ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤᠯᠠᠭᠠᠨᠴᠠᠪ ᠬᠤᠲᠠ ᠳᠤ ᠡᠬᠢᠯᠡᠪᠡ
ᠨᠡᠶᠢᠲᠡᠯᠡᠭᠰᠡᠨ ᠴᠠᠭ᠄
2023/7/10
                                    ᠴᠠᠩ ᠰᠢᠶᠤᠤ ᠫᠢᠩ ᠰᠡᠬᠦᠳᠡᠷᠯᠡᠪᠡ
                                 
                                   ᠾᠧ ᠵᠧᠨ ᠢᠦᠢ ᠰᠡᠬᠦᠳᠡᠷᠯᠡᠪᠡ      
                                       ᠯᠢᠤ ᡁᠢ ᠱᠤᠸᠠᠢ ᠰᠡᠬᠦᠳᠡᠷᠯᠡᠪᠡ     7 ᠳ᠋ᠤᠭᠠᠷ ᠰᠠᠷ᠎ᠠ ᠶᠢᠨ 8 ᠤ ᠣᠷᠣᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤᠯᠠᠭᠠᠨᠴᠠᠪ ᠬᠤᠲᠠ ᠳᠤ ᠡᠬᠢᠯᠡᠪᠡ᠃     ᠲᠣᠰ ᠬᠤᠭᠤᠴᠠᠭᠠᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠵᠦ᠂ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠳᠠᠭᠠᠭᠠᠨ ᠡᠷᠭᠢᠯᠡᠵᠦ᠂ ᠪᠥᠬᠡ᠂ ᠮᠣᠷᠢ ᠤᠷᠤᠯᠳᠤᠬᠤ᠂ ᠲᠡᠮᠡᠭᠡ ᠤᠷᠤᠯᠳᠤᠬᠤ ᠵᠡᠷᠭᠡ 14 ᠤᠷᠤᠯᠳᠤᠭᠠᠨ ᠤ ᠲᠥᠷᠥᠯ ᠵᠦᠢᠯ ᠪᠠ ᠲᠡᠮᠡᠭᠡᠨ ᠪᠥᠮᠪᠦᠭᠡ᠂ ᠱᠠᠭ᠎ᠠ ᠵᠡᠷᠭᠡ 4 ᠲᠣᠭᠯᠠᠯᠲᠠ ᠶᠢᠨ ᠲᠥᠷᠥᠯ ᠵᠦᠢᠯ ᠢ ᠲᠣᠬᠢᠷᠠᠭᠤᠯᠪᠠ᠃ ᠪᠡᠭᠡᠵᠢᠩ᠂ ᠾᠧᠪᠧᠢ᠂ ᠲᠥᠪᠡᠳ ᠵᠡᠷᠭᠡ 16 ᠮᠤᠵᠢ ᠬᠤᠲᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠡ ᠶᠢᠨ ᠬᠠᠷᠢᠭᠤᠴᠠᠯᠭᠠᠲᠠᠨ ᠨᠥᠬᠦᠳ᠂ 12 ᠠᠶᠢᠮᠠᠭ ᠬᠤᠲᠠ ᠶᠢᠨ ᠲᠥᠯᠥᠭᠡᠯᠡᠭᠴᠢᠳ ᠤᠨ ᠪᠦᠯᠬᠦᠮ ᠵᠢᠴᠢ ᠨᠡᠶᠢᠭᠡᠮ ᠤᠨ ᠡᠯ᠎ᠡ ᠡᠲᠡᠭᠡᠳ ᠤᠨ ᠣᠯᠠᠨ ᠲᠦᠮᠡᠨ ᠨᠡᠶᠢᠲᠡ 1 ᠲᠦᠮᠡ 8 ᠮᠢᠩᠭ᠎ᠠ ᠭᠠᠷᠤᠢ ᠬᠥᠮᠥᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠠᠢ᠃                           ᠤᠷᠴᠢᠭᠤᠯᠤᠭᠴᠢ᠄ ᠬᠦᠰᠡᠯ                           ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2