ᠤ ᠲᠠᠪᠴᠠᠩ ᠢ ᠥᠨᠳᠥᠷ ᠪᠦᠲᠦᠮᠵᠢᠲᠡᠶ ᠪᠠᠷ ᠵᠣᠯᠭᠠᠭᠤᠯᠵᠤ ᠬᠠᠮᠲᠤᠷᠠᠨ ᠬᠥᠳᠡᠯᠦᠯᠴᠡᠬᠦ ᠶᠢ ᠠᠬᠢᠭᠤᠯᠬᠤ ᠲᠤᠬᠠᠢ ᠰᠠᠨᠠᠯ︾ ︵ᠲᠥᠷᠥ ᠠᠯᠪᠠᠨ ᠲᠠᠷᠬᠠᠭᠠᠭᠰᠠᠨ ﹇2022﹈ 12 ᠳ᠋ᠤᠭᠠᠷ ᠲᠣᠭᠠᠲᠤ︶ ᠪᠠ ᠥᠪᠡᠷᠲᠡᠭᠡᠨ ᠵᠠᠰᠠᠬᠤ ᠣᠷᠣᠨ ᠤ ᠠᠯᠪᠠᠨ ᠲᠢᠩᠬᠢᠮ ᠤᠨ ︽ᠥᠪᠡᠷᠲᠡᠭᠡᠨ ᠵᠠᠰᠠᠬᠤ ᠣᠷᠣᠨ ᠤ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠬᠢᠭᠡᠳ 110 ᠴᠠᠭᠳᠠᠭ᠎ᠠ ᠳᠤ ᠮᠡᠳᠡᠭᠦᠯᠬᠦ ᠦᠢᠯᠡᠴᠢᠯᠡᠭᠡᠨ ᠤ ᠲᠠᠪᠴᠠᠩ ᠢ ᠥᠨᠳᠥᠷ ᠪᠦᠲᠦᠮᠵᠢᠲᠡᠶ ᠵᠣᠯᠭᠠᠭᠤᠯᠵᠤ ᠬᠠᠮᠲᠤᠷᠠᠨ ᠬᠥᠳᠡᠯᠦᠯᠴᠡᠬᠦ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2022﹈ 89 ᠳ᠋ᠤᠭᠡᠷ ᠲᠣᠭᠠᠲᠤ︶ ᠢ ᠳᠠᠷᠤᠮᠠᠯᠯᠠᠨ ᠲᠠᠷᠬᠠᠭᠠᠪᠠ᠃ ᠡᠯ᠎ᠡ ᠭᠠᠵᠠᠷ ᠣᠷᠣᠨ ᠤ ᠬᠢᠨ 12345 ᠪᠣᠯᠣᠨ 110 ᠤᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠣᠯᠭᠠᠭᠤᠯᠵᠤ ᠬᠠᠮᠲᠤᠷᠠᠨ ᠬᠥᠳᠡᠯᠦᠯᠴᠡᠬᠦ ᠲᠣᠭᠲᠠᠴᠠ ᠶᠢᠨ ᠤᠷᠤᠭᠰᠢᠲᠠᠢ ᠶᠠᠪᠤᠭᠳᠠᠬᠤ ᠪᠠᠷ ᠬᠠᠷᠠᠯᠲᠠ ᠪᠣᠯᠭᠠᠵᠤ᠂ ᠰᠠᠯᠭᠠᠨ ᠶᠠᠪᠤᠭᠤᠯᠵᠤ ᠬᠠᠮᠲᠤᠷᠠᠨ ᠬᠥᠳᠡᠯᠦᠯᠴᠡᠬᠦ ᠵᠦᠢᠯᠡᠰ ᠢ ᠥᠨᠳᠥᠷ ᠪᠦᠲᠦᠮᠵᠢᠲᠡᠶ ᠪᠠᠷ ᠭᠦᠢᠴᠡᠳᠬᠡᠬᠦ ᠪᠠᠷ ᠭᠤᠣᠯᠳᠠᠯᠭ᠎ᠠ ᠪᠣᠯᠭᠠᠨ᠂ ᠲᠠᠪᠴᠠᠩ ᠤᠨ ᠳ᠋ᠠᠶᠢᠲ᠋ᠠ ᠶᠢ ᠣᠶᠤᠨᠴᠢ ᠪᠠᠷ ᠬᠡᠷᠡᠭᠯᠡᠬᠦ ᠪᠠᠷ ᠲᠤᠯᠭᠠᠭᠤᠷᠢᠯᠠᠯ ᠪᠣᠯᠭᠠᠵᠤ᠂ ᠡᠭᠦᠷᠭᠡ ᠬᠠᠷᠢᠭᠤᠴᠠᠯᠭ᠎ᠠ ᠲᠣᠳᠣᠷᠬᠠᠢ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠭᠰᠡᠨ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠭᠰᠠᠨ᠂ 12345 ᠪᠣᠯᠣᠨ 110 ᠢ ᠥᠨᠳᠥᠷ ᠪᠦᠲᠦᠮᠵᠢᠲᠡᠶ ᠲᠦᠬᠦᠮ ᠲᠦᠳᠡ ᠵᠣᠯᠭᠠᠭᠤᠯᠵᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠲᠦᠷᠭᠡᠳᠬᠡᠨ ᠪᠠᠶᠢᠭᠤᠯᠬᠤ ᠬᠡᠷᠡᠭᠲᠡᠢ ᠭᠡᠵᠦ ᠱᠠᠭᠠᠷᠳᠠᠪᠠ᠃ᠬᠤᠶᠠᠷ᠂ ᠦᠨᠳᠦᠰᠦᠨ ᠰᠡᠳᠬᠢᠴᠡ ᠶᠢ ᠲᠤᠭᠤᠷᠪᠢᠨ ᠪᠢᠴᠢᠬᠦ ᠬᠡᠷᠡᠭᠲᠡᠢ   ᠨᠢᠭᠡ ᠳᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠢᠯ ᠶᠠᠪᠤᠳᠠᠯ ᠭᠦᠢᠴᠡᠳᠬᠡᠬᠦ ᠳᠤ ᠲᠥᠬᠦᠮ᠂ ᠬᠠᠤᠯᠢ ᠪᠠᠷ ᠵᠠᠰᠠᠬᠤ ᠪᠠᠷ ᠰᠠᠶᠢᠨ᠂ ᠥᠪᠡᠷ ᠤᠨ ᠥᠷᠲᠡᠭ ᠤᠨ ᠥᠷᠢᠰᠦᠯᠳᠦᠬᠦ ᠬᠦᠴᠦᠨ ᠢᠶᠠᠷ ᠴᠢᠩᠭ᠎ᠠ᠂ ᠠᠮᠢ ᠠᠬᠤᠢ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠡᠵᠡᠩᠨᠡᠯᠲᠡ ᠶᠢᠨ ᠣᠷᠴᠢᠨ ᠨᠥᠬᠦᠴᠡᠯ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃   ᠬᠤᠶᠠᠷ ᠲᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠤ ᠠᠬᠤᠶᠢᠯᠠᠯ ᠪᠣᠯᠣᠨ ᠤᠯᠠᠨ ᠲᠦᠮᠡᠨ ᠤ ᠲᠤᠰᠬᠠᠭᠰᠠᠨ ᠡᠯ᠎ᠡ ᠲᠦᠷᠦᠯ ᠤᠨ ᠭᠤᠶᠤᠴᠢᠯᠠᠯ ᠱᠠᠭᠠᠷᠳᠠᠯᠭ᠎ᠠ ᠶᠢ ᠴᠠᠭ ᠲᠤᠬᠠᠢ ᠳᠤᠨᠢ ᠰᠢᠢᠳᠪᠦᠷᠢᠯᠡᠵᠦ᠂ 12345 ᠪᠣᠯᠣᠨ 110 ᠵᠡᠷᠭᠡ ᠪᠠᠴᠢᠮ ᠲᠦᠷᠦᠯ ᠤᠨ   ᠦᠢᠯᠡᠴᠢᠯᠡᠭᠡᠨ ᠤ ᠲᠠᠪᠴᠠᠩ ᠤᠨ ᠵᠣᠯᠭᠠᠯᠴᠠᠭ᠎ᠠ ᠢᠯᠭᠤᠮ ᠪᠤᠰᠤ᠂ ᠨᠡᠪᠲᠡᠷᠡᠯᠴᠡᠭᠡ ᠤᠳᠠᠭᠠᠨ᠂ ᠬᠤᠯᠪᠤᠭᠠᠯᠠᠨ ᠬᠥᠳᠡᠯᠦᠯᠴᠡᠬᠦ ᠪᠠᠷ ᠳᠤᠲᠠᠮᠠᠭ ᠵᠡᠷᠭᠡ ᠲᠣᠪᠣᠶᠢᠮ᠎ᠠ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠠᠵᠢᠯ ᠤᠨ ᠵᠣᠬᠢᠴᠠᠭᠤᠯᠭ᠎ᠠ ᠵᠢᠴᠢ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠲᠣᠭᠲᠠᠴᠠ ᠶᠢ ᠪᠠᠶᠢᠭᠤᠯᠤᠨ᠎ᠠ᠃   ᠭᠤᠷᠪᠠ ᠳᠤ᠂ 12345 ᠪᠣᠯᠣᠨ 110 ᠶᠢ ᠵᠣᠯᠭᠠᠭᠤᠯᠤᠨ ᠬᠤᠯᠪᠣᠯᠳᠤᠭᠤᠯᠬᠤ ᠲᠥᠰᠥᠯ ᠢ ᠴᠢᠨᠠᠭᠰᠢᠳᠠ ᠪᠠᠶᠢᠭᠤᠯᠤᠨ ᠲᠡᠭᠦᠯᠳᠡᠷᠵᠢᠭᠦᠯᠵᠦ᠂ ᠪᠦᠬᠦ ᠶᠠᠪᠤᠴᠠ ᠶᠢᠨ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠴᠠᠭᠳᠠᠭᠠᠨ ᠤ ᠶᠠᠪᠤᠳᠠᠯ ᠤᠨ ᠪᠤᠰᠤ ᠲᠤᠰᠠᠯᠠᠮᠵᠢ ᠭᠤᠶᠤᠴᠢᠯᠠᠬᠤ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠪᠠᠷ ᠰᠠᠯᠭᠠᠬᠤ ᠶᠢ ᠪᠡᠶᠡᠯᠡᠭᠦᠯᠵᠦ᠂ ᠭᠡᠨᠡᠳᠲᠡ ᠶᠢᠨ ᠴᠠᠭᠳᠠᠭᠠᠨ ᠤ ᠪᠠᠶᠢᠳᠠᠯ ᠢ ᠲᠦᠷᠭᠡᠨ ᠪᠥᠭᠡᠳ ᠪᠦᠲᠦᠮᠵᠢᠲᠡᠢ ᠰᠢᠢᠳᠪᠦᠷᠢᠯᠡᠨ᠎ᠡ᠃ᠭᠤᠷᠪᠠ᠂ ︽ᠬᠡᠷᠡᠭᠵᠢᠭᠦᠯᠬᠦ ᠲᠥᠰᠥᠯ︾ ᠳᠤ ᠳᠤᠷᠠᠳᠤᠭᠰᠠᠨ ᠪᠣᠳᠠᠲᠠᠢ ᠠᠷᠭ᠎ᠠ ᠬᠡᠮᠵᠢᠶ᠎ᠡ   ᠨᠢᠭᠡ ᠳᠤ᠂ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ 12345 ᠪᠠ 110 ᠶᠢᠨ ᠭᠥᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ ᠶᠢ ᠲᠣᠳᠣᠷᠬᠠᠢ ᠲᠣᠭᠲᠠᠭᠠᠪᠠ᠃ 12345 ᠪᠣᠯ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠣᠷᠳᠣᠨ ᠤ ᠬᠠᠮᠢᠶᠠᠷᠤᠯᠲᠠ ᠪᠠ ᠦᠢᠯᠡᠴᠢᠯᠡᠭᠡ ᠶᠢᠨ ᠲᠤᠬᠠᠢ ᠠᠵᠤ ᠠᠬᠤᠶᠢᠯᠠᠯ ᠪᠠ ᠣᠯᠠᠨ ᠲᠦᠮᠡᠨ ᠤ ᠪᠠᠴᠢᠮ ᠪᠤᠰᠤ ᠭᠤᠮᠣᠳᠠᠯ ᠱᠠᠭᠠᠷᠳᠠᠯᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠠᠷᠠᠳ ᠲᠤ ᠲᠥᠬᠦᠮ ᠦᠵᠡᠭᠦᠯᠬᠦ ᠬᠠᠯᠠᠭᠤᠨ ᠤᠲᠠᠰᠤᠨ ᠤ ᠲᠠᠪᠴᠠᠩ ᠮᠥᠨ᠂ 110 ᠪᠣᠯ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠵᠤ ᠠᠬᠤᠶᠢᠯᠠᠯ ᠪᠠ ᠣᠯᠠᠨ ᠲᠦᠮᠡᠨ ᠤ ᠲᠦᠭᠰᠢᠭᠦᠷᠢ ᠮᠡᠳᠡᠭᠦᠯᠬᠦ᠂ ᠪᠠᠴᠢᠮ ᠲᠤᠰᠠᠯᠠᠮᠵᠢ ᠭᠤᠶᠤᠴᠢᠯᠠᠬᠤ ᠪᠠ ᠴᠠᠭᠳᠠᠭᠠᠨ ᠤ ᠶᠠᠪᠤᠳᠠᠯ ᠤᠨ ᠵᠠᠭᠠᠯᠳᠤᠯᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠲᠦᠭᠰᠢᠭᠦᠷᠢ ᠮᠡᠳᠡᠭᠦᠯᠬᠦ ᠦᠢᠯᠡᠴᠢᠯᠡᠭᠡᠨ ᠤ ᠲᠠᠪᠴᠠᠩ ᠮᠥᠨ᠃ ᠡᠭᠦᠨ ᠤ ᠬᠠᠮᠲᠤ᠂ 12345 ᠪᠣᠯᠣᠨ 110 ᠬᠤᠪᠢ ᠶᠢᠨ ᠡᠷᠭᠢᠯᠲᠡ ᠶᠢᠨ ᠬᠡᠷᠡᠭ ᠶᠠᠪᠤᠳᠠᠯ ᠢ ᠰᠢᠢᠳᠪᠦᠷᠢᠯᠡᠬᠦ ᠲᠣᠳᠣᠷᠬᠠᠢ ᠬᠠᠭᠤᠳᠠᠰᠤ ᠶᠢ ᠲᠣᠭᠲᠠᠭᠠᠵᠤ᠂ ᠡᠯ᠎ᠡ ᠲᠠᠯ᠎ᠠ ᠶᠢᠨ ᠡᠭᠦᠷᠭᠡ ᠬᠠᠷᠢᠭᠤᠴᠠᠯᠭ᠎ᠠ ᠶᠢᠨ ᠵᠠᠭᠠᠭ ᠬᠢᠵᠠᠭᠠᠷ ᠢ ᠲᠣᠳᠣᠷᠬᠠᠢ ᠪᠣᠯᠭᠠᠪᠠ᠃   ᠬᠤᠶᠠᠷ ᠲᠤ᠂ ᠬᠤᠤᠰ ᠴᠢᠭᠯᠡᠯ ᠢᠶᠠᠷ ᠰᠠᠯᠭᠠᠨ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ ᠃ ᠡᠭᠦᠨ ᠳᠤ ᠨᠢᠭᠡ ᠳᠠᠷᠤᠪᠴᠢ ᠪᠠᠷ ᠬᠠᠷᠢᠯᠴᠠᠨ ᠳᠠᠮᠵᠢᠭᠤᠯᠬᠤ᠂ ᠭᠤᠷᠪᠠᠨ ᠲᠠᠯ᠎ᠠ ᠪᠠᠷ ᠢᠶᠠᠨ ᠤᠲᠠᠰᠤ ᠪᠠᠷ ᠶᠠᠷᠢᠯᠴᠠᠬᠤ᠂ ᠰᠢᠰᠲ᠋ᠧᠮ ᠲᠠᠢ ᠬᠦᠷᠭᠡᠬᠦ᠂ ᠲᠤᠰᠬᠠᠢ ᠰᠠᠭᠤᠳᠠᠯ ᠢᠶᠠᠷ ᠬᠠᠮᠲᠤᠷᠠᠨ ᠬᠥᠳᠡᠯᠦᠯᠴᠡᠬᠦ ᠵᠡᠷᠭᠡ ᠲᠣᠭᠲᠠᠴᠠ ᠪᠠᠭᠲᠠᠨ᠎ᠠ᠃ ︽ᠬᠡᠷᠡᠭᠵᠢᠭᠦᠯᠬᠦ ᠲᠥᠰᠥᠯ︾ ᠳᠤ ᠲᠣᠳᠣᠷᠬᠠᠢ ᠲᠣᠭᠲᠠᠭᠠᠭᠰᠠᠨ ᠨᠢ᠂ 12345 ᠪᠤᠶᠤ 110 ᠨᠢ ᠲᠤᠬᠠᠶᠢᠯᠠᠭᠰᠠᠨ ᠠᠵᠢᠯ ᠤᠨ ᠭᠥᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠪᠠᠭᠲᠠᠬᠤ ᠵᠦᠢᠯᠡᠰ ᠢ ︽ᠨᠢᠭᠡ ᠯᠡ ᠳᠠᠷᠤᠪᠴᠢ ᠪᠠᠷ ᠳᠠᠮᠵᠢᠭᠤᠯᠤᠨ ᠵᠠᠯᠭᠠᠬᠤ︾ ︽ᠭᠤᠷᠪᠠᠨ ᠲᠠᠯ᠎ᠠ ᠪᠠᠷ ᠢᠶᠠᠨ ᠤᠲᠠᠰᠤ ᠪᠠᠷ ᠶᠠᠷᠢᠯᠴᠠᠬᠤ︾ ︽ᠰᠢᠰᠲ᠋ᠧᠮ ᠢᠶᠠᠷ ᠬᠦᠷᠭᠡᠬᠦ︾ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠠᠷᠢᠯᠴᠠᠨ ᠳᠠᠮᠵᠢᠭᠤᠯᠬᠤ ᠬᠡᠷᠡᠭᠲᠡᠢ᠃12345 ᠪᠣᠯᠣᠨ 110 ᠶᠢ ᠲᠣᠰ ᠲᠣᠰ ᠨᠥᠭᠦᠭᠡ ᠡᠲᠡᠭᠡᠳ ᠤᠨ ᠢᠶᠠᠨ ᠳ᠋ᠢᠶᠠᠩᠬᠤᠸᠠ ᠵᠠᠯᠭᠠᠯᠲᠠ ᠶᠢᠨ ᠶᠡᠭᠡ ᠲᠢᠩᠬᠢᠮ ᠳᠤ ᠵᠣᠯᠭᠠᠭᠤᠯᠵᠤ ᠬᠠᠮᠲᠤᠷᠠᠨ ᠬᠥᠳᠡᠯᠦᠯᠴᠡᠬᠦ ᠲᠤᠰᠬᠠᠢ ᠰᠠᠭᠤᠳᠠᠯ ᠭᠠᠷᠭᠠᠵᠤ᠂ ᠪᠠᠶᠢᠳᠠᠯ ᠢ ᠦᠵᠡᠵᠦ ᠬᠠᠷᠢᠯᠴᠠᠨ ᠬᠥᠮᠥᠨ ᠲᠣᠮᠢᠯᠠᠨ ᠲᠤᠰᠬᠠᠢ ᠡᠭᠡᠯᠵᠢ ᠶᠢᠨ ᠵᠢᠵᠢᠭᠦᠷᠯᠡᠨ ᠰᠠᠬᠢᠬᠤ ᠶᠢ ᠲᠦᠯᠬᠢᠨ ᠠᠬᠢᠭᠤᠯᠵᠤ᠂ ᠠᠵᠢᠯ ᠤᠨ ᠬᠠᠭᠤᠳᠠᠰᠤ ᠶᠢᠨ ᠴᠠᠭᠳᠠᠭᠠᠨ ᠤ ᠬᠠᠭᠤᠳᠠᠰᠤ ᠶᠢ ᠡᠷᠭᠢᠯᠲᠡ ᠳᠤ ᠣᠷᠣᠭᠤᠯᠬᠤ ᠶᠢ ᠭᠦᠢᠴᠡᠳᠬᠡᠬᠦ ᠵᠢᠷᠤᠮᠵᠢᠯ ᠤᠨ ᠪᠣᠭᠤᠮᠲᠠ᠂ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠠᠵᠢᠯ ᠤᠨ ᠬᠠᠭᠤᠳᠠᠰᠤ ᠶᠢᠨ ᠴᠠᠭᠳᠠᠭᠠᠨ ᠤ ᠬᠠᠭᠤᠳᠠᠰᠤ ᠶᠢ ᠡᠷᠭᠢᠯᠲᠡ ᠳᠤ ᠣᠷᠣᠭᠤᠯᠬᠤ ᠶᠢ ᠭᠦᠢᠴᠡᠳᠬᠡᠬᠦ ᠶᠠᠰᠤ ᠴᠢᠨᠠᠷ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠦᠨ᠎ᠡ᠃   ᠭᠤᠷᠪᠠ ᠳᠤ᠂ ᠵᠣᠯᠭᠠᠭᠤᠯᠵᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠡᠭᠦᠨ ᠳᠤ ᠡᠷᠭᠢᠯᠲᠡ ᠶᠢᠨ ᠠᠯᠪᠠᠨ ᠭᠡᠷ ᠤᠨ ᠲᠣᠭᠲᠠᠴᠠ᠂ ᠡᠳᠦᠷ ᠲᠤᠲᠤᠮ ᠤᠨ ᠬᠠᠮᠲᠤᠷᠠᠨ ᠬᠥᠳᠡᠯᠦᠯᠴᠡᠬᠦ ᠲᠣᠭᠲᠠᠴᠠ᠂ ᠪᠠᠴᠢᠮ ᠪᠠᠶᠢᠳᠠᠯ ᠢ ᠠᠷᠭᠠᠴᠠᠬᠤ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ᠂ ︽ᠬᠤᠣᠰ ᠬᠠᠷᠠᠭᠤᠯ︾ ᠤᠨ ᠬᠠᠮᠲᠤᠷᠠᠨ ᠰᠢᠢᠳᠪᠦᠷᠢᠯᠡᠬᠦ ᠲᠣᠭᠲᠠᠴᠠ᠂ ᠵᠥᠪᠳᠡᠯᠴᠡᠨ ᠰᠣᠯᠢᠯᠴᠠᠬᠤ ᠲᠣᠭᠲᠠᠴᠠ᠂ ᠰᠢᠮᠳᠠᠭᠤᠯᠤᠨ ᠭᠦᠢᠴᠡᠳᠬᠡᠬᠦ ᠲᠣᠭᠲᠠᠴᠠ᠂ ᠲᠥᠷᠥᠯ ᠬᠤᠪᠢᠶᠠᠨ ᠬᠢᠨᠠᠯᠲᠠ ᠲᠠᠯᠪᠢᠵᠤ ᠬᠢᠨᠠᠨ ᠰᠢᠯᠭᠠᠬᠤ ᠲᠣᠭᠲᠠᠴᠠ ᠵᠡᠷᠭᠡ ᠪᠠᠭᠲᠠᠨ᠎ᠠ᠃ ︽ᠬᠡᠷᠡᠭᠵᠢᠭᠦᠯᠬᠦ ᠲᠥᠰᠥᠯ︾ ᠳᠤ ᠲᠣᠳᠣᠷᠬᠠᠢ ᠲᠣᠭᠲᠠᠭᠠᠭᠰᠠᠨ ᠨᠢ᠂ ᠬᠠᠷᠢᠶᠠᠯᠠᠯ ᠤᠨ ᠮᠠᠷᠭᠤᠯᠳᠤᠭᠠᠨ ᠣᠷᠣᠰᠢᠵᠤ ᠪᠠᠶᠢᠬᠤ᠂ ᠲᠤᠰᠢᠶᠠᠯ ᠬᠠᠷᠢᠭᠤᠴᠠᠯᠭ᠎ᠠ ᠶᠢᠨ ᠵᠠᠭᠠᠭ ᠬᠢᠵᠠᠭᠠᠷ ᠲᠤ ᠰᠡᠵᠢᠭ ᠲᠠᠢ ᠪᠠᠶᠢᠬᠤ ᠣᠯᠠᠨ ᠤᠳᠠᠭᠠᠨ ᠤ ᠭᠤᠮᠣᠳᠠᠯ ᠲᠣᠭᠠᠴᠢᠯᠲᠠ ᠶᠢᠨ ᠵᠦᠢᠯᠡᠰ ᠢ ᠴᠠᠭ ᠲᠤᠬᠠᠢ ᠳᠤᠨᠢ ᠬᠤᠯᠪᠣᠭᠳᠠᠯ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠢ ᠴᠤᠭᠯᠠᠭᠤᠯᠤᠨ ᠰᠤᠳᠤᠯᠤᠨ ᠵᠥᠪᠳᠡᠯᠴᠡᠬᠦ ᠬᠡᠷᠡᠭᠲᠡᠢ᠃   ᠳᠥᠷᠪᠡ ᠳᠤ᠂ ᠰᠢᠰᠲ᠋ᠧᠮ ᠤᠨ ᠲᠤᠯᠭᠠᠭᠤᠷᠢᠯᠠᠯ ᠪᠠ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠬᠡᠷᠡᠭᠯᠡᠭᠡ ᠶᠢ ᠰᠢᠯᠢᠳᠡᠭᠵᠢᠭᠦᠯᠦᠨ᠎ᠡ᠃ ᠲᠠᠪᠴᠠᠩ ᠤᠨ ᠠᠭᠤᠰᠤᠯᠴᠠᠨ ᠨᠡᠪᠲᠡᠷᠡᠯᠴᠡᠬᠦ ᠶᠢ ᠠᠬᠢᠭᠤᠯᠵᠤ᠂ ᠲᠠᠪᠴᠠᠩ ᠤᠨ ᠠᠭᠤᠰᠤᠯᠴᠠᠨ ᠨᠡᠪᠲᠡᠷᠡᠯᠴᠡᠬᠦ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ ᠪᠠ ᠲᠤᠬᠠᠶᠢᠯᠠᠭᠰᠠᠨ ᠠᠵᠢᠯ ᠤᠨ ᠴᠤᠪᠤᠷᠠᠯ ᠢ ᠲᠣᠳᠣᠷᠬᠠᠶᠢᠯᠠᠨ᠎ᠠ᠃12345 ᠪᠠ 110 ᠰᠢᠰᠲ᠋ᠧᠮ ᠤᠨ ᠲᠤᠭ᠎ᠠ ᠪᠠᠷᠢᠮᠲᠠ ᠶᠢᠨ ᠴᠤᠭᠯᠠᠷᠠᠯ ᠢ ᠠᠬᠢᠭᠤᠯᠵᠤ᠂ ᠲᠤᠭ᠎ᠠ ᠪᠠᠷᠢᠮᠲᠠ ᠶᠢᠨ ᠵᠠᠳᠠᠯᠤᠯᠲᠠ ᠶᠢᠨ ᠦᠷ᠎ᠡ ᠪᠦᠲᠦᠭᠡᠯ ᠢ ᠶᠡᠷᠦᠩᠬᠡᠶᠢᠯᠡᠨ ᠬᠡᠷᠡᠭᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠤᠮᠣᠳᠠᠯ ᠱᠠᠭᠠᠷᠳᠠᠯᠭ᠎ᠠ ᠪᠠ ᠴᠠᠭᠳᠠᠭᠠᠨ ᠤ ᠪᠠᠶᠢᠳᠠᠯ ᠤᠨ ᠲᠤᠭ᠎ᠠ ᠪᠠᠷᠢᠮᠲᠠ ᠶᠢ ᠠᠭᠤᠰᠤᠯᠴᠠᠭᠤᠯᠤᠨ ᠰᠤᠳᠤᠯᠤᠨ ᠮᠠᠭᠠᠳᠯᠠᠬᠤ ᠶᠢ ᠪᠠᠶᠢᠩᠭᠤᠵᠢᠭᠤᠯᠤᠨ ᠥᠷᠨᠢᠭᠦᠯᠦᠨ᠎ᠡ᠃ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠡᠷᠡᠭᠯᠡᠯᠲᠡ ᠶᠢ ᠴᠢᠩᠭᠠᠳᠬᠠᠵᠤ᠂ ᠮᠡᠳᠡᠭᠡ ᠵᠠᠩᠭᠢ ᠶᠢᠨ ᠰᠢᠰᠲ᠋ᠧᠮ ᠤᠨ ᠠᠵᠢᠯᠯᠠᠭᠠᠨ ᠤ ᠠᠮᠤᠷ ᠲᠦᠪᠰᠢᠨ ᠪᠠ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠭᠥᠷᠳᠡᠵᠦ ᠰᠣᠯᠢᠯᠴᠠᠬᠤ ᠲᠤᠭ᠎ᠠ ᠪᠠᠷᠢᠮᠲᠠ ᠶᠢᠨ ᠠᠮᠤᠷ ᠲᠦᠪᠰᠢᠨ ᠢ  ᠪᠠᠲᠤᠯᠠᠨ᠎ᠠ᠃ᠳᠥᠷᠪᠡ᠂ ︽ᠬᠡᠷᠡᠭᠵᠢᠭᠦᠯᠬᠦ ᠲᠥᠰᠥᠯ︾ ᠤᠨ ᠰᠢᠨ᠎ᠡ ᠶᠢ ᠡᠭᠦᠳᠦᠭᠰᠡᠨ ᠬᠢᠯᠠᠰ ᠴᠡᠭ   12345 ᠬᠢᠭᠡᠳ 110 ᠶᠢ ᠵᠣᠯᠭᠠᠭᠤᠯᠵᠤ ᠬᠠᠮᠲᠤᠷᠠᠨ ᠬᠥᠳᠡᠯᠦᠯᠴᠡᠬᠦ ︽ᠬᠤᠣᠰ ᠬᠠᠷᠠᠭᠤᠯ︾ ᠤᠨ ᠬᠠᠮᠲᠤᠷᠠᠨ ᠭᠦᠢᠴᠡᠳᠬᠡᠬᠦ ᠬᠠᠮᠲᠤᠷᠠᠨ ᠰᠢᠢᠳᠪᠦᠷᠢᠯᠡᠬᠦ᠂ ᠰᠢᠮᠳᠠᠭᠤᠯᠤᠨ ᠭᠦᠢᠴᠡᠳᠬᠡᠬᠦ᠂ ᠲᠥᠷᠥᠯ ᠬᠤᠪᠢᠶᠠᠨ ᠬᠢᠨᠠᠯᠲᠠ ᠲᠠᠯᠪᠢᠵᠤ ᠰᠢᠯᠭᠠᠨ ᠬᠢᠨᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠤᠯᠪᠣᠭᠳᠠᠯ ᠪᠦᠬᠦᠢ ᠠᠵᠢᠯ ᠢ ᠵᠠᠰᠠᠭ ᠤᠨ ᠣᠷᠳᠣᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠤ ᠣᠷᠣᠭᠤᠯᠤᠨ᠎ᠠ᠃ ᠲᠤᠰᠬᠠᠢ ᠮᠡᠷᠭᠡᠵᠢᠯ ᠤᠨ ᠴᠢᠨᠠᠷ ᠢᠶᠠᠷ ᠴᠢᠩᠭ᠎ᠠ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠭᠠᠯ ᠤᠨᠲᠠᠷᠠᠭᠠᠬᠤ᠂ ᠵᠠᠮ ᠬᠠᠷᠢᠯᠴᠠᠭᠠᠨ ᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠢᠯᠴᠢ ᠬᠠᠩᠭᠠᠬᠤ᠂ ᠤᠰᠤ ᠬᠠᠩᠭᠠᠬᠤ ᠵᠡᠷᠭᠡ ᠬᠠᠮᠲᠤᠷᠠᠨ ᠬᠥᠳᠡᠯᠦᠯᠴᠡᠬᠦ ᠰᠠᠯᠠᠭ᠎ᠠ ᠮᠥᠴᠢᠷ ︵ᠨᠢᠭᠡᠴᠢ︶ ᠯᠦᠭᠡ ᠶᠢᠨ ᠪᠠᠴᠢᠮ ᠪᠠᠶᠢᠳᠠᠯ ᠢ ᠠᠷᠭᠠᠴᠠᠬᠤ ᠬᠠᠮᠲᠤᠷᠠᠨ ᠬᠥᠳᠡᠯᠦᠯᠴᠡᠬᠦ ᠡᠩᠨᠡᠭᠡ ᠶᠢ ᠪᠠᠶᠢᠭᠤᠯᠤᠨ᠎ᠠ᠃
 
ᠢᠷᠡᠯᠲᠡ᠄ ᠤᠯᠠᠭᠠᠨᠴᠠᠪ ᠬᠤᠳᠠ ᠶᠢᠨ ᠠᠡᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2