ᠤᠯᠠᠭᠠᠨᠴᠠᠪ ᠤᠨ ᠨᠣᠬᠠᠢ ᠶᠢᠨ ᠬᠤᠰᠢᠭᠤ ᠺᠠᠨᠠᠳᠠ ᠶᠢᠨ ᠵᠠᠬ᠎ᠠ ᠳᠤ ᠭᠠᠷᠤᠯ᠎ᠠ
ᠨᠡᠶᠢᠲᠡᠯᠡᠭᠰᠡᠨ ᠴᠠᠭ᠄
2023/6/7
  ᠣᠶᠢᠷ᠎ᠠ ᠳᠤ ᠰᠤᠷᠪᠤᠯᠵᠢᠯᠠᠭᠴᠢ ᠬᠥᠬᠡᠬᠤᠲᠠ ᠶᠢᠨ ᠪᠣᠭᠤᠮᠲᠠ ᠶᠢᠨ ᠬᠠᠷᠢᠶ᠎ᠠ ᠵᠢᠨᠢᠩ ᠪᠣᠭᠤᠮᠲᠠ ᠠᠴᠠ ᠣᠶᠢᠯᠠᠭᠠᠭᠰᠠᠨ ᠢᠶᠠᠷ᠂ ᠲᠣᠰ ᠪᠣᠭᠤᠮᠲᠠ ᠶᠢᠨ ᠶᠡᠷᠦᠩᠬᠡᠶᠢᠯᠡᠭᠰᠡᠨ ᠬᠢᠨᠠᠨ ᠲᠣᠭᠲᠠᠭᠠᠯᠲᠠ ᠳᠤ ᠬᠢᠷᠢ ᠲᠡᠩᠴᠡᠭᠰᠡᠨ  170 ᠬᠠᠶᠢᠷᠴᠠᠭ ᠨᠣᠬᠠᠢ ᠶᠢᠨ ᠬᠤᠰᠢᠭᠤ ᠶᠢ ᠴᠢᠩᠳᠣᠣ ᠪᠣᠭᠤᠮᠲᠠ ᠪᠠᠷ ᠳᠡᠮᠵᠢᠨ ᠠᠮᠵᠢᠯᠲᠠ ᠲᠠᠢ ᠪᠠᠷ ᠺᠠᠨᠠᠳᠠ ᠳᠤ  ᠶᠠᠪᠤᠭᠤᠯᠵᠠᠢ᠂ ᠡᠨᠡ ᠪᠣᠯ ᠤᠯᠠᠭᠠᠨᠴᠠᠪ ᠬᠤᠲᠠ ᠶᠢᠨ ᠨᠣᠬᠠᠢ ᠶᠢᠨ ᠬᠤᠰᠢᠭᠤ ᠶᠢ ᠠᠩᠬ᠎ᠠ ᠤᠳᠠᠭ᠎ᠠ ᠭᠠᠳᠠᠭᠠᠳᠤ ᠳᠤ  ᠭᠠᠷᠭᠠᠵᠤ ᠪᠠᠶᠢᠭ᠎ᠠ ᠶᠠᠪᠤᠳᠠᠯ ᠪᠣᠯᠣᠨ᠎ᠠ᠃     ᠨᠣᠬᠠᠢ ᠶᠢᠨ ᠬᠤᠰᠢᠭᠤ ᠳᠤ ᠮᠠᠰᠢ ᠡᠯᠪᠡᠭ ᠪᠠᠶᠠᠯᠢᠭ ᠰᠢᠮ᠎ᠡ ᠲᠡᠵᠢᠭᠡᠯ ᠤᠨ ᠪᠣᠳᠠᠰ ᠠᠭᠤᠯᠵᠤ ᠪᠠᠶᠢᠳᠠᠭ᠂ ᠲᠡᠭᠦᠨ ᠤ ᠳᠣᠲᠣᠷ᠎ᠠ ᠬᠥᠮᠥᠨ ᠤ ᠪᠡᠶ᠎ᠡ ᠳᠤ ᠵᠠᠪᠠᠯ ᠱᠠᠭᠠᠷᠳᠠᠭᠳᠠᠬᠤ 8 ᠵᠦᠢᠯ ᠤᠨ ᠰᠢᠪᠲᠦᠷᠲᠦ ᠬᠦᠴᠢᠯ᠂ 2  ᠵᠦᠢᠯ ᠤᠨ ᠸᠢᠲ᠋ᠠᠮᠢᠨ᠂ ᠹᠣᠰᠹᠣᠷ᠂ ᠲᠡᠮᠦᠷ᠂ ᠤᠭᠤᠷᠠᠭ ᠵᠡᠷᠭᠡ ᠡᠯᠪᠡᠭ ᠡᠯᠧᠮᠧᠨ᠋ᠲ ᠠᠭᠤᠯᠤᠭᠳᠠᠳᠠᠭ᠂ ᠨᠢᠭᠡ ᠵᠦᠢᠯ ᠤᠨ ᠰᠢᠮ᠎ᠡ ᠲᠡᠵᠢᠭᠡᠯ ᠰᠠᠶᠢᠲᠠᠢ ᠢᠳᠡᠭᠡᠨ ᠪᠣᠯᠣᠨ᠎ᠠ᠃ ︽ᠨᠣᠬᠠᠢ ᠶᠢᠨ ᠬᠤᠰᠢᠭᠤ ᠶᠢᠨ ᠬᠤᠲᠠ︾ ᠤᠯᠠᠭᠠᠨᠴᠠᠪ ᠪᠣᠯ ᠤᠮᠠᠷᠠᠲᠤ  ᠥᠷᠭᠡᠷᠢᠭ ᠤᠨ 42。 ᠳᠤ ᠪᠠᠶᠢᠷᠢᠯᠠᠵᠤ᠂ ᠳᠡᠯᠡᠬᠡᠢ ᠨᠡᠶᠢᠲᠡ ᠳᠤ ᠮᠡᠳᠡᠷᠡᠭᠳᠡᠭᠰᠡᠨ ᠨᠣᠬᠠᠢ ᠶᠢᠨ ᠬᠤᠰᠢᠭᠤ ᠶᠢᠨ ᠰᠢᠵᠢᠷ ᠠᠯᠲᠠᠨ ᠤᠷᠭᠤᠯᠲᠠ ᠶᠢᠨ ᠥᠷᠭᠡᠷᠢᠭ ᠪᠣᠯᠣᠨ᠎ᠠ᠃ ᠠᠳᠡᠬᠢ ᠭᠠᠵᠠᠷ ᠤᠨ ᠨᠢᠭᠤᠷ  ᠨᠢ ᠲᠡᠭᠰᠢᠬᠡᠨ᠂ ᠬᠥᠷᠥᠰᠥ ᠰᠢᠷᠣᠢ ᠨᠢ ᠴᠡᠪᠡᠷ ᠪᠠᠶᠢᠵᠤ᠂ ᠨᠣᠬᠠᠢ ᠶᠢᠨ ᠬᠤᠰᠢᠭᠤ ᠶᠢᠨ ᠤᠷᠭᠤᠯᠲᠠ ᠶᠢ ᠬᠤᠶᠠᠷ ᠮᠢᠩᠭ᠎ᠠ ᠭᠠᠷᠤᠢ ᠵᠢᠯ ᠤᠨ ᠡᠮᠦᠨ᠎ᠡ ᠬᠦᠷᠲᠡᠯ᠎ᠡ ᠮᠥᠷᠳᠡᠵᠦ ᠪᠣᠯᠣᠨ᠎ᠠ᠃   ︽ᠡᠨᠡ ᠪᠦᠯᠦᠭ ᠭᠠᠳᠠᠭᠠᠳᠤ ᠳᠤ ᠭᠠᠷᠭᠠᠬᠤ ᠨᠣᠬᠠᠢ ᠶᠢᠨ ᠬᠤᠰᠢᠭᠤ ᠬᠡᠮᠵᠢᠶ᠎ᠡ ᠨᠢ ᠬᠡᠳᠦᠶᠢᠪᠡᠷ ᠲᠡᠶᠢᠮᠦ ᠶᠡᠭᠡ  ᠪᠢᠰᠢ ᠪᠣᠯᠪᠠᠴᠤ ᠰᠠᠶᠢᠨ ᠡᠬᠢᠯᠡᠯᠲᠡ ᠲᠠᠢ ᠪᠣᠯᠵᠠᠢ᠂ ᠪᠢᠳᠡ ᠭᠠᠳᠠᠭᠠᠳᠤ ᠶᠢᠨ ᠬᠤᠳᠠᠯᠳᠤᠭᠠᠴᠢᠨ ᠲᠠᠢ ᠤᠷᠳᠤ  ᠬᠤᠭᠤᠴᠠᠭᠠᠨ ᠤ ᠬᠠᠮᠲᠤᠷᠠᠯᠴᠠᠭᠠᠨ ᠤ ᠬᠠᠷᠢᠯᠴᠠᠭ᠎ᠠ ᠪᠠᠶᠢᠭᠤᠯᠵᠤ ᠪᠠᠶᠢᠨ᠎ᠠ᠂ ᠡᠨᠡ ᠨᠢ ᠪᠠᠰᠠ ᠺᠣᠮᠫᠠᠨᠢ ᠶᠢᠨ ᠤᠯᠠᠨ  ᠤᠯᠤᠰ ᠤᠨ ᠵᠠᠬ᠎ᠠ ᠳᠡᠯᠭᠡᠭᠦᠷ ᠢ ᠲᠠᠰᠤᠷᠠᠯᠳᠠ ᠦᠭᠡᠢ ᠨᠡᠭᠡᠭᠡᠵᠦ᠂ ᠤᠯᠠᠭᠠᠨᠴᠠᠪ ᠤᠨ ᠨᠡᠩ ᠤᠯᠠᠨ ᠰᠢᠯᠢᠳᠡᠭ  ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠰᠢ ᠭᠠᠷᠭᠠᠬᠤ ᠳᠤ ᠬᠦᠴᠦᠨ ᠨᠡᠮᠡᠷᠢᠯᠡᠬᠦ ᠢᠲᠡᠭᠡᠯ ᠵᠣᠷᠢᠭ ᠢ ᠪᠠᠲᠤᠳᠬᠠᠵᠠᠢ  ︾ ᠭᠡᠵᠦ ᠥᠪᠥᠷ ᠮᠣᠩᠭᠤᠯ ᠤᠨ ᠶᠢᠨ ᠱᠠᠨ ᠶᠢᠦ ᠮᠠᠢ ᠢᠳᠡᠭᠡᠨ ᠤ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠯᠦ  ᠸᠧᠨ ᠪᠢᠩ ᠬᠡᠯᠡᠪᠡ᠃   ︽ᠣᠷᠳᠣ ᠬᠤᠭᠤᠴᠠᠭᠠᠨ ᠤ ᠲᠤᠷᠰᠢ᠂ ᠤᠯᠠᠭᠠᠨᠴᠠᠪ ᠤᠨ ᠭᠠᠳᠠᠭᠠᠳᠤ ᠳᠤ ᠭᠠᠷᠭᠠᠬᠤ ᠢᠳᠡᠭᠡᠨ ᠨᠢ ᠴᠥᠮ  ᠲᠥᠮᠥᠰᠥ ᠶᠢᠨ ᠪᠦᠲᠦᠭᠡᠭᠳᠡᠬᠦᠨ ᠢᠶᠠᠷ ᠭᠤᠣᠯᠯᠠᠵᠤ ᠪᠠᠶᠢᠪᠠ᠂ ᠲᠣᠰ ᠤᠳᠠᠭ᠎ᠠ ᠨᠣᠬᠠᠢ ᠶᠢᠨ ᠬᠤᠰᠢᠭᠤ ᠶᠢ  ᠠᠮᠵᠢᠯᠲᠠ ᠲᠠᠢ ᠪᠠᠷ ᠭᠠᠳᠠᠭᠠᠳᠤ ᠳᠤ ᠭᠠᠷᠭᠠᠭᠰᠠᠨ ᠨᠢ ᠤᠯᠠᠭᠠᠨᠴᠠᠪ ᠤᠨ ︿ᠭᠠᠳᠠᠭᠰᠢ ᠭᠠᠷᠬᠤ﹀ ᠣᠨᠴᠠᠯᠢᠭᠲᠤ  ᠲᠠᠷᠢᠶᠠᠯᠠᠩ ᠤᠨ ᠪᠦᠲᠦᠭᠡᠭᠳᠡᠬᠦᠨ ᠤ ᠨᠠᠷᠢᠨ ᠲᠠᠩᠰᠠ ᠶᠢ ᠪᠠᠶᠠᠯᠢᠭᠵᠢᠭᠤᠯᠵᠠᠢ᠂ ᠪᠢᠳᠡ ᠦᠷᠭᠦᠯᠵᠢᠯᠡᠨ ᠪᠣᠭᠤᠮᠲᠠ ᠶᠢᠨ  ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠡᠭᠦᠷᠭᠡ ᠴᠢᠳᠠᠪᠤᠷᠢ ᠶᠢᠨ ᠦᠢᠯᠡᠳᠦᠯ ᠳᠤ ᠰᠠᠭᠤᠷᠢᠯᠠᠨ᠂ ᠨᠠᠩ  ᠣᠯᠠᠨ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠤ ᠭᠠᠳᠠᠭᠠᠳᠤ ᠳᠤ ᠭᠠᠷᠬᠤ ᠶᠢ ᠳᠡᠮᠵᠢᠵᠦ᠂ ᠬᠠᠷᠢᠶᠠᠲᠤ  ᠣᠷᠣᠨ ᠤ ᠣᠨᠴᠠᠯᠢᠭᠲᠤ ᠪᠦᠲᠦᠭᠡᠭᠳᠡᠬᠦᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ  ᠨᠡᠮᠡᠷᠢᠯᠡᠨ᠎ᠡ︾ ᠭᠡᠵᠦ ᠵᠢᠨᠢᠩ ᠪᠣᠭᠤᠮᠲᠠ ᠶᠢᠨ ᠳᠠᠷᠤᠭ᠎ᠠ ᠪᠦᠦ ᠾᠦᠢ ᠴᠢᠤᠸᠠᠨ ᠬᠡᠯᠡᠪᠡ᠃                                             ᠣᠷᠴᠢᠭᠤᠯᠤᠭᠴᠢ᠄ ᠭᠤᠸ᠎ᠠ                                             ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2