ᠴᠢ ᠹᠧᠢ ᠶᠦᠨ ᠭᠠᠯᠲᠤ ᠲᠡᠷᠭᠡᠨ ᠥᠷᠲᠡᠭᠡᠨ ᠤ ᠡᠷᠬᠢᠨ ᠲᠣᠭᠤᠷᠢᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠠᠶᠤᠯᠭᠦᠢ ᠦᠢᠯᠡᠳᠪᠦᠷᠢᠯᠡᠯ ᠪᠣᠯᠣᠨ ᠦᠨᠳᠦᠰᠦᠲᠡᠨ ᠤ ᠶᠡᠭᠡ ᠨᠠᠶᠢᠷ ᠤᠨ ᠠᠵᠢᠯᠯᠠᠭ᠎ᠠ ᠶᠢᠨ ᠪᠡᠯᠡᠳᠬᠡᠯ ᠵᠡᠷᠭᠡ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/7/13
   7 ᠰᠠᠷ᠎ᠠ ᠶᠢᠨ 10 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠵᠢᠨᠢᠩ ᠤᠨ ᠡᠮᠦᠨ᠎ᠡ ᠥᠷᠲᠡᠭᠡ᠂ ᠦ᠋ ᠶᠤᠸᠠᠢ ᠲᠠᠯᠠᠪᠠᠶ᠂ ᠴᠠᠩ ᠱᠧᠩ ᠬᠡᠢ ᠪᠡᠶᠡᠲᠦ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ ᠭᠠᠵᠠᠷ ᠢᠶᠠᠷ ᠭᠦᠨᠵᠡᠭᠡᠶᠢᠷᠡᠨ᠂ ᠭᠠᠯᠲᠤ ᠲᠡᠷᠭᠡᠨ ᠥᠷᠲᠡᠭᠡᠨ ᠤ ᠡᠷᠬᠢᠨ ᠲᠣᠭᠤᠷᠢᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ᠂ ᠠᠶᠤᠯᠭᠦᠢ ᠦᠢᠯᠡᠳᠪᠦᠷᠢᠯᠡᠯ ᠵᠢᠴᠢ ᠠᠷᠪᠠᠳᠤᠭᠠᠷ ᠬᠤᠭᠤᠴᠠᠭᠠᠨ ᠤ ᠪᠥᠬᠦ ᠣᠷᠣᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠦᠨᠳᠦᠰᠦᠲᠡᠨ ᠤ ᠨᠠᠶᠢᠷ ᠤᠨ ᠠᠵᠢᠯᠯᠠᠭ᠎ᠠ ᠶᠢᠨ ᠪᠡᠯᠡᠳᠬᠡᠯ ᠵᠡᠷᠭᠡ ᠠᠵᠢᠯ ᠢ ᠪᠠᠶᠢᠴᠠᠭᠠᠨ ᠰᠤᠳᠤᠯᠪᠠ᠃    ᠴᠢ ᠹᠧᠢ ᠶᠦᠨ᠂ ᠵᠢᠨᠢᠩ ᠤᠨ ᠡᠮᠦᠨ᠎ᠡ ᠥᠷᠲᠡᠭᠡᠨ ᠤ ᠡᠮᠦᠨᠡᠬᠢ ᠲᠠᠯᠠᠪᠠᠶ ᠶᠢᠨ ᠣᠷᠴᠢᠨ ᠠᠬᠤᠢ ᠶᠢᠨ ᠶᠡᠷᠦᠩᠬᠡᠶᠢᠯᠡᠭᠰᠡᠨ ᠵᠠᠰᠠᠯᠲᠠ ᠶᠢᠨ ᠳᠡᠭᠡᠭᠰᠢᠯᠡᠯᠲᠡ ᠶᠢ ᠪᠠᠶᠢᠩᠭᠤ ᠪᠥᠭᠡᠳ ᠣᠷᠳᠣ ᠬᠤᠭᠤᠴᠠᠭ᠎ᠠ ᠪᠠᠷ ᠰᠠᠶᠢᠲᠤᠷ ᠠᠳᠬᠤᠵᠤ᠂ ᠡᠷᠬᠢᠨ ᠲᠣᠭᠤᠷᠢᠨ ᠤ ᠠᠰᠠᠷ ᠤᠨ ᠥᠩᠭᠡ ᠪᠤᠳᠤᠭ ᠢ ᠵᠦᠢ ᠵᠣᠬᠢᠰᠲᠠᠢ ᠲᠥᠯᠥᠪᠯᠡᠨ᠂ ᠪᠦᠬᠦᠯᠢ ᠴᠣᠭᠴᠠ ᠶᠢᠨ ᠣᠷᠴᠢᠨ ᠠᠬᠤᠢ ᠲᠠᠢ ᠵᠣᠬᠢᠴᠠᠭᠤᠯᠵᠤ᠂ ᠲᠠᠯᠠᠪᠠᠶ ᠥᠷᠲᠡᠭᠡᠨ ᠤ ᠤᠳᠤᠷᠢᠳᠤᠮᠵᠢ ᠶᠢᠨ ᠲᠡᠮᠳᠡᠭ ᠪᠠ ᠣᠷᠣᠵᠤ ᠭᠠᠷᠬᠤ ᠥᠷᠲᠡᠭᠡᠨ ᠤ ᠬᠡᠷᠡᠰᠬᠡ ᠶᠢᠨ ᠥᠨᠳᠥᠷ ᠤᠨ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠠᠶᠠᠨᠴᠢᠳ ᠲᠤ ᠶᠠᠪᠤᠵᠤ ᠰᠠᠭᠤᠬᠤ ᠭᠤᠶᠣ ᠳᠥᠭᠦᠮ ᠳᠥᠲᠡ ᠣᠷᠴᠢᠨ ᠨᠥᠬᠦᠴᠡᠯ ᠢ ᠪᠣᠶ ᠪᠣᠯᠭᠠᠵᠤ ᠥᠭᠬᠦ ᠬᠡᠷᠡᠭᠲᠡᠢ᠃ ᠴᠠᠬᠢᠯᠭᠠᠨ ᠴᠡᠨᠡᠭᠯᠡᠬᠦ  ᠱᠣᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠡᠵᠡᠩᠨᠡᠯᠲᠡ ᠬᠠᠮᠢᠶᠠᠷᠤᠯᠲᠠ ᠪᠣᠯᠣᠨ ᠲᠥᠬᠦᠭᠡᠷᠦᠮᠵᠢ ᠶᠢᠨ ᠬᠠᠮᠠᠭᠠᠯᠠᠯᠲᠠ ᠶᠢ ᠴᠢᠩᠭᠠᠳᠬᠠᠵᠤ᠂ ᠤᠯᠠᠨ ᠲᠦᠮᠡᠨ ᠤ ᠶᠠᠪᠤᠵᠤ ᠰᠠᠭᠤᠬᠤ ᠳᠤ ᠲᠦᠬᠦᠮ ᠦᠵᠡᠭᠦᠯᠬᠦ ᠪᠠ ᠬᠤᠳᠠ ᠶᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠠᠬᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢ ᠴᠢᠩᠭᠠᠳᠬᠠᠬᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠯᠳᠦᠭᠦᠯᠬᠦ᠂ ᠳᠠᠳᠬᠠᠯ ᠢ ᠪᠤᠢ ᠪᠣᠯᠭᠠᠬᠤ ᠶᠢ ᠠᠬᠢᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠬᠤᠭ ᠨᠣᠪᠰᠢ ᠶᠢ ᠲᠦᠷᠦᠯ ᠬᠤᠪᠢᠶᠠᠬᠤ ᠶᠢ ᠬᠥᠮᠥᠨ ᠪᠦᠬᠦᠨ ᠳᠤ ᠮᠡᠳᠡᠭᠦᠯᠬᠦ ᠤᠬᠠᠮᠰᠠᠷᠲᠤ ᠠᠵᠢᠯᠯᠠᠭ᠎ᠠ ᠪᠣᠯᠭᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠰᠢᠲᠠᠮᠠᠬᠠᠢ ᠬᠡᠢ ᠶᠢᠨ ᠠᠮᠤᠷ ᠲᠦᠪᠰᠢᠨ ᠤ ᠭᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠨ ᠴᠡᠭᠴᠡᠯᠡᠨ ᠵᠠᠰᠠᠵᠤ᠂ ᠰᠢᠩᠭᠡᠨᠵᠢᠮᠡᠯ ᠬᠡᠢ ᠶᠢᠨ ︽ᠦᠢᠯᠡᠳᠪᠦᠷᠢᠯᠡᠬᠦ᠂ ᠵᠥᠭᠡᠭᠡᠪᠦᠷᠢᠯᠡᠬᠦ᠂ ᠬᠠᠳᠠᠭᠠᠯᠠᠬᠤ᠂ ᠬᠡᠷᠡᠭᠯᠡᠬᠦ︾ ᠡᠯ᠎ᠡ ᠭᠤᠭᠴᠤᠭ᠎ᠠ ᠶᠢ ᠴᠢᠩᠭ᠎ᠠ ᠠᠩᠬᠠᠷᠴᠤ᠂ ᠡᠯ᠎ᠡ ᠵᠦᠢᠯ ᠤᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠪᠣᠳᠠᠲᠠᠢ ᠪᠥᠭᠡᠳ ᠨᠠᠷᠢᠨ ᠠᠳᠬᠤᠵᠤ᠂ ᠰᠢᠲᠠᠮᠠᠬᠠᠢ ᠬᠡᠢ ᠶᠢᠨ ᠠᠮᠤᠷ ᠲᠦᠪᠰᠢᠨ ᠤ ᠠᠳᠡᠯ ᠭᠠᠷᠬᠤ ᠶᠢ ᠦᠨᠡᠨᠬᠦ ᠰᠡᠷᠭᠡᠶᠢᠯᠡᠬᠦ ᠬᠡᠷᠡᠭᠲᠡᠢ᠃ ᠭᠠᠯ ᠤᠨᠲᠠᠷᠠᠭᠠᠬᠤ᠂ ᠴᠠᠬᠢᠯᠭᠠᠨ ᠬᠦᠴᠦᠨ ᠤ ᠪᠠᠲᠤᠯᠠᠭ᠎ᠠ᠂ ᠴᠢᠮᠡᠭᠡ ᠬᠤᠯᠪᠣᠭ᠎ᠠ ᠶᠢᠨ ᠪᠠᠲᠤᠯᠠᠭ᠎ᠠ ᠵᠡᠷᠭᠡ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠦᠵᠡᠭᠴᠢᠳ ᠤᠨ ᠵᠣᠬᠢᠶᠠᠨ ᠪᠠᠶᠢᠭᠤᠯᠵᠤ ᠬᠠᠮᠢᠶᠠᠷᠬᠤ᠂ ᠠᠵᠢᠯᠯᠠᠭ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠦᠨᠳᠦᠰᠦᠲᠡᠨ ᠤ ᠬᠠᠮᠲᠤ ᠶᠢᠨ ᠨᠠᠶᠢᠷ ᠤᠨ ᠠᠵᠢᠯᠯᠠᠭ᠎ᠠ ᠶᠢᠨ ᠠᠮᠤᠷ ᠲᠦᠪᠰᠢᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠡᠨᠡ ᠬᠤᠭᠤᠴᠠᠭᠠᠨ ᠳᠤ᠂ ᠴᠢ ᠹᠧᠢ ᠶᠦᠨ ᠪᠠᠰᠠ ᠮᠧᠩ · ᠱᠢ ᠵᠢᠶᠠ ᠵᠣᠴᠢᠳ ᠤᠨ ᠪᠠᠭᠤᠳᠠᠯ ᠳᠤ ᠬᠦᠷᠴᠦ᠂ ᠠᠷᠪᠠᠳᠤᠭᠠᠷ ᠬᠤᠭᠤᠴᠠᠭᠠᠨ ᠤ ᠪᠥᠬᠦ ᠣᠷᠣᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠲᠥᠯᠥᠭᠡᠯᠡᠭᠴᠢᠳ ᠤᠨ ᠪᠦᠯᠬᠦᠮ᠂ ᠠᠵᠢᠯᠲᠠᠨ ᠪᠠ ᠠᠮᠤᠷ ᠢ ᠬᠠᠮᠠᠭᠠᠯᠠᠭᠴᠢ ᠶᠢ ᠪᠣᠯᠭᠤᠭᠠᠨ ᠲᠣᠬᠤᠨᠢᠭᠤᠯᠪᠠ᠃    ᠬᠤᠳᠠ ᠶᠢᠨ ᠤᠳᠤᠷᠢᠳᠤᠯᠭ᠎ᠠ ᠴᠠᠢ ᠶᠤᠸᠠᠢ᠂ ᠢᠦᠢ ᠬᠠᠢ ᠴᠧᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                                                  ᠣᠷᠴᠢᠭᠤᠯᠤᠭᠴᠢ᠄ ᠭᠤᠸ᠎ᠠ                                                  ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2