ᠭᠤᠤᠯ ᠰᠡᠳᠦᠪ᠄ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠦ ᠤᠢ | ᠰᠢᠭᠤᠢ ᠡᠪᠡᠰᠦᠨ ᠤ ᠠᠮᠢ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ | ᠰᠤᠷᠪᠤᠯᠵᠢᠯᠠᠭ᠎ᠠ ᠬᠦᠯᠢᠶᠡᠭᠴᠢ᠄ ᠱᠠᠩᠳᠤ ᠰᠢᠶᠠᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠤ | ᠳᠠᠷᠤᠭ᠎ᠠ ᠵᠠᠩ ᠵᠧᠨ | ᠤᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠠᠴᠠ ᠥᠪᠥᠷ ᠮᠣᠩᠭᠤᠯ ᠢ ᠮᠠᠨ ᠤ ᠤᠯᠤᠰ ᠤᠨ | ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠣᠯᠭᠠᠨ ᠪᠦᠲᠦᠭᠡᠨ ᠪᠠᠶᠢᠭᠤᠯᠬᠤ | ᠡᠭᠦᠷᠭᠡ ᠶᠢᠨ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠣᠬᠤᠯᠠᠪᠤᠷᠢ ᠵᠢᠭᠠᠪᠤᠷᠢ ᠶᠢᠨ ᠵᠣᠷᠢᠭ ᠰᠠᠨᠠᠭ᠎ᠠ ᠶᠢ | ᠢᠳᠡᠪᠬᠢᠲᠡᠢ ᠪᠠᠷ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠱᠠᠩᠳᠤ ᠰᠢᠶᠠᠨ ᠤ ᠨᠠᠮ ᠤᠨ ᠬᠤᠷᠢᠶ᠎ᠠ᠂ ᠰᠢᠶᠠᠨ ᠤ | ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠨᠤᠲᠤᠭ ᠪᠡᠯᠴᠢᠭᠡᠷ ᠤᠨ ᠠᠮᠢ ᠠᠬᠤᠢ ᠶᠢ | ᠰᠡᠷᠭᠦᠭᠡᠬᠦ᠂ ᠤᠢ ᠰᠢᠭᠤᠢ ᠶᠢᠨ ᠡᠬᠢ ᠪᠠᠶᠠᠯᠢᠭ ᠤᠨ ᠶᠠᠰᠤ ᠴᠢᠨᠠᠷ ᠢ ᠳᠡᠭᠡᠭᠰᠢᠯᠡᠭᠦᠯᠬᠦ᠂ ᠰᠢᠶᠠᠨ ᠤ ᠬᠡᠪᠴᠢᠶᠡᠨ ᠤ | ᠨᠣᠭᠤᠭᠠᠷᠠᠭᠤᠯᠤᠯᠲᠠ ᠪᠣᠯᠣᠨ ᠤᠢ ᠰᠢᠭᠤᠢ ᠡᠪᠡᠰᠦᠨ ᠤ ᠠᠮᠢ ᠠᠬᠤᠢ ᠶᠢᠨ ᠠᠮᠤᠷ ᠲᠦᠪᠰᠢᠨ ᠵᠡᠷᠭᠡ ᠲᠠᠯ᠎ᠠ ᠪᠠᠷ | ᠭᠤᠣᠯᠳᠠᠭᠤᠯᠵᠤ᠂ ᠤᠢ ᠰᠢᠭᠤᠢ ᠡᠪᠡᠰᠦᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠣᠯᠣᠨ | ᠬᠠᠮᠠᠭᠠᠯᠠᠯᠲᠠ ᠶᠢᠨ ᠠᠵᠢᠯ ᠢ ᠦᠷᠭᠦᠯᠵᠢᠯᠡᠨ ᠥᠷᠨᠢᠭᠦᠯᠦᠨ᠎ᠡ᠃ | ᠰᠣᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | ᠰᠤᠷᠪᠤᠯᠵᠢᠯᠠᠭᠴᠢ᠄ ᠵᠠᠩ ᠲᠣᠪᠴᠢᠶᠠᠨ ᠳᠠᠷᠤᠭ᠎ᠠ᠂ ᠲᠠ ᠰᠠᠶᠢᠨ ᠪᠠᠶᠢᠨ᠎ᠠ ᠤᠤ︕ ᠲᠠ ᠮᠠᠨ ᠤ ᠰᠢᠶᠠᠨ ᠤ | ᠤᠢ ᠰᠢᠭᠤᠢ ᠡᠪᠡᠰᠦ ᠪᠡᠯᠴᠢᠭᠡᠷ ᠤᠨ ᠲᠣᠶᠢᠮᠣ ᠪᠠᠶᠢᠳᠠᠯ ᠢ ᠲᠠᠨᠢᠯᠴᠠᠭᠤᠯᠤᠶ᠎ᠠ᠃ | ᠵᠠᠩ ᠵᠧᠨ ᠄ ᠤᠯᠤᠰ ᠤᠨ ᠨᠤᠲᠤᠭ ᠳᠡᠪᠢᠰᠬᠡᠷ ᠢ ᠭᠤᠷᠪᠠᠨᠲᠠ ᠲᠣᠬᠢᠷᠠᠭᠤᠯᠤᠭᠰᠠᠨ ᠲᠤᠭ᠎ᠠ ᠪᠠᠷᠢᠮᠲᠠ ᠶᠢ | ᠦᠨᠳᠦᠰᠦᠯᠡᠪᠡᠯ᠂ ᠪᠦᠬᠦ ᠰᠢᠶᠠᠨ ᠤ ᠣᠳᠣ ᠪᠠᠶᠢᠭ᠎ᠠ ᠣᠶᠢᠲᠤ ᠭᠠᠵᠠᠷ ᠤᠨ ᠲᠠᠯᠠᠪᠠᠶ 78665 ᠾᠧᠺᠲ᠋ᠠᠷ ᠪᠠᠶᠢᠨ᠎ᠠ᠃ | ᠡᠭᠦᠨ ᠤ ᠳᠣᠲᠣᠷ᠎ᠠ᠄ ᠲᠤᠷᠤᠭ ᠮᠣᠳᠣᠨ ᠤ ᠤᠢ 15464.64 ᠾᠧᠺᠲ᠋ᠠᠷ᠂ ᠤᠯᠤᠰ ᠠᠴᠠ ᠪᠤᠳᠠ ᠮᠣᠳᠣᠨ ᠤ ᠤᠢ | 59324.55 ᠾᠧᠺᠲ᠋ᠠᠷ᠂ ᠪᠤᠰᠤᠳ ᠣᠶᠢᠲᠤ ᠭᠠᠵᠠᠷ 3875.81 ᠾᠧᠺᠲ᠋ᠠᠷ ᠢ ᠣᠨᠴᠠᠭᠠᠶᠢᠯᠠᠨ ᠲᠣᠭᠲᠠᠭᠠᠵᠠᠢ᠃ | ᠨᠤᠲᠤᠭ ᠪᠡᠯᠴᠢᠭᠡᠷ ᠤᠨ ᠲᠠᠯᠠᠪᠠᠶ 151446.36 ᠾᠧᠺᠲ᠋ᠠᠷ ᠪᠠᠶᠢᠵᠤ᠂ ᠡᠭᠦᠨ ᠳᠤ᠄ ᠪᠠᠶᠢᠭᠠᠯᠢ ᠶᠢᠨ ᠪᠡᠯᠴᠢᠭᠡᠷ | ᠨᠤᠲᠤᠭ 143597.29 ᠾᠧᠺᠲ᠋ᠠᠷ᠂ ᠲᠠᠷᠢᠮᠠᠯ ᠪᠡᠯᠴᠢᠭᠡᠷ ᠨᠤᠲᠤᠭ 5.23 ᠾᠧᠺᠲ᠋ᠠᠷ᠂ ᠪᠤᠰᠤᠳ ᠪᠡᠯᠴᠢᠭᠡᠷ | ᠨᠤᠲᠤᠭ 7843.84 ᠾᠧᠺᠲ᠋ᠠᠷ ᠪᠠᠶᠢᠨ᠎ᠠ᠃ | ᠰᠤᠷᠪᠤᠯᠵᠢᠯᠠᠭᠴᠢ᠄ ᠣᠶᠢᠷ᠎ᠠ ᠶᠢᠨ ᠵᠢᠯ ᠤᠳ ᠲᠤ ᠣᠶ ᠰᠢᠭᠤᠢ ᠡᠪᠡᠰᠦᠨ ᠤ ᠠᠮᠢ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠲᠠᠨ ᠤ ᠲᠣᠪᠴᠢᠶ᠎ᠠ ᠶᠠᠮᠠᠷ ᠶᠠᠮᠠᠷ ᠴᠢᠷᠮᠠᠶᠢᠯᠭ᠎ᠠ ᠭᠠᠷᠭᠠᠭᠰᠠᠨ ᠪᠣᠶ︖ | ᠵᠠᠩ ᠵᠧᠨ᠄ ᠣᠲᠣ ᠪᠣᠯᠲᠠᠯ᠎ᠠ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ 21.25 ᠲᠦᠮᠡᠨ ᠮᠦ | ᠵᠠᠰᠠᠵᠤ᠂ 0.53 ᠲᠦᠮᠡᠨ ᠮᠦ ᠲᠠᠷᠢᠶᠠᠯᠠᠬᠤ ᠶᠢ ᠵᠣᠭᠰᠣᠭᠠᠵᠤ ᠣᠶ ᠰᠢᠭᠤᠢ ᠶᠢ ᠰᠡᠷᠭᠦᠭᠡᠬᠦ᠂ 0.15 ᠲᠦᠮᠡᠨ ᠮᠦ | ᠬᠥᠳᠡᠭᠡ ᠲᠣᠰᠬᠤᠨ ᠤ ᠨᠣᠭᠤᠭᠠᠷᠠᠭᠤᠯᠤᠯᠲᠠ ᠶᠢ ᠪᠡᠶᠡᠯᠡᠭᠦᠯᠬᠦ᠂ 0.1 ᠲᠦᠮᠡᠨ ᠮᠦ ᠭᠤᠣᠯᠳᠠᠯᠭ᠎ᠠ ᠲᠠᠢ ᠣᠷᠣᠨ | ᠪᠦᠰᠡ ᠶᠢᠨ ᠨᠣᠭᠤᠭᠠᠷᠠᠭᠤᠯᠤᠯᠲᠠ ᠶᠢ ᠪᠡᠶᠡᠯᠡᠭᠦᠯᠬᠦ᠂ 3.7 ᠲᠦᠮᠡᠨ ᠮᠦ ᠤᠨᠠᠯᠲᠠ ᠪᠠᠭᠠᠲᠠᠢ ᠦᠷ᠎ᠡ ᠠᠰᠢᠭ ᠪᠠᠭᠠᠲᠠᠢ | ᠣᠶ ᠰᠢᠭᠤᠢ ᠶᠢ ᠥᠭᠡᠷᠡᠴᠢᠯᠡᠬᠦ᠂ 2.5 ᠲᠦᠮᠡᠨ ᠮᠦ ᠣᠶ ᠰᠢᠭᠤᠢ ᠶᠢ ᠠᠷᠠᠴᠢᠯᠠᠨ ᠪᠣᠶᠢᠵᠢᠭᠤᠯᠬᠤ ᠶᠢ ᠪᠡᠶᠡᠯᠡᠭᠦᠯᠦᠨ᠎ᠡ | ︔ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠬᠢᠭᠡᠳ ᠵᠠᠰᠠᠨ ᠰᠡᠷᠭᠦᠭᠡᠯᠲᠡ ᠳᠤ 0.5 | ᠲᠦᠮᠡᠨ ᠮᠦ ᠨᠤᠲᠤᠭ ᠪᠡᠯᠴᠢᠭᠡᠷ ᠢ ᠬᠦᠷᠢᠶᠡᠯᠡᠨ ᠪᠢᠲᠡᠭᠦᠮᠵᠢᠯᠡᠨ ᠪᠣᠶᠢᠵᠢᠭᠤᠯᠵᠤ᠂ 0.5 ᠲᠦᠮᠡᠨ ᠮᠦ ᠡᠪᠡᠰᠦ ᠶᠢ | ᠨᠢᠰᠬᠡᠯ ᠢᠶᠠᠷ ᠳᠠᠷᠢᠵᠤ᠂ ᠣᠶ ᠰᠢᠭᠤᠢ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠪᠦᠲᠦᠮᠵᠢᠲᠡᠶ ᠬᠠᠮᠠᠭᠠᠯᠠᠨ | ᠰᠡᠷᠭᠦᠭᠡᠪᠡ︔ ᠨᠤᠭᠤ ᠭᠠᠵᠠᠷ ᠤᠨ ᠬᠠᠮᠠᠭᠠᠯᠠᠯᠲᠠ ᠶᠢᠨ ᠲᠠᠯ᠎ᠠ ᠪᠠᠷ᠂ ᠴᠠᠭᠠᠨᠨᠠᠭᠤᠷ ᠤᠨ ᠨᠤᠭᠤ ᠭᠠᠵᠠᠷ ᠤᠨ | ᠴᠡᠴᠡᠷᠯᠢᠭ ᠲᠤ ᠣᠶᠤᠨᠲᠤ ᠲᠥᠬᠦᠭᠡᠷᠦᠮᠵᠢ ᠶᠢ ᠲᠡᠰ ᠳᠡᠪᠰᠢᠭᠦᠯᠵᠦ᠂ ᠨᠤᠭᠤ ᠭᠠᠵᠠᠷ ᠤᠨ ᠴᠡᠴᠡᠷᠯᠢᠭ ᠤᠨ ᠣᠶᠤᠨᠲᠤ | ᠬᠠᠮᠢᠶᠠᠷᠤᠯᠲᠠ ᠶᠢᠨ ᠲᠠᠪᠴᠠᠩ ᠤᠨ ᠰᠢᠰᠲ᠋ᠧᠮ ᠤᠨ ᠲᠦᠷᠦᠯ ᠵᠦᠢᠯ ᠢ ᠪᠠᠶᠢᠭᠤᠯᠵᠤ᠂ ᠨᠤᠭᠤ ᠭᠠᠵᠠᠷ ᠤᠨ | ᠬᠠᠮᠢᠶᠠᠷᠤᠯᠲᠠ ᠶᠢᠨ ᠶᠠᠰᠤ ᠴᠢᠨᠠᠷ ᠢ ᠶᠡᠬᠡᠪᠡᠷ ᠳᠡᠭᠡᠭᠰᠢᠯᠡᠭᠦᠯᠵᠦ᠂ 2022 ᠣᠨ ᠤ 12 ᠰᠠᠷ᠎ᠠ ᠶᠢᠨ 29 ᠤ ᠡᠳᠦᠷ | ᠥᠪᠥᠷ ᠮᠣᠩᠭᠤᠯ ᠤᠨ ᠱᠠᠩᠳᠤ ᠶᠢᠨ ᠴᠠᠭᠠᠨᠨᠠᠭᠤᠷ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ ᠪᠣᠯᠵᠤ᠂ | ᠥᠷᠭᠡᠨ ᠤᠯᠠᠨ ᠠᠷᠠᠳ ᠲᠦᠮᠡᠨ ᠤ ᠠᠮᠢ ᠠᠬᠤᠢ ᠶᠢᠨ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ | ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠵᠡᠢ᠃ | ᠰᠤᠷᠪᠤᠯᠵᠢᠯᠠᠭᠴᠢ᠄ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠳᠤᠭᠤᠰᠢᠯᠠᠭᠤᠯᠬᠤ ᠡᠬᠢᠯᠡᠯᠲᠡ ᠶᠢᠨ ᠵᠢᠯ ᠮᠥᠨ᠂ ᠪᠠᠰᠠ ᠴᠤ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠦᠪᠵᠢᠭᠦᠯᠭᠡ ᠶᠢ ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ | ᠨᠢᠭᠡ ᠵᠢᠯ ᠮᠥᠨ᠂ ᠲᠡᠭᠡᠪᠡᠯ ᠲᠠ ᠡᠨᠡ ᠵᠢᠯ ᠤᠨ ᠪᠦᠬᠦ ᠰᠢᠶᠠᠨ ᠤ ᠣᠶ ᠰᠢᠭᠤᠢ ᠡᠪᠡᠰᠦ ᠪᠡᠯᠴᠢᠭᠡᠷ ᠤᠨ ᠠᠵᠢᠯ ᠤᠨ | ᠲᠤᠬᠠᠢ ᠶᠠᠮᠠᠷ ᠶᠠᠮᠠᠷ ᠲᠥᠯᠦᠪᠵᠢᠭᠦᠯᠭᠡ ᠲᠠᠢ ᠪᠤᠶ︖ | ᠵᠠᠩ ᠵᠧᠨ᠄ | ︵ᠨᠢᠭᠡ︶ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢᠨ ᠠᠬᠢᠴᠠ ᠶᠢ ᠲᠦᠷᠭᠡᠳᠬᠡᠵᠦ᠂ ︽ | ᠨᠣᠭᠤᠭᠠᠷᠠᠭᠤᠯᠤᠯᠲᠠ ᠶᠢ ᠨᠡᠮᠡᠭᠳᠡᠭᠦᠯᠬᠦ︾ ᠶᠢ ᠲᠤᠪᠤᠶᠢᠯᠭᠠᠵᠦ ᠶᠡᠷᠦᠩᠬᠡᠢ ᠬᠡᠮᠵᠢᠶ᠎ᠡ ᠶᠢ ᠥᠷᠭᠡᠳᠬᠡᠨ᠎ᠡ | ︽ᠤᠯᠠᠭᠠᠨᠴᠠᠪ ᠬᠤᠲᠠ ᠶᠢᠨ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢ ᠪᠠᠶᠢᠭᠤᠯᠬᠤ ᠲᠥᠯᠦᠪᠵᠢᠭᠦᠯᠭᠡ︾ ᠶᠢᠨ ᠱᠠᠭᠠᠷᠳᠠᠯᠭ᠎ᠠ ᠶᠣᠰᠣᠭᠠᠷ᠂ ︽ᠨᠢᠬᠡ ᠱᠤᠭᠤᠮ | ᠨᠢᠭᠡ ᠪᠦᠰᠡ ᠭᠤᠷᠪᠠᠨ ᠣᠷᠣᠨ︾ ᠤ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢᠨ ᠶᠡᠷᠦᠩᠬᠡᠢ ᠪᠠᠶᠢᠷᠢᠰᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠤᠲᠤᠭ ᠪᠡᠯᠴᠢᠭᠡᠷ ᠤᠨ | ᠠᠮᠢ ᠠᠬᠤᠢ ᠶᠢ ᠰᠡᠷᠭᠦᠭᠡᠬᠦ᠂ ᠤᠨᠠᠯᠲᠠ ᠪᠠᠭᠠᠲᠠᠢ ᠦᠷ᠎ᠡ ᠠᠰᠢᠭ ᠢᠶᠠᠷ ᠳᠣᠣᠷ᠎ᠠ ᠣᠶ ᠰᠢᠭᠤᠢ ᠶᠢ ᠥᠭᠡᠷᠡᠴᠢᠯᠡᠬᠦ | ᠵᠡᠷᠭᠡ ᠢᠨᠵᠧᠨᠧᠷᠢᠩ ᠤᠨ ᠲᠥᠷᠥᠯ ᠵᠦᠢᠯ ᠳᠤ ᠲᠦᠰᠢᠭᠯᠡᠨ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ | ᠪᠦᠲᠦᠭᠡᠨ ᠪᠠᠶᠢᠭᠤᠯᠬᠤ ᠠᠬᠢᠴᠠ ᠶᠢ ᠲᠦᠷᠭᠡᠳᠬᠡᠵᠦ᠂ ᠢᠨᠵᠧᠨᠧᠷᠢᠩ ᠢ ᠴᠠᠭ ᠲᠤᠬᠠᠢ ᠳᠤᠨᠢ ᠴᠢᠨᠠᠷ ᠴᠢᠨᠰᠠᠭ᠎ᠠ ᠶᠢ | ᠪᠠᠲᠤᠯᠠᠨ ᠪᠡᠶᠡᠯᠡᠭᠦᠯᠬᠦ ᠶᠢ ᠦᠨᠡᠨᠬᠦ ᠪᠠᠲᠤᠯᠠᠵᠤ᠂ ᠣᠶ ᠰᠢᠭᠤᠢ ᠨᠤᠲᠤᠭ ᠪᠡᠯᠴᠢᠭᠡᠷ ᠤᠨ ᠶᠠᠰᠤ ᠴᠢᠨᠠᠷ ᠢ ᠲᠠᠰᠤᠷᠠᠯᠲᠠ | ᠦᠭᠡᠢ ᠳᠡᠭᠡᠭᠰᠢᠯᠡᠭᠦᠯᠦᠨ᠂ ᠣᠶ ᠰᠢᠭᠤᠢ ᠶᠢᠨ ᠪᠦᠷᠬᠦᠴᠡ ᠶᠢᠨ ᠨᠣᠷᠮ᠎ᠠ ᠪᠠ ᠨᠤᠲᠤᠭ ᠪᠡᠯᠴᠢᠭᠡᠷ ᠤᠨ ᠤᠷᠭᠤᠮᠠᠯ ᠤᠨ | ᠬᠤᠴᠢᠯᠭ᠎ᠠ ᠶᠢᠨ ᠪᠦᠷᠬᠦᠴᠡ ᠶᠢᠨ ᠬᠡᠮᠵᠢᠶ᠎ᠡ ᠶᠢ ︽ᠬᠤᠶᠠᠷ ᠢ ᠳᠡᠭᠡᠭᠰᠢᠯᠡᠭᠦᠯᠬᠦ︾ ᠶᠢ ᠪᠡᠶᠡᠯᠡᠭᠦᠯᠦᠨ᠎ᠡ᠃ | ᠨᠢᠭᠡ ᠲᠤ ᠴᠠᠭᠠᠨᠨᠠᠭᠤᠷ ᠤᠨ ᠰᠠᠪᠠ ᠭᠠᠵᠠᠷ ᠤᠨ ᠳᠣᠲᠣᠷ᠎ᠠ ᠤᠨᠠᠯᠲᠠ ᠪᠠᠭᠠᠲᠠᠢ ᠦᠷ᠎ᠡ ᠠᠰᠢᠭ ᠪᠠᠭᠠᠲᠠᠢ ᠤᠢ | ᠰᠢᠭᠤᠢ ᠶᠢ ᠥᠭᠡᠷᠡᠴᠢᠯᠡᠬᠦ ᠲᠥᠷᠥᠯ ᠵᠦᠢᠯ ᠢ ᠬᠡᠷᠡᠭᠵᠢᠭᠦᠯᠵᠦ᠂ 1.7 ᠲᠦᠮᠡᠨ ᠮᠤ᠋ ᠲᠠᠯᠠᠪᠠᠢ ᠶᠢ ᠬᠡᠷᠡᠭᠵᠢᠭᠦᠯᠵᠦ᠂ | ᠭᠤᠣᠯᠳᠠᠭᠤ ᠲᠤᠷᠤᠭ ᠪᠤᠳᠠ ᠮᠣᠳᠣᠨ ᠤ ᠬᠤᠯᠢᠮᠠᠭ ᠤᠢ ᠪᠠᠷ ᠭᠤᠣᠯ ᠪᠣᠯᠭᠠᠭᠰᠠᠨ ᠣᠶᠢᠵᠢᠭᠤᠯᠬᠤ ᠠᠷᠭ᠎ᠠ ᠮᠠᠶ᠋ᠢᠭ | ᠢᠶᠠᠷ ᠰᠡᠯᠪᠢᠨ ᠰᠡᠷᠭᠦᠭᠡᠬᠦ ᠪᠠ ᠰᠢᠨᠡᠳᠬᠡᠨ ᠥᠭᠡᠷᠡᠴᠢᠯᠡᠨ᠎ᠠ᠃ | ︵ᠨᠢᠭᠡ︶ ᠴᠠᠭᠠᠨᠨᠠᠭᠤᠷ ᠤᠨ ᠰᠠᠪᠠ ᠭᠠᠵᠠᠷ ᠤᠨ ᠳᠣᠲᠣᠷ᠎ᠠ ᠤᠨᠠᠯᠲᠠ ᠪᠠᠭᠠᠲᠠᠢ ᠦᠷ᠎ᠡ ᠠᠰᠢᠭ ᠪᠠᠭᠠᠲᠠᠢ ᠤᠢ | ᠰᠢᠭᠤᠢ ᠶᠢ ᠥᠭᠡᠷᠡᠴᠢᠯᠡᠬᠦ ᠲᠥᠷᠥᠯ ᠵᠦᠢᠯ ᠢ ᠬᠡᠷᠡᠭᠵᠢᠭᠦᠯᠵᠦ᠂ 1.7 ᠲᠦᠮᠡᠨ ᠮᠤ᠋ ᠲᠤᠷᠤᠭ ᠪᠤᠳᠠ ᠮᠣᠳᠣᠨ ᠤ | ᠬᠤᠯᠢᠮᠠᠭ ᠤᠢ ᠮᠣᠳᠣ ᠪᠠᠷ ᠭᠤᠣᠯ ᠪᠣᠯᠭᠠᠭᠰᠠᠨ ᠣᠶᠢᠵᠢᠭᠤᠯᠬᠤ ᠠᠷᠭ᠎ᠠ ᠮᠠᠶ᠋ᠢᠭ ᠬᠡᠷᠡᠭᠵᠢᠭᠦᠯᠦᠨ᠎ᠡ᠃ ᠬᠤᠶᠠᠷ ᠲᠤ | ᠱᠠᠩᠳᠤ ᠠᠴᠠ ᠴᠢᠭᠤᠯᠤᠯᠲᠤ ᠬᠠᠭᠠᠯᠭ᠎ᠠ ᠬᠦᠷᠬᠦ ᠵᠠᠰᠠᠮᠠᠯ ᠵᠠᠮ ᠤᠨ ᠵᠡᠭᠦᠨᠳᠡᠬᠢ ᠭᠠᠷᠬᠤ ᠡᠭᠦᠳᠡ ᠠᠴᠠ ᠵᠡᠭᠦᠨᠰᠢᠬᠢ | ᠭᠠᠷᠬᠤ ᠡᠭᠦᠳᠡ ᠶᠢ ᠨᠣᠭᠤᠭᠠᠷᠠᠭᠤᠯᠵᠤ᠂ ᠨᠣᠭᠤᠭᠠᠷᠠᠭᠤᠯᠤᠯᠲᠠ ᠶᠢᠨ ᠣᠷᠳᠣ ᠨᠢ 4 ᠺᠢᠯᠣᠮᠧᠲᠷ ᠪᠠᠶᠢᠵᠤ᠂ 250 | ᠮᠦ ᠲᠠᠯᠠᠪᠠᠶ ᠶᠢ ᠬᠡᠷᠡᠭᠵᠢᠭᠦᠯᠦᠨ᠎ᠡ︔ ᠭᠤᠷᠪᠠ ᠳᠤ᠂ ᠱᠠᠩᠳᠤ ᠰᠢᠶᠠᠨ ᠤ ᠰᠠᠨ ᠳ᠋ᠠ ᠴᠢᠩ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠭᠤᠣᠯ ᠵᠠᠮ ᠤᠨ ᠬᠤᠶᠠᠷ ᠲᠠᠯ᠎ᠠ ᠶᠢ ᠨᠣᠭᠤᠭᠠᠷᠠᠭᠤᠯᠵᠤ᠂ 80 ᠮᠦ ᠲᠠᠯᠠᠪᠠᠢ ᠶᠢ | ᠬᠡᠷᠡᠭᠵᠢᠭᠦᠯᠦᠨ᠎ᠡ︔ ᠳᠥᠷᠪᠡ ᠳᠤ᠂ ᠪᠡᠯᠡ ᠮᠥᠩᠭᠦ ᠶᠢ ᠠᠮᠢᠳᠤᠯᠢᠭ ᠢᠶᠠᠷ ᠠᠰᠢᠭᠯᠠᠨ ᠬᠤᠳᠠ ᠪᠠᠯᠭᠠᠰᠤᠨ ᠤ ᠡᠷᠬᠢᠨ | ᠲᠣᠭᠤᠷᠢᠨ ᠤ ᠪᠠᠷᠠᠭᠤᠨ ᠭᠠᠳᠠᠷ ᠲᠣᠭᠤᠷᠢᠯ ᠵᠠᠮ᠂ ᠲᠦᠷᠭᠡᠨ ᠤ ᠵᠠᠮ᠂ ᠲᠤᠰᠠᠯᠠᠬᠤ ᠵᠠᠮ ᠤᠨ ᠠᠭᠤᠯᠵᠠᠷ ᠤᠨ | ᠬᠤᠭᠤᠰᠤᠨ ᠭᠠᠵᠠᠷ ᠲᠤ ᠨᠥᠬᠦᠵᠦ ᠲᠠᠷᠢᠬᠤ ᠶᠢ ᠬᠡᠷᠡᠭᠵᠢᠭᠦᠯᠵᠦ᠂ 260 ᠮᠦ ᠲᠠᠯᠠᠪᠠᠢ ᠶᠢ ᠬᠡᠷᠡᠭᠵᠢᠭᠦᠯᠪᠡ︔ | ᠲᠠᠪᠤ ᠳᠤ᠂ ᠴᠠᠭᠠᠨᠨᠠᠭᠤᠷ ᠤᠨ ᠰᠠᠪᠠ ᠭᠠᠵᠠᠷ ᠤᠨ ᠡᠷᠬᠢᠨ ᠲᠣᠭᠤᠷᠢᠨ ᠳᠤ ᠨᠢᠰᠬᠡᠯ ᠢᠶᠠᠷ ᠡᠪᠡᠰᠦ ᠳᠠᠷᠢᠵᠤ᠂ 1 | ᠲᠦᠮᠡᠨ ᠮᠦ ᠲᠠᠯᠠᠪᠠᠶ ᠶᠢ ᠬᠡᠷᠡᠭᠵᠢᠭᠦᠯᠦᠨ᠎ᠡ︔ ᠵᠢᠷᠭᠤᠭ᠎ᠠ ᠳᠤ᠂ ᠨᠢᠮᠪᠡᠭᠡ ᠶᠢᠨ ᠨᠡᠭᠡᠭᠡᠨ ᠠᠰᠢᠭᠯᠠᠬᠤ ᠢᠨᠵᠧᠨᠧᠷᠢᠩ ᠢ | ᠳᠣᠪᠤᠶᠢᠯᠭᠠᠵᠤ᠂ ᠨᠢᠮᠪᠡᠭᠡ ᠶᠢᠨ ᠠᠵᠤ ᠦᠢᠯᠡᠰ ᠢ ᠲᠦᠷᠭᠡᠳᠬᠡᠨ ᠬᠥᠭᠵᠢᠭᠦᠯᠵᠦ᠂ ᠨᠢᠮᠪᠡᠭᠡ ᠶᠢᠨ | ᠣᠶᠢᠵᠢᠭᠤᠯᠤᠯᠲᠠ ᠶᠢᠨ ᠲᠡᠭᠰᠢ ᠭᠤᠤᠷᠰᠤ ᠶᠢᠨ ᠲᠥᠷᠥᠯ ᠵᠦᠢᠯ ᠢ ᠬᠡᠷᠡᠭᠵᠢᠭᠦᠯᠦᠨ᠂ ᠰᠢᠨ᠎ᠡ ᠪᠠᠷ ᠣᠶᠢᠵᠢᠭᠤᠯᠤᠭᠰᠠᠨ | ᠲᠠᠯᠠᠪᠠᠶ 0.3 ᠲᠦᠮᠡᠨ ᠮᠦ᠂ ᠨᠥᠬᠦᠵᠦ ᠤᠷᠭᠤᠭᠤᠯᠤᠭᠰᠠᠨ ᠲᠠᠯᠠᠪᠠᠶ 2 ᠲᠦᠮᠡᠨ ᠮᠦ᠂ ᠲᠡᠭᠰᠢ ᠭᠤᠤᠷᠰᠤ ᠶᠢᠨ | ᠲᠠᠯᠠᠪᠠᠶ 7 ᠲᠦᠮᠡᠨ ᠮᠦ᠃ | ︵ᠬᠤᠶᠠᠷ︶ ᠤᠢ ᠰᠢᠭᠤᠢ ᠡᠪᠡᠰᠦ ᠪᠡᠯᠴᠢᠭᠡᠷ ᠤᠨ ᠠᠵᠤ ᠦᠢᠯᠡᠰ ᠪᠣᠯᠣᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠵᠤ᠂ ︽ᠨᠣᠭᠤᠭᠠᠷᠠᠭᠤᠯᠤᠯᠲᠠ ᠶᠢ | ᠥᠷᠭᠡᠳᠬᠡᠬᠦ︾ ᠶᠢ ᠲᠤᠪᠤᠶᠢᠯᠭᠠᠵᠦ ᠠᠷᠠᠳ ᠤᠨ ᠠᠮᠢᠳᠤᠷᠠᠯ ᠢ ᠪᠠᠲᠤᠯᠠᠨ᠎ᠠ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠴᠢᠨᠠᠭᠰᠢᠳᠠ ᠰᠠᠶᠢᠲᠤᠷ ᠬᠢᠬᠦ ᠶᠢᠨ | ᠲᠥᠯᠥᠭᠡ᠂ ᠬᠥᠳᠡᠭᠡ ᠲᠣᠰᠬᠤᠨ ᠤ ᠨᠣᠭᠤᠭᠠᠷᠠᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ | ᠦᠷᠭᠦᠯᠵᠢᠯᠡᠨ ᠯᠠᠪᠳᠠᠭᠤᠨ ᠢᠶᠠᠷ ᠲᠦᠯᠬᠢᠨ ᠠᠬᠢᠭᠤᠯᠵᠤ᠂ ᠱᠠᠩᠳᠤ ᠰᠢᠶᠠᠨ ᠤ ᠰᠠᠨ ᠳ᠋ᠠ ᠴᠢᠩ ᠰᠢᠶᠠᠩ ᠤᠨ ᠡᠯ | ᠺᠧᠩ ᠳ᠋ᠢᠶᠠᠨ ᠲᠣᠰᠬᠤᠨ᠂ ᠶᠡᠭᠡ ᠬᠦᠷᠢᠶ᠎ᠡ ᠰᠢᠶᠠᠩ ᠤᠨ ᠬᠥ᠋ ᠴᠧᠩ ᠽᠢ ᠲᠣᠰᠬᠤᠨ᠂ ᠰᠢ ᠵᠢᠩ ᠽᠢ ᠪᠠᠯᠭᠠᠰᠤᠨ ᠤ | ᠴᠢ ᠳ᠋ᠧᠩ ᠶᠢᠩ ᠲᠣᠰᠬᠤᠨ᠂ ᠮᠣᠣ ᠳ᠋ᠦ᠋ ᠰᠢᠶᠠᠩ ᠤᠨ ᠡᠯ ᠳ᠋ᠣᠣ ᠴᠢᠦᠢ ᠲᠣᠰᠬᠤᠨ᠂ ᠲᠦᠨ ᠺᠧᠨ ᠳ᠋ᠦᠢ ᠪᠠᠯᠭᠠᠰᠤᠨ | ᠤ ᠸᠠ ᠶᠣᠣ ᠭᠧᠦ ᠲᠣᠰᠬᠤᠨ᠂ ᠭᠠᠩ ᠹᠠᠩ ᠽᠢ ᠲᠣᠰᠬᠤᠨ ᠵᠡᠷᠭᠡ 7 ᠵᠢᠱᠢᠶ᠎ᠡ ᠦᠵᠡᠭᠦᠯᠬᠦ ᠲᠣᠰᠬᠤᠨ ᠳᠤ 560 | ᠮᠤ᠋ ᠨᠣᠭᠤᠭᠠᠷᠠᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠬᠦ ᠪᠠᠷ ᠲᠥᠯᠥᠪᠯᠡᠵᠦ ᠪᠤᠢ᠃ | ︵ᠭᠤᠷᠪᠠ︶ ᠣᠶ ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠪᠡᠯᠡ | ᠮᠥᠩᠭᠦ ᠶᠢᠨ ᠣᠷᠣᠭᠤᠯᠤᠯᠲᠠ ᠶᠢ ᠪᠠᠲᠤᠯᠠᠵᠤ᠂ ︽ᠨᠣᠭᠤᠭᠠᠷᠠᠭᠤᠯᠬᠤ︾ ᠲᠣᠭᠲᠠᠭᠤᠨ ᠢᠶᠠᠷ ᠬᠥᠭᠵᠢᠬᠦ ᠶᠢ | ᠳᠣᠪᠤᠶᠢᠯᠭᠠᠨ᠎ᠠ | ︽ᠪᠥᠬᠦ ᠤᠯᠤᠰ ᠤᠨ ᠴᠢᠬᠤᠯᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠰᠡᠷᠭᠦᠭᠡᠬᠦ ᠴᠢᠬᠤᠯᠠ ᠶᠡᠭᠡ | ᠢᠨᠵᠧᠨᠧᠷᠢᠩ ᠤᠨ ᠶᠡᠷᠦᠩᠬᠡᠢ ᠲᠥᠯᠦᠪᠵᠢᠭᠦᠯᠭᠡ ︵2021 ︱ 2035 ᠣᠨ︶︾ ︽ᠤᠮᠠᠷᠠᠲᠤ ᠶᠢᠨ ᠡᠯᠡᠰᠦ ᠶᠢ | ᠰᠡᠷᠭᠡᠶᠢᠯᠡᠬᠦ ᠪᠦᠰᠡ ᠶᠢᠨ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢᠨ ᠲᠥᠯᠦᠪᠵᠢᠭᠦᠯᠭᠡ ︵2021 ︱ 2035 ᠣᠨ︶︾ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢ ᠪᠠᠶᠢᠭᠤᠯᠬᠤ ᠲᠥᠯᠦᠪᠵᠢᠭᠦᠯᠭᠡ ︵2021 ︱ 2035 ᠣᠨ︶︾ ᠶᠢᠨ | ᠪᠠᠶᠢᠷᠢᠯᠠᠭᠤᠯᠤᠯᠲᠠ ᠶᠣᠰᠣᠭᠠᠷ᠂ ᠤᠯᠤᠰ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠡᠪᠡᠰᠦᠨ ᠤ ᠠᠮᠢ | ᠠᠬᠤᠢ ᠶᠢᠨ ᠪᠦᠲᠦᠭᠡᠨ ᠪᠠᠶᠢᠭᠤᠯᠤᠯᠲᠠ ᠬᠢᠭᠡᠳ ᠬᠠᠮᠠᠭᠠᠯᠠᠯᠲᠠ ᠶᠢᠨ ᠲᠥᠷᠥᠯ ᠵᠦᠢᠯ ᠪᠠ ᠪᠡᠯᠡ ᠮᠥᠩᠭᠦ ᠶᠢ | ᠢᠳᠡᠪᠬᠢᠯᠡᠨ ᠣᠯᠵᠤ᠂ ᠲᠥᠷᠥᠯ ᠵᠦᠢᠯ ᠢ ᠨᠥᠭᠡᠴᠡᠯᠡᠬᠦ ᠪᠠ ᠭᠤᠶᠤᠴᠢᠯᠠᠨ ᠮᠡᠳᠡᠭᠦᠯᠬᠦ ᠠᠵᠢᠯ ᠢ ᠰᠠᠶᠢᠲᠤᠷ ᠬᠢᠵᠦ᠂ | ᠨᠡᠶᠢᠭᠡᠮ ᠤᠨ ᠬᠥᠷᠥᠩᠭᠡ ᠶᠢ ᠬᠥᠲᠥᠯᠥᠨ ᠵᠢᠯᠤᠭᠤᠳᠴᠤ ᠪᠠᠶᠢᠭᠠᠳ ᠠᠮᠢ ᠠᠬᠤᠢ ᠶᠢᠨ ᠬᠠᠮᠠᠭᠠᠯᠠᠯᠲᠠ ᠶᠢᠨ ᠪᠦᠲᠦᠭᠡᠨ | ᠪᠠᠶᠢᠭᠤᠯᠤᠯᠲᠠ ᠶᠢᠨ ᠠᠵᠢᠯ ᠳᠤ ᠣᠷᠣᠯᠴᠠᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠪᠦᠲᠦᠭᠡᠨ | ᠪᠠᠶᠢᠭᠤᠯᠤᠯᠲᠠ ᠶᠢᠨ ᠪᠡᠯᠡ ᠮᠥᠩᠭᠦ ᠶᠢᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠨ᠎ᠠ᠃ | ︵ᠳᠥᠷᠪᠡ︶ ᠡᠬᠢ ᠪᠠᠶᠠᠯᠢᠭ ᠤᠨ ᠬᠠᠮᠢᠶᠠᠷᠤᠯᠲᠠ ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠵᠤ᠂ ︽ | ᠠᠮᠢᠳᠤᠯᠢᠭ ᠢᠶᠠᠷ ᠨᠣᠭᠤᠭᠠᠷᠠᠭᠤᠯᠬᠤ︾ ᠶᠢ ᠳᠣᠪᠤᠶᠢᠯᠭᠠᠵᠤ ᠬᠥᠳᠡᠯᠭᠡᠬᠦ ᠬᠦᠴᠦᠨ ᠢ ᠨᠡᠮᠡᠭᠳᠡᠭᠦᠯᠦᠨ᠎ᠡ | ᠨᠢᠭᠡ ᠳᠤ᠂ ᠤᠢ ᠰᠢᠭᠤᠢ ᠶᠢᠨ ᠳᠠᠷᠤᠭ᠎ᠠ ᠶᠢᠨ ᠳᠦᠷᠢᠮ ᠤᠨ ᠪᠠᠶᠢᠭᠤᠯᠤᠯᠲᠠ ᠪᠠᠷ ᠭᠤᠣᠯ ᠪᠣᠯᠭᠠᠵᠤ᠂ ᠤᠢ ᠰᠢᠭᠤᠢ | ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠳᠦᠷᠢᠮ ᠤᠨ ᠰᠢᠰᠲ᠋ᠧᠮ ᠢ ᠴᠢᠨᠠᠭᠰᠢᠳᠠ ᠪᠠᠶᠢᠭᠤᠯᠤᠨ | ᠲᠡᠭᠦᠯᠳᠡᠷᠵᠢᠭᠦᠯᠵᠦ᠂ ᠡᠯ᠎ᠡ ᠱᠠᠲᠤᠨ ᠤ ᠤᠢ ᠰᠢᠭᠤᠢ ᠶᠢᠨ ᠳᠠᠷᠤᠭ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ | ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠡᠭᠦᠷᠭᠡ ᠶᠢ ᠨᠠᠷᠢᠨ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ | ︽ᠤᠯᠤᠰ ᠤᠨ ᠨᠤᠲᠤᠭ ᠳᠡᠪᠢᠰᠬᠡᠷ ᠤᠨ ᠭᠤᠷᠪᠠ ᠶᠢ ᠲᠣᠬᠢᠷᠠᠭᠤᠯᠬᠤ︾ ᠶᠢᠨ ᠬᠠᠮᠤᠭ ᠤᠨ ᠰᠢᠨ᠎ᠡ ᠦᠷ᠎ᠡ | ᠪᠦᠲᠦᠭᠡᠯ ᠢ ᠠᠰᠢᠭᠯᠠᠨ᠂ ᠣᠶ ᠰᠢᠭᠤᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠲᠤᠭ᠎ᠠ ᠪᠠᠷᠢᠮᠲᠠ ᠶᠢᠨ | ᠬᠥᠮᠥᠷᠭᠡ ᠶᠢ ᠲᠡᠭᠦᠯᠳᠡᠷᠵᠢᠭᠦᠯᠵᠦ᠂ ᠣᠶ ᠰᠢᠭᠤᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ︽ᠨᠢᠭᠡ ᠵᠢᠷᠤᠭ︾ ᠢ | ᠰᠢᠨᠡᠳᠬᠡᠵᠦ᠂ ᠣᠶᠢᠲᠤ ᠭᠠᠵᠠᠷ ᠤᠨ ᠡᠬᠢ ᠪᠠᠶᠠᠯᠢᠭ ᠤᠨ ᠬᠠᠮᠢᠶᠠᠷᠤᠯᠳᠠ ᠶᠢ ᠴᠢᠩᠭᠠᠳᠬᠠᠨ᠎ᠠ᠃ | ᠬᠤᠶᠠᠷ ᠲᠤ ᠴᠢᠭᠢᠭᠯᠢᠭ ᠭᠠᠵᠠᠷ᠂ ᠬᠡᠭᠡᠷ᠎ᠡ ᠶᠢᠨ ᠠᠮᠢᠲᠠᠨ ᠤᠷᠭᠤᠮᠠᠯ ᠵᠢᠴᠢ ᠲᠡᠭᠦᠨ ᠤ ᠣᠷᠣᠰᠢᠨ ᠠᠮᠢᠳᠤᠷᠠᠬᠤ | ᠭᠠᠵᠠᠷ ᠢ ᠬᠠᠮᠠᠭᠠᠯᠠᠨ ᠬᠠᠮᠢᠶᠠᠷᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠡᠭᠡᠷ᠎ᠡ ᠶᠢᠨ ᠠᠮᠢᠲᠠᠨ | ᠤᠷᠭᠤᠮᠠᠯ ᠤᠨ ᠬᠢᠵᠢᠭ ᠤᠨ ᠡᠭᠦᠰᠦᠯ ᠤᠨ ᠬᠢᠵᠢᠭ ᠡᠪᠡᠳᠴᠢᠨ ᠢ ᠬᠢᠨᠠᠨ ᠬᠡᠮᠵᠢᠵᠦ ᠰᠡᠷᠭᠡᠶᠢᠯᠡᠨ ᠡᠵᠡᠮᠳᠡᠬᠦ ᠠᠵᠢᠯ ᠢ | ᠰᠠᠶᠢᠲᠤᠷ ᠬᠢᠵᠦ᠂ ᠬᠡᠭᠡᠷ᠎ᠡ ᠶᠢᠨ ᠲᠣᠭᠤᠷᠢᠨ ᠪᠠᠶᠢᠴᠠᠭᠠᠬᠤ ᠲᠣᠭᠤᠷᠢᠨ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ | ᠬᠠᠤᠯᠢ ᠪᠤᠰᠤ ᠪᠠᠷ ᠠᠷᠠᠯᠵᠢᠶᠠᠯᠠᠬᠤ ᠪᠠ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠢ ᠡᠪᠳᠡᠬᠦ ᠬᠠᠤᠯᠢ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ | ᠭᠤᠷᠪᠠ ᠳᠤ ᠴᠠᠭᠠᠨᠨᠠᠭᠤᠷ ᠤᠨ ᠰᠠᠪᠠ ᠭᠠᠵᠠᠷ ᠤᠨ ᠣᠶ ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠶᠢᠨ | ᠵᠠᠰᠠᠯᠲᠠ ᠪᠠ ᠶᠡᠷᠦᠩᠬᠡᠶᠢᠯᠡᠭᠰᠡᠨ ᠬᠢᠨᠠᠨ ᠬᠡᠮᠵᠢᠯᠲᠡ ᠶᠢ ᠭᠦᠨᠵᠡᠭᠡᠢ ᠲᠦᠯᠬᠢᠨ ᠠᠬᠢᠭᠤᠯᠵᠤ᠂ ᠰᠠᠪᠠ ᠭᠠᠵᠠᠷ ᠤᠨ ᠠᠮᠢ | ᠠᠬᠤᠢ ᠶᠢᠨ ᠣᠷᠴᠢᠨ ᠲᠣᠭᠤᠷᠢᠨ ᠢ ᠲᠠᠰᠤᠷᠠᠯᠲᠠ ᠦᠭᠡᠢ ᠰᠠᠶᠢᠵᠢᠷᠠᠭᠤᠯᠤᠨ᠂ ᠥᠪᠥᠷ ᠮᠣᠩᠭᠤᠯ ᠤᠨ ᠱᠠᠩᠳᠤ ᠶᠢᠨ | ᠴᠠᠭᠠᠨᠨᠠᠭᠤᠷ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ ᠪᠠ ᠳ᠋ᠠ ᠱᠢ ᠵᠢᠶᠠ ᠶᠢᠨ ᠥᠪᠡᠷᠲᠡᠭᠡᠨ ᠵᠠᠰᠠᠬᠤ | ᠣᠷᠣᠨ ᠤ ᠭᠠᠵᠠᠷ ᠰᠢᠨᠵᠢᠯᠡᠭᠡᠨ ᠤ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠣᠶ ᠰᠢᠭᠤᠢ ᠡᠪᠡᠰᠦ ᠪᠡᠯᠴᠢᠭᠡᠷ ᠨᠤᠭᠤ ᠭᠠᠵᠠᠷ ᠤᠨ ᠡᠬᠢ ᠪᠠᠶᠠᠯᠢᠭ ᠤᠨ ᠦᠷᠭᠦᠯᠵᠢᠯᠡᠨ | ᠲᠣᠭᠲᠠᠭᠤᠨ ᠢᠶᠠᠷ ᠨᠡᠮᠡᠭᠳᠡᠬᠦ ᠶᠢ ᠦᠨᠡᠨᠬᠦ ᠪᠠᠲᠤᠯᠠᠨ᠎ᠠ᠃ | ᠳᠥᠷᠪᠡ ᠳᠤ ᠨᠤᠲᠤᠭ ᠪᠡᠯᠴᠢᠭᠡᠷ ᠤᠨ ᠣᠶᠢᠲᠤ ᠭᠠᠵᠠᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ | ᠦᠶᠯᠡ ᠠᠵᠢᠯᠯᠠᠭ᠎ᠠ ᠶᠢ ᠲᠤᠰᠬᠠᠢ ᠴᠡᠭᠴᠡᠯᠡᠨ ᠵᠠᠰᠠᠬᠤ ᠠᠵᠢᠯ᠂ ᠬᠢᠨᠠᠨ ᠪᠤᠳᠤᠬᠤ ᠵᠠᠬᠢᠷᠭ᠎ᠠ ᠠᠴᠠ ᠬᠠᠷᠢᠭᠤ | ᠳᠤᠰᠬᠠᠭᠰᠠᠨ ᠨᠤᠲᠤᠭ ᠪᠡᠯᠴᠢᠭᠡᠷ ᠤᠨ ᠣᠶᠢᠲᠤ ᠭᠠᠵᠠᠷ ᠤᠨ ᠬᠠᠤᠯᠢ ᠲᠣᠭᠲᠠᠭᠠᠯ ᠠᠴᠠ ᠵᠥᠷᠢᠴᠡᠨ ᠲᠠᠷᠢᠶᠠᠨ ᠭᠠᠵᠠᠷ | ᠪᠣᠯᠭᠠᠵᠤ ᠬᠤᠪᠢᠷᠠᠭᠤᠯᠤᠭᠰᠠᠨ ᠱᠠᠲᠤ ᠦᠶ᠎ᠡ ᠶᠢᠨ ᠴᠢᠨᠠᠷᠲᠠᠢ ᠴᠡᠭᠴᠡᠯᠡᠨ ᠵᠠᠰᠠᠬᠤ ᠡᠭᠦᠷᠭᠡ ᠶᠢ ᠨᠠᠶᠢᠳᠠᠪᠤᠷᠢᠵᠢᠭᠤᠯᠬᠤ | ᠶᠢ ᠦᠷᠭᠦᠯᠵᠢᠯᠡᠨ ᠰᠢᠮᠳᠠᠭᠤᠯᠤᠨ ᠵᠢᠯᠤᠭᠤᠳᠴᠤ᠂ ᠵᠢᠯ ᠤᠨ ᠳᠣᠲᠣᠷ᠎ᠠ ᠪᠠᠨ ᠳ᠋ᠤᠭᠠᠷ ᠢ ᠨᠢ ᠬᠠᠰᠤᠨ᠎ᠠ᠃ | ︵ᠲᠠᠪᠤ︶ ᠠᠮᠢ ᠠᠬᠤᠢ ᠶᠢᠨ ᠠᠮᠤᠷ ᠲᠦᠪᠰᠢᠨ ᠤ ᠪᠠᠶᠢᠭᠤᠯᠤᠯᠲᠠ ᠶᠢ ᠪᠠᠬᠢᠵᠢᠭᠦᠯᠦᠨ ᠳᠡᠭᠡᠭᠰᠢᠯᠡᠭᠦᠯᠵᠦ᠂ ︽ | ᠨᠣᠭᠤᠭᠠᠷᠠᠭᠤᠯᠤᠯᠲᠠ ᠶᠢ ᠬᠠᠮᠠᠭᠠᠯᠠᠬᠤ︾ ᠬᠠᠯᠬᠠᠪᠴᠢ ᠶᠢ ᠳᠣᠪᠤᠶᠢᠯᠭᠠᠨ᠎ᠠ | ︽ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠳᠦᠷᠢᠮ︾ ᠢ ᠴᠢᠩᠭ᠎ᠠ | ᠬᠡᠷᠡᠭᠵᠢᠭᠦᠯᠵᠦ᠂ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠪᠠ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ | ᠣᠷᠣᠨ ᠢ ᠬᠤᠪᠢᠶᠠᠷᠢᠯᠠᠨ ᠲᠣᠭᠲᠠᠭᠠᠬᠤ ᠠᠵᠢᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠪᠡᠯᠴᠢᠭᠡᠷ ᠮᠠᠯ ᠢ | ᠲᠡᠩᠴᠡᠭᠦᠷᠢ ᠲᠠᠢ ᠪᠠᠶᠢᠯᠭᠠᠬᠤ ᠣᠷᠣᠨ ᠤ ᠪᠡᠯᠴᠢᠭᠡᠷ ᠤᠨ ᠳᠠᠭᠠᠭᠠᠴᠠ ᠶᠢ ᠬᠡᠮᠵᠢᠨ ᠲᠣᠭᠲᠠᠭᠠᠬᠤ ᠠᠵᠢᠯ ᠢ ᠰᠠᠶᠢᠲᠤᠷ | ᠬᠢᠵᠦ᠂ ᠪᠡᠯᠴᠢᠭᠡᠷᠯᠡᠭᠦᠯᠬᠦ ᠶᠢ ᠴᠠᠭᠠᠵᠠᠯᠠᠬᠤ ᠶᠢ ᠬᠢᠨᠠᠨ ᠵᠢᠯᠤᠭᠤᠳᠴᠤ ᠤᠬᠠᠭᠤᠯᠬᠤ ᠶᠠᠰᠤ ᠴᠢᠨᠠᠷ ᠢ ᠪᠥᠬᠦ ᠲᠠᠯ᠎ᠠ ᠪᠠᠷ | ᠳᠡᠭᠡᠭᠰᠢᠯᠡᠭᠦᠯᠦᠨ᠎ᠡ᠃ ᠣᠶ ᠰᠢᠭᠤᠢ ᠶᠢᠨ ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ | ᠣᠶ ᠰᠢᠭᠤᠢ ᠡᠪᠡᠰᠦ ᠪᠡᠯᠴᠢᠭᠡᠷ ᠤᠨ ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ ᠡᠵᠡᠮᠳᠡᠬᠦ ᠶᠢ ᠬᠡᠮᠵᠢᠶᠡᠵᠢᠭᠦᠯᠬᠦ | ᠬᠠᠷᠠᠯᠲᠠᠲᠤ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠨᠠᠷᠠᠰᠤᠨ ᠮᠣᠳᠣᠨ ᠤ ᠤᠲᠠᠰᠤᠯᠢᠭ | ᠬᠤᠷᠣᠬᠠᠢ ᠶᠢᠨ ᠡᠪᠡᠳᠴᠢᠨ ᠵᠡᠷᠭᠡ ᠶᠢ ᠰᠡᠷᠭᠡᠶᠢᠯᠡᠨ ᠡᠵᠡᠮᠳᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ | ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠢᠨᠠᠨ ᠬᠡᠮᠵᠢᠬᠦ ᠪᠠ ᠬᠠᠮᠲᠤᠷᠠᠨ ᠰᠡᠷᠭᠡᠶᠢᠯᠡᠵᠦ | ᠬᠠᠮᠲᠤᠷᠠᠨ ᠵᠠᠰᠠᠬᠤ ᠶᠢ ᠴᠢᠩᠭᠠᠷᠠᠭᠤᠯᠤᠨ᠎ᠠ᠃ ᠠᠵᠢᠯ ᠲᠥᠷᠥᠯ ᠤᠨ ᠰᠠᠯᠠᠭ᠎ᠠ ᠮᠥᠴᠢᠷ ᠤᠨ ᠭᠠᠯ ᠰᠡᠷᠭᠡᠶᠢᠯᠡᠬᠦ | ᠬᠠᠷᠢᠭᠤᠴᠠᠯᠭ᠎ᠠ ᠶᠢ ᠴᠢᠩᠭ᠎ᠠ ᠭᠦᠢᠴᠡᠳᠬᠡᠵᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠠᠶᠤᠯ | ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢ ︽ᠭᠠᠯ ᠰᠡᠷᠭᠡᠶᠢᠯᠡᠬᠦ ᠺᠣᠳ᠋︾ ᠤᠨ ᠠᠬᠤᠢ ᠲᠠᠯᠠᠪᠠᠶ ᠶᠢᠨ | ᠬᠡᠷᠡᠭᠯᠡᠯᠲᠡ ᠶᠢ ᠭᠦᠨᠵᠡᠭᠡᠶᠢᠷᠡᠭᠦᠯᠵᠦ᠂ ᠭᠤᠣᠯᠳᠠᠯᠭ᠎ᠠ ᠲᠠᠢ ᠴᠠᠭ ᠬᠤᠭᠤᠴᠠᠭᠠᠨ ᠤ ᠣᠶ ᠰᠢᠭᠤᠢ ᠶᠢᠨ ᠭᠠᠯ ᠰᠡᠷᠭᠡᠶᠢᠯᠡᠬᠦ | ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠲᠣᠭᠲᠠᠭᠠᠯ ᠠᠴᠠ ᠵᠥᠷᠢᠴᠡᠨ ᠬᠡᠭᠡᠷ᠎ᠡ ᠭᠠᠳᠠᠨ᠎ᠠ ᠭᠠᠯ ᠬᠡᠷᠡᠭᠯᠡᠭᠰᠡᠨ | ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠪᠥᠬᠦ ᠠᠷᠠᠳ ᠤᠨ ᠭᠠᠯ | ᠰᠡᠷᠭᠡᠶᠢᠯᠡᠬᠦ ᠦᠵᠡᠯ ᠤᠬᠠᠮᠰᠠᠷ ᠢ ᠬᠦᠴᠦᠯᠡᠨ ᠳᠡᠭᠡᠭᠰᠢᠯᠡᠭᠦᠯᠵᠦ᠂ ᠭᠠᠯ ᠰᠡᠷᠭᠡᠶᠢᠯᠡᠬᠦ ᠤᠬᠠᠭᠤᠯᠭ᠎ᠠ᠂ ᠭᠠᠯ ᠤᠨ | ᠢᠷᠡᠯᠲᠡ ᠶᠢᠨ ᠬᠠᠮᠢᠶᠠᠷᠤᠯᠲᠠ᠂ ᠲᠣᠭᠤᠷᠢᠨ ᠬᠠᠮᠠᠭᠠᠯᠠᠵᠤ ᠲᠣᠭᠤᠷᠢᠨ ᠪᠠᠶᠢᠴᠠᠭᠠᠬᠤ᠂ ᠰᠠᠭᠤᠷᠢ ᠳᠦᠬᠦᠬᠡᠷᠦᠮᠵᠢ ᠶᠢᠨ | ᠪᠦᠲᠦᠭᠡᠨ ᠪᠠᠶᠢᠭᠤᠯᠤᠯᠲᠠ᠂ ᠭᠠᠯ ᠤᠨ ᠪᠠᠶᠢᠳᠠᠯ ᠢ ᠡᠷᠲᠡ ᠰᠢᠢᠳᠪᠦᠷᠢᠯᠡᠬᠦ ᠵᠡᠷᠭᠡ ᠠᠵᠢᠯ ᠢ ᠦᠨᠡᠨᠬᠦ ᠰᠠᠶᠢᠲᠤᠷ ᠬᠢᠵᠦ᠂ | ᠬᠦᠨᠳᠦ ᠶᠡᠭᠡ ᠣᠨᠴᠠ ᠶᠡᠭᠡ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠡᠭᠦᠰᠬᠦ ᠶᠢ ᠴᠢᠩᠭ᠎ᠠ | ᠰᠡᠷᠭᠡᠶᠢᠯᠡᠬᠦ ᠬᠡᠷᠡᠭᠲᠡᠢ᠃ | ︵ᠵᠢᠷᠭᠤᠭ᠎ᠠ︶ ᠠᠮᠢ ᠠᠬᠤᠢ ᠪᠠᠷ ᠠᠷᠠᠳ ᠲᠤ ᠠᠰᠢᠭ ᠬᠦᠷᠲᠡᠭᠡᠬᠦ ᠪᠠᠷ ᠵᠣᠷᠢᠯᠭ᠎ᠠ ᠪᠣᠯᠭᠠᠨ᠂ ︽ᠪᠤᠬᠢᠷᠳᠤᠯ | ᠦᠬᠡᠢ︾ ᠪᠠᠷ ᠵᠣᠯ ᠵᠢᠷᠭᠠᠯ ᠨᠡᠮᠡᠷᠢᠯᠡᠬᠦ ᠶᠢ ᠲᠤᠪᠤᠶᠢᠯᠭᠠᠨ᠎ᠠ | ᠠᠮᠢ ᠠᠬᠤᠢ ᠶᠢᠨ ᠣᠶ ᠬᠠᠮᠠᠭᠠᠯᠠᠭᠴᠢ᠂ ᠨᠡᠶᠢᠲᠡ ᠶᠢᠨ ᠠᠰᠠᠷᠠᠮᠵᠢ ᠶᠢᠨ ᠣᠶ ᠶᠢᠨ ᠨᠥᠬᠦᠪᠦᠷᠢ ᠵᠡᠷᠭᠡ | ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ | ᠲᠥᠷᠥ ᠶᠢᠨ ᠪᠣᠳᠣᠯᠭ᠎ᠠ ᠶᠢᠨ ᠦᠷᠭᠦᠯᠵᠢᠯᠡᠬᠦ ᠴᠢᠨᠠᠷ ᠪᠠ ᠲᠣᠭᠲᠠᠪᠤᠷᠢᠲᠤ ᠴᠢᠨᠠᠷ ᠢ ᠪᠠᠲᠤᠯᠠᠨ᠎ᠠ᠃ ᠣᠶ ᠶᠢᠨ | ᠬᠤᠷᠮᠣᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠢᠳᠡᠪᠬᠢᠲᠡᠢ ᠠᠬᠢᠭᠤᠯᠵᠤ᠂ ᠣᠶ ᠰᠢᠭᠤᠢ ᠶᠢᠨ | ᠰᠢᠨ᠎ᠡ ᠮᠡᠷᠭᠡᠵᠢᠯ᠂ ᠰᠢᠨ᠎ᠡ ᠦᠷ᠎ᠡ ᠪᠦᠲᠦᠭᠡᠯ ᠤᠨ ᠬᠡᠷᠡᠭᠯᠡᠯᠲᠡ ᠳᠡᠯᠭᠡᠷᠡᠭᠦᠯᠦᠯᠲᠡ ᠪᠠ ᠦᠢᠯᠡᠴᠢᠯᠡᠭᠡᠨ ᠤ | ᠵᠢᠯᠣᠭᠤᠳᠤᠯᠭ᠎ᠠ ᠶᠢ ᠴᠢᠩᠭᠠᠳᠬᠠᠨ᠂ ᠣᠶ ᠰᠢᠭᠤᠢ ᠶᠢᠨ ᠠᠵᠤ ᠠᠬᠤᠶᠢᠯᠠᠯ ᠢ ᠲᠠᠰᠤᠷᠠᠯᠲᠠ ᠦᠭᠡᠢ ᠪᠣᠶᠢᠵᠢᠭᠤᠯᠤᠨ | ᠪᠤᠵᠠᠭᠠᠶᠢᠷᠠᠭᠤᠯᠵᠤ᠂ ᠣᠶ ᠰᠢᠭᠤᠢ ᠶᠢᠨ ᠠᠵᠤ ᠦᠢᠯᠡᠰ ᠤᠨ ᠬᠡᠪᠴᠢᠶ᠎ᠡ ᠪᠠᠨ ᠥᠷᠭᠡᠳᠬᠡᠬᠦ ᠪᠠ ᠦᠷ᠎ᠡ ᠠᠰᠢᠭ ᠢᠶᠠᠨ | ᠳᠡᠭᠡᠭᠰᠢᠯᠡᠭᠦᠯᠬᠦ ᠶᠢ ᠠᠬᠢᠭᠤᠯᠤᠨ᠎ᠠ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ | |