ᠤᠯᠠᠭᠠᠨᠴᠠᠪ ᠬᠤᠲᠠ ᠶᠢᠨ 2023 ᠣᠨ ᠤ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠡᠬᠢᠯᠡᠯᠲᠡ ᠶᠢᠨ ᠶᠣᠰᠣᠯᠠᠯ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2023/6/7
    ᠤᠶᠢᠷ᠎ᠡ ᠶᠢᠨ ᠡᠳᠦᠷ᠂ ᠤᠯᠠᠭᠠᠨᠴᠠᠪ ᠬᠤᠲᠠ ᠶᠢᠨ 2023 ᠣᠨ ᠤ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠶᠠᠪᠤᠭᠳᠠᠪᠠ᠃     ᠲᠤᠰ ᠤᠳᠠᠭ᠎ᠠ ᠶᠢᠨ ᠡᠬᠢᠯᠡᠯᠲᠡ ᠶᠢᠨ ᠶᠣᠰᠣᠯᠠᠯ ᠢ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠠᠴᠠ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠵᠤ᠂ ᠪᠦᠬᠦ ᠣᠷᠣᠨ ᠤ 12 ᠠᠶᠢᠮᠠᠭ ᠬᠤᠳᠠ ᠲᠠᠢ ᠬᠤᠯᠪᠤᠭᠠᠯᠠᠨ ᠨᠡᠪᠲᠡᠷᠡᠯᠴᠡᠵᠦ᠂ ᠵᠡᠷᠭᠡᠪᠡᠷ ᠶᠠᠪᠤᠭᠳᠠᠭᠤᠯᠪᠡ᠃ ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠬᠠᠷᠢᠭᠤᠴᠠᠯᠭᠠᠲᠠᠨ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠵᠢᠩᠬᠢᠨᠢ ᠪᠠᠷ ᠡᠬᠢᠯᠡᠭᠰᠡᠨ ᠢ ᠵᠠᠷᠯᠠᠵᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠪᠠᠶᠠᠷ ᠤᠨ ᠦᠭᠡ ᠬᠡᠯᠡᠪᠡ᠃ ᠬᠤᠲᠠ ᠰᠢᠶᠠᠨ ᠬᠤᠶᠠᠷ ᠱᠠᠲᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠭᠦᠨ ᠨᠢᠭᠡᠴᠡ ᠶᠢᠨ ᠬᠠᠷᠢᠭᠤᠴᠠᠯᠭᠠᠲᠠᠨ ᠪᠣᠯᠣᠨ ᠠᠵᠤ ᠠᠬᠤᠶᠢᠯᠠᠯ ᠤᠨ ᠲᠥᠯᠥᠭᠡᠯᠡᠭᠴᠢ ᠨᠠᠷ ᠠᠵᠢᠯᠯᠠᠭ᠎ᠠ ᠳᠤ ᠣᠷᠣᠯᠴᠠᠪᠠ᠃                        ᠤᠷᠴᠢᠭᠤᠯᠤᠭᠴᠢ᠄ ᠬᠦᠰᠡᠯ                        ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2