7 ᠰᠠᠷ᠎ᠠ ᠶᠢᠨ 8 ᠤ ᠣᠷᠣᠢ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠴᠥᠭᠡᠨ | ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤᠯᠠᠭᠠᠨᠴᠠᠪ ᠲᠤ ᠡᠬᠢᠯᠡᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠸᠠᠩ ᠯᠢ ᠰᠢᠶᠠ ᠴᠤᠭᠯᠠᠭᠠᠨ ᠡᠬᠢᠯᠡᠭᠰᠡᠨ ᠢ ᠵᠠᠷᠯᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠬᠦᠦᠳᠠᠭᠤᠯᠠ᠂ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠊ ᠪᠠᠲᠤ᠂ ᠥᠪᠡᠷᠲᠡᠭᠡᠨ ᠵᠠᠰᠠᠬᠤ ᠣᠷᠣᠨ ᠤ ᠤᠯᠤᠰ | ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠥᠸᠧ ᡁᠢ ᠬᠤ᠋ ᠣᠷᠣᠯᠴᠠᠪᠠ᠃ 20 ᠴᠠᠭ 30 ᠮᠢᠨᠦ᠋ᠲ ᠲᠤ | ᠡᠭᠢᠯᠡᠯᠲᠡ ᠶᠢᠨ ᠶᠣᠰᠣᠯᠠᠯ ᠡᠬᠢᠯᠡᠵᠦ᠂ 12 ᠠᠶᠢᠮᠠᠭ ᠬᠤᠳᠠ ᠶᠢᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ | ᠪᠦᠯᠭᠦᠮ ᠳᠠᠭᠤᠯᠠᠨ ᠪᠥᠵᠢᠭᠯᠡᠵᠦ ᠬᠤᠷᠠᠯ ᠤᠨ ᠲᠠᠯᠠᠪᠠᠢ ᠳᠤ ᠠᠯᠬᠤᠨ ᠣᠷᠣᠵᠤ ᠢᠷᠡᠬᠦ ᠳᠤ ᠠᠯᠠᠭ᠎ᠠ ᠲᠡᠰᠢᠯᠲᠡ ᠶᠢᠨ | ᠲᠠᠭᠤᠨ ᠪᠠ ᠤᠤᠬᠠᠶᠢᠯᠠᠯ ᠬᠠᠰᠬᠢᠷᠤᠯ ᠲᠠᠯᠠᠪᠠᠢ ᠳᠦᠭᠦᠷᠡᠩ ᠴᠠᠯᠭᠢᠯᠠᠯ᠎ᠠ᠃ ᠳᠠᠷᠠᠭ᠎ᠠ ᠨᠢ ᠨᠢᠭᠡᠨ ᠲᠠᠯᠠᠪᠠᠢ ᠭᠤᠶᠢᠳᠠ | ᠰᠠᠶᠢᠬᠠᠨ ᠰᠣᠶᠣᠯ ᠪᠡᠶ᠎ᠡ ᠶᠢᠨ ᠲᠠᠮᠢᠷ ᠤᠨ ᠲᠣᠬᠯᠠᠯᠲᠠ ᠪᠠᠷ ᠴᠤᠭᠯᠠᠭᠠᠨ ᠤ ᠬᠥᠰᠢᠭᠡ ᠶᠢ ᠰᠡᠬᠦᠵᠦ᠂ ︽ᠮᠠᠭᠲᠠᠭᠠᠯ | ᠳᠠᠭᠤᠤ ᠪᠠᠨ ᠳᠠᠬᠢᠨᠲᠠ ᠳᠠᠭᠤᠯᠠᠵᠤ ᠨᠠᠮ ᠳᠠᠭᠠᠨ ᠡᠷᠭᠦᠨᠡᠮ︾ ︽ᠮᠢᠩᠭᠠᠨ ᠭᠠᠵᠠᠷ ᠤᠨ ᠲᠠᠯ᠎ᠠ ᠨᠤᠲᠤᠭ | ᠦᠵᠡᠰᠭᠦᠯᠡᠩ ᠰᠠᠶᠢᠬᠠᠨ︾ ︽ᠲᠠᠩᠰᠤᠭ ᠰᠠᠶᠢᠬᠠᠨ ᠦᠨᠳᠦᠰᠦᠲᠡᠨ ᠤ ᠵᠠᠩ ᠵᠠᠩᠰᠢᠯ︾ ︽ᠴᠠᠭ ᠦᠶ᠎ᠡ ᠳᠤ | ᠣᠰᠣᠯᠳᠠᠯ ᠦᠭᠡᠢ ᠳᠠᠷᠪᠠᠭᠤᠯ ᠬᠡᠶᠢᠰᠬᠡᠨ ᠤᠷᠤᠭᠰᠢᠯᠠᠨᠠᠮ︾ ︽ᠪᠦᠯᠬᠦᠮᠳᠡᠨ ᠲᠡᠮᠡᠴᠡᠵᠦ ᠢᠷᠡᠭᠡᠳᠦᠢ ᠵᠦᠭ | ᠤᠷᠤᠭᠰᠢᠯᠠᠨᠠᠮ︾ ᠭᠡᠬᠦ ᠲᠠᠪᠤᠨ ᠪᠦᠯᠦᠭ ᠢᠶᠠᠷ ᠳᠠᠮᠵᠢᠭᠤᠯᠤᠨ ᠰᠦᠷᠯᠢᠭ ᠰᠠᠶᠢᠬᠠᠨ᠂ ᠡᠶᠡᠪᠡᠷᠭᠦᠦ ᠰᠠᠶᠢᠬᠠᠨ᠂ ᠰᠠᠶᠢᠨ | ᠰᠠᠶᠢᠬᠠᠨ ᠥᠪᠥᠷ ᠮᠣᠩᠭᠤᠯ ᠢ ᠬᠠᠷᠠᠭᠤᠯᠵᠤ᠂ ᠪᠦᠭᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ | ᠨᠢᠭᠡ ᠰᠡᠳᠬᠢᠯ ᠨᠢᠭᠡ ᠵᠣᠷᠢᠭ ᠢᠶᠠᠷ ᠰᠢᠷᠭᠠᠭᠤ ᠬᠠᠲᠠᠭᠤᠵᠢᠯᠲᠠᠢ ᠠᠵᠢᠯᠯᠠᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠠᠤᠭ᠎ᠠ ᠰᠠᠨᠠᠭ᠎ᠠ | ᠡᠷᠡᠯᠬᠡᠭ ᠵᠣᠷᠢᠭ ᠢ ᠢᠯᠡᠳᠬᠡᠪᠡ᠃ | ᠥᠪᠡᠷᠲᠡᠭᠡᠨ ᠵᠠᠰᠠᠬᠤ ᠣᠷᠣᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ | ᠴᠤᠭᠯᠠᠭᠠᠨ ᠢ 1985 ᠣᠨ ᠠᠴᠠ ᠣᠳᠣ ᠪᠤᠯᠲᠠᠯ᠎ᠠ ᠨᠢᠭᠡᠨᠲᠡ 9 ᠬᠤᠭᠤᠴᠠᠭ᠎ᠠ ᠠᠮᠵᠢᠯᠲᠠ ᠲᠠᠢ ᠡᠷᠭᠢᠯᠡᠪᠡ᠃ ᠲᠣᠰ | ᠬᠤᠭᠤᠴᠠᠭᠠᠨ ᠤ ᠴᠤᠭᠯᠠᠭᠠᠨ ᠨᠢ ︽ᠦᠵᠡᠰᠬᠦᠯᠡᠩᠲᠦ ᠰᠠᠶᠢᠬᠠᠨ ᠥᠨᠢᠷ ᠪᠠᠶᠠᠯᠢᠭ ᠤᠯᠠᠭᠠᠨᠴᠠᠪ · ᠡᠶ᠎ᠡ ᠵᠣᠬᠢᠴᠠᠯᠳᠤ | ᠦᠨᠳᠦᠰᠦᠲᠡᠨ ᠤ ᠦᠪᠡᠳᠡᠭᠰᠢ ᠴᠤᠭᠯᠠᠭᠠᠨ︾ ᠢᠶᠠᠷ ᠭᠤᠣᠯ ᠰᠡᠳᠦᠪ ᠢᠶᠠᠨ ᠪᠤᠯᠭᠠᠵᠤ᠂ 6 ᠡᠳᠦᠷ ᠤᠨ | ᠬᠤᠭᠤᠴᠠᠭ᠎ᠠ ᠲᠠᠢ ᠶᠠᠪᠤᠭᠳᠠᠨ᠎ᠠ᠃ ᠪᠦᠭᠡ ᠪᠠᠷᠢᠯᠳᠤᠬᠤ᠂ ᠮᠣᠷᠢ ᠤᠷᠤᠯᠳᠤᠬᠤ᠂ ᠲᠡᠮᠡᠭᠡ ᠤᠷᠤᠯᠳᠤᠬᠤ᠂ ᠰᠤᠷ | ᠬᠠᠷᠪᠤᠯᠲᠠ᠂ ᠪᠢᠯᠠᠭᠤ ᠵᠡᠷᠭᠡ 15 ᠤᠷᠤᠯᠳᠤᠭᠠᠨ ᠤ ᠲᠥᠷᠥᠯ ᠵᠦᠢᠯ ᠪᠠ ᠮᠣᠩᠭᠤᠯ ᠭᠡᠷ ᠪᠠᠷᠢᠬᠤ᠂ ᠲᠡᠮᠡᠭᠡᠨ | ᠪᠥᠮᠪᠦᠭᠡ᠂ ᠱᠠᠭ᠎ᠠ᠂ ᠪᠤᠶᠢᠺᠤ ᠵᠡᠷᠭᠡ 4 ᠲᠣᠬᠯᠠᠯᠲᠠ ᠶᠢᠨ ᠲᠥᠷᠥᠯ ᠵᠦᠢᠯ ᠢ ᠲᠣᠬᠢᠷᠠᠭᠤᠯᠵᠤ᠂ ᠪᠦᠭᠦ ᠣᠷᠣᠨ ᠤ 12 | ᠠᠶᠢᠮᠠᠭ ᠬᠤᠲᠠ ᠶᠢᠨ 1700 ᠭᠠᠷᠤᠢ ᠲᠠᠮᠢᠷᠴᠢᠨ ᠤᠷᠤᠯᠳᠤᠭᠠᠨ ᠳᠤ ᠣᠷᠣᠯᠴᠠᠪᠠ᠃ ᠡᠨᠡ ᠬᠤᠭᠤᠴᠠᠭᠠᠨ ᠳᠤ | ᠪᠠᠰᠠ ᠦᠨᠳᠦᠰᠦᠲᠡᠨ ᠤ ᠬᠠᠮᠲᠤ ᠶᠢᠨ ᠨᠠᠶᠢᠷ ᠪᠠ ᠵᠢᠭᠤᠯᠴᠢᠯᠠᠯ ᠤᠨ ᠨᠠᠭᠠᠳᠤᠮ ᠤᠨ ᠠᠵᠢᠯᠯᠠᠭ᠎ᠠ ᠥᠷᠨᠢᠭᠦᠯᠬᠦ ᠪᠣᠯᠣᠨ᠎ᠠ | ᠃ |