ᠬᠤᠲᠠ ᠶᠢᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠵᠤ 12345 ᠬᠠᠯᠠᠮᠰᠢᠯ ᠤᠲᠠᠰᠤ᠂ ᠠᠵᠤ ᠠᠬᠤᠢ ᠶᠢᠨ ᠠᠵᠢᠯᠯᠠᠭᠠᠨ ᠵᠡᠷᠭᠡ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ
ᠨᠡᠶᠢᠲᠡᠯᠡᠭᠰᠡᠨ ᠴᠠᠭ᠄
2023/7/12
    7 ᠳ᠋ᠤᠭᠠᠷ ᠰᠠᠷ᠎ᠠ ᠶᠢᠨ 11 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠥᠪᠥᠷ ᠮᠣᠩᠭᠤᠯ ᠤᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ︵ᠤᠯᠠᠭᠠᠨᠴᠠᠪ︶ ᠶᠢᠨ ᠲᠥᠪᠯᠡᠷᠡᠭᠦᠯᠦᠨ ᠲᠠᠷᠬᠠᠭᠠᠬᠤ ᠲᠥᠪ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ︾ ᠢ ᠬᠢᠨᠠᠨ ᠵᠥᠪᠯᠡᠵᠦ᠂ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠵᠠᠳᠠᠯᠵᠤ᠂ 12345 ᠬᠠᠯᠠᠮᠰᠢᠯ ᠤᠲᠠᠰᠤ᠂ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠡᠷᠭᠡ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ 12345 ᠬᠠᠯᠠᠮᠰᠢᠯ ᠤᠲᠠᠰᠤᠨ ᠤ ᠠᠵᠢᠯ ᠢ ᠴᠢᠩᠭ᠎ᠠ ᠠᠳᠬᠤᠨ ᠪᠣᠳᠠᠲᠠᠢ ᠠᠳᠬᠤᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ᠠᠵᠢᠯ ᠤᠨ ᠰᠡᠳᠬᠢᠴᠡ ᠪᠠᠨ ᠲᠣᠳᠣᠷᠬᠠᠶᠢᠯᠠᠵᠤ᠂ ᠤᠯᠠᠨ ᠲᠦᠮᠡᠨ ᠤ ᠠᠩᠬᠠᠷᠴᠤ ᠪᠠᠶᠢᠭ᠎ᠠ ᠤᠴᠢᠷ ᠶᠠᠪᠤᠳᠠᠯ ᠳᠤ ᠴᠠᠭ ᠲᠤᠬᠠᠢ ᠳᠤᠨᠢ ᠥᠨᠳᠥᠷ ᠪᠦᠲᠦᠮᠵᠢᠲᠡᠢ ᠬᠠᠷᠢᠭᠤᠯᠲᠠ ᠥᠭᠴᠦ᠂ ᠠᠷᠭ᠎ᠠ ᠪᠦᠬᠦᠨ ᠢ ᠰᠦᠪᠡᠭᠴᠢᠯᠡᠨ ᠠᠰᠠᠭᠤᠳᠠᠯ ᠢ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃     ᠬᠤᠷᠠᠯ ᠠᠴᠠ᠂ ᠠᠵᠤ ᠠᠬᠤᠢ ᠶᠢᠨ ᠠᠵᠢᠯᠯᠠᠭᠠᠨ ᠤ ᠲᠣᠬᠢᠷᠠᠭᠤᠯᠤᠯᠲᠠ ᠶᠢ ᠴᠢᠩᠭᠠᠳᠬᠠᠵᠤ᠂ ᠤᠨᠢᠨ ᠳᠡᠭᠡᠷ᠎ᠡ  ᠨᠢ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠣᠨ ᠤ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠲᠦᠷᠦᠯ ᠵᠦᠢᠯ ᠤᠨ ᠪᠡᠯᠡ ᠣᠷᠣᠭᠤᠯᠤᠯᠲᠠ ᠶᠢᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠬᠡᠷᠡᠭᠯᠡᠭᠡ ᠶᠢᠨ ᠰᠠᠶᠢᠵᠢᠷᠠᠯᠲᠠ ᠶᠢ ᠲᠦᠷᠭᠡᠳᠬᠡᠵᠦ᠂ ᠪᠦᠬᠦ ᠬᠦᠴᠦᠨ ᠢᠶᠠᠷ ᠢᠶᠠᠨ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠤᠨ ᠨᠡᠭᠡᠭᠡᠯᠲᠡ ᠶᠢ ᠥᠷᠭᠡᠳᠬᠡᠵᠦ᠂ ᠪᠦᠲᠦᠮᠵᠢᠲᠡᠢ ᠬᠡᠷᠡᠭᠴᠡᠭᠡ ᠶᠢ ᠬᠦᠴᠦᠯᠡᠨ ᠥᠷᠭᠡᠳᠬᠡᠬᠦ ᠬᠡᠷᠡᠭᠲᠡᠢ᠃ ︽ᠭᠤᠷᠪᠠᠨ ᠠᠵᠤ ᠦᠢᠯᠡᠰ︾ ᠢ ᠪᠥᠬᠦ ᠬᠦᠴᠦᠨ ᠢᠶᠠᠷ ᠢᠶᠠᠨ ᠰᠢᠯᠢᠳᠡᠭᠵᠢᠭᠦᠯᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠠᠮᠤᠷ ᠲᠦᠪᠰᠢᠨ ᠬᠠᠩᠭᠠᠯᠭ᠎ᠠ ᠶᠢ ᠴᠢᠩᠭᠠᠳᠬᠠᠨ᠂ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠤ ᠰᠠᠭᠤᠷᠢ ᠪᠡᠯᠡᠳᠬᠡᠮᠵᠢ ᠶᠢ ᠢᠵᠢ ᠪᠦᠷᠢᠳᠦᠭᠦᠯᠬᠦ ᠪᠠ ᠦᠢᠯᠡᠴᠢᠯᠡᠭᠡᠨ ᠤ ᠪᠠᠲᠤᠯᠠᠭ᠎ᠠ ᠶᠢ ᠦᠷᠭᠦᠯᠵᠢᠯᠡᠨ ᠰᠠᠶᠢᠲᠤᠷ ᠬᠢᠵᠦ᠂ ᠬᠠᠩᠭᠠᠯᠭ᠎ᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠵᠦᠢᠯ ᠤᠨ ᠲᠣᠭᠤᠷᠢᠨ ᠪᠠᠶᠢᠴᠠᠭᠠᠬᠤ᠂ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠠᠷᠭ᠎ᠠ ᠵᠠᠮ ᠢ ᠲᠣᠳᠣᠷᠬᠠᠶᠢᠯᠠᠵᠤ᠂ ︽ᠰᠡᠭᠦᠯᠴᠢ ᠶᠢᠨ ᠠᠵᠢᠯ︾ ᠢ ᠰᠠᠶᠢᠲᠤᠷ ᠬᠢᠵᠦ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠢᠨ᠎ᠡ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ ᠵᠠᠬᠢᠳᠠᠯ ᠰᠣᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ᠂ ᠦᠶᠡᠷ ᠢ ᠰᠡᠷᠭᠡᠶᠢᠯᠡᠬᠦ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠠᠷᠠᠳ ᠤᠨ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠤᠨ ᠪᠠᠲᠤᠯᠠᠵᠤ᠂ ᠭᠤᠣᠯᠳᠠᠯᠭ᠎ᠠ ᠲᠠᠢ ᠬᠠᠮᠲᠤᠯᠢᠭ ᠤᠨ ᠠᠵᠢᠯ ᠣᠯᠭᠤᠯᠲᠠ ᠶᠢ ᠲᠦᠷᠦᠯ ᠬᠤᠪᠢᠶᠠᠨ ᠰᠠᠶᠢᠲᠤᠷ ᠪᠠᠲᠤᠯᠠᠵᠤ᠂ ᠲᠣᠭᠲᠠᠭᠤᠨ ᠣᠷᠴᠢᠨ ᠲᠣᠭᠤᠷᠢᠨ ᠢ ᠦᠨᠡᠨᠬᠦ ᠪᠤᠢ ᠪᠣᠯᠭᠠᠬᠤ ᠬᠡᠷᠡᠭᠲᠡᠢ᠃ ᠬᠠᠷᠠᠯᠲᠠ ᠶᠢᠨ ᠡᠭᠦᠷᠭᠡ ᠲᠠᠢ ᠬᠠᠷᠢᠴᠠᠭᠤᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                               ᠣᠷᠴᠢᠭᠤᠯᠤᠭᠴᠢ᠄ ᠭᠤᠸ᠎ᠠ                                               ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2