ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠠᠪᠤᠳᠤᠭᠠᠷ ᠤᠳᠠᠭᠠᠨ ᠤ ᠪᠦ᠋ᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠬᠢᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/6/8
ᠤᠯᠠᠭᠠᠨᠴᠠᠪ ᠵᠠᠰᠠᠭ ᠳᠠᠷᠬᠠᠭᠠᠭᠰᠠᠨ〔2023〕 25 ᠳ᠋ᠤᠭᠠᠷ ᠲᠣᠭᠠᠲᠤ    ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠡᠯ᠎ᠡ ᠨᠡᠭᠡᠭᠡᠨ ᠬᠦᠭᠵᠢᠬᠦᠯᠦᠯᠳᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠄     ︽ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠲᠥᠷᠥ ᠶᠢᠨ ᠶᠠᠪᠤᠳᠠᠯ ᠤᠨ ᠬᠤᠷᠢᠶ᠎ᠠ 2023 ᠣᠨ ᠳᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠪᠠᠷ ᠲᠣᠭᠲᠠᠪᠠ᠃ ︽ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ ︵ᠲᠥᠷᠥ ᠲᠠᠷᠬᠠᠭᠠᠭᠰᠠᠨ ﹇2022﹈ 22 ᠳ᠋ᠤᠭᠠᠷ ᠲᠣᠭᠠᠲᠤ︶ ᠪᠠ ︽ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2023﹈ 5 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠤᠯᠠᠭᠠᠨᠴᠠᠪ ᠬᠤᠲᠠ ᠶᠢᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠦᠨᠡᠨᠬᠦ ᠰᠠᠶᠢᠲᠤᠷ ᠬᠢᠬᠦ ᠶᠢᠨ ᠲᠤᠰᠠᠳᠠ᠂ ᠪᠥᠬᠦ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠤᠨ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠄ᠨᠢᠭᠡ᠂ ᠶᠡᠷᠦᠩᠬᠡᠢ ᠱᠠᠭᠠᠷᠳᠠᠯᠭ᠎ᠠ︵ᠨᠢᠭᠡ︶ ᠵᠢᠯᠤᠭᠤᠳᠬᠤ ᠦᠵᠡᠯ ᠰᠠᠨᠠᠭ᠎ᠠ᠃ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠳᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ ᠳᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠭᠤᠯᠤᠨ᠂ ᠤᠯᠠᠭᠠᠨᠴᠠᠪ ᠬᠤᠲᠠ ᠶᠢᠨ ︽ᠲᠠᠪᠤᠨ ᠶᠡᠭᠡ ᠠᠵᠤ ᠠᠬᠤᠢ︾ ᠶᠢᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠬᠠᠤᠯᠢ ᠶᠣᠰᠣᠭᠠᠷ ᠨᠡᠶᠢᠳᠡᠮ ᠪᠠᠶᠢᠴᠠᠭᠠᠬᠤ᠂ ᠰᠢᠨᠵᠢᠯᠡᠬᠦ ᠤᠬᠠᠭᠠᠨᠴᠢ ᠪᠠᠷ ᠨᠡᠶᠢᠳᠡᠮ ᠪᠠᠶᠢᠴᠠᠭᠠᠬᠤ᠂ ᠠᠷᠠᠳ ᠤᠨ ᠲᠥᠯᠥᠭᠡ ᠨᠡᠶᠢᠳᠡᠮ ᠪᠠᠶᠢᠴᠠᠭᠠᠬᠤ ᠶᠢ ᠪᠠᠷᠢᠮᠲᠠᠯᠠᠨ᠂ ᠦᠨᠡᠨ ᠠᠴᠠ ᠵᠥᠪ ᠢ ᠡᠷᠢᠬᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠢ ᠣᠨᠣᠪᠴᠢᠲᠠᠶ ᠪᠠᠶᠢᠬᠤ ᠶᠢ ᠦᠨᠡᠨᠬᠦ ᠪᠠᠲᠤᠯᠠᠵᠤ᠂ ᠤᠯᠠᠭᠠᠨᠴᠠᠪ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠪᠥᠬᠦ ᠲᠠᠯ᠎ᠠ ᠪᠠᠷ ᠪᠤᠰᠤᠳᠴᠢ ᠪᠠᠷ ᠲᠤᠰᠬᠠᠪᠡ᠃︵ᠬᠤᠶᠠᠷ︶ ᠨᠡᠶᠢᠳᠡᠮ ᠪᠠᠶᠢᠴᠠᠭᠠᠯᠲᠠ ᠶᠢᠨ ᠵᠣᠷᠢᠯᠭ᠎ᠠ᠃ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠪᠣᠯ ᠨᠢᠭᠡᠨ ᠴᠢᠬᠤᠯᠠ ᠶᠡᠭᠡ ᠤᠯᠤᠰ ᠤᠨ ᠪᠠᠶᠢᠳᠠᠯ ᠤᠯᠤᠰ ᠤᠨ ᠬᠦᠴᠦᠨ ᠤ ᠪᠠᠶᠢᠴᠠᠭᠠᠯᠲᠠ ᠠᠩᠬ᠎ᠠ ᠤᠳᠠᠭ᠎ᠠ ᠣᠷᠣᠭᠤᠯᠤᠯᠲᠠ ᠭᠠᠷᠭᠠᠯᠲᠠ ᠶᠢᠨ ᠪᠠᠶᠢᠴᠠᠭᠠᠯᠲᠠ ᠶᠢ ᠨᠢᠭᠡᠳᠦᠯᠲᠡᠢ ᠲᠥᠯᠥᠪᠯᠡᠵᠦ᠂ ᠤᠯᠠᠭᠠᠨᠴᠠᠪ ᠬᠤᠲᠠ ᠶᠢᠨ ᠬᠤᠶᠠᠳᠤᠭᠠᠷ ᠠᠵᠤ ᠦᠢᠯᠡᠰ ᠪᠣᠯᠣᠨ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢᠨ ᠬᠡᠪᠴᠢᠶ᠎ᠡ᠂ ᠪᠠᠶᠢᠷᠢᠰᠢᠯ ᠪᠣᠯᠣᠨ ᠦᠷ᠎ᠡ ᠠᠰᠢᠭ ᠢ ᠪᠦᠬᠦ ᠲᠠᠯ᠎ᠠ  ᠪᠠᠷ ᠪᠠᠶᠢᠴᠠᠭᠠᠵᠤ᠂ ᠡᠯ᠎ᠡ ᠲᠥᠷᠥᠯ ᠤᠨ ᠨᠢᠭᠡᠴᠡ ᠶᠢᠨ ᠦᠨᠳᠦᠰᠦᠨ ᠪᠠᠶᠢᠳᠠᠯ ᠢ ᠣᠶᠢᠯᠠᠭᠠᠵᠤ᠂ ᠤᠯᠤᠰ ᠠᠷᠠᠳ ᠤᠨ ᠠᠵᠤ ᠠᠬᠤᠢ ᠶᠢᠨ ᠠᠵᠢᠯ ᠲᠦᠷᠦᠯ ᠤᠨ ᠬᠤᠭᠤᠷᠣᠨᠳᠣᠬᠢ ᠠᠵᠤ ᠠᠬᠤᠢ ᠶᠢᠨ ᠬᠠᠷᠢᠯᠴᠠᠭ᠎ᠠ ᠶᠢ ᠡᠵᠡᠮᠰᠢᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠪᠠᠶᠢᠭᠤᠯᠬᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠢᠴᠢ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ᠂ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠵᠡᠷᠭᠡ ᠲᠠᠯ᠎ᠠ ᠶᠢᠨ ᠰᠢᠨ᠎ᠡ ᠠᠬᠢᠴᠠ ᠶᠢ ᠪᠤᠰᠤᠳᠴᠢ ᠪᠠᠷ ᠲᠤᠰᠬᠠᠨ᠎ᠠ᠃ ᠨᠡᠶᠢᠳᠡᠮ ᠪᠠᠶᠢᠴᠠᠭᠠᠬᠤ ᠪᠠᠷ ᠳᠠᠮᠵᠢᠭᠤᠯᠤᠨ᠂ ᠲᠤᠭ᠎ᠠ ᠪᠦᠷᠢᠳᠬᠡᠯ ᠤᠨ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠲᠤᠭ᠎ᠠ ᠪᠦᠷᠢᠳᠬᠡᠯ ᠤᠨ ᠣᠳᠣᠬᠢᠴᠢᠯᠠᠬᠤ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠬᠤᠷᠸ᠎ᠠ ᠠᠵᠤ ᠠᠬᠤᠢ ᠶᠢᠨ ᠵᠠᠰᠠᠯᠲᠠ ᠶᠢ ᠴᠢᠩᠭᠠᠳᠬᠠᠨ ᠰᠠᠶᠢᠵᠢᠷᠠᠭᠤᠯᠬᠤ᠂ ᠤᠷᠲᠤᠪᠲᠤᠷ ᠪᠠ ᠤᠷᠳᠤ ᠬᠤᠭᠤᠴᠠᠭᠠᠨ ᠤ ᠬᠥᠭᠵᠢᠯᠲᠡ ᠶᠢᠨ ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ  ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠰᠢᠨᠵᠢᠯᠡᠬᠦ ᠤᠬᠠᠭᠠᠨᠴᠢ ᠣᠨᠣᠪᠴᠢᠲᠠᠶ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢᠨ ᠳᠡᠮᠵᠢᠯᠭᠡ ᠬᠠᠩᠭᠠᠨ᠎ᠠ᠃ᠬᠤᠶᠠᠷ᠂ ᠨᠡᠶᠢᠳᠡᠮ ᠪᠠᠶᠢᠴᠠᠭᠠᠬᠤ ᠡᠲᠡᠭᠡᠳ ᠪᠣᠯᠣᠨ ᠬᠡᠪᠴᠢᠶ᠎ᠡᠨᠡᠶᠢᠳᠡᠮ ᠪᠠᠶᠢᠴᠠᠭᠠᠬᠤ ᠡᠲᠡᠭᠡᠳ ᠪᠣᠯ ᠤᠯᠠᠭᠠᠨᠴᠠᠪ ᠬᠤᠲᠠ ᠶᠢᠨ ᠬᠢᠯᠢ ᠳᠣᠲᠣᠷ᠎ᠠ ᠬᠤᠶᠠᠳᠤᠭᠠᠷ ᠠᠵᠤ ᠦᠢᠯᠡᠰ ᠪᠠ ᠭᠤᠷᠪᠠᠳᠤᠭᠠᠷ ᠠᠵᠤ ᠦᠢᠯᠡᠰ ᠤᠨ ᠠᠵᠢᠯᠯᠠᠭ᠎ᠠ ᠡᠷᠭᠢᠯᠡᠵᠦ ᠪᠠᠶᠢᠭ᠎ᠠ ᠪᠥᠬᠦ ᠬᠠᠤᠯᠢ ᠶᠢᠨ ᠡᠷᠬᠡᠲᠡᠨ ᠤ ᠨᠢᠭᠡᠴᠡ᠂ ᠠᠵᠤ ᠦᠢᠯᠡᠰ ᠤᠨ ᠠᠵᠢᠯᠯᠠᠭ᠎ᠠ ᠶᠢᠨ ᠨᠢᠭᠡᠴᠡ ᠪᠠ ᠬᠤᠪᠢ ᠶᠢᠨ ᠡᠵᠡᠩᠨᠡᠯᠲᠡ ᠶᠢᠨ ᠡᠷᠦᠬᠡ ᠪᠣᠯᠣᠨ᠎ᠠ᠃ ᠪᠣᠳᠠᠲᠠᠢ ᠬᠦᠷᠢᠶ᠎ᠡ ᠬᠡᠪᠴᠢᠶ᠎ᠡ ᠳᠤ ᠪᠠᠭᠲᠠᠬᠤ ᠨᠢ᠄ ᠠᠭᠤᠷᠬᠠᠢ ᠮᠠᠯᠲᠠᠬᠤ ᠦᠢᠯᠡᠰ᠂ ᠦᠢᠯᠡᠳᠬᠦ ᠦᠢᠯᠡᠰ᠂ ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ᠂ ᠪᠠᠷᠢᠯᠭ᠎ᠠ ᠶᠢᠨ ᠦᠢᠯᠡᠰ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ᠂ ᠵᠠᠮ ᠲᠡᠭᠡᠭᠡᠪᠦᠷᠢ᠂ ᠬᠥᠮᠥᠷᠭᠡᠯᠡᠯᠲᠡ ᠪᠠ ᠰᠢᠤᠳᠠᠨ ᠤ ᠦᠢᠯᠡᠰ᠂ ᠬᠤᠨᠣᠭᠯᠠᠬᠤ ᠪᠠ ᠢᠳᠡᠭᠡᠨ ᠤᠮᠳᠠᠭᠠᠨ ᠤ ᠦᠢᠯᠡᠰ᠂ ᠮᠡᠳᠡᠭᠡ ᠵᠠᠩᠭᠢ ᠶᠢᠨ ᠳᠠᠮᠵᠢᠭᠤᠯᠭ᠎ᠠ᠂ ᠵᠥᠭᠡᠯᠡᠨ ᠳᠤᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠂ ᠮᠥᠩᠭᠦᠨ ᠭᠦᠢᠯᠭᠡᠭᠡᠨ ᠤ ᠦᠢᠯᠡᠰ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠦᠢᠯᠡᠰ᠂ ᠲᠦᠷᠢᠶᠡᠰᠦᠯᠡᠯ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠤᠰᠤᠨ ᠠᠰᠢᠭᠯᠠᠯᠲᠠ᠂ ᠣᠷᠴᠢᠨ ᠠᠬᠤᠢ ᠪᠠ ᠤᠯᠠᠨ ᠨᠡᠶᠢᠲᠡ ᠶᠢᠨ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠦᠢᠯᠡᠰ᠂ ᠰᠠᠭᠤᠭᠠᠯᠢ ᠠᠷᠠᠳ ᠤᠨ ᠦᠢᠯᠡᠴᠢᠯᠡᠭᠡ᠂ ᠰᠡᠯᠪᠢᠨ ᠵᠠᠰᠠᠯᠲᠠ ᠪᠠ ᠪᠤᠰᠤᠳ ᠦᠢᠯᠡᠴᠢᠯᠡᠭᠡᠨ ᠤ ᠦᠢᠯᠡᠰ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠪᠠ ᠨᠡᠶᠢᠭᠡᠮ ᠤᠨ ᠠᠵᠢᠯ᠂ ᠰᠣᠶᠣᠯ᠂ ᠪᠡᠶ᠎ᠡ ᠶᠢᠨ ᠲᠠᠮᠢᠷ ᠪᠠ ᠵᠤᠭ᠎ᠠ ᠴᠡᠩᠭᠡᠯ ᠤᠨ ᠦᠢᠯᠡᠰ᠂ ᠤᠯᠠᠨ ᠨᠡᠶᠢᠲᠡ ᠶᠢᠨ ᠬᠠᠮᠢᠶᠠᠷᠤᠯᠲᠠ᠂ ᠨᠡᠶᠢᠭᠡᠮ ᠤᠨ ᠪᠠᠲᠤᠯᠠᠭ᠎ᠠ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠶᠢ ᠪᠠᠭᠲᠠᠭᠠᠨ᠎ᠠ᠃ᠭᠤᠷᠪᠠ᠂ ᠨᠡᠶᠢᠳᠡᠮ ᠪᠠᠶᠢᠴᠠᠭᠠᠯᠲᠠ ᠶᠢᠨ ᠠᠭᠤᠯᠭ᠎ᠠ ᠪᠠ ᠴᠠᠭ ᠬᠤᠭᠤᠴᠠᠭ᠎ᠠᠨᠡᠶᠢᠳᠡᠮ ᠪᠠᠶᠢᠴᠠᠭᠠᠯᠲᠠ ᠶᠢᠨ ᠭᠤᠣᠯ ᠠᠭᠤᠯᠭ᠎ᠠ ᠳᠤ ᠨᠡᠶᠢᠳᠡᠮ ᠪᠠᠶᠢᠴᠠᠭᠠᠯᠲᠠ ᠶᠢᠨ ᠡᠲᠡᠭᠡᠳ ᠤᠨ ᠦᠨᠳᠦᠰᠦᠨ ᠪᠠᠶᠢᠳᠠᠯ᠂ ᠵᠣᠬᠢᠶᠠᠨ ᠪᠠᠶᠢᠭᠤᠯᠤᠯᠲᠠ ᠶᠢᠨ ᠪᠦᠲᠦᠴᠡ᠂ ᠠᠵᠢᠯᠲᠠᠨ ᠤ ᠴᠠᠯᠢᠩ᠂ ᠦᠢᠯᠡᠳᠪᠦᠷᠢᠯᠡᠯ ᠤᠨ ᠴᠢᠳᠠᠪᠤᠷᠢ᠂ ᠡᠳ᠋ ᠤᠨ ᠶᠠᠪᠤᠳᠠᠯ ᠤᠨ ᠪᠠᠶᠢᠳᠠᠯ᠂ ᠦᠢᠯᠡᠳᠪᠦᠷᠢᠯᠡᠯ ᠡᠵᠡᠩᠨᠡᠯᠲᠡ᠂ ᠡᠨᠧᠷᠭᠢ ᠶᠢᠨ ᠦᠢᠯᠡᠳᠪᠦᠷᠢᠯᠡᠯ ᠪᠠ ᠬᠡᠷᠡᠭᠯᠡᠭᠡ᠂ ᠰᠤᠳᠤᠯᠤᠨ ᠨᠡᠭᠡᠭᠡᠬᠦ ᠠᠵᠢᠯᠯᠠᠭ᠎ᠠ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠪᠠ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠷᠠᠯᠵᠢᠶ᠎ᠠ ᠶᠢᠨ ᠪᠠᠶᠢᠳᠠᠯ ᠵᠢᠴᠢ ᠣᠷᠣᠭᠤᠯᠤᠯᠲᠠ ᠶᠢᠨ ᠪᠦᠲᠦᠴᠡ᠂ ᠦᠢᠯᠡᠳᠬᠦᠨ ᠤ ᠬᠡᠷᠡᠭᠯᠡᠯᠲᠡ ᠶᠢᠨ ᠬᠠᠨᠳᠤᠰᠢ ᠪᠠ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠪᠦᠷᠢᠯᠳᠦᠯ ᠤᠨ ᠪᠠᠶᠢᠳᠠᠯ ᠵᠡᠷᠭᠡ ᠪᠠᠭᠲᠠᠨ᠎ᠠ᠃ᠨᠡᠶᠢᠳᠡᠮ ᠪᠠᠶᠢᠴᠠᠭᠠᠯᠲᠠ ᠶᠢᠨ ᠪᠠᠷᠢᠮᠵᠢᠶᠠᠲᠤ ᠴᠠᠭ ᠨᠢ 2023 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠠᠶᠢᠵᠤ᠂ ᠨᠡᠶᠢᠳᠡᠮ ᠪᠠᠶᠢᠴᠠᠭᠠᠯᠲᠠ ᠶᠢᠨ ᠬᠤᠭᠤᠴᠠᠭᠠᠨ ᠤ ᠮᠠᠲ᠋ᠧᠷᠢᠶᠠᠯ ᠨᠢ 2023 ᠣᠨ ᠤ ᠣᠨ ᠤ ᠮᠠᠲ᠋ᠧᠷᠢᠶᠠᠯ ᠪᠣᠯᠣᠨ᠎ᠠ᠃ᠳᠥᠷᠪᠡ᠂ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠪᠠᠶᠢᠴᠠᠭᠠᠯᠲᠠ ᠳᠤ ᠬᠤᠯᠪᠣᠭᠳᠠᠬᠤ ᠬᠡᠪᠴᠢᠶ᠎ᠡ ᠥᠷᠭᠡᠨ᠂ ᠣᠷᠣᠯᠴᠠᠬᠤ ᠰᠠᠯᠠᠭ᠎ᠠ ᠮᠥᠴᠢᠷ ᠤᠯᠠᠨ᠂ ᠮᠡᠷᠭᠡᠵᠢᠯ ᠤᠨ ᠱᠠᠭᠠᠷᠳᠠᠯᠭ᠎ᠠ ᠥᠨᠳᠥᠷ ᠪᠣᠯᠬᠤᠷ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠨ᠂ ᠠᠷᠭ᠎ᠠ ᠮᠠᠶ᠋ᠢᠭ ᠢᠶᠠᠨ ᠰᠢᠯᠢᠳᠡᠭᠵᠢᠭᠦᠯᠵᠦ᠂ ᠭᠤᠣᠯᠳᠠᠯᠭ᠎ᠠ ᠪᠠᠨ ᠲᠣᠪᠤᠶᠢᠯᠭᠠᠨ᠂ ᠠᠷᠭ᠎ᠠ ᠪᠠᠷᠢᠯ ᠤᠨ ᠰᠢᠨ᠎ᠡ ᠶᠢ ᠡᠭᠦᠳᠴᠦ᠂ ᠨᠡᠶᠢᠳᠡᠮ ᠪᠠᠶᠢᠴᠠᠭᠠᠯᠲᠠ ᠶᠢᠨ ᠤᠬᠠᠭᠤᠯᠤᠨ ᠳᠠᠶᠢᠴᠢᠯᠠᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠢ ᠬᠢᠨᠠᠮᠠᠭᠠᠢ ᠰᠠᠶᠢᠲᠤᠷ ᠬᠢᠬᠦ ᠬᠡᠷᠡᠭᠲᠡᠢ᠃ᠨᠡᠶᠢᠳᠡᠮ ᠪᠠᠶᠢᠴᠠᠭᠠᠯᠲᠠ ᠶᠢᠨ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ ᠶᠢᠨ ᠲᠤᠰᠠᠳᠠ᠂ ᠬᠤᠲᠠ ᠶᠢᠨ ᠵᠠᠰᠠᠭ ᠤᠨ ᠣᠷᠳᠣᠨ ᠠᠴᠠ ᠤᠯᠠᠭᠠᠨᠴᠠᠪ ᠬᠤᠲᠠ ᠶᠢᠨ ᠲᠠᠪᠤᠳᠤᠭᠠᠷ ᠤᠳᠠᠭᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠪᠠᠶᠢᠭᠤᠯᠵᠤ᠂ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠳᠤᠮᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠬᠤ ᠪᠠ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠬᠠᠷᠢᠭᠤᠴᠠᠨ᠎ᠠ᠃ ᠬᠤᠳᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠨᠢᠭᠡᠴᠡ ᠨᠦᠭᠦᠳ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠨ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠨᠢᠭᠲᠠ ᠬᠠᠮᠵᠢᠯᠴᠠᠨ᠂ ᠨᠡᠶᠢᠳᠡᠮ ᠪᠠᠶᠢᠴᠠᠭᠠᠯᠲᠠ ᠶᠢᠨ ᠡᠯ᠎ᠡ ᠵᠦᠢᠯ ᠤᠨ ᠠᠵᠢᠯ ᠤᠨ ᠤᠷᠤᠭᠰᠢᠲᠠᠢ ᠥᠷᠨᠢᠬᠦ ᠶᠢ ᠬᠦᠴᠦ ᠪᠠᠨ ᠬᠠᠮᠲᠤᠳᠬᠠᠨ ᠲᠦᠯᠬᠢᠨ ᠠᠬᠢᠭᠤᠯᠬᠤ ᠬᠡᠷᠡᠭᠲᠡᠢ᠃ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠨᠢ ᠪᠥᠬᠦ ᠬᠤᠲᠠ ᠶᠢᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠪᠣᠳᠠᠲᠠᠢ ᠬᠡᠷᠡᠭᠵᠢᠭᠦᠯᠬᠦ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ︔ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠤᠨ ᠲᠠᠯ᠎ᠠ ᠳᠤ ᠬᠤᠯᠪᠣᠭᠳᠠᠬᠤ ᠵᠦᠢᠯᠡᠰ ᠢ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠬᠠᠷᠢᠭᠤᠴᠠᠨ ᠵᠣᠬᠢᠴᠠᠭᠤᠯᠤᠨ᠎ᠠ︔ ᠲᠤᠭ᠎ᠠ ᠪᠠᠷᠢᠮᠲᠠ ᠶᠢ ᠰᠢᠢᠳᠪᠦᠷᠢᠯᠡᠬᠦ ᠴᠢᠳᠠᠪᠤᠷᠢ ᠶᠢᠨ ᠪᠠᠶᠢᠭᠤᠯᠤᠯᠲᠠ ᠶᠢᠨ ᠲᠠᠯ᠎ᠠ ᠳᠤ ᠬᠤᠯᠪᠣᠭᠳᠠᠬᠤ ᠵᠦᠢᠯᠡᠰ ᠢ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠨᠠᠮ ᠤᠨ ᠬᠤᠷᠢᠶ᠎ᠠ ᠶᠢᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠠᠴᠠ ᠬᠠᠷᠢᠭᠤᠴᠠᠬᠤ ᠪᠠ ᠵᠣᠬᠢᠴᠠᠭᠤᠯᠤᠨ᠎ᠠ︔ ᠨᠡᠶᠢᠳᠡᠮ ᠪᠠᠶᠢᠴᠠᠭᠠᠯᠲᠠ ᠶᠢᠨ ᠤᠬᠠᠭᠤᠯᠤᠨ ᠳᠠᠶᠢᠴᠢᠯᠠᠬᠤ ᠲᠠᠯ᠎ᠠ ᠳᠤ ᠬᠤᠯᠪᠣᠭᠳᠠᠬᠤ ᠵᠦᠢᠯᠡᠰ ᠢ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠠᠴᠠ ᠬᠠᠷᠢᠭᠤᠴᠠᠬᠤ ᠪᠠ ᠵᠣᠬᠢᠴᠠᠭᠤᠯᠤᠨ᠎ᠠ︔ ᠠᠵᠤ ᠠᠬᠤᠶᠢᠯᠠᠯ ᠪᠠ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠨᠡᠷᠡᠰ ᠤᠨ ᠵᠢᠭᠰᠠᠭᠠᠯᠲᠠ ᠳᠤ ᠬᠤᠯᠪᠣᠭᠳᠠᠬᠤ ᠵᠦᠢᠯᠡᠰ ᠢ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠴᠠ ᠬᠠᠷᠢᠭᠤᠴᠠᠵᠤ ᠵᠣᠬᠢᠴᠠᠭᠤᠯᠤᠨ᠎ᠠ︔ ᠪᠠᠶᠢᠭᠤᠯᠭ᠎ᠠ ᠪᠠ ᠠᠵᠢᠯ ᠦᠢᠯᠡᠰ ᠤᠨ ᠨᠢᠭᠡᠴᠡ ᠶᠢᠨ ᠨᠡᠷᠡᠰ ᠤᠨ ᠵᠢᠭᠰᠠᠭᠠᠯᠲᠠ ᠳᠤ ᠬᠤᠯᠪᠣᠭᠳᠠᠬᠤ ᠤᠴᠢᠷ ᠶᠠᠪᠤᠳᠠᠯ ᠢ ᠬᠤᠲᠠ ᠶᠢᠨ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠭᠡᠷ ᠠᠴᠠ ᠬᠠᠷᠢᠭᠤᠴᠠᠨ ᠵᠣᠬᠢᠴᠠᠭᠤᠯᠤᠨ᠎ᠠ︔ ᠨᠡᠶᠢᠭᠡᠮ ᠤᠨ ᠪᠦᠯᠬᠦᠮ᠂ ᠰᠠᠭᠤᠷᠢ ᠮᠥᠩᠭᠦᠨ ᠤ ᠨᠡᠶᠢᠭᠡᠮᠯᠢᠭ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ ᠵᠢᠴᠢ ᠦᠨᠳᠦᠰᠦᠨ ᠱᠠᠲᠤᠨ ᠤ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢᠨ ᠨᠡᠷᠡᠰ ᠤᠨ ᠵᠢᠭᠰᠠᠭᠠᠯᠲᠠ ᠳᠤ ᠬᠤᠯᠪᠣᠭᠳᠠᠬᠤ ᠵᠦᠢᠯᠡᠰ ᠢ ᠬᠤᠳᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠬᠠᠷᠢᠭᠤᠴᠠᠵᠤ ᠵᠣᠬᠢᠴᠠᠭᠤᠯᠤᠨ᠎ᠠ︔ ᠨᠢᠭᠡᠳᠦᠯᠲᠡᠢ ᠨᠡᠶᠢᠭᠡᠮ ᠤᠨ ᠢᠲᠡᠭᠡᠮᠵᠢ ᠶᠢᠨ ᠣᠷᠣᠯᠠᠬᠤ ᠨᠣᠮᠧᠷ ᠤᠨ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠲᠠᠯ᠎ᠠ ᠳᠤ ᠬᠤᠯᠪᠣᠭᠳᠠᠬᠤ ᠵᠦᠢᠯᠡᠰ ᠢ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠷᠢᠭᠤᠴᠠᠬᠤ ᠪᠠ ᠵᠣᠬᠢᠴᠠᠭᠤᠯᠤᠨ᠎ᠠ︔ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠲᠣᠥᠷᠵᠢᠭᠤᠯᠤᠭᠰᠠᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠳᠤ ᠬᠤᠯᠪᠣᠭᠳᠠᠬᠤ ᠵᠦᠢᠯᠡᠰ ᠢ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠠᠴᠠ ᠵᠣᠬᠢᠴᠠᠭᠤᠯᠤᠨ᠎ᠠ︔ ᠪᠠᠩᠬᠢ᠂ ᠲᠡᠮᠳᠡᠭᠲᠦ᠂ ᠳᠠᠭᠠᠳᠬᠠᠯ᠂ ᠲᠡᠮᠦᠷ ᠵᠠᠮ ᠵᠡᠷᠭᠡ ᠰᠠᠯᠠᠭ᠎ᠠ ᠮᠥᠴᠢᠷ ᠪᠣᠯᠣᠨ ᠨᠢᠭᠡᠴᠡ ᠬᠢᠭᠡᠳ ᠬᠤᠯᠪᠣᠭᠳᠠᠯ ᠪᠦᠬᠦᠢ ᠲᠠᠯ᠎ᠠ ᠶᠢᠨ ᠬᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠲᠤᠰ ᠰᠢᠰᠲ᠋ᠧᠮ  ᠤᠨ ᠢᠶᠠᠨ ᠨᠡᠶᠢᠳᠡᠮ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠶᠢ ᠬᠠᠷᠢᠭᠤᠴᠠᠨ᠎ᠠ︔᡾ᠵᠢᠨᠢᠩ ᠪᠣᠭᠤᠮᠲᠠ ᠨᠢ ᠨᠡᠶᠢᠳᠡᠮ ᠪᠠᠶᠢᠴᠠᠭᠠᠯᠲᠠ ᠶᠢᠨ ᠠᠵᠢᠯ ᠤᠨ ᠳᠤᠮᠳᠠᠬᠢ ᠭᠠᠳᠠᠭᠠᠳᠤ ᠠᠴᠠ ᠣᠷᠣᠭᠤᠯᠬᠤ ᠪᠠᠷᠠᠭ᠎ᠠ ᠶᠢᠨ ᠬᠡᠷᠡᠭᠯᠡᠬᠦ ᠴᠢᠭᠯᠡᠯ ᠢ ᠪᠠᠶᠢᠴᠠᠭᠠᠬᠤ ᠡᠭᠦᠷᠭᠡ ᠶᠢ ᠵᠣᠬᠢᠶᠠᠨ ᠪᠠᠶᠢᠭᠤᠯᠤᠨ ᠥᠷᠨᠢᠭᠦᠯᠬᠦ ᠶᠢ ᠬᠠᠷᠢᠭᠤᠴᠠᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠨᠢᠭᠡᠴᠡ ᠨᠦᠭᠦᠳ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠪᠠᠨ ᠴᠢᠩᠭᠠᠷᠠᠭᠤᠯᠵᠤ᠂ ᠨᠡᠶᠢᠳᠡᠮ ᠪᠠᠶᠢᠴᠠᠭᠠᠯᠲᠠ ᠶᠢᠨ ᠬᠤᠯᠪᠣᠭᠳᠠᠯ ᠪᠦᠬᠦᠢ ᠰᠠᠭᠤᠷᠢ ᠮᠠᠲ᠋ᠧᠷᠢᠶᠠᠯ ᠢ ᠡᠵᠡᠮᠰᠢᠭᠰᠡᠨ ᠡᠯ᠎ᠡ ᠱᠠᠲᠤᠨ ᠤ ᠰᠠᠯᠠᠭ᠎ᠠ ᠮᠥᠴᠢᠷ ᠤᠳ ᠰᠠᠯᠠᠭ᠎ᠠ ᠮᠥᠴᠢᠷ ᠤᠨ ᠢᠶᠠᠨ ᠵᠠᠰᠠᠭ ᠵᠠᠬᠢᠷᠭᠠᠨ ᠤ ᠲᠡᠮᠳᠡᠭᠯᠡᠯ ᠪᠣᠯᠣᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠴᠠᠭ ᠲᠤᠬᠠᠢ ᠳᠤᠨᠢ ᠣᠨᠣᠪᠴᠢᠲᠠᠶ ᠬᠠᠩᠭᠠᠬᠤ ᠬᠡᠷᠡᠭᠲᠡᠢ᠃ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠪᠠᠰᠠ ᠵᠣᠬᠢᠬᠤ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠪᠠᠶᠢᠭᠤᠯᠵᠤ᠂ ᠲᠣᠰ ᠭᠠᠵᠠᠷ ᠣᠷᠣᠨ ᠤ ᠪᠠᠨ ᠨᠡᠶᠢᠳᠡᠮ ᠪᠠᠶᠢᠴᠠᠭᠠᠯᠲᠠ ᠶᠢ ᠬᠡᠷᠡᠭᠵᠢᠭᠦᠯᠬᠦ ᠠᠵᠢᠯ ᠢ ᠬᠢᠨᠠᠮᠠᠭᠠᠢ ᠰᠠᠶᠢᠲᠤᠷ ᠵᠣᠬᠢᠶᠠᠨ ᠪᠠᠶᠢᠭᠤᠯᠵᠤ᠂ ᠴᠠᠭ ᠲᠤᠬᠠᠢ ᠳᠤᠨᠢ ᠠᠷᠭ᠎ᠠ ᠬᠡᠮᠵᠢᠶ᠎ᠡ ᠠᠪᠴᠤ ᠪᠠᠶᠢᠭᠠᠳ ᠨᠡᠶᠢᠳᠡᠮ ᠪᠠᠶᠢᠴᠠᠭᠠᠯᠲᠠ ᠶᠢᠨ ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠣᠨ ᠰᠠᠭᠤᠭᠠᠯᠢ ᠠᠷᠠᠳ ᠤᠨ ᠵᠥᠪᠯᠡᠯ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠣᠯᠣᠨ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠠᠰᠠᠷ ᠲᠠᠭᠲᠤ ᠠᠳᠠᠯ ᠠᠬᠤᠢ ᠪᠣᠯᠣᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠠᠭᠪᠤᠷ ᠢ ᠠᠰᠢᠭᠯᠠᠨ᠂ ᠨᠡᠶᠢᠭᠡᠮ ᠤᠨ ᠬᠦᠴᠦᠨ ᠢ ᠥᠷᠭᠡᠨ ᠢᠶᠠᠷ ᠳᠠᠶᠢᠴᠢᠯᠠᠬᠤ ᠪᠠ ᠵᠣᠬᠢᠶᠠᠨ ᠪᠠᠶᠢᠭᠤᠯᠵᠤ ᠪᠠᠶᠢᠭᠠᠳ ᠢᠳᠡᠪᠬᠢᠲᠡᠢ ᠣᠷᠣᠯᠴᠠᠭᠤᠯᠤᠨ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠬᠢᠨᠠᠮᠠᠭᠠᠢ ᠬᠠᠮᠵᠢᠯᠴᠠᠨ ᠰᠠᠶᠢᠲᠤᠷ ᠬᠢᠬᠦ ᠬᠡᠷᠡᠭᠲᠡᠢ᠃ ᠣᠷᠣᠨ ᠨᠤᠲᠤᠭ ᠤᠨ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠨᠢ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠨᠥᠬᠦᠴᠡᠯ ᠳᠤ ᠨᠡᠶᠢᠴᠡᠬᠦ ᠨᠡᠶᠢᠳᠡᠮ ᠪᠠᠶᠢᠴᠠᠭᠠᠯᠲᠠ ᠶᠢᠨ ᠵᠢᠭᠠᠨ ᠵᠢᠯᠣᠭᠤᠳᠤᠭᠴᠢ ᠪᠣᠯᠣᠨ ᠨᠡᠶᠢᠳᠡᠮ ᠪᠠᠶᠢᠴᠠᠭᠠᠭᠴᠢ   ᠶᠢ ᠤᠷᠢᠨ ᠬᠡᠷᠡᠭᠯᠡᠬᠦ ᠪᠤᠶᠤ ᠬᠤᠯᠪᠣᠭᠳᠠᠯ ᠪᠦᠬᠦᠢ ᠨᠢᠭᠡᠴᠡ ᠠᠴᠠ ᠵᠥᠪᠳᠡᠯᠴᠡᠨ ᠰᠢᠯᠵᠢᠭᠦᠯᠵᠦ  ᠤᠷᠢᠨ ᠬᠡᠷᠡᠭᠯᠡᠬᠦ ᠬᠥᠮᠥᠰ ᠤᠨ ᠬᠥᠳᠡᠯᠮᠦᠷᠢ ᠶᠢᠨ ᠬᠥᠯᠥᠰᠦ ᠣᠯᠭᠤᠮᠵᠢ ᠶᠢ ᠴᠠᠭ ᠲᠤᠬᠠᠢ ᠲᠤᠨᠢ ᠥᠭᠴᠦ᠂ ᠵᠥᠪᠳᠡᠯᠴᠡᠨ ᠰᠢᠯᠵᠢᠭᠦᠯᠬᠦ ᠬᠥᠮᠥᠰ ᠤᠨ ᠤᠤᠯ ᠤᠨ ᠨᠢᠭᠡᠴᠡ ᠳᠠᠬᠢ ᠴᠠᠯᠢᠩ᠂ ᠠᠰᠠᠷᠠᠮᠵᠢ ᠵᠢᠴᠢ ᠪᠤᠰᠤᠳ ᠣᠯᠭᠤᠮᠵᠢ ᠶᠢ ᠬᠤᠪᠢᠷᠠᠭᠤᠯᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠢᠳᠡᠪᠬᠢᠲᠡᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠳᠡᠮ ᠪᠠᠶᠢᠴᠠᠭᠠᠯᠲᠠ ᠶᠢᠨ ᠠᠵᠢᠯᠲᠠᠳ ᠤᠨ ᠬᠡᠪ ᠴᠢᠨᠠᠷ ᠢ ᠳᠡᠭᠡᠭᠰᠢᠯᠡᠭᠦᠯᠬᠦ   ᠶᠢᠨ ᠬᠠᠮᠲᠤ ᠰᠢᠮᠳᠠᠭᠤᠯᠤᠨ ᠵᠢᠯᠤᠭᠤᠳᠬᠤ ᠪᠠᠨ ᠴᠢᠩᠭᠠᠳᠬᠠᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠡᠩᠨᠡᠭᠡ ᠶᠢ ᠲᠣᠭᠲᠠᠪᠤᠷᠢᠵᠢᠭᠤᠯᠤᠨ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ᠃ᠲᠠᠪᠤ᠂ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠤᠨ ᠪᠠᠲᠤᠯᠠᠭ᠎ᠠᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠳᠤ ᠬᠡᠷᠡᠭᠰᠡᠬᠦ ᠵᠠᠷᠤᠳᠠᠯ ᠢ ᠣᠲᠣ ᠶᠢᠨ ᠬᠡᠷᠡᠭᠵᠢᠭᠦᠯᠵᠦ ᠪᠠᠶᠢᠭ᠎ᠠ ᠵᠠᠷᠤᠳᠠᠯ ᠤᠨ ᠠᠷᠭ᠎ᠠ ᠵᠠᠮ ᠢᠶᠠᠷ ᠲᠥᠪ ᠪᠠ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠬᠠᠮᠲᠤᠪᠠᠷ ᠡᠭᠦᠷᠭᠡᠯᠡᠵᠦ᠂ ᠵᠣᠬᠢᠬᠤ ᠣᠨ ᠤ ᠡᠳ᠋ ᠤᠨ ᠵᠠᠰᠠᠭ ᠤᠨ ᠲᠥᠰᠥᠪ ᠲᠤ ᠵᠢᠭᠰᠠᠭᠠᠨ ᠣᠷᠣᠭᠤᠯᠵᠤ᠂ ᠴᠠᠭ ᠲᠤᠬᠠᠢ ᠳᠤᠨᠢ ᠰᠠᠯᠭᠠᠨ ᠥᠭᠴᠦ᠂ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠡᠭᠦᠨ ᠳᠤ᠂ ᠨᠡᠶᠢᠳᠡᠮ ᠪᠠᠶᠢᠴᠠᠭᠠᠯᠲᠠ ᠶᠢᠨ ᠭᠠᠷ ᠲᠠᠬᠢ ᠲᠤᠭ᠎ᠠ ᠪᠠᠷᠢᠮᠲᠠ ᠴᠤᠭᠯᠠᠭᠤᠯᠬᠤ ᠦᠵᠦᠭᠦᠷ ︵PAD︶ ᠵᠡᠷᠭᠡ ᠲᠤᠰᠬᠠᠢ ᠬᠡᠷᠡᠭᠯᠡᠭᠡᠨ ᠤ ᠲᠥᠬᠦᠭᠡᠷᠦᠮᠵᠢ ᠶᠢ ᠭᠦᠢᠴᠡᠳ ᠬᠠᠭᠤᠴᠢᠨ ᠳᠤ ᠠᠰᠢᠭᠲᠠᠢ ᠪᠠᠶᠢᠯᠭᠠᠬᠤ ᠰᠠᠭᠤᠷᠢᠨ ᠳᠡᠭᠡᠷ᠎ᠡ ᠲᠥᠰᠥᠭᠡᠯᠡᠨ ᠪᠤᠳᠤᠬᠤ ᠶᠢ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ ᠰᠠᠶᠢᠲᠤᠷ ᠬᠢᠵᠦ᠂ ᠬᠤᠳᠠᠯᠳᠤᠨ ᠠᠪᠬᠤ ᠵᠠᠷᠤᠳᠠᠯ ᠢ ᠬᠤᠰᠢᠭᠤ ᠰᠢᠶᠠᠨ ᠤ ᠡᠳ᠋ ᠤᠨ ᠵᠠᠰᠠᠭ ᠠᠴᠠ ᠡᠭᠦᠷᠭᠡᠯᠡᠬᠦ ᠶᠢᠨ ᠬᠠᠮᠲᠤ ᠴᠠᠭ ᠲᠤᠬᠠᠢ ᠳᠤᠨᠢ ᠰᠢᠯᠵᠢᠭᠦᠯᠦᠨ ᠥᠭᠬᠦ ᠬᠡᠷᠡᠭᠲᠡᠢ︔ ︽ᠬᠤᠶᠠᠷ ᠠᠵᠢᠯᠲᠠᠨ ︾ ᠤ ᠬᠥᠯᠥᠰᠦ ᠣᠯᠭᠤᠮᠵᠢ ᠶᠢ ᠰᠢᠶᠠᠨ ᠤ ᠱᠠᠲᠤᠨ ᠤ ᠡᠳ᠋ ᠤᠨ ᠵᠠᠰᠠᠭ ᠠᠴᠠ ᠡᠭᠦᠷᠭᠡᠯᠡᠨ᠎ᠡ᠂ ︽ᠬᠤᠶᠠᠷ ᠠᠵᠢᠯᠲᠠᠨ︾ ᠤ ᠬᠥᠯᠥᠰᠦ ᠣᠯᠭᠤᠮᠵᠢ ᠶᠢᠨ ᠪᠠᠷᠢᠮᠵᠢᠶ᠎ᠠ ᠶᠢ ᠵᠦᠢ ᠵᠣᠬᠢᠰᠲᠠᠢ ᠲᠣᠭᠲᠠᠭᠠᠬᠤ ᠬᠡᠷᠡᠭᠲᠡᠢ᠂ ᠤᠳᠠᠭᠠᠰᠢᠷᠠᠭᠤᠯᠵᠤ ᠪᠣᠯᠬᠤ ᠦᠭᠡᠢ᠃ ᠡᠯ᠎ᠡ ᠬᠤᠰᠢᠭᠤ ᠰᠢᠶᠠᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠨᠤᠭᠤᠳ ᠬᠠᠮᠢᠶᠠᠷᠤᠯᠲᠠ ᠪᠠᠨ ᠴᠢᠩᠭᠠᠳᠬᠠᠨ᠂ ᠰᠠᠶᠢᠲᠤᠷ ᠠᠷᠪᠢᠯᠠᠵᠤ᠂ ᠲᠤᠰᠬᠠᠢ ᠵᠣᠭᠤᠰ ᠢ ᠲᠤᠰᠬᠠᠢ ᠵᠦᠢᠯ ᠲᠤᠨᠢ ᠬᠡᠷᠡᠭᠯᠡᠵᠦ᠂ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠤᠨ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ᠵᠢᠷᠭᠤᠭ᠎ᠠ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠱᠠᠭᠠᠷᠳᠠᠯᠭ᠎ᠠᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠨᠤᠭᠤᠳ ᠪᠣᠳᠠᠲᠠᠢ ᠲᠠᠢ ᠪᠠᠨ ᠤᠶᠠᠯᠳᠤᠭᠤᠯᠤᠨ᠂ ᠰᠢᠨᠵᠢᠯᠡᠬᠦ ᠤᠬᠠᠭᠠᠨᠴᠢ ᠨᠠᠷᠢᠨ ᠨᠢᠭᠲᠠ᠂ ᠪᠣᠳᠠᠲᠠᠢ ᠶᠢ ᠡᠷᠬᠢᠮᠯᠡᠭᠰᠡᠨ ᠶᠠᠪᠤᠭᠳᠠᠭᠤᠰᠢᠲᠠᠢ ᠨᠡᠶᠢᠳᠡᠮ ᠪᠠᠶᠢᠴᠠᠭᠠᠯᠲᠠ ᠶᠢᠨ ᠲᠥᠰᠥᠯ ᠢ ᠲᠣᠭᠲᠠᠭᠠᠵᠤ᠂ ᠶᠠᠰᠤ ᠴᠢᠨᠠᠷ ᠤᠨ ᠦᠵᠡᠯ ᠤᠬᠠᠮᠰᠠᠷ ᠢ ᠨᠡᠶᠢᠳᠡᠮ ᠪᠠᠶᠢᠴᠠᠭᠠᠯᠲᠠ ᠶᠢᠨ ᠠᠵᠢᠯ ᠤᠨ ᠪᠥᠬᠦ ᠶᠠᠪᠤᠴᠠ ᠳᠤ ᠨᠠᠶᠢᠳᠠᠪᠤᠷᠢᠵᠢᠭᠤᠯᠬᠤ ᠶᠢ ᠪᠠᠷᠢᠮᠲᠠᠯᠠᠨ᠂ ᠨᠡᠶᠢᠳᠡᠮ ᠪᠠᠶᠢᠴᠠᠭᠠᠯᠲᠠ ᠶᠢᠨ ᠲᠥᠰᠥᠯ ᠳᠤ ᠲᠣᠳᠣᠷᠬᠠᠶᠢᠯᠠᠭᠰᠠᠨ ᠠᠭᠤᠯᠭ᠎ᠠ ᠪᠠ ᠱᠠᠭᠠᠷᠳᠠᠯᠭ᠎ᠠ ᠶᠣᠰᠣᠭᠠᠷ ᠠᠵᠢᠯ ᠢᠶᠠᠨ ᠴᠢᠨᠠᠷ ᠰᠠᠶᠢᠲᠠᠢ ᠥᠷᠨᠢᠭᠦᠯᠬᠦ ᠶᠢ ᠦᠨᠡᠨᠬᠦ ᠠᠬᠢᠭᠤᠯᠬᠤ ᠬᠡᠷᠡᠭᠲᠡᠢ᠃︵ᠨᠢᠭᠡ︶ ᠬᠠᠤᠯᠢ ᠶᠣᠰᠣᠭᠠᠷ ᠨᠡᠶᠢᠳᠡᠮ ᠪᠠᠶᠢᠴᠠᠭᠠᠬᠤ ᠶᠢ ᠪᠠᠷᠢᠮᠲᠠᠯᠠᠨ᠎ᠠ᠃ ᠨᠡᠶᠢᠳᠡᠮ ᠪᠠᠶᠢᠴᠠᠭᠠᠯᠲᠠ ᠶᠢᠨ ᠠᠵᠢᠯᠲᠠᠨ ᠪᠣᠯᠣᠨ ᠨᠡᠶᠢᠳᠡᠮ ᠪᠠᠶᠢᠴᠠᠭᠠᠯᠲᠠ ᠶᠢᠨ ᠡᠲᠡᠭᠡᠳ ᠪᠦᠬᠦᠨ ᠡᠷᠬᠡᠪᠰᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ ᠶᠢ ᠬᠡᠷᠡᠭᠵᠢᠭᠦᠯᠬᠦ ᠳᠦᠷᠢᠮ︾᠂ ︽ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠳᠦᠷᠢᠮ︾ ᠤᠨ ᠲᠣᠭᠲᠠᠭᠠᠯ ᠢ ᠴᠢᠩᠭ᠎ᠠ ᠵᠢᠷᠤᠮᠯᠠᠨ᠂ ᠨᠡᠶᠢᠳᠡᠮ ᠪᠠᠶᠢᠴᠠᠭᠠᠯᠲᠠ ᠶᠢᠨ ᠬᠦᠰᠦᠨᠦᠭᠲᠦ   ᠶᠢ ᠴᠠᠭ ᠲᠤᠬᠠᠢ ᠲᠤᠨᠢ᠂ ᠦᠨᠡᠨ ᠮᠥᠨ ᠢᠶᠠᠷ ᠨᠢ ᠲᠠᠭᠯᠠᠨ ᠮᠡᠳᠡᠭᠦᠯᠬᠦ ᠬᠡᠷᠡᠭᠲᠡᠢ᠃ ᠶᠠᠮᠠᠷᠪᠠ ᠨᠢᠭᠡᠴᠡ ᠪᠣᠯᠣᠨ ᠬᠤᠪᠢ ᠬᠥᠮᠥᠨ ᠭᠡᠳ ᠬᠤᠳᠠᠯ ᠢᠶᠠᠷ ᠮᠡᠳᠡᠭᠦᠯᠵᠦ᠂ ᠮᠡᠳᠡᠭᠦᠯᠬᠦ ᠦᠭᠡᠢ ᠨᠢᠭᠤᠬᠤ᠂ ᠮᠡᠳᠡᠭᠦᠯᠬᠦ ᠶᠢ ᠲᠡᠪᠴᠢᠬᠦ᠂ ᠤᠳᠠᠭᠠᠰᠢᠷᠠᠭᠤᠯᠤᠨ ᠮᠡᠳᠡᠭᠦᠯᠵᠦ ᠪᠣᠯᠬᠤ ᠦᠭᠡᠢ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠬᠠᠭᠤᠷᠮᠠᠭᠯᠠᠨ ᠵᠣᠬᠢᠶᠠᠵᠤ᠂ ᠥᠭᠡᠷᠡᠲᠦᠭᠦᠯᠵᠦ ᠪᠣᠯᠬᠤ ᠦᠭᠡᠢ᠃ ᠨᠡᠶᠢᠳᠡᠮ ᠪᠠᠶᠢᠴᠠᠭᠠᠯᠲᠠ ᠶᠢᠨ ᠣᠯᠣᠭᠰᠠᠨ ᠨᠢᠭᠡᠴᠡ ᠪᠣᠯᠣᠨ ᠬᠤᠪᠢ ᠬᠥᠮᠥᠨ ᠤ ᠮᠠᠲ᠋ᠧᠷᠢᠶᠠᠯ ᠢ ᠨᠡᠶᠢᠳᠡᠮ ᠪᠠᠶᠢᠴᠠᠭᠠᠯᠲᠠ ᠳᠤ ᠬᠡᠷᠡᠭᠯᠡᠬᠦ ᠵᠣᠷᠢᠯᠭ᠎ᠠ ᠪᠠᠷ ᠴᠢᠩᠭ᠎ᠠ ᠬᠢᠵᠠᠭᠠᠷᠯᠠᠨ ᠲᠣᠭᠲᠠᠭᠠᠵᠤ᠂ ᠶᠠᠮᠠᠷᠪᠠ ᠨᠢᠭᠡᠴᠡ ᠠᠴᠠ ᠨᠡᠶᠢᠳᠡᠮ ᠪᠠᠶᠢᠴᠠᠭᠠᠯᠲᠠ ᠶᠢᠨ ᠡᠲᠡᠭᠡᠳ ᠢ ᠱᠠᠩᠨᠠᠵᠤ ᠲᠣᠷᠭᠠᠬᠤ ᠶᠢᠨ ᠦᠨᠳᠦᠰᠦᠯᠡᠯ ᠪᠣᠯᠭᠠᠬᠤ ᠦᠭᠡᠢ᠃ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠵᠢᠴᠢ ᠲᠡᠭᠦᠨ ᠤ ᠠᠵᠢᠯᠲᠠᠳ᠂ ᠨᠡᠶᠢᠳᠡᠮ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠤᠯᠤᠰ ᠤᠨ ᠨᠢᠭᠤᠴᠠ ᠪᠠ ᠨᠡᠶᠢᠳᠡᠮ ᠪᠠᠶᠢᠴᠠᠭᠠᠯᠲᠠ ᠶᠢᠨ ᠡᠲᠡᠭᠡᠳ ᠤᠨ ᠬᠤᠳᠠᠯᠳᠤᠭᠠᠨ ᠤ ᠨᠢᠭᠤᠴᠠ᠂ ᠬᠤᠪᠢ ᠬᠥᠮᠥᠨ ᠤ ᠮᠡᠳᠡᠭᠡ ᠵᠠᠩᠭᠢ ᠶᠢᠨ ᠨᠢᠭᠤᠴᠠ ᠶᠢ ᠬᠠᠮᠠᠭᠠᠯᠠᠬᠤ ᠡᠭᠦᠷᠭᠡ ᠶᠢ ᠡᠷᠬᠡᠪᠰᠢ ᠴᠢᠩᠭ᠎ᠠ ᠭᠦᠢᠴᠡᠳᠬᠡᠬᠦ ᠬᠡᠷᠡᠭᠲᠡᠢ︔ ᠵᠥᠪᠰᠢᠶᠡᠷᠡᠭᠦᠯᠦᠭᠰᠡᠨ ᠦᠭᠡᠢ ᠪᠣᠯ ᠶᠠᠮᠠᠷᠪᠠ ᠨᠢᠭᠡᠴᠡ ᠪᠣᠯᠣᠨ ᠬᠤᠪᠢ ᠬᠥᠮᠥᠨ ᠭᠡᠳ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠭᠠᠳᠠᠭᠰᠢ ᠨᠡᠶᠢᠲᠡᠯᠡᠵᠦ ᠪᠣᠯᠬᠤ ᠦᠭᠡᠢ᠃ ᠨᠡᠶᠢᠳᠡᠮ ᠪᠠᠶᠢᠴᠠᠭᠠᠯᠲᠠ ᠶᠢᠨ ᠠᠵᠢᠯ ᠤᠨ ᠳᠤᠮᠳᠠᠬᠢ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠵᠡᠷᠭᠡ ᠦᠶᠯᠡ ᠠᠵᠢᠯᠯᠠᠭ᠎ᠠ ᠶᠢ ᠰᠠᠬᠢᠯᠭ᠎ᠠ ᠪᠠᠲᠤ ᠬᠠᠤᠯᠢ ᠴᠠᠭᠠᠵᠠ ᠶᠢᠨ ᠶᠣᠰᠣᠭᠠᠷ ᠰᠢᠢᠳᠪᠦᠷᠢᠯᠡᠬᠦ ᠶᠢᠨ ᠬᠠᠮᠲᠤ ᠨᠡᠶᠢᠲᠡᠯᠡᠨ ᠢᠯᠡᠴᠢᠯᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃︵ᠬᠤᠶᠠᠷ︶ ᠲᠤᠭ᠎ᠠ ᠪᠠᠷᠢᠮᠲᠠ ᠶᠢᠨ ᠶᠠᠰᠤ ᠴᠢᠨᠠᠷ ᠢ ᠦᠨᠡᠨᠬᠦ ᠪᠠᠲᠤᠯᠠᠨ᠎ᠠ᠃ ᠲᠤᠭ᠎ᠠ ᠪᠠᠷᠢᠮᠲᠠ ᠶᠢᠨ ᠶᠠᠰᠤ ᠴᠢᠨᠠᠷ ᠢ ᠲᠡᠷᠢᠭᠦᠨ ᠳᠤ ᠲᠠᠯᠪᠢᠬᠤ ᠵᠠᠷᠴᠢᠮ ᠢ ᠢᠮᠠᠭᠲᠠ ᠪᠠᠲᠤ ᠰᠠᠬᠢᠵᠤ᠂ ᠨᠡᠶᠢᠳᠡᠮ ᠪᠠᠶᠢᠴᠠᠭᠠᠯᠲᠠ ᠶᠢᠨ ᠲᠥᠰᠥᠯ ᠢ ᠴᠢᠩᠭ᠎ᠠ ᠬᠡᠷᠡᠭᠵᠢᠭᠦᠯᠦᠨ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠴᠤᠪᠤᠷᠠᠯ ᠢ ᠵᠢᠷᠤᠮᠵᠢᠭᠤᠯᠵᠤ᠂ ᠬᠡᠷᠡᠭ ᠤᠨ ᠡᠮᠦᠨ᠎ᠡ ᠪᠠ ᠬᠡᠷᠡᠭ ᠤᠨ ᠳᠤᠮᠳᠠ ᠪᠠ ᠬᠡᠷᠡᠭ ᠤᠨ ᠳᠠᠷᠠᠭᠠᠬᠢ ᠲᠤᠭ᠎ᠠ ᠪᠠᠷᠢᠮᠲᠠ ᠶᠢᠨ ᠶᠠᠰᠤ ᠴᠢᠨᠠᠷ ᠢ ᠪᠠᠶᠢᠴᠠᠭᠠᠵᠤ ᠬᠠᠷᠭᠤᠭᠤᠯᠤᠨ ᠪᠠᠶᠢᠴᠠᠭᠠᠬᠤ ᠶᠢ ᠴᠢᠩᠭᠠᠷᠠᠭᠤᠯᠤᠨ᠂ ᠲᠤᠭ᠎ᠠ ᠪᠦᠷᠢᠳᠬᠡᠯ ᠤᠨ ᠬᠠᠭᠤᠷᠮᠠᠭ ᠢᠶᠠᠷ ᠵᠣᠬᠢᠶᠠᠬᠤ᠂ ᠬᠤᠳᠠᠯ ᠢᠶᠠᠷ ᠵᠣᠬᠢᠶᠠᠨ ᠬᠠᠭᠤᠷᠮᠠᠭ ᠢᠶᠠᠷ ᠵᠣᠬᠢᠶᠠᠬᠤ ᠶᠢ ᠦᠨᠡᠨᠬᠦ ᠰᠡᠷᠭᠡᠶᠢᠯᠡᠬᠦ ᠪᠠ ᠵᠠᠯᠬᠠᠭᠠᠨ ᠰᠢᠳᠭᠡᠵᠦ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠢ ᠣᠨᠣᠪᠴᠢᠲᠠᠶ᠂ ᠪᠦᠷᠢᠨ ᠪᠦᠲᠦᠨ ᠢᠲᠡᠭᠡᠮᠵᠢᠲᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠨᠤᠭᠤᠳ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠡᠵᠡᠮᠳᠡᠬᠦ ᠰᠢᠰᠲ᠋ᠧᠮᠵᠢ ᠪᠣᠯᠣᠨ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ  ᠶᠢᠨ ᠶᠠᠰᠤ ᠴᠢᠨᠠᠷ ᠢ ᠨᠡᠬᠡᠮᠵᠢᠯᠡᠬᠦ ᠪᠠ ᠬᠠᠷᠢᠭᠤᠴᠠᠯᠭ᠎ᠠ ᠬᠡᠯᠡᠯᠴᠡᠬᠦ ᠲᠣᠭᠲᠠᠴᠠ ᠶᠢ ᠲᠡᠭᠦᠯᠳᠡᠷᠵᠢᠭᠦᠯᠦᠨ᠂ ᠨᠡᠶᠢᠳᠡᠮ ᠪᠠᠶᠢᠴᠠᠭᠠᠯᠲᠠ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠳᠤ ᠵᠣᠷᠢᠭᠤᠳᠠ ᠭᠠᠷ ᠲᠦᠷᠦᠭᠦ ᠡᠯ᠎ᠡ ᠵᠦᠢᠯ ᠤᠨ ᠥᠢᠯᠡ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠢ᠃ ᠪᠦᠲᠦᠮᠵᠢᠲᠡᠶ ᠮᠡᠷᠭᠡᠵᠢᠯ ᠤᠨ ᠠᠷᠭ᠎ᠠ ᠪᠠᠷᠢᠯ ᠪᠣᠯᠣᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠠᠪᠴᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠴᠤᠭᠯᠠᠭᠤᠯᠬᠤ᠂ ᠳᠠᠮᠵᠢᠭᠤᠯᠬᠤ᠂ ᠬᠠᠳᠠᠭᠠᠯᠠᠬᠤ ᠪᠠ ᠬᠡᠷᠡᠭᠯᠡᠬᠦ ᠶᠢᠨ ᠠᠶᠤᠯ ᠦᠭᠡᠢ ᠶᠢ ᠦᠨᠡᠨᠬᠦ ᠪᠠᠲᠤᠯᠠᠬᠤ ᠬᠡᠷᠡᠭᠲᠡᠢ᠃ ᠨᠡᠶᠢᠳᠡᠮ ᠪᠠᠶᠢᠴᠠᠭᠠᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠴᠠᠭ ᠲᠤᠨᠢ ᠲᠣᠬᠢᠷᠠᠭᠤᠯᠤᠨ ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠬᠤ ᠳᠤ ᠤᠷᠤᠭᠤᠯᠤᠨ᠎ᠡ᠃︵ᠭᠤᠷᠪᠠ︶ ᠠᠷᠭ᠎ᠠ ᠪᠠᠷᠢᠯ ᠠᠷᠭ᠎ᠠ ᠮᠠᠶ᠋ᠢᠭ ᠲᠤ ᠰᠢᠨ᠎ᠡ ᠶᠢ ᠡᠭᠦᠳᠦᠨ᠎ᠡ᠃ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠲᠡᠮᠳᠡᠭᠯᠡᠯ ᠢ ᠥᠷᠭᠡᠨ ᠢᠶᠠᠷ ᠬᠡᠷᠡᠭᠯᠡᠵᠦ᠂ ᠡᠯᠧᠺᠲᠷᠣᠨ ᠦᠨᠡᠮᠯᠡᠯ ᠤᠨ ᠮᠡᠳᠡᠭᠡ ᠵᠠᠩᠭᠢ ᠵᠡᠷᠭᠡ ᠶᠢᠨ ᠨᠡᠶᠢᠳᠡᠮ ᠪᠠᠶᠢᠴᠠᠭᠠᠯᠲᠠ ᠶᠢᠨ ᠳᠤᠮᠳᠠᠬᠢ ᠬᠡᠷᠡᠭᠯᠡᠯᠲᠡ ᠶᠢ ᠠᠬᠢᠭᠤᠯᠵᠤ᠂ ᠰᠦᠯᠵᠢᠶᠡᠨ ᠳᠡᠭᠡᠷ᠎ᠡ ᠲᠠᠭᠯᠠᠨ ᠮᠡᠳᠡᠭᠦᠯᠬᠦ ᠪᠠ ᠡᠯᠧᠺᠲᠷᠣᠨ ᠦᠵᠦᠭᠦᠷ ᠤᠨ ᠲᠤᠬᠠᠢ ᠶᠢᠨ ᠲᠠᠯᠠᠪᠤᠷ ᠲᠤ ᠲᠤᠭ᠎ᠠ ᠪᠠᠷᠢᠮᠲᠠ ᠴᠤᠭᠯᠠᠭᠤᠯᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ ᠪᠠᠶᠢᠭᠠᠳ ᠨᠡᠶᠢᠳᠡᠮ ᠪᠠᠶᠢᠴᠠᠭᠠᠯᠲᠠ ᠶᠢ ᠥᠷᠨᠢᠭᠦᠯᠵᠦ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢᠶᠠᠷ ᠳᠠᠮᠵᠢᠭᠤᠯᠤᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠰᠢᠢᠳᠪᠦᠷᠢᠯᠡᠬᠦ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠪᠠᠶᠢᠩᠭᠤᠵᠢᠭᠰᠠᠨ ᠰᠢᠨ᠎ᠡ ᠲᠢᠲᠢᠮᠯᠢᠭ ᠤᠨ ᠸᠢᠷᠦ᠋ᠰ ᠲᠤ ᠬᠠᠯᠳᠠᠪᠤᠷᠢᠯᠠᠬᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠡᠷᠡᠭᠴᠡᠭᠡ ᠳᠤ ᠵᠣᠬᠢᠴᠠᠭᠤᠯᠤᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠳᠡᠮ ᠪᠠᠶᠢᠴᠠᠭᠠᠯᠲᠠ ᠶᠢᠨ ᠡᠲᠡᠭᠡᠳ ᠤᠨ ᠰᠦᠯᠵᠢᠶ᠎ᠡ ᠪᠠᠷ ᠳᠡᠮᠵᠢᠨ ᠪᠡᠶ᠎ᠡ ᠪᠠᠨ ᠳᠠᠭᠠᠭᠠᠵᠤ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠪᠠᠨ ᠮᠡᠳᠡᠭᠦᠯᠦᠨ ᠬᠦᠷᠭᠡᠬᠦ ᠶᠢ ᠳᠡᠮᠵᠢᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠰᠢᠨᠵᠢᠯᠡᠬᠦ ᠤᠬᠠᠭᠠᠨᠴᠢ ᠪᠠᠷ᠂ ᠵᠢᠷᠤᠮᠵᠢᠯ ᠲᠠᠢ᠂ ᠥᠨᠳᠥᠷ ᠦᠷ᠎ᠡ ᠪᠦᠲᠦᠮᠵᠢᠲᠡᠶ ᠪᠠᠷ ᠲᠦᠯᠬᠢᠨ ᠠᠬᠢᠭᠤᠯᠤᠨ᠎ᠠ᠃ ᠭᠤᠷᠪᠠᠳᠠᠭᠢ ᠡᠲᠡᠭᠡᠳ ᠵᠡᠷᠭᠡ ᠨᠡᠶᠢᠭᠡᠮ ᠤᠨ ᠡᠬᠢ ᠪᠠᠶᠠᠯᠢᠭ ᠢ ᠠᠰᠢᠭᠯᠠᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠬᠠᠶᠢᠨ ᠰᠦᠪᠡᠭᠴᠢᠯᠡᠬᠦ ᠶᠢ ᠵᠣᠷᠢᠭᠵᠢᠭᠤᠯᠤᠨ᠎ᠠ᠃︵ᠳᠥᠷᠪᠡ︶ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠷᠠᠭᠤᠯᠤᠨ᠎ᠠ᠃ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠨᠤᠭᠤᠳ ᠤᠬᠠᠭᠤᠯᠬᠤ ᠰᠠᠯᠠᠭ᠎ᠠ ᠮᠥᠴᠢᠷ ᠲᠠᠢ ᠬᠠᠮᠲᠤᠷᠠᠨ ᠨᠡᠶᠢᠳᠡᠮ ᠪᠠᠶᠢᠴᠠᠭᠠᠯᠲᠠ ᠶᠢᠨ ᠤᠬᠠᠭᠤᠯᠭ᠎ᠠ ᠶᠢ ᠲᠥᠰᠥᠪᠯᠡᠬᠦ ᠪᠠ ᠵᠣᠬᠢᠶᠠᠨ ᠪᠠᠶᠢᠭᠤᠯᠬᠤ ᠠᠵᠢᠯ ᠢ ᠬᠢᠨᠠᠮᠠᠭᠠᠢ ᠰᠠᠶᠢᠲᠤᠷ ᠬᠢᠬᠦ ᠬᠡᠷᠡᠭᠲᠡᠢ᠃ ᠡᠯ᠎ᠡ ᠲᠥᠷᠥᠯ ᠤᠨ ᠰᠣᠨᠢᠨ ᠮᠡᠳᠡᠭᠡᠨ ᠤ ᠵᠠᠭᠤᠴᠢᠯᠠᠭᠤᠷ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠦᠢᠯᠡᠴᠢᠯᠡᠭᠡᠨ ᠤ ᠲᠠᠪᠴᠠᠩ ᠵᠡᠷᠭᠡ ᠤᠬᠠᠭᠤᠯᠭ᠎ᠠ ᠶᠢᠨ ᠠᠷᠭ᠎ᠠ ᠵᠠᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠴᠢᠬᠤᠯᠠ ᠠᠴᠢ ᠬᠤᠯᠪᠣᠭᠳᠠᠯ ᠪᠣᠯᠣᠨ ᠱᠠᠭᠠᠷᠳᠠᠯᠭ᠎ᠠ ᠶᠢ ᠥᠷᠭᠡᠨ ᠳᠡᠯᠭᠡᠷ ᠭᠦᠨᠵᠡᠭᠡᠢ ᠤᠬᠠᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠳᠤᠮᠳᠠ ᠴᠣᠯᠭᠤᠷᠠᠨ ᠭᠠᠷᠤᠭᠰᠠᠨ ᠨᠡᠶᠢᠲᠡᠯᠢᠭ ᠦᠢᠯᠡ ᠶᠠᠪᠤᠳᠠᠯ ᠢ ᠤᠬᠠᠭᠤᠯᠤᠨ᠂ ᠬᠠᠤᠯᠢ ᠴᠠᠭᠠᠵᠠ ᠰᠠᠬᠢᠯᠭ᠎ᠠ ᠪᠠᠲᠤ ᠶᠢ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠭᠰᠡᠨ ᠪᠠᠶᠢᠳᠠᠯ ᠢ ᠨᠠᠪᠲᠠᠷᠡᠭᠦᠯᠵᠦ᠂ ᠥᠷᠭᠡᠨ ᠤᠯᠠᠨ ᠨᠡᠶᠢᠳᠡᠮ ᠪᠠᠶᠢᠴᠠᠭᠠᠯᠲᠠ ᠶᠢᠨ ᠡᠲᠡᠭᠡᠳ  ᠢ ᠬᠥᠲᠥᠯᠥᠨ ᠵᠢᠯᠤᠭᠤᠳᠴᠤ ᠪᠠᠶᠢᠭᠠᠳ ᠨᠡᠶᠢᠳᠡᠮ ᠪᠠᠶᠢᠴᠠᠭᠠᠯᠲᠠ ᠳᠤ ᠬᠠᠤᠯᠢ ᠶᠣᠰᠣᠭᠠᠷ ᠬᠠᠮᠵᠢᠯᠴᠠᠭᠤᠯᠤᠨ᠂ ᠨᠡᠶᠢᠳᠡᠮ ᠪᠠᠶᠢᠴᠠᠭᠠᠯᠲᠠ ᠳᠤ ᠪᠦᠬᠦ ᠨᠡᠶᠢᠭᠡᠮ ᠢᠶᠠᠷ ᠢᠶᠠᠨ ᠢᠳᠡᠪᠬᠢᠲᠡᠢ ᠣᠷᠣᠯᠴᠠᠭᠤᠯᠵᠤ᠂ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠤᠷᠤᠭᠰᠢᠲᠠᠢ ᠶᠠᠪᠤᠭᠳᠠᠬᠤ ᠳᠤ ᠰᠠᠶᠢᠨ ᠰᠠᠶᠢᠬᠠᠨ ᠨᠡᠶᠢᠭᠡᠮ ᠤᠨ ᠣᠷᠴᠢᠨ ᠠᠬᠤᠢ ᠶᠢ ᠪᠤᠢ ᠪᠣᠯᠭᠠᠬᠤ ᠬᠡᠷᠡᠭᠲᠡᠢ᠃︵ᠲᠠᠪᠤ︶ ᠦᠷ᠎ᠡ ᠪᠦᠲᠦᠭᠡᠯ ᠤᠨ ᠬᠡᠷᠡᠭᠯᠡᠯᠲᠡ ᠶᠢ ᠰᠠᠶᠢᠲᠤᠷ ᠠᠳᠬᠤᠨ᠎ᠠ᠃ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠨᠤᠭᠤᠳ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠢ ᠴᠠᠭ ᠲᠤᠬᠠᠢ ᠲᠤᠨᠢ ᠨᠡᠶᠢᠲᠡᠯᠡᠵᠦ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨ᠎ᠡ ᠥᠷᠳᠡᠭ ᠢ ᠭᠦᠨᠵᠡᠭᠡᠢ ᠠᠭᠤᠳᠠᠯᠯᠠᠨ᠂ ᠪᠥᠬᠦ ᠬᠤᠳᠠ ᠶᠢᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠪᠣᠯᠣᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠬᠤᠪᠢᠷᠠᠯᠲᠠ ᠰᠢᠨ᠎ᠡ ᠣᠨᠴᠠᠯᠢᠭ ᠢ ᠵᠠᠳᠠᠯᠤᠨ ᠰᠤᠳᠤᠯᠵᠤ ᠮᠠᠭᠠᠳᠯᠠᠨ᠂ ᠬᠤᠷᠸ᠎ᠠ ᠰᠢᠢᠳᠪᠦᠷᠢᠲᠦ ᠪᠣᠳᠣᠯᠭ᠎ᠠ ᠳᠤ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠲᠤᠭ᠎ᠠ ᠪᠦᠷᠢᠳᠬᠡᠯ ᠤᠨ ᠵᠠᠰᠠᠭ ᠤᠨ ᠶᠠᠪᠤᠳᠠᠯ ᠢ ᠵᠥᠪᠯᠡᠬᠦ ᠦᠢᠯᠡᠳᠦᠯ ᠢ ᠦᠨᠡᠨᠬᠦ ᠰᠠᠶᠢᠲᠤᠷ ᠪᠠᠳᠠᠷᠠᠭᠤᠯᠬᠤ ᠬᠡᠷᠡᠭᠲᠡᠢ᠃                         ᠤᠷᠴᠢᠭᠤᠯᠤᠭᠴᠢ᠄ ᠬᠦᠰᠡᠯ                         ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2