| | | ᠡᠨᠡ ᠵᠢᠯ ᠤᠨ 6 ᠰᠠᠷ᠎ᠠ ᠶᠢᠨ 25 ᠤ ᠡᠳᠦᠷ ᠪᠣᠯ ᠪᠥᠬᠦ ᠤᠯᠤᠰ ᠤᠨ 33 ᠳ᠋ᠤᠭᠠᠷ ᠤᠳᠠᠭᠠᠨ ᠤ ᠭᠠᠵᠠᠷ | ᠰᠢᠷᠣᠢ ᠶᠢᠨ ᠡᠳᠦᠷ ᠪᠣᠯᠣᠨ᠎ᠠ᠂ ᠠᠵᠢᠯᠯᠠᠭ᠎ᠠ ᠶᠢᠨ ᠭᠤᠣᠯ ᠰᠡᠳᠦᠪ ᠨᠢ ︽ᠭᠠᠵᠠᠷ ᠰᠢᠷᠣᠢ ᠶᠢ ᠠᠷᠪᠢᠲᠠᠢ ᠡᠷᠴᠢᠮᠯᠢᠭ | ᠬᠡᠷᠡᠭᠯᠡᠵᠦ ᠲᠠᠷᠢᠶᠠᠨ ᠭᠠᠵᠠᠷ ᠤᠨ ᠤᠯᠠᠭᠠᠨ ᠱᠤᠭᠤᠮ ᠢ ᠴᠢᠩᠭ᠎ᠠ ᠰᠠᠬᠢᠬᠤ︾ ᠪᠣᠯᠣᠨ᠎ᠠ᠃ ᠲᠤᠬᠠᠢ ᠶᠢᠨ ᠡᠳᠦᠷ ᠤᠨ | ᠦᠳᠡ ᠶᠢᠨ ᠡᠮᠦᠨ᠎ᠡ᠂ ᠬᠤᠸᠠᠳᠧ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ 40 ᠭᠠᠷᠤᠢ ᠺᠠᠳ᠋ᠷ | ᠠᠵᠢᠯᠲᠠᠨ ᠢ ᠵᠣᠬᠢᠶᠠᠨ ᠪᠠᠶᠢᠭᠤᠯᠵᠤ ᠰᠢᠶᠠᠨ ᠤ ᠠᠷᠠᠳ ᠤᠨ ᠲᠠᠯᠠᠪᠠᠶ ᠳᠤ ︽ᠭᠠᠵᠠᠷ ᠰᠢᠷᠣᠢ ᠶᠢ ᠠᠷᠪᠢᠲᠠᠢ ᠡᠷᠴᠢᠮᠯᠢᠭ | ᠬᠡᠷᠡᠭᠯᠡᠵᠦ ᠲᠠᠷᠢᠶᠠᠨ ᠭᠠᠵᠠᠷ ᠤᠨ ᠤᠯᠠᠭᠠᠨ ᠱᠤᠭᠤᠮ ᠢ ᠴᠢᠩᠭ᠎ᠠ ᠰᠠᠬᠢᠬᠤ︾ ᠭᠤᠣᠯ ᠰᠡᠳᠦᠪᠲᠦ ᠤᠬᠠᠭᠤᠯᠭ᠎ᠠ ᠶᠢᠨ | ᠠᠵᠢᠯᠯᠠᠭ᠎ᠠ ᠥᠷᠨᠢᠭᠦᠯᠦᠭᠰᠡᠨ ᠪᠥᠭᠡᠳ ᠬᠥᠮᠥᠨ ᠣᠯᠠᠨ ᠴᠤᠭᠯᠠᠷᠠᠭᠰᠠᠨ ᠥᠷᠯᠥᠭᠡ ᠶᠢᠨ ᠵᠠᠬ᠎ᠠ ᠳᠡᠯᠭᠡᠭᠦᠷ ᠤᠨ | ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠲᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠭᠰᠠᠨ ᠪᠠᠶᠢᠨ᠎ᠠ᠃ ᠡᠨᠡ | ᠬᠤᠭᠤᠴᠠᠭᠠᠨ ᠳᠤ᠂ ᠨᠡᠶᠢᠳᠡ 15000 ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠲᠠᠷᠢᠶᠠᠨ | ᠭᠠᠵᠠᠷ ᠤᠨ ᠬᠠᠮᠠᠭᠠᠯᠠᠯᠲᠠ ᠶᠢᠨ ᠮᠡᠳᠡᠯᠭᠡ ᠶᠢᠨ ᠪᠢᠴᠢᠭ ᠢ 8000 ᠭᠠᠷᠤᠢ ᠳᠡᠪᠲᠡᠷ ᠲᠠᠷᠬᠠᠭᠠᠵᠤ᠂ ᠰᠤᠷᠭᠠᠨ | ᠬᠥᠮᠦᠵᠢᠯ ᠭᠥᠷᠳᠡᠭᠰᠡᠨ ᠤᠯᠠᠨ ᠲᠦᠮᠡᠨ 1.8 ᠲᠦᠮᠡᠨ ᠬᠥᠮᠥᠨ ᠤᠳᠠᠭ᠎ᠠ ᠳᠤ ᠬᠦᠷᠴᠡᠢ᠃ | ᠡᠭᠦᠨ ᠤ ᠬᠠᠮᠲᠤ᠂ ᠺᠠᠳ᠋ᠷ ᠠᠵᠢᠯᠲᠠᠨ ᠢ ᠵᠣᠬᠢᠶᠠᠨ ᠪᠠᠶᠢᠭᠤᠯᠵᠤ ᠪᠠᠶᠠᠨᠲᠠᠯ᠎ᠠ ᠰᠢᠶᠠᠩ ᠤᠨ ᠶᠦᠩ ᠬᠤᠩ | ᠲᠣᠰᠬᠤᠨ ᠳᠤ ᠭᠦᠨᠵᠡᠭᠡᠶᠢᠷᠡᠭᠦᠯᠦᠨ᠂ ᠲᠠᠷᠢᠶᠠᠨ ᠭᠠᠵᠠᠷ ᠲᠤ ᠪᠠᠶᠢᠭᠠᠯᠢ ᠶᠢᠨ ᠡᠬᠢ ᠪᠠᠶᠠᠯᠢᠭ ᠤᠨ ᠲᠥᠷᠥ ᠶᠢᠨ | ᠪᠣᠳᠣᠯᠭ᠎ᠠ ᠬᠠᠤᠯᠢ ᠲᠣᠭᠲᠠᠭᠠᠯ ᠢ ᠤᠬᠠᠭᠤᠯᠵᠤ᠂ ᠤᠬᠠᠭᠤᠯᠭ᠎ᠠ ᠶᠢᠨ ᠮᠠᠲ᠋ᠧᠷᠢᠶᠠᠯ ᠢ 800 ᠭᠠᠷᠤᠢ ᠬᠤᠪᠢ | ᠲᠠᠷᠬᠠᠭᠠᠵᠤ᠂ ᠲᠠᠷᠢᠶᠠᠨ ᠭᠠᠵᠠᠷ ᠢ ᠬᠠᠮᠠᠭᠠᠯᠠᠬᠤ ᠮᠡᠳᠡᠯᠭᠡ ᠶᠢᠨ ᠪᠢᠴᠢᠭ ᠢ 500 ᠭᠠᠷᠤᠢ ᠬᠤᠪᠢ ᠲᠠᠷᠬᠠᠭᠠᠵᠤ᠂ | ᠲᠣᠰᠬᠤᠨ ᠤ ᠠᠷᠠᠳ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠮᠠᠨ ᠤ ᠤᠯᠤᠰ ᠤᠨ ᠭᠠᠵᠠᠷ | ᠰᠢᠷᠣᠢ ᠶᠢᠨ ᠡᠬᠢ ᠪᠠᠶᠠᠯᠢᠭ ᠤᠨ ᠤᠯᠤᠰ ᠤᠨ ᠪᠠᠶᠢᠳᠠᠯ ᠤᠯᠤᠰ ᠤᠨ ᠪᠣᠳᠣᠯᠭ᠎ᠠ ᠶᠢ ᠪᠦᠬᠦ ᠲᠠᠯ᠎ᠠ ᠪᠠᠷ | ᠣᠶᠢᠯᠠᠭᠠᠭᠤᠯᠵᠤ᠂ ᠲᠠᠷᠢᠶᠠᠨ ᠭᠠᠵᠠᠷ ᠤᠨ ᠤᠯᠠᠭᠠᠨ ᠱᠤᠭᠤᠮ ᠢ ᠬᠠᠮᠠᠭᠠᠯᠠᠬᠤ᠂ ᠭᠠᠵᠠᠷ ᠰᠢᠷᠣᠢ ᠶᠢ ᠠᠷᠪᠢᠲᠠᠢ | ᠡᠷᠴᠢᠮᠯᠢᠭ ᠬᠡᠷᠡᠭᠯᠡᠬᠦ ᠶᠢ ᠠᠬᠢᠭᠤᠯᠬᠤ᠂ ᠰᠢᠨᠵᠢᠯᠡᠬᠦ ᠤᠬᠠᠭᠠᠨᠴᠢ ᠬᠥᠭᠵᠢᠯᠲᠡ ᠶᠢ ᠪᠠᠲᠤᠯᠠᠬᠤ ᠪᠠ ᠠᠬᠢᠭᠤᠯᠬᠤ ᠰᠢᠨ᠎ᠡ | ᠲᠣᠭᠲᠠᠴᠠ ᠶᠢ ᠪᠠᠶᠢᠭᠤᠯᠬᠤ ᠣᠶᠢᠯᠠᠭᠠᠭᠳᠠᠬᠤᠨ ᠢ ᠬᠥᠮᠥᠰ ᠤᠨ ᠰᠡᠳᠬᠢᠯ ᠳᠤ ᠠᠯᠬᠤᠮ ᠠᠯᠬᠤᠮ ᠢᠶᠠᠷ | ᠬᠠᠳᠠᠩᠰᠢᠭᠤᠯᠵᠤ᠂ ᠪᠦᠬᠦ ᠨᠡᠶᠢᠭᠡᠮ ᠳᠤ ᠬᠠᠤᠯᠢ ᠶᠣᠰᠣᠭᠠᠷ ᠬᠠᠮᠢᠶᠠᠷᠬᠤ᠂ ᠬᠠᠤᠯᠢ ᠶᠣᠰᠣᠭᠠᠷ ᠭᠠᠵᠠᠷ ᠬᠡᠷᠡᠭᠯᠡᠬᠦ | ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠪᠠ᠃ | ᠵᠣᠬᠢᠶᠠᠭᠴᠢ᠄ ᠰᠦᠨ ᠭᠦᠸᠧ ᠵᠢᠶᠦ᠋ᠨ ᠶᠢᠨ ᠰᠢᠨ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ | |