ᠵᠢᠨᠢᠩ ᠠᠴᠠ ᠱᠠᠩᠳᠤ ᠬᠦᠷᠬᠦ ᠬᠡᠰᠡᠭ ᠤᠨ ᠵᠠᠰᠠᠮᠠᠯ ᠵᠠᠮ ᠤᠨ ᠪᠠᠷᠢᠯᠭ᠎ᠠ ᠶᠢᠨ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠬᠦ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠠᠯᠪᠠᠨ ᠵᠠᠷ
ᠨᠡᠶᠢᠲᠡᠯᠡᠭᠰᠡᠨ ᠴᠠᠭ᠄
2023/7/13
  ︽︿ᠴᠢᠬᠤᠯᠠ ᠶᠡᠭᠡ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠬᠦ ᠲᠦᠷ ᠬᠡᠷᠡᠭᠵᠢᠭᠦᠯᠬᠦ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠬᠤᠷᠢᠶ᠎ᠠ ᠶᠢᠨ ᠮᠡᠳᠡᠭᠳᠡᠯ︾  ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠬᠦ ᠲᠦᠷ ᠬᠡᠷᠡᠭᠵᠢᠭᠦᠯᠬᠦ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ  ᠬᠤᠷᠢᠶ᠎ᠠ ᠶᠢᠨ ᠮᠡᠳᠡᠭᠳᠡᠯ︾᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠤᠨ ᠢ ᠬᠠᠮᠠᠭᠠᠯᠠᠬᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠪᠢᠴᠢᠭ ᠮᠠᠲ᠋ᠧᠷᠢᠶᠠᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠤᠨ ᠤᠳᠤᠷᠢᠳᠬᠤ ᠳᠤᠭᠤᠶᠢᠯᠠᠩ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠬᠡᠷᠡᠭ ᠶᠠᠪᠤᠳᠠᠯ ᠤᠨ ᠨᠡᠶᠢᠭᠡᠮ ᠤᠨ ᠲᠣᠭᠲᠠᠭᠤᠨ ᠪᠠᠶᠢᠳᠠᠯ ᠤᠨ ᠠᠶᠤᠯ ᠲᠦᠭᠰᠢᠭᠦᠷᠢ ᠶᠢ ᠦᠨᠡᠯᠡᠨ ᠵᠢᠱᠢᠬᠦ ᠠᠵᠢᠯ ᠤᠨ ᠠᠵᠢᠯᠯᠠᠬᠤ ᠳᠦᠷᠢᠮ ︵ᠲᠤᠷᠰᠢᠨ ᠬᠡᠷᠡᠭᠵᠢᠭᠦᠯᠬᠦ ︶﹀ ᠵᠡᠷᠭᠡ ᠳᠥᠷᠪᠡᠨ ᠪᠢᠴᠢᠭ ᠮᠠᠲ᠋ᠧᠷᠢᠶᠠᠯ ᠤᠨ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠵᠢᠴᠢ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠳᠤᠭᠳᠠᠭᠠᠯ ᠢ ᠦᠨᠳᠦᠰᠦᠯᠡᠵᠦ᠂ ᠡᠳᠦᠭᠡ ᠵᠢᠨᠢᠩ ᠠᠴᠠ ᠱᠠᠩᠳᠤ ᠬᠦᠷᠬᠦ ᠬᠡᠰᠡᠭ ᠤᠨ ᠵᠠᠰᠠᠮᠠᠯ ᠵᠠᠮ ᠤᠨ ᠪᠠᠷᠢᠯᠭ᠎ᠠ ᠶᠢᠨ ᠲᠣᠭᠲᠠᠭᠤᠨ ᠪᠠᠶᠢᠳᠠᠯ ᠤᠨ ᠦᠨᠡᠯᠡᠯᠲᠡ ᠶᠢ ᠵᠠᠷᠯᠠᠨ ᠨᠡᠶᠢᠲᠡᠯᠡᠵᠦ᠂ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢᠨ ᠲᠠᠯ᠎ᠠ ᠪᠠᠷ ᠬᠢ ᠣᠯᠠᠨ ᠨᠡᠶᠢᠲᠡ ᠶᠢᠨ ᠰᠠᠨᠠᠯ ᠪᠠ ᠰᠠᠨᠠᠭᠤᠯᠭ᠎ᠠ ᠶᠢ ᠬᠤᠷᠢᠶᠠᠵᠤ ᠪᠠᠶᠢᠨ᠎ᠠ᠃ᠨᠢᠭᠡ᠂ ᠲᠥᠷᠥᠯ ᠵᠦᠢᠯ ᠤᠨ ᠲᠣᠶᠢᠮᠣ ᠪᠠᠶᠢᠳᠠᠯ    ᠲᠦᠷᠦᠯ ᠵᠦᠢᠯ ᠤᠨ ᠨᠡᠷᠡᠶᠢᠳᠦᠯ᠄ ᠵᠢᠨᠢᠩ ᠠᠴᠠ ᠱᠠᠩᠳᠤ ᠬᠦᠷᠬᠦ ᠬᠡᠰᠡᠭ ᠤᠨ ᠵᠠᠰᠠᠮᠠᠯ ᠵᠠᠮ ᠤᠨ ᠪᠠᠷᠢᠯᠭ᠎ᠠ    ᠲᠥᠷᠥᠯ ᠵᠦᠢᠯ ᠢ ᠬᠡᠷᠡᠭᠵᠢᠭᠦᠯᠬᠦ ᠨᠢᠭᠡᠴᠢ᠄ ᠤᠯᠠᠭᠠᠨᠴᠠᠪ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ    ᠱᠤᠭᠤᠮ ᠤᠨ ᠲᠥᠰᠥᠯ᠄ ᠱᠤᠭᠤᠮ ᠤᠨ ᠪᠥᠬᠦ ᠣᠷᠳᠣ ᠨᠢ 54.375 km ᠪᠣᠯᠣᠨ᠎ᠠ᠃ ᠵᠠᠮ ᠤᠨ ᠡᠬᠢᠯᠡᠯᠲᠡ ᠶᠢᠨ ᠴᠡᠭ ᠨᠢ ᠵᠢᠨᠢᠩ ᠠᠴᠠ ᠱᠠᠩᠳᠤ ᠬᠦᠷᠬᠦ ᠬᠡᠰᠡᠭ ᠤᠨ ᠵᠠᠰᠠᠮᠠᠯ ᠵᠠᠮ ᠪᠣᠯᠣᠨ ᠶᠢᠩ ᠪᠢᠨ ᠶᠡᠭᠡ ᠵᠠᠮ ᠤᠨ ᠠᠭᠤᠯᠵᠠᠷ ᠲᠤ ᠪᠠᠶᠢᠷᠢᠯᠠᠵᠤ᠂ ᠡᠴᠦᠰ ᠤᠨ ᠴᠡᠭ ᠨᠢ ᠱᠠᠩᠳᠤ ᠰᠢᠶᠠᠨ ᠤ ᠬᠢᠯᠢ ᠳᠣᠲᠣᠷᠠᠬᠢ ᠤᠤᠯ ᠤᠨ ᠮᠤᠵᠢ ᠶᠢᠨ ᠬᠤᠭᠤᠷᠣᠨᠳᠣᠬᠢ ᠨᠡᠪᠲᠡᠷᠡᠬᠦ ᠵᠠᠮ ᠤᠨ ᠨᠢᠭᠡᠳᠦᠭᠡᠷ ᠳᠡᠰ ᠤᠨ ᠵᠠᠰᠠᠮᠠᠯ ᠵᠠᠮ ᠲᠠᠢ ᠣᠭᠲᠣᠯᠣᠯᠴᠠᠨ᠎ᠠ᠃ ᠪᠦᠬᠦ ᠱᠤᠭᠤᠮ ᠢᠶᠠᠷ ᠢᠶᠠᠨ 66m ᠤᠨ 1 ᠭᠤᠣᠯ ᠬᠥᠭᠦᠷᠭᠡ ᠶᠢ ᠠᠰᠢᠭᠯᠠᠨ᠎ᠠ᠃ ᠰᠢᠨ᠎ᠡ ᠪᠠᠷ ᠪᠠᠶᠢᠭᠤᠯᠤᠭᠰᠠᠨ‌ᠨᠢ 312m ᠤᠨ 2 ᠶᠡᠭᠡ ᠬᠥᠭᠦᠷᠭᠡ᠂ 198m ᠤᠨ 3 ᠳᠤᠮᠳᠠ ᠬᠥᠭᠦᠷᠭᠡ᠂ 257.5m ᠤᠨ 13  ᠪᠠᠭ᠎ᠠ ᠬᠥᠭᠦᠷᠭᠡ᠂ 43 ᠭᠤᠯᠳᠤᠩ ᠠᠭᠤᠢ᠂ 54 ᠬᠠᠪᠲᠠᠭᠠᠢ ᠰᠣᠯᠪᠢᠴᠠᠯ᠂ ᠰᠦᠢᠳᠬᠡᠯ ᠬᠤᠷᠢᠶᠠᠬᠤ ᠥᠷᠲᠡᠭᠡ ᠶᠢᠨ ᠬᠠᠮᠢᠶᠠᠷᠤᠯᠲᠠ ᠶᠢᠨ ᠭᠠᠵᠠᠷ ᠬᠢᠭᠡᠳ ᠠᠷᠠᠴᠢᠯᠠᠨ ᠬᠠᠮᠠᠭᠠᠯᠠᠬᠤ ᠠᠵᠢᠯ ᠤᠨ ᠲᠣᠭᠤᠷᠢᠭ ᠢ ᠬᠠᠮᠲᠤᠷᠠᠨ ᠪᠠᠶᠢᠭᠤᠯᠤᠭᠰᠠᠨ ᠨᠢᠭᠡ ᠬᠡᠰᠡᠭ᠂ ᠦᠢᠯᠡᠴᠢᠯᠡᠭᠡᠨ ᠤ ᠲᠣᠭᠤᠷᠢᠭ 1 ᠬᠡᠰᠡᠭ ᠭᠠᠵᠠᠷ᠃    ᠭᠤᠣᠯ ᠡᠵᠡᠮᠳᠡᠬᠦ ᠴᠡᠭ᠄ ᠲᠤᠰ ᠲᠦᠷᠦᠯ ᠵᠦᠢᠯ ᠤᠨ ᠱᠤᠭᠤᠮ ᠤᠨ ᠲᠥᠰᠥᠯ ᠨᠢ ᠶᠡᠭᠡ ᠲᠥᠯᠥᠪ ᠡᠮᠦᠨ᠎ᠡ ᠠᠴᠠ ᠤᠮᠠᠷᠠᠰᠢ ᠴᠢᠭᠯᠡᠯ ᠲᠠᠢ᠃ ᠭᠤᠣᠯ ᠡᠵᠡᠮᠳᠡᠬᠦ ᠴᠡᠭ ᠭᠡᠪᠡᠯ᠄ ᠡᠬᠢᠯᠡᠯᠲᠡ ᠶᠢᠨ ᠴᠡᠭ ᠲᠤ ᠤᠤᠯ ᠤᠨ ᠵᠢᠢ ᠱᠠᠩ ᠨᠢᠭᠡᠳᠦᠭᠡᠷ ᠳᠡᠰ ᠤᠨ ᠵᠠᠰᠠᠮᠠᠯ ᠵᠠᠮ᠂ ᠤᠤᠯ ᠤᠨ ᠵᠢᠢ ᠱᠠᠩ ᠬᠤᠶᠠᠳᠤᠭᠠᠷ ᠳᠡᠰ ᠤᠨ ᠵᠠᠰᠠᠮᠠᠯ ᠵᠠᠮ᠂ ᠱᠠ ᠴᠢᠤᠸᠠᠨ ᠲᠣᠰᠬᠤᠨ᠂ S304᠂ ᠸᠠᠩ ᠶᠣᠣ ᠭᠧᠦ᠂ ᠯᠢᠦ ᠳ᠋ᠣᠣ ᠭᠧᠦ᠂ ᠰᠢ ᠳ᠋ᠡ ᠵᠢᠩ᠂ ᠳ᠋ᠦᠩ ᠳ᠋ᠡ ᠵᠢᠩ᠂ ᠯᠢ ᠮᠣᠣ ᠲᠣᠰᠬᠤᠨ᠂ ᠬᠤᠳᠠ ᠶᠢᠨ ᠬᠦᠷᠢᠶ᠎ᠡ ᠲᠤᠰᠬᠤᠨ᠂ ᠵᠧᠩ ᠵᠢᠶᠠ ᠲᠣᠰᠬᠤᠨ᠂ ᠾᠧ ᠰᠢᠩ ᠬᠦᠩ ᠲᠣᠰᠬᠤᠨ᠂ ᠸᠧᠢ ᠵᠢᠶᠠ ᠲᠣᠰᠬᠤᠨ᠂ ᠪᠠ ᠬᠤᠤ ᠳ᠋ᠢ᠂ ᠰᠠᠶᠢᠨ᠋ᠤ᠋ᠰᠤ ᠲᠤᠰᠬᠤᠨ᠂ ᠡᠯ ᠯᠦ ᠲᠣᠰᠬᠤᠨ᠂ ᠰᠢᠶᠣᠣ ᠨᠠᠨ ᠫᠦᠸᠧ ᠲᠤᠰᠬᠤᠨ᠂ ᠯᠧᠩ ᠼᠠᠢ ᠲᠣᠰᠬᠤᠨ᠂ ᠴᠠᠩ ᠱᠧᠩ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠰᠠᠨ ᠳ᠋ᠠ ᠴᠢᠩ ᠰᠢᠶᠠᠩ᠂ ᠯᠥᠸᠧ ᠲᠦᠸᠧ ᠫᠠᠨ᠂ ᠴᠠᠩ ᠱᠧᠩ ᠯᠢᠶᠠᠩ ᠪᠠᠶᠢᠵᠤ᠂ ᠡᠴᠦᠰ ᠤᠨ ᠴᠡᠭ ᠲᠤ ᠤᠤᠯ ᠤᠨ ᠮᠤᠵᠢ ᠶᠢᠨ ᠬᠤᠭᠤᠷᠣᠨᠳᠣᠬᠢ ᠨᠡᠪᠲᠡᠷᠡᠬᠦ ᠵᠠᠮ ᠵᠡᠷᠭᠡ ᠪᠤᠢ᠃    ᠮᠡᠷᠭᠡᠵᠢᠯ ᠤᠨ ᠪᠠᠷᠢᠮᠵᠢᠶ᠎ᠠ᠄ ᠲᠣᠰ ᠲᠥᠷᠥᠯ ᠵᠦᠢᠯ ᠤᠨ ᠴᠢᠳᠠᠮᠵᠢ ᠶᠢᠨ ᠪᠠᠶᠢᠷᠢ ᠲᠣᠭᠲᠠᠭᠠᠯᠲᠠ ᠨᠢ ᠭᠤᠣᠯ ᠪᠣᠯᠬᠤ ᠳᠡᠳ᠋ ᠱᠤᠭᠤᠮ ᠤᠨ ᠵᠠᠰᠠᠮᠠᠯ ᠵᠠᠮ ᠪᠤᠯᠤᠨ᠎ᠠ᠃ ᠵᠠᠰᠠᠮᠠᠯ ᠵᠡᠮ ᠤᠨ ᠵᠡᠷᠭᠡ ᠳᠡᠰ ᠨᠢ ᠨᠢᠭᠡᠳᠦᠭᠡᠷ ᠳᠡᠰ ᠤᠨ ᠵᠠᠰᠠᠮᠠᠯ ᠵᠡᠮ ᠪᠣᠯᠣᠨ᠎ᠠ᠃ ᠲᠥᠯᠥᠪᠯᠡᠭᠰᠡᠨ ᠲᠡᠷᠭᠡᠨ ᠤ ᠬᠤᠷᠳᠤᠴᠠ ᠨᠢ 100km/h᠂ ᠵᠠᠮ ᠤᠨ ᠰᠠᠭᠤᠷᠢ ᠶᠢᠨ ᠥᠷᠭᠡᠨ ᠨᠢ 26m᠂ ᠵᠠᠮ ᠤᠨ ᠭᠠᠳᠠᠷᠭᠤ ᠶᠢᠨ ᠥᠷᠭᠡᠨ ᠨᠢ 225m᠂ ᠵᠠᠮ ᠤᠨ ᠭᠠᠳᠠᠷᠭᠤ ᠳᠤ ᠪᠠᠷᠤᠭᠰᠢᠨ ᠪᠧᠲ᠋ᠤᠨ ᠵᠠᠮ ᠤᠨ ᠭᠠᠳᠠᠷᠭᠤ ᠶᠢ ᠬᠡᠷᠡᠭᠯᠡᠨ᠎ᠡ᠃    ᠪᠠᠷᠢᠯᠭ᠎ᠠ ᠶᠢᠨ ᠬᠤᠭᠤᠴᠠᠭᠠᠨ ᠤ ᠲᠣᠬᠢᠷᠠᠭᠤᠯᠤᠯᠲᠠ᠄ ᠲᠦᠯᠦᠪᠯᠡᠵᠦ ᠪᠠᠶᠢᠭ᠎ᠠ ᠲᠥᠷᠥᠯ ᠵᠦᠢᠯ ᠤᠨ ᠪᠠᠷᠢᠯᠭ᠎ᠠ ᠶᠢᠨ ᠬᠤᠭᠤᠴᠠᠭ᠎ᠠ ᠨᠢ 2024 ︱ 2026 ᠣᠨ ᠬᠦᠷᠳᠡᠯᠡᠬᠢ 3 ᠵᠢᠯ ᠪᠣᠯᠣᠨ᠎ᠠ᠃    ᠶᠡᠷᠦᠩᠬᠡᠢ ᠪᠡᠯᠡ ᠣᠷᠣᠭᠤᠯᠤᠯᠲᠠ ᠵᠢᠴᠢ ᠪᠡᠯᠡ ᠮᠥᠩᠭᠦ ᠴᠤᠭᠯᠠᠭᠤᠯᠬᠤ᠄ ᠲᠣᠰ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 175923.43 ᠲᠦᠮᠡᠨ ᠲᠥᠭᠦᠷᠢᠭ ᠪᠣᠯᠣᠨ᠎ᠠ᠂ ᠡᠭᠦᠨ ᠳᠤ ᠬᠥᠷᠥᠩᠭᠡ ᠮᠥᠩᠭᠦ ᠶᠢ ᠤᠯᠤᠰ ᠤᠨ ᠨᠥᠬᠦᠪᠦᠷᠢ ᠪᠡᠯᠡ ᠮᠥᠩᠭᠦ ᠠᠴᠠ ᠭᠤᠶᠤᠴᠢᠯᠠᠬᠤ ᠪᠠᠷ ᠪᠣᠶ᠂ ᠬᠥᠷᠥᠩᠭᠡ ᠮᠥᠩᠭᠦ ᠨᠢ ᠶᠡᠷᠦᠩᠬᠡᠢ ᠪᠠᠶᠢᠭᠤᠯᠤᠭᠰᠠᠨ ᠦᠨ᠎ᠡ ᠶᠢᠨ 30% ᠶᠢ ᠡᠵᠡᠯᠡᠵᠦ᠂ ᠦᠯᠡᠳᠡᠭᠰᠡᠨ ᠪᠡᠯᠡ ᠮᠥᠩᠭᠦ ᠶᠢ ᠵᠠᠰᠠᠮᠠᠯ ᠵᠠᠮ ᠤᠨ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠪᠠᠷ ᠭᠤᠶᠤᠴᠢᠯᠠᠬᠤ ᠪᠠᠷ ᠪᠣᠶ᠂ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠬᠦᠦ ᠶᠢᠨ ᠨᠣᠷᠮ᠎ᠠ ᠶᠢ 4.05% ᠪᠠᠷ ᠪᠤᠳᠤᠵᠤ ᠠᠪᠤᠨ᠎ᠠ᠃ᠬᠤᠶᠠᠷ᠂ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠣᠯ ᠵᠦᠢᠯᠡᠰ᠂ ᠪᠣᠳᠠᠲᠠᠢ ᠬᠡᠯᠪᠡᠷᠢ ᠵᠢᠴᠢ ᠬᠤᠭᠤᠴᠠᠭ᠎ᠠᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠣᠯ ᠵᠦᠢᠯ ᠤᠳ᠄   1. ᠲᠦᠷᠦᠯ ᠵᠦᠢᠯ ᠢ ᠬᠡᠷᠡᠭᠵᠢᠭᠦᠯᠬᠦ ᠣᠪᠣᠷ᠃   2. ᠲᠥᠷᠥᠯ ᠵᠦᠢᠯ ᠢ ᠬᠡᠷᠡᠭᠵᠢᠭᠦᠯᠬᠦ ᠳᠤ ᠶᠠᠮᠠᠷ ᠨᠡᠶᠢᠭᠡᠮ ᠤᠨ ᠲᠣᠭᠲᠠᠭᠤᠨ ᠪᠠᠶᠢᠳᠠᠯ ᠤᠨ ᠠᠶᠤᠯ ᠲᠦᠭᠰᠢᠭᠦᠷᠢ ᠡᠭᠦᠰᠬᠦ ᠪᠣᠯᠣᠮᠵᠢ ᠲᠠᠢ ᠪᠠᠶᠢᠬᠤ᠃   3. ᠲᠥᠷᠥᠯ ᠵᠦᠢᠯ ᠢ ᠬᠡᠷᠡᠭᠵᠢᠭᠦᠯᠬᠦ ᠲᠤᠬᠠᠢ ᠪᠤᠰᠤᠳ ᠰᠠᠨᠠᠯ ᠪᠠ ᠰᠠᠨᠠᠭᠤᠯᠭ᠎ᠠ᠃   ᠲᠣᠰ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢᠨ ᠲᠠᠯ᠎ᠠ ᠪᠠᠷ ᠬᠢ ᠣᠯᠠᠨ ᠨᠡᠶᠢᠲᠡ ᠶᠢᠨ ᠰᠠᠨᠠᠯ ᠪᠠ ᠰᠠᠨᠠᠭᠤᠯᠭ᠎ᠠ ᠶᠢ ᠲᠣᠰ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ ᠲᠤᠯᠤᠭᠠᠨ ᠠᠵᠢᠯᠯᠠᠬᠤ ᠡᠳᠦᠷ ᠤᠨ ᠳᠣᠲᠣᠷ᠎ᠠ᠂ ᠳᠣᠣᠷᠠᠬᠢ ᠠᠷᠭ᠎ᠠ ᠮᠠᠶ᠋ᠢᠭ ᠢᠶᠠᠷ ᠳᠠᠮᠵᠢᠭᠤᠯᠤᠨ ᠲᠥᠷᠥᠯ ᠵᠦᠢᠯ ᠢ ᠬᠡᠷᠡᠭᠵᠢᠭᠦᠯᠬᠦ ᠨᠢᠭᠡᠴᠢ ᠪᠤᠶᠤ ᠦᠨᠡᠯᠡᠬᠦ ᠨᠢᠭᠡᠴᠢ ᠳᠤ ᠬᠠᠷᠢᠭᠤ ᠲᠤᠰᠬᠠᠬᠤ ᠬᠡᠷᠡᠭᠲᠡᠢ᠃ᠭᠤᠷᠪᠠ᠂ ᠣᠯᠠᠨ ᠨᠡᠶᠢᠲᠡ ᠪᠠᠷ ᠢᠶᠠᠨ ᠣᠷᠣᠯᠴᠠᠵᠤ ᠬᠠᠷᠢᠯᠴᠠᠬᠤ ᠠᠷᠭ᠎ᠠ ᠮᠠᠶ᠋ᠢᠭᠬᠡᠷᠡᠭᠵᠢᠭᠦᠯᠬᠦ ᠨᠢᠭᠡᠴᠢ ᠶᠢᠨ ᠬᠠᠷᠢᠯᠴᠠᠬᠤ ᠠᠷᠭ᠎ᠠ ᠬᠡᠯᠪᠡᠷᠢ᠄   ᠬᠠᠷᠢᠯᠴᠠᠬᠤ ᠬᠥᠮᠥᠨ᠄ ᠺᠦᠩ ᠰᠢᠶᠠᠩ ᠵᠢᠶᠦ᠋ᠨ᠂ ᠬᠠᠷᠢᠯᠴᠠᠬᠤ ᠤᠲᠠᠰᠤ᠄ 13947421558   ᠪᠠᠶᠢᠭᠤᠯᠭ᠎ᠠ ᠶᠢᠨ ᠬᠠᠶ᠋ᠢᠭ᠄ ᠤᠯᠠᠭᠠᠨᠴᠠᠪ ᠬᠤᠲᠠ ᠶᠢᠨ ᠵᠢᠨᠢᠩ ᠰᠢᠨ᠎ᠡ ᠲᠣᠭᠤᠷᠢᠭ ᠤᠨ ᠪᠠᠢ ᠬᠠᠢ ᠽᠢ ᠪᠠᠯᠭᠠᠰᠤᠦᠨᠡᠯᠡᠬᠦ ᠨᠢᠭᠡᠴᠢ ᠶᠢᠨ ᠬᠠᠷᠢᠯᠴᠠᠬᠤ ᠠᠷᠭ᠎ᠠ ᠬᠡᠯᠪᠡᠷᠢ᠄   ᠬᠠᠷᠢᠯᠴᠠᠬᠤ ᠬᠥᠮᠥᠨ᠄ ᠯᠢ ᠵᠢᠤᠸᠠᠨ᠂ ᠬᠠᠷᠢᠯᠴᠠᠬᠤ ᠤᠲᠠᠰᠤ᠄ 0471 ︱ 2231160   ᠪᠠᠶᠢᠭᠤᠯᠭ᠎ᠠ ᠶᠢᠨ ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠶᠡᠭᠡ ᠰᠤᠷᠭᠠᠭᠤᠯᠢ ᠶᠢᠨ ᠵᠡᠭᠦᠨ ᠵᠡᠭᠡᠯᠢ ᠶᠢᠨ ᠵᠢᠦᠢ ᠬᠠᠢ ᠬᠤᠳᠠᠯᠳᠤᠭᠠᠨ ᠤ ᠠᠰᠠᠷ ᠤᠨ 1002 ᠦᠷᠦᠭᠡ᠂ ᠰᠢᠤᠳᠠᠨ ᠳ᠋ᠤᠭᠠᠷ᠄ 010050                                                        ᠤᠯᠠᠭᠠᠨᠴᠠᠪ ᠬᠤᠲᠠ ᠶᠢᠨ ᠵᠠᠮ ᠲᠡᠭᠡᠭᠡᠪᠦᠷᠢ ᠶᠢᠨ ᠲᠣᠪᠴᠢᠶ᠎ᠠ                            ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠳ᠋ᠡ ᠬᠤᠸᠠ ᠶᠤᠸᠠᠨ ᠢᠨᠵᠧᠨᠧᠷᠢᠩ ᠤᠨ ᠮᠡᠷᠭᠡᠵᠢᠯ ᠤᠨ ᠬᠢᠵᠠᠭᠠᠷᠲᠤ ᠺᠣᠮᠫᠠᠨᠢ                                                   2023 ᠣᠨ ᠤ 7 ᠰᠠᠷ᠎ᠠ ᠶᠢᠨ 7                             ᠤᠷᠴᠢᠭᠤᠯᠤᠭᠴᠢ᠄ ᠢᠷᠭᠤᠢ                             ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2