| | | | | | | | | | ᠡᠨᠡ ᠬᠡᠳᠦᠨ ᠵᠢᠯ ᠳᠤ᠂ ᠭᠠᠷᠠᠭ ᠤᠨ ᠰᠡᠭᠦᠯᠴᠢ ᠪᠤᠶᠤ ᠪᠠᠶᠠᠷ ᠳᠤᠷᠠᠰᠬᠠᠯ ᠤᠨ ᠡᠳᠦᠷ ᠪᠣᠯᠬᠤ ᠪᠦᠷᠢ᠂ ᠮᠠᠰᠢ | ᠣᠯᠠᠨ ᠬᠤᠲᠠ ᠶᠢᠨ ᠠᠷᠠᠳ ᠴᠢᠨᠠᠭᠰᠢᠯᠠᠪᠠᠯ ᠡᠷᠬᠢᠨ ᠲᠣᠭᠤᠷᠢᠨ ᠤ ᠮᠤᠵᠢ ᠬᠤᠲᠠ ᠶᠢᠨ ᠬᠤᠲᠠ ᠬᠥᠳᠡᠭᠡ ᠶᠢᠨ | ᠰᠠᠭᠤᠭᠠᠯᠢ ᠠᠷᠠᠳ ᠴᠥᠮ ᠮᠠᠨ ᠤ ᠬᠤᠲᠠ ᠶᠢᠨ ᠨᠠᠷᠠᠲᠤ ᠦᠵᠡᠮᠵᠢ ᠶᠢᠨ ᠴᠡᠭ ᠪᠣᠯᠬᠤ ᠵᠦᠸᠧᠽᠢ ᠰᠢᠶᠠᠨ ᠳᠤ | ᠢᠷᠡᠵᠦ ᠮᠠᠯᠤᠷ ᠥᠲᠡᠭᠡ ᠦᠵᠡᠳᠡᠭ᠃ ᠮᠠᠯᠤᠷ ᠦᠳᠡᠭᠡ ᠶᠢ ᠦᠵᠡᠵᠦ ᠥᠩᠭᠡᠷᠡᠭᠰᠡᠨ ᠬᠥᠮᠥᠰ ᠶᠡᠷᠦ ᠨᠢ ᠲᠦᠷᠦᠯ | ᠰᠠᠳᠤᠨ ᠨᠠᠶᠢᠵᠠ ᠨᠥᠬᠦᠳ ᠲᠤ ᠪᠠᠨ ᠦᠵᠡᠵᠦ ᠰᠣᠨᠣᠰᠤᠭᠰᠠᠨ ᠢᠶᠠᠨ ᠠᠮᠲᠠᠷᠬᠠᠨ ᠶᠠᠷᠢᠵᠤ᠂ ᠬᠥᠭᠡᠷᠦᠬᠦᠨ ᠮᠠᠯᠤᠷ | ᠦᠳᠡᠭᠡ ᠶᠢᠨ ᠠᠬ᠎ᠠ ᠥᠬᠢᠨ ᠳᠡᠭᠦᠦ ᠶᠢᠨ ᠢᠶᠠᠨ ᠠᠮᠢᠳᠤᠷᠠᠯ ᠤᠨ ᠣᠶᠢᠷ᠎ᠠ ᠶᠢᠨ ᠪᠠᠶᠢᠳᠠᠯ ᠢ ᠰᠠᠨᠠᠭᠠᠯᠵᠠᠳᠠᠭ᠃ ᠮᠠᠯᠤᠷ | ᠦᠳᠡᠭᠡ ᠶᠢ ᠦᠵᠡᠵᠦ ᠥᠩᠭᠡᠷᠡᠭᠰᠡᠨ ᠦᠭᠡᠢ᠂ ᠳᠠᠷᠠᠭ᠎ᠠ ᠨᠢᠭᠡ ᠠᠮᠠᠷᠠᠯᠲᠠ ᠶᠢᠨ ᠬᠤᠭᠤᠴᠠᠭᠠᠨ ᠳᠤ ᠲᠤᠰ ᠭᠠᠵᠠᠷ ᠲᠤ | ᠣᠴᠢᠬᠤ ᠵᠢᠭᠤᠯᠴᠢᠯᠠᠯ ᠤᠨ ᠠᠶᠠᠯᠠᠯ ᠢᠶᠠᠨ ᠲᠣᠬᠢᠷᠠᠭᠤᠯᠤᠶᠠ ᠭᠡᠵᠦ ᠪᠣᠳᠣᠵᠤ ᠪᠠᠢᠨ᠎ᠠ ᠭᠡᠪᠡ᠃ | ᠵᠦᠸᠧᠽᠢ ᠰᠢᠶᠠᠨ ᠤ ᠰᠠᠶᠢᠨ ᠰᠠᠶᠢᠬᠠᠨ ᠠᠮᠢ ᠠᠬᠤᠢ᠂ ᠲᠣᠬᠢᠷᠠᠮᠵᠢᠲᠠᠢ ᠠᠭᠤᠷ ᠠᠮᠢᠰᠬᠤᠯ ᠪᠣᠯᠣᠨ | ᠠᠷᠠᠴᠢᠯᠠᠭᠴᠢ ᠶᠢᠨ ᠨᠠᠷᠢᠨ ᠨᠢᠮᠪᠠᠢ ᠬᠠᠷᠠᠭᠠᠯᠵᠠᠯ ᠨᠢ ᠮᠠᠯᠤᠷ ᠦᠳᠡᠭᠡ ᠶᠢ ᠴᠦ ᠡᠨᠡ ᠭᠠᠵᠠᠷ ᠢ ᠬᠠᠶᠢᠷᠠᠯᠠᠭᠤᠯᠵᠤ᠂ | ᠠᠳᠡᠬᠢ ᠶᠢᠨ ᠣᠯᠳᠠᠰᠢ ᠦᠭᠡᠢ ︽ᠮᠠᠯᠤᠷ ᠦᠳᠡᠭᠡ ᠶᠢᠨ ᠴᠡᠩᠭᠡᠯ ᠤᠨ ᠬᠦᠷᠢᠶᠡᠯᠡᠩ︾ ᠢ ᠪᠠᠶᠢᠭᠤᠯᠤᠭᠰᠠᠨ ᠪᠠᠶᠢᠨ᠎ᠠ᠃ | ᠤᠯᠤᠰ ᠤᠨ ᠡᠷᠳᠡᠨᠢᠰ ᠢ ᠠᠳᠡ ᠦᠷᠡᠵᠢᠭᠦᠯᠵᠦ᠂ ᠴᠢᠯᠦᠭᠡᠲᠡᠢ ᠤᠷᠭᠤᠭᠤᠯᠵᠤ᠂ ᠵᠦᠸᠧᠽᠢ ᠰᠢᠶᠠᠨ ᠤ ᠠᠭᠤᠯᠠ᠂ | ᠤᠰᠤ᠂ ᠮᠠᠯᠤᠷ ᠥᠲᠡᠭᠡ ᠬᠠᠷᠢᠯᠴᠠᠨ ᠬᠠᠪᠰᠤᠷᠤᠯᠴᠠᠵᠤ ᠬᠠᠷᠢᠯᠴᠠᠨ ᠳᠣᠪᠤᠶᠢᠯᠭᠠᠭᠰᠠᠨ ᠰᠠᠶᠢᠨ ᠰᠠᠶᠢᠬᠠᠨ ᠵᠢᠷᠤᠭ | ᠳᠦᠷᠰᠦ ᠪᠠ ᠰᠣᠶᠣᠯ ᠤᠨ ᠣᠨᠴᠠᠯᠢᠭ ᠢ ᠪᠦᠷᠢᠯᠳᠦᠭᠦᠯᠵᠡᠢ᠃ ᠤᠯᠠᠭᠠᠨᠴᠠᠪ ᠲᠤ᠂ ᠲᠣᠮᠣ ᠮᠠᠯᠤᠷ ᠥᠲᠡᠭᠡ ᠬᠢᠭᠡᠳ | ᠠᠭᠤᠯᠠ ᠤᠰᠤᠨ ᠤ ᠬᠠᠮᠲᠤ ᠶᠢᠨ ᠬᠠᠷᠢᠴᠠᠭ᠎ᠠ ᠯᠠᠪᠲᠠᠢ ᠨᠡᠩ ᠴᠢᠩᠭᠠᠷᠠᠵᠤ᠂ ᠤᠤᠯ ᠤᠨ ᠵᠢᠭᠤᠯᠴᠢᠯᠠᠯ ᠤᠨ | ᠪᠦᠲᠦᠭᠡᠭᠳᠡᠬᠦᠨ ᠤ ᠬᠠᠩᠭᠠᠯᠭ᠎ᠠ ᠶᠢ ᠤᠯᠠᠮ ᠨᠢᠭᠡ ᠠᠯᠬᠤᠮ ᠪᠠᠶᠠᠯᠢᠭᠵᠢᠭᠤᠯᠬᠤ ᠪᠣᠯᠣᠨ᠎ᠠ᠃ ᠤᠯᠠᠨ ᠤᠯᠤᠰ ᠤᠨ | ᠬᠠᠷᠢᠯᠴᠠᠭᠠᠨ ᠤ ︽ᠡᠯᠴᠢ︾ ᠪᠣᠯᠤᠭᠰᠠᠨ ᠤ ᠬᠤᠪᠢ ᠳᠤ᠂ ᠮᠠᠯᠤᠷ ᠦᠳᠡᠭᠡ ᠯᠠᠪᠲᠠᠢ ᠦᠵᠡᠰᠬᠦᠯᠡᠩᠲᠦ ᠰᠠᠶᠢᠬᠠᠨ | ᠵᠦᠸᠧᠽᠢ ᠶᠢᠨ ᠠᠮᠢᠳᠤᠯᠢᠭ ᠢᠯᠡᠷᠡᠯ ᠪᠣᠯᠵᠤ᠂ ᠮᠥᠨ ᠴᠦ ᠵᠦᠸᠧᠽᠢ ᠰᠢᠶᠠᠨ ᠤ ᠡᠯ᠎ᠡ ᠭᠠᠵᠠᠷ ᠲᠠᠢ ᠬᠤᠯᠪᠤᠭᠠᠯᠠᠨ | ᠨᠡᠪᠲᠡᠷᠡᠯᠴᠡᠬᠦ ︽ᠨᠡᠷ᠎ᠡ ᠶᠢᠨ ᠬᠠᠭᠤᠳᠠᠰᠤ︾ ᠪᠣᠯᠬᠤ ᠶᠤᠮ᠃ | | | | | | | ᠵᠤᠬᠢᠶᠠᠭᠴᠢ᠄ ᠵᠠᠩ ᠭᠥᠸᠧ ᠰᠢᠨ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |