ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠬᠦᠴᠦᠨ ᠦᠭᠡᠢ ᠪᠣᠯᠭᠠᠬᠤ ᠲᠤᠬᠠᠢ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠵᠠᠷ
ᠨᠡᠶᠢᠲᠡᠯᠡᠭᠰᠡᠨ ᠴᠠᠭ᠄
2023/6/30
  ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ 70 ᠳ᠋ᠤᠭᠡᠷ ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠨᠢᠭᠡᠨᠲᠡ ᠴᠡᠭᠴᠡᠯᠡᠨ ᠰᠠᠶᠢᠵᠢᠷᠠᠭᠤᠯᠤᠭᠰᠠᠨ ᠪᠥᠭᠡᠳ ᠰᠢᠯᠭᠠᠨ ᠬᠤᠷᠢᠶᠠᠯᠳᠠ ᠶᠢ ᠥᠩᠭᠡᠷᠡᠭᠡᠵᠦ᠂ ᠲᠡᠰ ᠳᠠᠷᠠᠭᠠᠯᠠᠯ ᠶᠣᠰᠣᠭᠠᠷ ᠨᠣᠮᠧᠷ ᠢ ᠨᠢ ᠬᠠᠰᠤᠬᠤ ᠪᠠᠷ ᠲᠥᠯᠥᠪᠯᠡᠵᠦ ᠪᠤᠢ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠨᠠᠶᠢᠳᠠᠪᠤᠷᠢᠵᠢᠭᠤᠯᠬᠤ ᠶᠢ ᠰᠢᠯᠭᠠᠨ ᠬᠤᠷᠢᠶᠠᠵᠤ ᠳ᠋ᠤᠭᠠᠷ ᠢ ᠬᠠᠰᠤᠬᠤ ᠠᠷᠭ᠎ᠠ︾ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ᠲᠣᠰ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠢᠯᠡ ᠨᠡᠶᠢᠲᠡᠯᠡᠶ᠎ᠡ᠂ ᠢᠯᠡ ᠨᠡᠶᠢᠲᠡᠯᠡᠬᠦ ᠬᠤᠭᠤᠴᠠᠭ᠎ᠠ ᠨᠢ 2023 ᠣᠨ ᠤ 6 ᠳ᠋ᠤᠭᠠᠷ ᠰᠠᠷ᠎ᠠ ᠶᠢᠨ 21 ᠤ ᠡᠳᠦᠷ ᠠᠴᠠ 7 ᠳ᠋ᠤᠭᠠᠷ ᠰᠠᠷ᠎ᠠ ᠶᠢᠨ 5 ᠤ ᠡᠳᠦᠷ ᠪᠣᠯᠲᠠᠯ᠎ᠠ ᠪᠣᠯᠣᠨ᠎ᠠ᠃   ᠬᠠᠷᠢᠯᠴᠠᠬᠤ ᠤᠲᠠᠰᠤ᠄ 0471-4632263   ᠰᠢᠤᠳᠠᠨ ᠢᠶᠠᠷ ᠶᠠᠪᠤᠭᠤᠯᠬᠤ ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠲᠧᠩ ᠹᠧᠢ ᠵᠠᠮ ᠤᠨ 39 ᠳ᠋ᠤᠭᠡᠷ ᠨᠣᠮᠧᠷ ᠤᠨ 1208 ᠳ᠋ᠤᠭᠠᠷ ᠥᠷᠥᠭᠡ  ᠳᠠᠭᠠᠯᠳᠤᠭᠤᠯᠤᠯ᠄ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠬᠤ 70 ᠳ᠋ᠤᠭᠡᠷ ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ                                  ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ                                                     2023 ᠣᠨ ᠤ 6 ᠰᠠᠷ᠎ᠠ ᠶᠢᠨ 21   ᠳᠠᠭᠠᠯᠳᠤᠭᠤᠯᠤᠯ᠄ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠬᠤ 70 ᠳ᠋ᠤᠭᠡᠷ ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ   ᠴᠡᠭᠴᠡᠯᠡᠨ ᠰᠠᠶᠢᠵᠢᠷᠠᠭᠤᠯᠬᠤ ᠡᠭᠦᠷᠭᠡ᠄ ᠤᠯᠠᠭᠠᠨᠴᠠᠪ ᠬᠤᠲᠠ ᠶᠢᠨ ᠴᠠᠭᠠᠷᠢᠭ ᠬᠡᠯᠪᠡᠷᠢᠲᠦ ᠡᠮᠴᠢᠯᠡᠭᠡᠨ ᠤ ᠬᠠᠶᠠᠭᠳᠠᠮᠠᠯ ᠪᠣᠳᠠᠰ ᠢ ᠲᠥᠪᠯᠡᠷᠡᠭᠦᠯᠦᠨ ᠰᠢᠢᠳᠪᠦᠷᠢᠯᠡᠵᠦ ᠨᠡᠭᠡᠭᠡᠨ ᠬᠥᠭᠵᠢᠭᠦᠯᠬᠦ ᠬᠢᠵᠠᠭᠠᠷᠲᠤ ᠺᠣᠮᠫᠠᠨᠢ ᠬᠠᠶᠠᠭᠳᠠᠮᠠᠯ ᠬᠡᠢ ᠶᠢ ᠵᠣᠬᠢᠶᠠᠨ ᠪᠠᠶᠢᠭᠤᠯᠤᠯᠲᠠ ᠦᠭᠡᠢ ᠪᠠᠷ ᠭᠠᠳᠠᠭᠰᠢᠯᠠᠭᠤᠯᠬᠤ᠂ ᠰᠡᠳᠦᠯᠲᠡ ᠶᠢᠨ ᠴᠢᠨᠠᠷᠲᠠᠢ ᠦᠨᠦᠷ ᠬᠠᠮᠠᠷ ᠴᠣᠷᠭᠢᠬᠤ᠂ ᠵᠢᠩᠨᠡᠵᠦ ᠴᠢᠨᠠᠭᠰᠠᠨ ᠤ ᠳᠠᠷᠠᠭᠠᠬᠢ ᠡᠮᠴᠢᠯᠡᠭᠡᠨ ᠤ ᠬᠠᠶᠠᠭᠳᠠᠮᠠᠯ ᠪᠣᠳᠠᠰ ᠪᠤᠯᠠᠬᠤ ᠲᠠᠯᠠᠪᠤᠷ ᠲᠤ ᠪᠤᠯᠠᠬᠤ  ᠨᠢ ᠵᠢᠷᠤᠮᠵᠢᠯ ᠦᠭᠡᠢ᠂ ᠪᠠᠰᠠ ᠶᠡᠭᠡ ᠬᠡᠮᠵᠢᠶᠡᠨ ᠤ ᠵᠢᠩᠨᠡᠵᠦ ᠴᠢᠨᠠᠭᠰᠠᠨ ᠤ ᠳᠠᠷᠠᠭᠠᠬᠢ ᠡᠮᠴᠢᠯᠡᠭᠡᠨ ᠤ ᠬᠠᠶᠠᠭᠳᠠᠮᠠᠯ ᠪᠣᠳᠠᠰ ᠨᠢ ᠪᠤᠯᠠᠬᠤ ᠣᠷᠣᠨ ᠤ ᠡᠷᠬᠢᠨ ᠲᠣᠭᠤᠷᠢᠨ ᠳᠤ ᠲᠠᠷᠬᠠᠵᠤ᠂ ᠣᠷᠴᠢᠨ ᠲᠣᠭᠤᠷᠢᠨ ᠤ ᠠᠮᠤᠷ ᠲᠦᠪᠰᠢᠨ ᠤ ᠳᠠᠯᠳᠠ ᠬᠡᠮ ᠲᠣᠪᠣᠶᠢᠮ᠎ᠠ ᠪᠠᠶᠢᠨ᠎ᠠ᠃   ᠬᠠᠷᠢᠭᠤᠴᠠᠯᠭᠠᠲᠤ ᠨᠢᠭᠡᠴᠢ᠄ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ   ᠴᠡᠭᠴᠡᠯᠡᠨ ᠰᠠᠶᠢᠵᠢᠷᠠᠭᠤᠯᠬᠤ ᠬᠠᠷᠠᠯᠲᠠ᠄ ᠬᠠᠶᠠᠭᠳᠠᠮᠠᠯ ᠬᠡᠢ ᠶᠢ ᠵᠣᠬᠢᠶᠠᠨ ᠪᠠᠶᠢᠭᠤᠯᠤᠯᠲᠠ ᠦᠭᠡᠢ ᠪᠠᠷ ᠭᠠᠳᠠᠭᠰᠢᠯᠠᠭᠤᠯᠬᠤ ᠪᠠ ᠰᠣᠨᠢᠨ ᠦᠨᠦᠷ ᠲᠠᠢ ᠪᠠᠶᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠪᠤᠯᠠᠬᠤ ᠠᠵᠢᠯ ᠤᠨ ᠬᠠᠮᠢᠶᠠᠷᠤᠯᠲᠠ ᠶᠢ ᠵᠢᠷᠤᠮᠵᠢᠭᠤᠯᠤᠨ᠂ ᠣᠷᠴᠢᠨ ᠲᠣᠭᠤᠷᠢᠨ ᠤ ᠳᠠᠯᠳᠠ ᠬᠡᠮ ᠢ ᠰᠡᠷᠭᠡᠶᠢᠯᠡᠨ ᠠᠷᠢᠯᠭᠠᠨ᠎ᠠ᠃   ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠄   ︵ᠨᠢᠭᠡ︶ 2022 ᠣᠨ ᠤ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠣᠲᠣ ᠶᠢᠨ ᠪᠠᠶᠢᠭ᠎ᠠ 3 ᠲᠣᠨ/ᠡᠳᠦᠷ ᠤ ᠡᠮᠴᠢᠯᠡᠭᠡᠨ ᠤ ᠬᠠᠶᠠᠭᠳᠠᠮᠠᠯ ᠪᠣᠳᠠᠰ ᠤᠨ ᠥᠨᠳᠥᠷ ᠳᠤᠯᠠᠭᠠᠨ ᠳᠤ ᠠᠭᠤᠷ ᠢᠶᠠᠷ ᠪᠠᠺᠲ᠋ᠧᠷᠢ ᠤᠰᠠᠳᠬᠠᠬᠤ ᠰᠢᠰᠲ᠋ᠧᠮ ᠤᠨ ᠪᠣᠬᠢᠷᠲᠤᠯ ᠢ ᠰᠡᠷᠭᠡᠶᠢᠯᠡᠨ ᠵᠠᠰᠠᠬᠤ ᠪᠡᠯᠡᠳᠬᠡᠮᠵᠢ ᠶᠢ ᠲᠡᠭᠦᠯᠳᠡᠷᠵᠢᠭᠦᠯᠦᠨ᠎ᠡ᠃ ᠬᠠᠶᠠᠭᠳᠠᠮᠠᠯ ᠬᠡᠢ ᠶᠢ ᠬᠤᠷᠢᠶᠠᠨ ᠴᠤᠭᠯᠠᠭᠤᠯᠬᠤ ᠪᠦᠷᠬᠦᠭᠦᠯ ᠢ ᠰᠢᠨᠡᠳᠬᠡᠵᠦ᠂ ᠡᠮᠴᠢᠯᠡᠭᠡᠨ ᠤ ᠬᠠᠶᠠᠭᠳᠠᠮᠠᠯ ᠪᠣᠳᠠᠰ ᠤᠨ ᠲᠤᠰᠬᠠᠢ ᠬᠡᠷᠡᠭᠯᠡᠬᠦ ᠪᠠᠺᠲ᠋ᠧᠷᠢ ᠤᠰᠠᠳᠬᠠᠬᠤ ᠲᠡᠷᠭᠡ ᠶᠢ ᠪᠦᠬᠦᠨ ᠢ ᠪᠢᠲᠡᠭᠦᠮᠵᠢᠯᠡᠵᠦ᠂ ᠲᠣᠭᠲᠠᠭᠰᠠᠨ ᠴᠠᠭ ᠲᠤ ᠲᠦᠷᠭᠡᠳᠬᠡᠭᠦᠷ ᠢᠶᠠᠨ ᠰᠣᠯᠢᠵᠤ᠂ ᠬᠠᠶᠠᠭᠳᠠᠮᠠᠯ ᠬᠡᠢ ᠶᠢ ᠬᠤᠷᠢᠶᠠᠨ ᠴᠤᠭᠯᠠᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠰᠡᠳᠦᠯᠲᠡ ᠶᠢᠨ ᠴᠢᠨᠠᠷᠲᠠᠢ ᠦᠨᠦᠷ ᠤᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠬᠡᠷᠡᠭᠲᠡᠢ᠃   ︵ᠬᠤᠶᠠᠷ︶ ᠪᠤᠯᠠᠭᠰᠠᠨ ᠣᠷᠣᠨ ᠤ ᠡᠷᠬᠢᠨ ᠲᠣᠭᠤᠷᠢᠨ ᠳᠤ ᠲᠠᠷᠬᠠᠵᠤ ᠪᠠᠶᠢᠭ᠎ᠠ ᠬᠠᠶᠠᠭᠳᠠᠮᠠᠯ ᠪᠣᠳᠠᠰ ᠢ ᠴᠠᠭ ᠲᠤᠬᠠᠢ ᠳᠤᠨᠢ ᠴᠡᠪᠡᠷᠯᠡᠵᠦ᠂ ᠵᠢᠩᠨᠡᠵᠦ ᠴᠢᠨᠠᠭᠰᠠᠨ ᠤ ᠳᠠᠷᠠᠭᠠᠬᠢ ᠡᠮᠴᠢᠯᠡᠭᠡᠨ ᠤ ᠬᠠᠶᠠᠭᠳᠠᠮᠠᠯ ᠪᠣᠳᠠᠰ ᠢ ᠪᠤᠯᠠᠬᠤ ᠣᠷᠣᠨ ᠤ ᠬᠠᠰᠢᠯᠭ᠎ᠠ ᠶᠢ ᠥᠨᠳᠥᠷ ᠪᠣᠯᠭᠠᠵᠤ᠂ ᠵᠢᠩᠨᠡᠵᠦ ᠴᠢᠨᠠᠭᠰᠠᠨ ᠬᠠᠶᠠᠭᠳᠠᠮᠠᠯ ᠪᠣᠳᠠᠰ ᠢ ᠪᠤᠯᠠᠵᠤ ᠡᠵᠡᠩᠨᠡᠬᠦ ᠬᠠᠮᠢᠶᠠᠷᠤᠯᠲᠠ ᠶᠢ ᠵᠢᠷᠤᠮᠵᠢᠭᠤᠯᠤᠨ᠎ᠠ᠃   ︵ᠭᠤᠷᠪᠠ︶ ᠠᠵᠤ ᠠᠬᠤᠶᠢᠯᠠᠯ ᠢ ᠵᠠᠷᠯᠢᠭᠳᠠᠵᠤ ᠪᠠᠶᠢᠭᠠᠳ ᠬᠠᠶᠠᠭᠳᠠᠮᠠᠯ ᠬᠡᠢ ᠶᠢ ᠵᠣᠬᠢᠶᠠᠨ ᠪᠠᠶᠢᠭᠤᠯᠤᠯᠲᠠ ᠦᠭᠡᠢ ᠪᠠᠷ ᠭᠠᠳᠠᠭᠰᠢᠯᠠᠭᠤᠯᠬᠤ ᠶᠢ ᠬᠢᠨᠠᠨ ᠬᠡᠮᠵᠢᠬᠦ ᠶᠢ ᠬᠠᠤᠯᠢ ᠶᠣᠰᠣᠭᠠᠷ ᠥᠷᠨᠢᠭᠦᠯᠵᠦ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠ ᠲᠣᠭᠤᠷᠢᠨ ᠪᠠᠶᠢᠴᠠᠭᠠᠬᠤ ᠶᠢ ᠴᠢᠩᠭᠠᠳᠬᠠᠬᠤ ᠬᠡᠷᠡᠭᠲᠡᠢ᠃ᠪᠡᠶᠡᠯᠡᠭᠦᠯᠦᠭᠰᠡᠨ ᠪᠠᠶᠢᠳᠠᠯ᠄   ︵ᠨᠢᠭᠡ︶ ᠤᠯᠠᠭᠠᠨᠴᠠᠪ ᠬᠤᠲᠠ ᠶᠢᠨ ᠣᠷᠴᠢᠨ ᠲᠣᠭᠤᠷᠢᠨ ᠤ ᠡᠮᠴᠢᠯᠡᠭᠡᠨ ᠤ ᠬᠠᠶᠠᠭᠳᠠᠮᠠᠯ ᠪᠣᠳᠠᠰ ᠢ ᠲᠥᠪᠯᠡᠷᠡᠭᠦᠯᠦᠨ ᠰᠢᠢᠳᠪᠦᠷᠢᠯᠡᠵᠦ ᠨᠡᠭᠡᠭᠡᠨ ᠬᠥᠭᠵᠢᠭᠦᠯᠬᠦ ᠬᠢᠵᠠᠭᠠᠷᠲᠤ ᠺᠣᠮᠫᠠᠨᠢ ᠶᠢᠨ 2022 ᠣᠨ ᠤ 4 ᠰᠠᠷ᠎ᠠ ᠳᠤ ᠲᠥᠪ ᠤᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠠᠴᠠ ᠬᠠᠶᠠᠭᠳᠠᠮᠠᠯ ᠬᠡᠢ ᠶᠢ ᠵᠣᠬᠢᠶᠠᠨ ᠪᠠᠶᠢᠭᠤᠯᠤᠯᠲᠠ ᠦᠭᠡᠢ ᠪᠠᠷ ᠭᠠᠳᠠᠭᠰᠢᠯᠠᠭᠤᠯᠬᠤ ᠠᠰᠠᠭᠤᠳᠠᠯ ᠢ ᠵᠢᠭᠠᠵᠤ ᠭᠠᠷᠭᠠᠭᠰᠠᠨ ᠤ ᠳᠠᠷᠠᠭ᠎ᠠ᠂ ᠬᠠᠶᠠᠭᠳᠠᠮᠠᠯ ᠬᠡᠢ ᠶᠢ ᠬᠤᠷᠢᠶᠠᠨ ᠴᠤᠭᠯᠠᠭᠤᠯᠬᠤ ᠪᠦᠷᠬᠦᠭᠦᠯ ᠢ ᠲᠡᠷᠡ ᠳᠠᠷᠤᠢ ᠳᠤᠨᠢ ᠥᠭᠡᠷᠡᠴᠢᠯᠡᠨ ᠰᠢᠨᠡᠳᠬᠡᠬᠦ ᠶᠢᠨ ᠬᠠᠮᠲᠤ ᠦᠯᠢᠶᠡᠭᠦᠷ ᠮᠠᠰᠢᠨ ᠢ ᠢᠵᠢ ᠪᠦᠷᠢᠳᠦᠭᠦᠯᠪᠡ᠃ 2022 ᠣᠨ ᠤ 8 ᠰᠠᠷ᠎ᠠ ᠳᠤ ᠤᠯᠠᠭᠠᠨᠴᠠᠪ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠭᠦᠰᠦᠭᠰᠡᠨ ᠤ ᠳᠠᠷᠠᠭ᠎ᠠ᠂ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠠᠵᠤ ᠠᠬᠤᠶᠢᠯᠠᠯ ᠤᠨ ᠬᠢᠨ ᠤᠤᠯ ᠤᠨ 3 ᠲᠣᠨ/ᠡᠳᠦᠷ ᠤ ᠥᠨᠳᠥᠷ ᠳᠤᠯᠠᠭᠠᠨ ᠳᠤ ᠠᠭᠤᠷ ᠢᠶᠠᠷ ᠪᠠᠺᠲ᠋ᠧᠷᠢ ᠤᠰᠠᠳᠬᠠᠬᠤ ᠰᠢᠰᠲ᠋ᠧᠮ ᠢ ᠦᠭᠡᠶᠢᠰᠭᠡᠵᠦ᠂ 10 ᠲᠣᠨ/ᠡᠳᠦᠷ ᠤ ᠰᠢᠢᠳᠪᠦᠷᠢᠯᠡᠬᠦ ᠰᠢᠰᠲ᠋ᠧᠮ ᠢ ᠰᠢᠨ᠎ᠡ ᠪᠠᠷ ᠪᠠᠶᠢᠭᠤᠯᠤᠭᠰᠠᠨ ᠪᠥᠭᠡᠳ ᠪᠣᠬᠢᠷᠲᠤᠯ ᠢ ᠰᠡᠷᠭᠡᠶᠢᠯᠡᠨ ᠵᠠᠰᠠᠬᠤ ᠲᠥᠬᠦᠭᠡᠷᠦᠮᠵᠢ ᠶᠢ ᠢᠵᠢ ᠪᠦᠷᠢᠳᠦᠭᠦᠯᠵᠦ᠂ ᠬᠠᠶᠠᠭᠳᠠᠮᠠᠯ ᠬᠡᠢ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠶᠢ ᠴᠢᠩᠭᠠᠳᠬᠠᠪᠠ᠃   ︵ᠬᠤᠶᠠᠷ︶ ᠠᠵᠤ ᠠᠬᠤᠶᠢᠯᠠᠯ ᠤᠳ ᠡᠮᠴᠢᠯᠡᠭᠡᠨ ᠤ ᠬᠠᠶᠠᠭᠳᠠᠮᠠᠯ ᠪᠣᠳᠠᠰ ᠢ ᠪᠤᠯᠠᠬᠤ ᠣᠷᠣᠨ ᠵᠢᠴᠢ ᠡᠷᠬᠢᠨ ᠲᠣᠭᠤᠷᠢᠨ ᠢ ᠴᠡᠭᠴᠡᠯᠡᠨ ᠵᠠᠰᠠᠵᠤ᠂ ᠲᠠᠷᠠᠬᠠᠢ ᠪᠤᠲᠠᠷᠬᠠᠢ ᠡᠮᠴᠢᠯᠡᠭᠡᠨ ᠤ ᠬᠠᠶᠠᠭᠳᠠᠮᠠᠯ ᠪᠣᠳᠠᠰ ᠢ ᠴᠠᠭ ᠲᠤᠬᠠᠢ ᠳᠤᠨᠢ ᠴᠡᠪᠡᠷᠯᠡᠵᠦ᠂ ᠡᠮᠴᠢᠯᠡᠭᠡᠨ ᠤ ᠬᠠᠶᠠᠭᠳᠠᠮᠠᠯ ᠪᠣᠳᠠᠰ ᠪᠤᠯᠠᠬᠤ ᠣᠷᠣᠨ ᠤ ᠡᠷᠬᠢᠨ ᠲᠣᠭᠤᠷᠢᠨ ᠤ ᠬᠠᠰᠢᠯᠭ᠎ᠠ ᠶᠢ ᠥᠨᠳᠥᠷᠵᠢᠭᠦᠯᠵᠦ᠂ ᠵᠢᠩᠨᠡᠵᠦ ᠴᠢᠨᠠᠭᠰᠠᠨ ᠬᠠᠶᠠᠭᠳᠠᠮᠠᠯ ᠪᠣᠳᠠᠰ ᠢ ᠪᠤᠯᠠᠵᠤ ᠡᠵᠡᠩᠨᠡᠬᠦ ᠬᠠᠮᠢᠶᠠᠷᠤᠯᠲᠠ ᠶᠢ ᠵᠢᠷᠤᠮᠵᠢᠭᠤᠯᠪᠠ᠃   ︵ᠭᠤᠷᠪᠠ︶ ᠠᠵᠤ ᠠᠬᠤᠶᠢᠯᠠᠯ ᠤᠳ ᠲᠣᠭᠲᠠᠮᠠᠯ ᠬᠤᠭᠤᠴᠠᠭ᠎ᠠ ᠲᠠᠢ ᠪᠠᠷ ᠬᠠᠶᠠᠭᠳᠠᠮᠠᠯ ᠬᠡᠢ ᠶᠢ ᠵᠣᠬᠢᠶᠠᠨ ᠪᠠᠶᠢᠭᠤᠯᠤᠯᠲᠠ ᠦᠭᠡᠢ ᠪᠠᠷ ᠭᠠᠳᠠᠭᠰᠢᠯᠠᠭᠤᠯᠬᠤ ᠶᠢ ᠬᠢᠨᠠᠨ ᠬᠡᠮᠵᠢᠬᠦ᠂ ᠪᠣᠬᠢᠷᠲᠤᠯ ᠪᠣᠳᠠᠰ ᠢ ᠪᠠᠷᠢᠮᠵᠢᠶ᠎ᠠ ᠳᠤ ᠬᠦᠷᠦᠭᠦᠯᠦᠨ ᠭᠠᠳᠠᠭᠰᠢᠯᠠᠭᠤᠯᠤᠨ᠎ᠠ᠃                                       ᠤᠷᠴᠢᠭᠤᠯᠤᠭᠴᠢ᠄ ᠢᠷᠭᠤᠢ                                       ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠡᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2