ᠨᠢᠭᠡ᠂ ᠨᠣᠣᠷᠠᠭᠯᠠᠭᠰᠠᠨ ᠠᠬᠤᠢ ᠪᠠᠶᠢᠳᠠᠯ ᠵᠢᠴᠢ ᠶᠠᠪᠤᠴᠠ | ︽ᠤᠯᠠᠭᠠᠨᠴᠠᠪ ᠬᠤᠲᠠ ᠶᠢᠨ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠭᠡᠯ | ᠲᠥᠰᠥᠯ︾ ᠢ 2010 ᠣᠨ ᠤ 12 ᠰᠠᠷ᠎ᠠ ᠳᠤ ᠳᠠᠷᠤᠮᠠᠯᠯᠠᠨ ᠲᠠᠷᠬᠠᠭᠠᠭᠰᠠᠨ ᠠᠴᠠ ᠨᠠᠰᠢ᠂ ᠪᠥᠬᠦ ᠬᠤᠲᠠ ᠶᠢᠨ | ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠤᠨ ᠴᠢᠬᠤᠯᠠ | ᠪᠦᠷᠢᠯᠳᠦᠭᠦᠨ ᠬᠡᠰᠡᠭ ᠪᠣᠯᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠰᠠᠶᠢᠨ ᠪᠠᠶᠢᠳᠠᠯ ᠲᠠᠢ ᠪᠠᠶᠢᠬᠤ ᠶᠢ | ᠪᠠᠲᠤᠯᠠᠨ᠂ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠵᠢᠯᠤᠭᠤᠳᠴᠤ᠂ ᠪᠥᠬᠦ | ᠬᠤᠲᠠ ᠶᠢᠨ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠪᠠ ᠠᠷᠭᠠᠴᠠᠬᠤ ᠳᠤ ᠴᠢᠬᠤᠯᠠ ᠦᠢᠯᠡᠳᠦᠯ ᠦᠵᠡᠭᠦᠯᠦᠭᠰᠡᠨ | ᠪᠠᠶᠢᠨ᠎ᠠ᠃ ᠲᠣᠰ ᠪᠡᠯᠡᠳᠬᠡᠯ ᠲᠥᠰᠥᠯ ᠢ ᠳᠠᠷᠤᠮᠠᠯᠯᠠᠨ ᠲᠠᠷᠬᠠᠭᠠᠭᠰᠠᠨ ᠠᠴᠠ ᠨᠠᠰᠢᠬᠢ 13 ᠵᠢᠯ ᠰᠢᠬᠠᠮ ᠤᠨ | ᠬᠤᠭᠤᠴᠠᠭᠠᠨ ᠳᠤ᠂ ᠪᠠᠶᠢᠭᠤᠯᠤᠮᠵᠢ ᠶᠢᠨ ᠥᠭᠡᠷᠡᠴᠢᠯᠡᠯᠲᠡ᠂ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ | ᠬᠤᠪᠢᠶᠠᠷᠢᠯᠠᠯ ᠵᠢᠴᠢ ᠴᠠᠭ ᠠᠭᠤᠷ ᠤᠨ ᠭᠠᠮᠰᠢᠭ ᠤᠨ ᠲᠥᠷᠥᠯ ᠵᠦᠢᠯ ᠤᠨ ᠬᠤᠪᠢᠶᠠᠷᠢᠯᠠᠯ ᠪᠠ ᠬᠦᠨᠳᠦ ᠨᠣᠴᠢᠲᠠᠢ | ᠬᠡᠮᠵᠢᠶ᠎ᠡ ᠬᠤᠪᠢᠷᠠᠬᠤ ᠶᠢ ᠳᠠᠭᠠᠯᠳᠤᠨ᠂ ᠪᠡᠯᠡᠳᠬᠡᠯ ᠲᠥᠰᠥᠯ ᠤᠨ ᠠᠵᠢᠯᠯᠠᠭᠠᠨ ᠳᠤ ᠨᠢᠭᠡᠨᠲᠡ ᠢᠳᠡᠭ ᠢᠳᠡᠭ ᠢᠶᠠᠷ | ᠬᠡᠮ ᠰᠣᠭᠤᠭ ᠢᠯᠡᠷᠡᠭᠰᠡᠨ ᠪᠠᠶᠢᠨ᠎ᠠ᠃ ᠰᠢ ᠶᠢᠨ ᠫᠢᠩ ᠶᠡᠷᠦᠩᠬᠡᠢ ᠱᠦᠵᠢ ᠶᠢᠨ ᠭᠠᠮᠰᠢᠭ ᠢ ᠰᠡᠷᠭᠡᠶᠢᠯᠡᠬᠦ ᠭᠠᠮᠰᠢᠭ ᠢ | ᠪᠠᠭᠠᠰᠬᠠᠬᠤ ᠭᠠᠮᠰᠢᠭ ᠠᠴᠠ ᠠᠪᠤᠷᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠵᠦ᠂ ︽ | ᠰᠡᠷᠭᠡᠶᠢᠯᠡᠬᠦ ᠪᠠᠷ ᠭᠤᠣᠯ ᠪᠣᠯᠭᠠᠵᠤ᠂ ᠰᠡᠷᠭᠡᠶᠢᠯᠡᠬᠦ ᠡᠰᠡᠷᠭᠦᠴᠡᠬᠦ ᠠᠪᠤᠷᠠᠬᠤ ᠶᠢ ᠤᠶᠠᠯᠳᠤᠭᠤᠯᠬᠤ︾ ᠴᠢᠭᠯᠡᠯᠲᠡ ᠶᠢ | ᠡᠷᠡᠰ ᠨᠠᠶᠢᠳᠠᠪᠤᠷᠢᠵᠢᠭᠤᠯᠵᠤ᠂ ᠨᠠᠭᠠᠲᠤ ᠵᠠᠬ᠎ᠠ ᠶᠢᠨ ᠱᠤᠭᠤᠮ ᠤᠨ ᠰᠡᠳᠬᠢᠬᠦᠢ ᠪᠠ ᠰᠠᠨᠠᠭᠠᠰᠢᠷᠠᠨ ᠵᠣᠪᠠᠨᠢᠬᠤ | ᠤᠬᠠᠮᠰᠠᠷ ᠢ ᠪᠠᠲᠤ ᠪᠠᠬᠢ ᠪᠤᠶ ᠪᠣᠯᠭᠠᠵᠤ᠂ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ | ᠲᠣᠭᠲᠠᠴᠠ ᠶᠢ ᠤᠯᠠᠮ ᠨᠢᠭᠡ ᠠᠯᠬᠤᠮ ᠪᠠᠶᠢᠭᠤᠯᠤᠨ ᠲᠡᠭᠦᠯᠳᠡᠷᠵᠢᠭᠦᠯᠵᠦ᠂ ᠶᠡᠷᠦᠩᠬᠡᠶᠢᠯᠡᠭᠰᠡᠨ ᠭᠠᠮᠰᠢᠭ ᠢ ᠰᠡᠷᠭᠡᠶᠢᠯᠡᠨ | ᠭᠠᠮᠰᠢᠭ ᠢ ᠪᠠᠭᠠᠰᠬᠠᠬᠤ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠴᠠᠭ ᠠᠭᠤᠷ ᠤᠨ ᠭᠠᠮᠰᠢᠭ ᠠᠴᠠ | ᠪᠣᠯᠤᠭᠰᠠᠨ ᠬᠥᠮᠥᠨ ᠤ ᠦᠬᠦᠯ ᠰᠢᠷᠬᠠᠲᠤᠯ᠂ ᠡᠳ᠋ ᠬᠥᠷᠥᠩᠭᠡ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ | ᠪᠠᠭᠠᠰᠬᠠᠬᠤ ᠪᠤᠶᠤ ᠲᠡᠭᠦᠨ ᠠᠴᠠ ᠵᠠᠶᠢᠯᠠᠰᠬᠢᠬᠤ ᠶᠢᠨ ᠲᠥᠯᠥᠭᠡ᠂ ᠥᠪᠥᠷ ᠵᠠᠰᠠᠭ ᠠᠯᠪᠠᠨ ᠲᠠᠷᠬᠠᠭᠠᠭᠰᠠᠨ ﹇ | 2021﹈ 96 ᠳ᠋ᠤᠭᠠᠷ ᠲᠣᠭᠠᠲᠤ ︽ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠭᠠᠮᠰᠢᠭ ᠤᠨ ᠪᠠᠴᠢᠮ | ᠪᠠᠶᠢᠳᠠᠯ ᠢ ᠠᠷᠭᠠᠴᠠᠬᠤ ᠲᠥᠰᠥᠯ ︵2021 ᠣᠨ ᠤ ᠬᠡᠪᠯᠡᠯ︶ ᠢ ᠳᠠᠷᠤᠮᠠᠯᠯᠠᠨ ᠲᠠᠷᠬᠠᠭᠠᠬᠤ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠮᠡᠳᠡᠭᠳᠡᠯ︾ ᠢ ᠦᠨᠳᠦᠰᠦᠯᠡᠨ᠂ ᠬᠤᠲᠠ ᠶᠢᠨ ᠴᠠᠭ ᠠᠭᠤᠷ ᠤᠨ ᠲᠣᠪᠴᠢᠶ᠎ᠠ ︽ᠤᠯᠠᠭᠠᠨᠴᠠᠪ ᠬᠤᠲᠠ ᠶᠢᠨ ᠴᠠᠭ | ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠭᠡᠯ ᠲᠥᠰᠥᠯ ︵2023 ᠣᠨ ᠤ ᠬᠡᠪᠯᠡᠯ︶︾ ︵ | ᠳᠣᠷᠣᠭᠰᠢ ︽ᠲᠥᠰᠥᠯ︾ ᠭᠡᠵᠦ ᠲᠣᠪᠴᠢᠯᠠᠨ᠎ᠠ︶ ᠳᠤ ᠵᠠᠰᠠᠪᠤᠷᠢ ᠤᠷᠤᠭᠤᠯᠵᠤ᠂ ᠬᠠᠮᠢᠶ᠎ᠠ ᠪᠦᠬᠦᠢ ᠪᠦᠷᠢᠯᠳᠦᠭᠦᠨ | ᠨᠢᠭᠡᠴᠢ ᠠᠴᠠ ᠰᠠᠨᠠᠯ ᠬᠤᠷᠢᠶᠠᠬᠤ ᠶᠢᠨ ᠬᠠᠮᠲᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠬᠠᠤᠯᠢ ᠴᠠᠭᠠᠵᠠ ᠶᠢᠨ | ᠬᠢᠨᠠᠨ ᠬᠠᠷᠭᠤᠭᠤᠯᠤᠯᠲᠠ ᠶᠢ ᠥᠩᠭᠡᠷᠡᠭᠡᠭᠰᠡᠨ ᠤ ᠳᠠᠷᠠᠭ᠎ᠠ ᠬᠤᠲᠠ ᠶᠢᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ | ᠲᠣᠰ ᠡᠬᠡ ᠪᠢᠴᠢᠭ ᠢ ᠨᠠᠶᠢᠷᠠᠭᠤᠯᠤᠨ ᠵᠤᠬᠢᠶᠠᠪᠠ᠃ | ᠬᠤᠶᠠᠷ᠂ ᠭᠤᠣᠯ ᠠᠭᠤᠯᠭ᠎ᠠ | 1. ᠪᠦᠬᠦᠶᠢᠯᠡ ᠪᠣᠷᠣ ᠲᠥᠯᠥᠪ ᠨᠢ ᠤᠤᠯ ᠤᠨ ᠳᠤᠯᠤᠭᠠᠨ ᠪᠦᠯᠦᠭ ᠬᠡᠰᠡᠭ ᠠᠴᠠ ᠪᠠᠨ ᠶᠢᠰᠦᠨ ᠪᠦᠯᠦᠭ ᠬᠡᠰᠡᠭ | ᠪᠣᠯᠣᠨ ᠨᠡᠮᠡᠭᠳᠡᠪᠡ᠃ ᠨᠢᠭᠡᠳᠦᠭᠡᠷ ᠪᠦᠯᠦᠭ ᠶᠡᠷᠦᠩᠬᠡᠢ ᠳᠦᠷᠢᠮ᠂ ᠬᠤᠶᠠᠳᠤᠭᠠᠷ ᠪᠦᠯᠦᠭ ᠵᠣᠬᠢᠶᠠᠨ ᠪᠠᠶᠢᠭᠤᠯᠵᠤ | ᠵᠢᠯᠤᠭᠤᠳᠬᠤ ᠰᠢᠰᠲ᠋ᠧᠮ ᠬᠢᠭᠡᠳ ᠲᠤᠰᠢᠶᠠᠯ ᠬᠠᠷᠢᠭᠤᠴᠠᠯᠭ᠎ᠠ᠂ ᠭᠤᠷᠪᠠᠳᠤᠭᠠᠷ ᠪᠦᠯᠦᠭ ᠤᠷᠢᠳᠴᠢᠯᠠᠨ | ᠰᠡᠷᠡᠮᠵᠢᠯᠡᠭᠦᠯᠬᠦ ᠪᠠ ᠤᠷᠢᠳᠴᠢᠯᠠᠨ ᠰᠡᠷᠭᠡᠶᠢᠯᠡᠬᠦ ᠲᠣᠭᠲᠠᠴᠠ᠂ ᠳᠥᠷᠪᠡᠳᠦᠭᠡᠷ ᠪᠦᠯᠦᠭ ᠤᠨ ︽ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠲᠥᠰᠥᠯ ᠢ ᠡᠬᠢᠯᠡᠭᠦᠯᠬᠦ ᠪᠠ ᠳᠠᠭᠠᠬᠤ︾ ᠶᠢ ︽ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ︾ ᠪᠣᠯᠭᠠᠨ ᠥᠭᠡᠷᠡᠴᠢᠯᠡᠬᠦ ᠨᠢ ᠲᠣᠰ ᠪᠦᠯᠦᠭ ᠤᠨ ᠬᠡᠰᠡᠭ ᠤᠨ ᠵᠦᠢᠯᠡᠰ ᠲᠤ ᠨᠠᠩ ᠨᠡᠶᠢᠴᠡᠨ᠎ᠡ᠃ ᠲᠠᠪᠤᠳᠤᠭᠠᠷ | ᠪᠦᠯᠦᠭ ᠤᠨ ︽ᠰᠡᠷᠭᠦᠭᠡᠬᠦ ᠪᠠ ᠲᠠᠬᠢᠨ ᠪᠠᠶᠢᠭᠤᠯᠬᠤ︾ ᠶᠢ ︽ᠰᠡᠭᠦᠯᠴᠢ ᠶᠢᠨ ᠬᠤᠭᠤᠴᠠᠭᠠᠨ ᠤ ᠰᠢᠢᠳᠪᠦᠷᠢᠯᠡᠯᠲᠡ︾ | ᠭᠡᠵᠦ ᠬᠠᠯᠠᠪᠠ᠂ ᠡᠭᠦᠨ ᠤ ᠰᠢᠯᠲᠠᠭᠠᠨ ᠨᠢ ᠢᠩᠬᠢᠵᠦ ᠰᠤᠯᠢᠬᠤ ᠨᠢ ᠳᠥᠷᠪᠡᠳᠦᠭᠡᠷ ᠪᠦᠯᠦᠭ ᠲᠠᠢ ᠨᠡᠩ | ᠵᠣᠬᠢᠴᠠᠯᠳᠤᠬᠤ ᠮᠥᠷᠲᠡᠭᠡᠨ ᠬᠠᠮᠤᠷᠬᠤ ᠬᠡᠪᠴᠢᠶ᠎ᠡ ᠨᠢ ᠨᠡᠩ ᠶᠡᠭᠡ ᠪᠤᠯᠤᠨ᠎ᠠ᠃ ᠵᠢᠷᠭᠤᠳᠤᠭᠠᠷ ᠪᠦᠯᠦᠭ ᠪᠠᠴᠢᠮ | ᠪᠠᠶᠢᠳᠠᠯ ᠢ ᠠᠷᠭᠠᠴᠠᠬᠤ ᠪᠠᠲᠤᠯᠠᠭ᠎ᠠ᠃ ᠳᠣᠯᠣᠳᠤᠭᠠᠷ ᠪᠦᠯᠦᠭ ᠤᠨ ᠬᠢᠨᠠᠯᠲᠠ ᠬᠠᠮᠢᠶᠠᠷᠤᠯᠲᠠ ᠶᠢ ᠤᠤᠯ ᠤᠨ ︽ | ᠳᠠᠭᠠᠯᠳᠤᠭᠤᠯᠤᠭᠰᠠᠨ ᠳᠦᠷᠢᠮ︾ ᠠᠴᠠ ᠰᠠᠯᠭᠠᠵᠤ ᠲᠤᠰᠠᠭᠠᠷ ᠪᠦᠯᠦᠭ ᠪᠣᠯᠭᠠᠨ᠂ ︽ᠲᠥᠰᠥᠯ︾ ᠢ ᠪᠦᠲᠦᠮᠵᠢᠲᠡᠶ | ᠬᠡᠷᠡᠭᠵᠢᠭᠦᠯᠬᠦ ᠶᠢ ᠪᠠᠲᠤᠯᠠᠨ᠎ᠠ᠃ ᠨᠠᠢᠮᠠᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ᠃ ᠶᠢᠰᠦᠳᠦᠭᠡᠷ ᠪᠦᠯᠦᠭ | ᠳᠠᠭᠠᠯᠳᠤᠭᠤᠯᠤᠯ ᠳᠤ᠂ ᠪᠥᠬᠦ ᠬᠤᠲᠠ ᠶᠢᠨ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ | ᠰᠢᠰᠲ᠋ᠧᠮᠵᠢ ᠶᠢᠨ ᠪᠦᠳᠦᠭᠦᠪᠴᠢ ᠵᠢᠷᠤᠭ ᠢ ᠨᠡᠮᠡᠪᠡ᠃ | 2. ᠨᠢᠭᠡᠳᠦᠭᠡᠷ ᠪᠦᠯᠦᠭ ᠤᠨ ᠨᠤᠤᠷᠠᠭᠯᠠᠭᠰᠠᠨ ᠦᠨᠳᠦᠰᠦᠯᠡᠯ ᠪᠠ ᠠᠵᠢᠯ ᠤᠨ ᠵᠠᠷᠴᠢᠮ ᠤᠨ ᠲᠡᠰ ᠳᠠᠷᠠᠭᠠᠯᠠᠯ ᠢ | ᠰᠣᠯᠢᠨ᠎ᠠ᠃ | 3. ᠬᠤᠶᠠᠳᠤᠭᠠᠷ ᠪᠦᠯᠦᠭ ᠤᠨ ᠵᠢᠯᠤᠭᠤᠳᠬᠤ ᠪᠠᠶᠢᠭᠤᠯᠤᠮᠵᠢ ᠪᠠ ᠪᠠᠶᠢᠭᠤᠯᠤᠮᠵᠢ ᠶᠢᠨ ᠲᠤᠰᠢᠶᠠᠯ | ᠬᠠᠷᠢᠭᠤᠴᠠᠯᠭ᠎ᠠ ᠶᠢ ᠬᠤᠶᠠᠷ ᠬᠡᠰᠡᠭ ᠬᠤᠪᠢᠶᠠᠵᠤ᠂ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠲᠠᠯᠠᠪᠤᠷ ᠭᠠᠵᠠᠷ | ᠪᠠ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠲᠤᠰᠢᠶᠠᠯ ᠬᠠᠷᠢᠭᠤᠴᠠᠯᠭ᠎ᠠ ᠶᠢ ᠰᠢᠨ᠎ᠡ ᠪᠠᠷ ᠨᠡᠮᠡᠨ᠎ᠡ᠃ | 4. ᠭᠤᠷᠪᠠᠳᠤᠭᠠᠷ ᠪᠦᠯᠦᠭ ᠤᠨ ᠨᠢᠭᠡᠳᠦᠭᠡᠷ ᠬᠡᠰᠡᠭ ᠤᠨ ︽ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ | ᠰᠡᠷᠭᠡᠶᠢᠯᠡᠬᠦ ᠠᠵᠢᠯᠯᠠᠭ᠎ᠠ︾ ᠶᠢ ︽ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠠᠷᠭ᠎ᠠ ᠬᠡᠮᠵᠢᠶ᠎ᠡ︾ ᠭᠡᠵᠦ ᠬᠠᠯᠠᠪᠠ᠂ | ᠡᠭᠦᠨ ᠳᠤ ᠠᠶᠤᠯ ᠲᠦᠭᠰᠢᠭᠦᠷᠢ ᠶᠢᠨ ᠬᠠᠮᠢᠶᠠᠷᠤᠯᠲᠠ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ | ᠲᠠᠯᠠᠪᠤᠷ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠭᠤᠷᠪᠠᠨ ᠬᠡᠰᠡᠭ ᠠᠭᠤᠯᠭ᠎ᠠ ᠶᠢ ᠪᠠᠭᠲᠠᠭᠠᠵᠤ᠂ ᠪᠡᠯᠡᠳᠬᠡᠯ | ᠲᠥᠰᠥᠯ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ ᠬᠤᠶᠠᠳᠤᠭᠠᠷ᠂ ᠭᠤᠷᠪᠠᠳᠤᠭᠠᠷ ᠬᠡᠰᠡᠭ ᠢ ᠨᠡᠶᠢᠯᠡᠭᠦᠯᠵᠦ᠂ ︽ | ᠴᠠᠭ ᠠᠭᠤᠷ ᠤᠨ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ︾ ᠭᠡᠵᠦ ᠶᠡᠷᠦᠩᠬᠡᠶᠢᠯᠡᠨ ᠨᠡᠷᠡᠶᠢᠳᠦᠨ᠎ᠡ | ᠃ ᠳᠥᠷᠪᠡᠳᠦᠭᠡᠷ ᠬᠡᠰᠡᠭ ᠤᠨ ︽ᠰᠡᠷᠡᠮᠵᠢᠯᠡᠭᠦᠯᠬᠦ ᠳᠣᠬᠢᠶ᠎ᠠ ᠶᠢ ᠨᠡᠶᠢᠲᠡᠯᠡᠬᠦ ᠪᠠᠷᠢᠮᠵᠢᠶ᠎ᠠ︾ ᠭᠡᠳᠡᠭ ᠢ ︽ᠤᠷᠢᠳᠴᠢᠯᠠᠨ | ᠰᠡᠷᠡᠮᠵᠢᠯᠡᠭᠦᠯᠬᠦ ᠶᠢ ᠨᠡᠶᠢᠲᠡᠯᠡᠬᠦ ᠪᠠ ᠤᠯᠠᠮᠵᠢᠯᠠᠨ ᠲᠠᠷᠬᠠᠭᠠᠬᠤ︾ ᠭᠡᠵᠦ ᠵᠠᠰᠠᠵᠤ᠂ ᠮᠡᠳᠡᠭᠡ ᠵᠠᠩᠭᠢ ᠬᠦᠷᠭᠡᠬᠦ | ᠠᠭᠤᠯᠭ᠎ᠠ ᠶᠢ ᠨᠡᠮᠡᠨ᠎ᠡ᠃ | 5. ᠳᠥᠷᠪᠡᠳᠦᠭᠡᠷ ᠪᠦᠯᠦᠭ ᠲᠤ ︽ᠮᠡᠳᠡᠭᠡ ᠵᠠᠩᠭᠢ ᠶᠢᠨ ᠮᠡᠳᠡᠭᠦᠯᠦᠯᠲᠡ︾ ᠶᠢ ᠨᠡᠮᠡᠵᠦ᠂ ᠡᠯ᠎ᠡ ᠰᠠᠯᠠᠭ᠎ᠠ | ᠮᠥᠴᠢᠷ ᠤᠨ ᠮᠡᠳᠡᠭᠡ ᠶᠢ ᠵᠢᠯᠤᠭᠤᠳᠬᠤ ᠭᠠᠵᠠᠷ ᠲᠤ ᠴᠠᠭ ᠲᠤᠬᠠᠢ ᠳᠤᠨᠢ ᠮᠡᠳᠡᠭᠦᠯᠵᠦ᠂ ᠡᠬᠢᠯᠡᠭᠦᠯᠬᠦ ᠡᠰᠡᠬᠦ ᠶᠢ | ᠶᠡᠷᠦᠩᠬᠡᠶᠢᠯᠡᠨ ᠰᠤᠳᠤᠯᠤᠨ ᠮᠠᠭᠠᠳᠯᠠᠨ᠎ᠠ᠃ ︽ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠡᠬᠢᠯᠡᠭᠦᠯᠬᠦ︾ | ᠶᠢ ︽ᠡᠬᠢᠯᠡᠭᠦᠯᠬᠦ ᠨᠥᠬᠦᠴᠡᠯ︾ ︽ᠡᠬᠢᠯᠡᠭᠦᠯᠬᠦ ᠴᠤᠪᠤᠷᠠᠯ︾ ᠪᠣᠯᠭᠠᠨ ᠨᠠᠷᠢᠯᠢᠭᠵᠢᠭᠤᠯᠵᠤ᠂ ᠪᠡᠯᠡᠳᠬᠡᠯ ᠲᠥᠰᠥᠯ | ᠤᠨ ᠠᠵᠢᠯᠯᠠᠭᠠᠨ ᠤ ᠴᠢᠨᠠᠷ ᠢ ᠦᠨᠳᠦᠰᠦᠯᠡᠨ᠎ᠡ᠃ ︽ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠬᠢᠬᠦ︾ ᠶᠢ ︽ | ᠱᠠᠲᠤ ᠬᠤᠪᠢᠶᠠᠨ ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠬᠢᠬᠦ︾ ᠪᠣᠯᠭᠠᠨ ᠬᠤᠪᠢᠷᠠᠭᠤᠯᠵᠤ᠂ ᠨᠠᠩ | ᠣᠨᠣᠪᠴᠢᠲᠠᠶ ᠢᠯᠡᠳᠬᠡᠨ᠎ᠡ᠃ ︽ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠ ᠰᠢᠢᠳᠪᠦᠷᠢᠯᠡᠬᠦ︾᠂ ︽ᠪᠠᠴᠢᠮ | ᠪᠠᠶᠢᠳᠠᠯ ᠢ ᠠᠷᠭᠠᠴᠠᠬᠤ ᠮᠡᠳᠡᠭᠡ ᠬᠤᠯᠪᠣᠭᠠᠨ ᠤ ᠠᠷᠭ᠎ᠠ ᠮᠠᠶ᠋ᠢᠭ︾ ᠢ ᠬᠠᠰᠤᠵᠤ ᠬᠠᠶᠠᠭᠰᠠᠨ ᠤ ᠰᠢᠯᠲᠠᠭᠠᠨ ᠨᠢ | ᠳᠡᠭᠡᠷᠡᠬᠢ ᠠᠭᠤᠯᠭ᠎ᠠ ᠳᠤ ᠪᠠᠴᠢᠮ ᠪᠠᠶᠢᠳᠠᠯ ᠢ ᠠᠷᠭᠠᠴᠠᠬᠤ ᠬᠡᠪᠴᠢᠶ᠎ᠡ ᠶᠢ ᠨᠢᠭᠡᠨᠲᠡ ᠪᠠᠭᠲᠠᠭᠠᠭᠰᠠᠨ ᠪᠤᠶᠤ ᠲᠡᠭᠦᠨ ᠳᠤ | ᠬᠠᠷᠢᠶᠠᠯᠠᠭᠳᠠᠬᠤ ᠦᠭᠡᠢ᠃ ︽ᠲᠤᠬᠠᠢ ᠶᠢᠨ ᠲᠠᠯᠠᠪᠤᠷ ᠲᠤ ᠰᠢᠢᠳᠪᠦᠷᠢᠯᠡᠬᠦ︾᠂ ︽ᠨᠡᠶᠢᠭᠡᠮ ᠤᠨ ᠬᠦᠴᠦᠨ ᠤ | ᠳᠠᠶᠢᠴᠢᠯᠠᠯᠲᠠ ᠪᠠ ᠣᠷᠤᠯᠴᠠᠯᠭ᠎ᠠ︾ ᠶᠢ ᠨᠡᠮᠡᠭᠰᠡᠨ ᠨᠢ ᠪᠣᠳᠠᠲᠤ ᠪᠠᠶᠢᠳᠠᠯ ᠲᠠᠢ ᠨᠡᠩ ᠨᠡᠶᠢᠴᠡᠵᠦ ᠪᠠᠶᠢᠬᠤ ᠳᠤ | ᠣᠷᠣᠰᠢᠨ᠎ᠠ᠃ ︽ᠴᠠᠭ ᠠᠭᠤᠷ ᠤᠨ ᠭᠠᠮᠰᠢᠭ ᠢ ᠦᠨᠡᠯᠡᠨ ᠵᠢᠱᠢᠬᠦ︾ ᠶᠢ ᠬᠠᠰᠤᠵᠤ᠂ ᠰᠡᠭᠦᠯᠴᠢ ᠶᠢᠨ | ᠬᠤᠭᠤᠴᠠᠭᠠᠨ ᠤ ᠰᠢᠢᠳᠪᠦᠷᠢᠯᠡᠬᠦ ᠶᠠᠪᠤᠴᠠ ᠳᠤ ᠲᠣᠬᠢᠷᠠᠭᠤᠯᠤᠨ᠎ᠠ᠃︽ᠰᠣᠨᠢᠨ ᠮᠡᠳᠡᠭᠡ ᠨᠡᠶᠢᠲᠡᠯᠡᠬᠦ︾ ᠶᠢ ︽ | ᠮᠡᠳᠡᠭᠡ ᠵᠠᠩᠭᠢ ᠨᠡᠶᠢᠲᠡᠯᠡᠬᠦ︾ ᠪᠣᠯᠭᠠᠨ ᠥᠭᠡᠷᠡᠴᠢᠯᠡᠭᠡᠳ ᠲᠤᠰ ᠪᠦᠯᠦᠭ ᠤᠨ ᠬᠠᠮᠤᠭ ᠰᠡᠬᠦᠯ ᠳᠤ ᠲᠠᠯᠪᠢᠪᠠ᠂ | ᠡᠭᠦᠨ ᠤ ᠰᠢᠯᠲᠠᠭᠠᠨ ᠨᠢ ᠵᠥᠪ ᠣᠨᠣᠪᠴᠢᠲᠠᠶ᠂ ᠣᠷᠣᠨ ᠪᠠᠶᠢᠷᠢ ᠨᠢ ᠪᠣᠳᠠᠲᠤ ᠪᠠᠶᠢᠳᠠᠯ ᠲᠠᠢ ᠨᠡᠶᠢᠴᠡᠵᠦ ᠪᠠᠶᠢᠬᠤ ᠳᠤ | ᠣᠷᠣᠰᠢᠨ᠎ᠠ᠃ ︽ᠪᠠᠴᠢᠮ ᠪᠠᠶᠢᠳᠠᠯ ᠢ ᠠᠷᠭᠠᠴᠠᠬᠤ ᠠᠵᠢᠯ ᠳᠠᠭᠤᠰᠬᠤ︾ ᠶᠢ ︽ᠪᠠᠴᠢᠮ ᠪᠠᠶᠢᠳᠠᠯ ᠢ ᠠᠷᠭᠠᠴᠠᠬᠤ | ᠶᠢᠨ ᠳᠠᠭᠠᠤ ᠳᠡᠰ ᠳᠡᠪᠰᠢᠭᠦᠯᠬᠦ ᠪᠠ ᠳᠠᠭᠤᠰᠬᠠᠬᠤ︾ ᠪᠣᠯᠭᠠᠨ ᠥᠭᠡᠷᠡᠴᠢᠯᠡᠬᠦ ᠨᠢ ᠪᠣᠳᠠᠲᠤ ᠪᠠᠶᠢᠳᠠᠯ ᠳᠤ ᠨᠡᠩ | ᠨᠡᠶᠢᠴᠡᠬᠦ ᠶᠤᠮ᠃ | 6. ᠲᠠᠪᠤᠳᠤᠭᠠᠷ ᠪᠦᠯᠦᠭ ᠲᠤ ︽ᠲᠥᠯᠦᠪᠵᠢᠭᠦᠯᠭᠡ ᠲᠣᠭᠲᠠᠭᠠᠬᠤ ᠪᠠ ᠵᠣᠬᠢᠶᠠᠨ ᠪᠠᠶᠢᠭᠤᠯᠵᠤ ᠬᠡᠷᠡᠭᠵᠢᠭᠦᠯᠬᠦ︾᠂ | ︽ᠭᠠᠮᠰᠢᠭ ᠤᠨ ᠪᠠᠶᠢᠳᠠᠯ ᠢ ᠬᠢᠨᠠᠨ ᠲᠣᠭᠲᠠᠭᠠᠬᠤ︾᠂ ︽ᠰᠡᠭᠦᠯᠴᠢ ᠶᠢᠨ ᠶᠠᠪᠤᠳᠠᠯ ᠢ ᠰᠢᠢᠳᠪᠦᠷᠢᠯᠡᠬᠦ︾᠂ ︽ | ᠲᠠᠲᠠᠪᠤᠷᠢᠯᠠᠨ ᠬᠡᠷᠡᠭᠯᠡᠬᠦ ᠨᠥᠬᠦᠪᠦᠷᠢ︾ ᠶᠢ ᠨᠡᠮᠡᠵᠦ᠂ ᠬᠥᠮᠥᠨ ᠢᠶᠠᠷ ᠦᠨᠳᠦᠰᠦ ᠪᠣᠯᠭᠠᠬᠤ ᠲᠦᠷᠦ ᠶᠢᠨ | ᠪᠣᠳᠣᠯᠭ᠎ᠠ ᠶᠢᠨ ᠳᠠᠪᠠᠭᠤᠯᠢᠭ ᠢ ᠤᠯᠠᠮ ᠨᠢᠭᠡ ᠠᠯᠬᠤᠮ ᠬᠠᠷᠠᠭᠤᠯᠪᠠ᠃ | 7. ᠵᠢᠷᠭᠤᠳᠤᠭᠠᠷ ᠪᠦᠯᠦᠭ ᠲᠤ ︽ᠬᠥᠮᠥᠨ ᠤ ᠬᠦᠴᠦᠨ ᠤ ᠪᠠᠲᠤᠯᠠᠭ᠎ᠠ︾᠂ ︽ᠪᠡᠯᠡ ᠮᠥᠩᠭᠦᠨ ᠤ ᠪᠠᠲᠤᠯᠠᠭ᠎ᠠ︾ | ᠂ ︽ᠡᠮ ᠡᠮᠨᠡᠯᠭᠡ ᠶᠢᠨ ᠪᠠᠲᠤᠯᠠᠭ᠎ᠠ︾᠂ ︽ᠵᠠᠮ ᠲᠡᠭᠡᠭᠡᠪᠦᠷᠢ ᠶᠢᠨ ᠪᠠᠲᠤᠯᠠᠭ᠎ᠠ︾᠂ ︽ᠠᠮᠤᠷ ᠢ ᠬᠠᠮᠠᠭᠠᠯᠠᠬᠤ | ᠪᠠᠲᠤᠯᠠᠭ᠎ᠠ︾᠂ ︽ᠦᠨᠳᠦᠰᠦᠨ ᠠᠮᠢᠳᠤᠷᠠᠯ ᠤᠨ ᠪᠠᠲᠤᠯᠠᠭ᠎ᠠ︾ ᠶᠢ ᠰᠢᠨ᠎ᠡ ᠪᠠᠷ ᠨᠡᠮᠡᠵᠦ᠂ ᠠᠵᠢᠯᠯᠠᠭᠠᠨ ᠤ ᠴᠢᠨᠠᠷ ᠢ | ᠨᠡᠮᠡᠭᠳᠡᠭᠦᠯᠦᠨ᠎ᠡ᠃ ︽ᠮᠡᠳᠡᠭᠡ ᠬᠤᠯᠪᠣᠭ᠎ᠠ ᠪᠣᠯᠣᠨ ᠲᠣᠨᠣᠭᠯᠠᠯ ᠤᠨ ᠪᠠᠲᠤᠯᠠᠭ᠎ᠠ︾ ᠶᠢ ︽ᠮᠡᠳᠡᠭᠡ ᠬᠤᠯᠪᠣᠭᠠᠨ ᠤ | ᠪᠠᠲᠤᠯᠠᠭ᠎ᠠ︾ ᠭᠡᠵᠦ ᠥᠭᠡᠷᠡᠴᠢᠯᠡᠭᠡᠳ᠂ ᠲᠣᠨᠣᠭᠯᠠᠯ ᠢ ᠡᠳ᠋ ᠪᠣᠳᠠᠰ ᠤᠨ ᠳᠣᠲᠣᠷ᠎ᠠ ᠢᠯᠡᠷᠡᠭᠦᠯᠦᠨ᠎ᠡ᠃ ︽ᠲᠧᠭᠨᠢᠭ | ᠮᠡᠷᠭᠡᠵᠢᠯ ᠤᠨ ᠨᠥᠭᠡᠴᠡ ᠪᠠ ᠪᠠᠲᠤᠯᠠᠭ᠎ᠠ︾ ᠶᠢ ︽ᠲᠧᠭᠨᠢᠭ ᠮᠡᠷᠭᠡᠵᠢᠯ ᠤᠨ ᠪᠠᠲᠤᠯᠠᠭ᠎ᠠ︾ ᠭᠡᠵᠦ ᠥᠭᠡᠷᠡᠴᠢᠯᠡᠨ᠎ᠡ᠃ | ︽ᠤᠬᠠᠭᠤᠯᠭ᠎ᠠ᠂ ᠪᠣᠯᠪᠠᠰᠤᠷᠠᠭᠤᠯᠤᠯ ᠪᠠ ᠰᠣᠷᠢᠯᠲᠠ︾ ᠶᠢ ᠬᠠᠰᠤᠵᠤ ᠬᠠᠶᠠᠪᠠ᠃ | 8. ᠳᠣᠯᠣᠳᠤᠭᠠᠷ ᠪᠦᠯᠦᠭ ᠤᠨ ᠬᠢᠨᠠᠯᠳᠠ ᠬᠠᠮᠢᠶᠠᠷᠤᠯᠳᠠ ᠳᠤ ︽ᠪᠡᠯᠡᠳᠬᠡᠯ ᠲᠥᠰᠥᠯ ᠤᠨ ᠰᠣᠷᠢᠯᠲᠠ︾᠂ ︽ | ᠤᠬᠠᠭᠤᠯᠭ᠎ᠠ ᠪᠣᠯᠪᠠᠰᠤᠷᠠᠭᠤᠯᠤᠯ︾᠂ ︽ᠬᠠᠷᠢᠭᠤᠴᠠᠯᠭ᠎ᠠ ᠬᠢᠭᠡᠳ ᠱᠠᠩᠨᠠᠵᠤ ᠲᠣᠷᠭᠠᠬᠤ︾᠂ ︽ᠪᠡᠯᠡᠳᠬᠡᠯ | ᠲᠥᠰᠥᠯ ᠤᠨ ᠬᠠᠮᠢᠶᠠᠷᠤᠯᠲᠠ︾ ᠶᠢ ᠪᠠᠭᠲᠠᠭᠠᠭᠰᠠᠨ ᠨᠢ ᠪᠦᠬᠦᠶᠢᠯᠡ ᠪᠡᠯᠡᠳᠬᠡᠯ ᠲᠥᠰᠥᠯ ᠤᠨ ᠬᠢᠵᠠᠭᠠᠷᠯᠠᠬᠤ ᠴᠢᠨᠠᠷ | ᠢ ᠨᠡᠮᠡᠭᠳᠡᠬᠦᠯᠪᠡ᠃ | 9. ᠨᠠᠢᠮᠠᠳᠤᠭᠠᠷ ᠪᠦᠯᠦᠭ ᠲᠤ ︽ᠨᠡᠷ᠎ᠡ ᠦᠭᠡ ᠨᠡᠷ᠎ᠡ ᠲᠣᠮᠢᠶ᠎ᠠ︾᠂ ︽ᠴᠠᠭ ᠠᠭᠤᠷ ᠤᠨ ᠭᠠᠮᠰᠢᠭ ᠢ | ᠤᠷᠢᠳᠴᠢᠯᠠᠨ ᠰᠡᠷᠡᠮᠵᠢᠯᠡᠭᠦᠯᠬᠦ ᠲᠡᠰ ᠬᠤᠪᠢᠶᠠᠬᠤ ᠪᠠᠷᠢᠮᠵᠢᠶ᠎ᠠ︾ ᠶᠢ ᠨᠡᠮᠡᠪᠡ᠃ | 10. ᠶᠢᠰᠦᠳᠦᠭᠡᠷ ᠪᠦᠯᠦᠭ ᠲᠤ ︽ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ | ᠰᠢᠰᠲ᠋ᠧᠮ ᠤᠨ ᠪᠦᠳᠦᠭᠦᠪᠴᠢ ᠵᠢᠷᠤᠭ︾ ᠢ ᠨᠡᠮᠡᠪᠡ᠃ | ᠭᠤᠷᠪᠠ᠂ ᠨᠠᠶᠢᠷᠠᠭᠤᠯᠤᠨ ᠵᠣᠬᠢᠶᠠᠬᠤ ᠠᠴᠢ ᠬᠤᠯᠪᠣᠭᠳᠠᠯ | ᠤᠯᠤᠰ ᠤᠨ ︽ᠰᠡᠷᠭᠡᠶᠢᠯᠡᠬᠦ ᠪᠠᠷ ᠭᠤᠣᠯ ᠪᠣᠯᠭᠠᠵᠤ᠂ ᠰᠡᠷᠭᠡᠶᠢᠯᠡᠬᠦ ᠠᠪᠤᠷᠠᠬᠤ ᠶᠢ ᠬᠠᠷᠢᠯᠴᠠᠨ ᠤᠶᠠᠯᠳᠤᠭᠤᠯᠬᠤ︾ | ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠭᠯᠡᠯᠲᠡ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠬᠤᠷᠢᠭ᠎ᠠ ᠱᠤᠭᠤᠮ ᠤᠨ ᠰᠡᠳᠬᠢᠬᠦᠢ ᠪᠠ ᠰᠠᠨᠠᠭᠠᠰᠢᠷᠠᠨ ᠵᠣᠪᠠᠨᠢᠬᠤ ᠦᠵᠡᠯ ᠤᠬᠠᠮᠰᠠᠷ ᠢ | ᠪᠠᠲᠤ ᠪᠠᠬᠢ ᠪᠣᠶ ᠪᠣᠯᠭᠠᠵᠤ᠂ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠶᠢ ᠳᠠᠭᠠᠵᠤ ᠬᠢᠬᠦ | ᠲᠣᠭᠲᠠᠴᠠ ᠶᠢ ᠤᠯᠠᠮ ᠨᠢᠭᠡ ᠠᠯᠬᠤᠮ ᠪᠠᠶᠢᠭᠤᠯᠤᠨ ᠪᠦᠷᠢᠨᠰᠢᠭᠦᠯᠵᠦ᠂ ᠭᠠᠮᠰᠢᠭ ᠢ ᠰᠡᠷᠭᠡᠶᠢᠯᠡᠬᠦ ᠭᠠᠮᠰᠢᠭ ᠢ | ᠪᠠᠭᠠᠰᠬᠠᠬᠤ ᠶᠡᠷᠦᠩᠬᠡᠶᠢᠯᠡᠭᠰᠡᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠴᠠᠭ ᠠᠭᠤᠷ ᠤᠨ ᠭᠠᠮᠰᠢᠭ ᠠᠴᠠ | ᠪᠣᠯᠤᠭᠰᠠᠨ ᠬᠥᠮᠥᠨ ᠬᠠᠷ᠎ᠠ ᠦᠬᠦᠵᠦ ᠰᠢᠷᠬᠠᠲᠤᠬᠤ᠂ ᠡᠳ᠋ ᠬᠥᠷᠥᠩᠭᠡ ᠬᠤᠬᠢᠷᠠᠬᠤ ᠶᠢ ᠬᠠᠮᠤᠭ ᠤᠨ ᠶᠡᠭᠡ | ᠬᠡᠮᠵᠢᠶ᠎ᠡ ᠪᠠᠷ ᠪᠠᠭᠠᠰᠬᠠᠬᠤ ᠪᠤᠶᠤ ᠲᠡᠭᠦᠨ ᠠᠴᠠ ᠵᠠᠶᠢᠯᠠᠰᠬᠢᠬᠦ ᠶᠢᠨ ᠲᠤᠰᠠᠳᠠ ︽ᠤᠯᠠᠭᠠᠨᠴᠠᠪ ᠬᠤᠲᠠ ᠶᠢᠨ ᠴᠠᠭ | ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠭᠡᠯ ᠲᠥᠰᠥᠯ ︵2023 ᠣᠨ ᠤ ᠬᠡᠪᠯᠡᠯ︶︾ ᠳᠤ | ᠵᠠᠰᠠᠪᠤᠷᠢ ᠣᠷᠣᠭᠤᠯᠪᠠ᠃ | | | | |