ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠬᠠᠤᠯᠢ ᠶᠢᠨ ᠤᠬᠠᠭᠠᠨ ᠤ ᠨᠡᠶᠢᠭᠡᠮᠯᠢᠭ᠂ ᠬᠤᠲᠠ ᠶᠢᠨ ᠤᠯᠤᠰ | ᠲᠦᠷᠦ ᠬᠠᠤᠯᠢ ᠴᠠᠭᠠᠵᠠ ᠶᠢᠨ ᠡᠯ᠎ᠡ ᠨᠢᠭᠡᠴᠢ᠂ ᠬᠤᠲᠠ ᠶᠢᠨ ᠳᠡᠭᠡᠳᠦ ᠰᠤᠷᠭᠠᠭᠤᠯᠢ᠂ ᠰᠢᠭᠤᠳ ᠬᠠᠷᠢᠶ᠎ᠠ ᠲᠤᠰᠬᠠᠢ | ᠮᠡᠷᠭᠡᠵᠢᠯ ᠤᠨ ᠰᠤᠳᠤᠯᠭᠠᠨ ᠤ ᠨᠡᠶᠢᠭᠡᠮᠯᠢᠭ ᠵᠢᠴᠢ ᠬᠠᠮᠢᠶ᠎ᠠ ᠪᠦᠬᠦᠢ ᠨᠢᠭᠡᠴᠢ ᠳᠤ᠄ | ᠣᠨᠣᠯ ᠤᠨ ᠰᠤᠳᠤᠯᠭᠠᠨ ᠤ ᠠᠵᠢᠯ ᠢ ᠲᠦᠯᠬᠢᠨ ᠠᠬᠢᠭᠤᠯᠵᠤ᠂ ᠮᠠᠨ ᠤ ᠬᠤᠲᠠ ᠶᠢᠨ ᠬᠠᠤᠯᠢ ᠶᠢᠨ ᠤᠬᠠᠭᠠᠨ ᠤ | ᠰᠤᠳᠤᠯᠭᠠᠨ ᠤ ᠰᠢᠨ᠎ᠡ ᠦᠷ᠎ᠡ ᠪᠦᠲᠦᠭᠡᠯ ᠰᠢᠨ᠎ᠡ ᠦᠷ᠎ᠡ ᠪᠦᠲᠦᠮᠵᠢ ᠶᠢ ᠳᠡᠯᠭᠡᠨ ᠦᠵᠡᠭᠦᠯᠬᠦ ᠶᠢᠨ ᠲᠥᠯᠥᠭᠡ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠶᠢᠨ ᠤᠬᠠᠭᠠᠨ ᠤ ᠨᠡᠶᠢᠭᠡᠮᠯᠢᠭ ᠪᠠ ᠳᠤᠮᠳᠠᠳᠤ | ᠤᠯᠤᠰ ᠤᠨ ᠡᠪ ᠬᠠᠮᠲᠤ ᠨᠠᠮ ᠤᠨ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ | ᠴᠠᠭᠠᠵᠠ ᠶᠢᠨ ᠬᠤᠷᠢᠶ᠎ᠠ ᠶᠢᠨ ᠨᠢᠭᠡᠳᠦᠯᠲᠡᠢ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠬᠤᠲᠠ ᠶᠢᠨ | ᠬᠠᠤᠯᠢ ᠶᠢᠨ ᠤᠬᠠᠭᠠᠨ ᠤ ᠨᠡᠶᠢᠭᠡᠮᠯᠢᠭ ᠠᠴᠠ ︽ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠢ | ᠰᠢᠯᠢᠳᠡᠭᠵᠢᠭᠦᠯᠬᠦ︾ ᠪᠠᠷ ᠭᠤᠣᠯ ᠰᠡᠳᠦᠪ ᠪᠣᠯᠭᠠᠭᠰᠠᠨ ᠶᠠᠷᠢᠶᠠᠨ ᠤ ᠲᠠᠪᠴᠠᠩ ᠤᠨ ᠠᠵᠢᠯᠯᠠᠭ᠎ᠠ ᠶᠢ ᠵᠣᠬᠢᠶᠠᠨ | ᠪᠠᠶᠢᠭᠤᠯᠬᠤ ᠪᠠᠷ ᠪᠣᠶ᠃ ᠲᠣᠰ ᠤᠳᠠᠭᠠᠨ ᠤ ᠠᠩᠬᠠᠳᠤᠭᠠᠷ ᠬᠤᠭᠤᠴᠠᠭᠠᠨ ᠤ ᠤᠯᠠᠭᠠᠨᠴᠠᠪ ᠬᠤᠲᠠ ᠶᠢᠨ ᠬᠠᠤᠯᠢ ᠪᠠᠷ | ᠵᠠᠰᠠᠬᠤ ᠶᠠᠷᠢᠶᠠᠨ ᠤ ᠲᠠᠪᠴᠠᠩ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠶᠢᠨ ᠤᠬᠠᠭᠠᠨ ᠤ | ᠨᠡᠶᠢᠭᠡᠮᠯᠢᠭ ᠠᠴᠠ ᠵᠢᠯᠤᠭᠤᠳᠴᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ ᠬᠤᠲᠠ ᠶᠢᠨ | ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ᠂ ᠤᠯᠠᠭᠠᠨᠴᠠᠪ ᠬᠤᠲᠠ ᠶᠢᠨ ᠬᠠᠤᠯᠢ ᠶᠢᠨ | ᠤᠬᠠᠭᠠᠨ ᠤ ᠨᠡᠶᠢᠭᠡᠮᠯᠢᠭ ᠠᠴᠠ ᠳᠠᠭᠠᠭᠠᠴᠢᠯᠠᠨ ᠡᠷᠭᠢᠯᠡᠨ᠎ᠡ᠃ ᠲᠤᠰ ᠤᠳᠠᠭᠠᠨ ᠤ ᠶᠠᠷᠢᠶᠠᠨ ᠤ ᠲᠠᠪᠴᠠᠩ ᠢ 2023 | ᠣᠨ ᠤ 11 ᠰᠠᠷ᠎ᠠ ᠶᠢᠨ ᠰᠡᠭᠦᠯᠴᠢ ᠪᠠᠷ ᠡᠷᠭᠢᠯᠡᠬᠦ ᠪᠠᠷ ᠲᠣᠭᠲᠠᠪᠠ᠃ ᠬᠤᠯᠪᠣᠭᠳᠠᠯ ᠪᠦᠬᠦᠢ ᠨᠢᠭᠡᠴᠢ ᠤᠳ ᠨᠠᠷᠢᠨ | ᠬᠢᠨᠠᠮᠠᠭᠠᠢ ᠵᠣᠬᠢᠶᠠᠨ ᠪᠠᠶᠢᠭᠤᠯᠵᠤ᠂ ᠢᠳᠡᠪᠬᠢᠲᠡᠢ ᠣᠷᠣᠯᠴᠠᠬᠤ ᠪᠣᠯᠪᠠᠤ᠃ ᠤᠳᠤ ᠥᠭᠦᠯᠡᠯ ᠡᠯᠰᠡᠬᠦ ᠬᠤᠯᠪᠣᠭᠳᠠᠯ | ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠄ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠳᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ | ᠶᠠᠷᠢᠶᠠᠨ ᠤ ᠲᠠᠪᠴᠠᠩ ᠡᠷᠬᠢᠯᠡᠬᠦ ᠪᠠᠷ ᠳᠠᠮᠵᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠠᠩᠬᠠᠷᠤᠯ ᠢᠶᠠᠨ | ᠲᠥᠪᠯᠡᠷᠡᠭᠦᠯᠵᠦ᠂ ᠪᠦᠬᠦ ᠬᠤᠳᠠ ᠶᠢᠨ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠺᠠᠳ᠋ᠷᠴᠤᠳ ᠤᠨ | ᠤᠯᠤᠰ ᠲᠦᠷᠦ ᠶᠢᠨ ᠤᠬᠠᠮᠰᠠᠷ᠂ ᠬᠠᠤᠯᠢᠵᠢᠯ ᠤᠨ ᠤᠬᠠᠮᠰᠠᠷ᠂ ᠵᠣᠷᠢᠯᠲᠠ ᠶᠢᠨ ᠤᠬᠠᠮᠰᠠᠷ᠂ ᠦᠢᠯᠡᠴᠢᠯᠡᠭᠡᠨ ᠤ | ᠤᠬᠠᠮᠰᠠᠷ ᠢ ᠦᠨᠡᠨᠬᠦ ᠴᠢᠩᠭᠠᠳᠬᠠᠵᠤ᠂ ᠠᠰᠠᠭᠤᠳᠠᠯ ᠢ ᠰᠢᠢᠳᠪᠦᠷᠢᠯᠡᠬᠦ ᠰᠤᠳᠤᠯᠭᠠᠨ ᠤ ᠦᠷ᠎ᠡ ᠪᠦᠲᠦᠭᠡᠯ ᠢ | ᠪᠦᠷᠢᠯᠳᠦᠭᠦᠯᠵᠦ᠂ ᠪᠦᠬᠦ ᠬᠤᠳᠠ ᠶᠢᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠬᠠᠤᠯᠢᠵᠢᠯ ᠤᠨ ᠪᠠᠲᠤᠯᠠᠭ᠎ᠠ | ᠬᠠᠩᠭᠠᠬᠤ ᠬᠡᠷᠡᠭᠲᠡᠢ᠃ | ᠬᠤᠶᠠᠷ᠂ ᠰᠡᠳᠦᠪ ᠰᠣᠩᠭᠤᠬᠤ ᠵᠢᠯᠣᠭᠤᠳᠤᠮᠵᠢ | ︵ᠨᠢᠭᠡ︶ ᠥᠭᠦᠯᠡᠯ ᠤᠨ ᠭᠤᠣᠯ ᠰᠡᠳᠦᠪ | ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ | ︵ᠬᠤᠶᠠᠷ︶ ᠦᠬᠦᠯᠡᠯ ᠤᠨ ᠬᠤᠪᠢᠶᠠᠷᠢ ᠰᠡᠳᠦᠪ | 1. ᠤᠯᠠᠭᠠᠨᠴᠠᠪ ᠣᠷᠣᠨ ᠤ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠤ ᠣᠳᠣᠬᠢ ᠪᠠᠶᠢᠳᠠᠯ ᠵᠢᠴᠢ | ᠠᠷᠭᠠᠴᠠᠬᠤ ᠪᠣᠳᠣᠯᠭ᠎ᠠ᠃ | 2. ᠠᠮᠢ ᠠᠬᠤᠢ ᠶᠢᠨ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠲᠣᠭᠲᠠᠭᠠᠯᠲᠠ ᠶᠢ ᠴᠢᠩᠭᠠᠳᠬᠠᠵᠤ | ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠨ᠎ᠡ᠃ | 3. ︽ᠫᠦᠵᠢᠶᠠᠩ ᠤᠨ ᠲᠤᠷᠰᠢᠯᠭ᠎ᠠ︾ ᠬᠢᠭᠡᠳ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ | ᠣᠳᠣᠬᠢᠴᠢᠯᠠᠯᠲᠠ᠃ | 4. ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠬᠢᠭᠡᠳ ᠬᠤᠲᠠ ᠶᠢᠨ ᠬᠡᠪᠴᠢᠶᠡᠨ ᠤ | ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ᠃ | 5. ᠰᠢᠨ᠎ᠡ ᠴᠠᠭ ᠦᠶ᠎ᠡ ᠳᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠠᠤᠯᠢᠵᠢᠯ ᠤᠨ | ᠪᠠᠲᠤᠯᠠᠭ᠎ᠠ᠃ | 6. ᠰᠢᠨ᠎ᠡ ᠴᠠᠭ ᠦᠶ᠎ᠡ ᠶᠢᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠬᠠᠤᠯᠢᠵᠢᠯ ᠤᠨ ᠪᠣᠳᠣᠯᠬᠢᠯᠠᠯ | ᠃ | 7. ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠤᠯᠢᠵᠢᠯ ᠤᠨ ᠪᠠᠲᠤᠯᠠᠭ᠎ᠠ᠃ | 8. ᠰᠢ ᠶᠢᠨ ᠫᠢᠩ ᠬᠠᠤᠯᠢᠵᠢᠯ ᠤᠨ ᠦᠵᠡᠯ ᠰᠠᠨᠠᠭ᠎ᠠ ᠪᠠᠷ ᠵᠢᠯᠣᠭᠤᠳᠤᠮᠵᠢ ᠪᠣᠯᠭᠠᠵᠤ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠶᠢ ᠵᠢᠷᠤᠮᠵᠢᠭᠤᠯᠬᠤ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ | 9. ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠭᠰᠡᠨ ᠡᠵᠡᠩᠨᠡᠯᠲᠡ ᠶᠢᠨ ᠬᠠᠤᠯᠢ ᠪᠠᠷ ᠵᠠᠰᠠᠬᠤ ᠠᠷᠭ᠎ᠠ ᠵᠠᠮ ᠤᠨ | ᠪᠣᠳᠣᠯᠬᠢᠯᠠᠯ᠃ | 10. ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠤᠯᠢ | ᠶᠣᠰᠣᠨ ᠤ ᠡᠷᠬᠡ ᠶᠢ ᠬᠠᠮᠠᠭᠠᠯᠠᠨ᠎ᠠ᠃ | 11. ᠴᠢᠨᠠᠷ ᠰᠠᠶᠢᠲᠠᠢ ᠬᠥᠭᠵᠢᠯᠲᠡ ᠶᠢᠨ ᠬᠠᠤᠯᠢᠵᠢᠯ ᠤᠨ ᠪᠠᠲᠤᠯᠠᠭ᠎ᠠ᠃ | 12. ᠦᠨᠳᠦᠰᠦᠨ ᠱᠠᠲᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ | ᠴᠢᠩᠭᠠᠳᠬᠠᠵᠤ᠂ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠦᠶᠯᠡ ᠠᠵᠢᠯᠯᠠᠭ᠎ᠠ ᠶᠢ | ᠵᠢᠷᠤᠮᠵᠢᠭᠤᠯᠤᠨ᠎ᠠ᠃ | 13. ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠬᠡ ᠤᠯᠤᠰ ᠤᠨ ᠤᠮᠠᠷᠠᠲᠤ ᠶᠢᠨ | ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠨ᠎ᠠ᠃ | 14. ᠴᠢᠨᠠᠷ ᠰᠠᠶᠢᠲᠠᠢ ᠦᠢᠯᠡᠴᠢᠯᠡᠭᠡ ᠪᠠᠷ ᠲᠡᠷᠢᠭᠦᠨ ᠤ ᠬᠠᠤᠯᠢ ᠪᠠᠷ ᠵᠠᠰᠠᠭᠰᠠᠨ ᠬᠤᠳᠠᠯᠳᠤᠭ᠎ᠠ ᠡᠷᠭᠢᠯᠡᠬᠦ | ᠣᠷᠴᠢᠨ ᠲᠣᠭᠤᠷᠢᠨ ᠢ ᠪᠣᠶ ᠪᠣᠯᠭᠠᠨ᠎ᠠ᠃ | 15. ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤᠮᠳᠠᠬᠢ ᠤᠯᠤᠰ ᠲᠦᠷᠦ | ᠬᠠᠤᠯᠢ ᠴᠠᠭᠠᠵᠠ ᠶᠢᠨ ᠰᠢᠰᠲ᠋ᠧᠮ ᠤᠨ ᠦᠢᠯᠡᠳᠦᠯ ᠢ ᠥᠭᠦᠯᠡᠬᠦ ᠬᠡᠷᠡᠭᠲᠡᠢ᠃ | ᠳᠡᠭᠡᠷᠡᠬᠢ ᠰᠡᠳᠦᠪ ᠤᠳ ᠢ ᠭᠠᠷᠭᠠᠪᠠᠯ᠂ ᠲᠠᠪᠤᠨ ᠶᠡᠭᠡ ᠡᠭᠦᠷᠭᠡ᠂ ᠬᠠᠤᠯᠢ ᠪᠠᠷ ᠵᠠᠰᠠᠬᠤ ᠤᠯᠠᠭᠠᠨᠴᠠᠪ ᠤᠨ | ᠪᠠᠶᠢᠭᠤᠯᠤᠯᠲᠠ᠂ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠵᠡᠷᠭᠡ ᠲᠠᠯ᠎ᠠ ᠪᠠᠷ | ᠭᠤᠣᠯᠯᠠᠭᠤᠯᠤᠨ ᠥᠪᠡᠰᠦᠪᠡᠨ ᠰᠡᠳᠦᠪ ᠲᠤᠭᠤᠷᠪᠢᠵᠤ ᠪᠣᠯᠣᠨ᠎ᠠ᠃ | ᠭᠤᠷᠪᠠ᠂ ᠡᠬᠡ ᠪᠢᠴᠢᠭ ᠡᠯᠰᠡᠬᠦ ᠱᠠᠭᠠᠷᠳᠠᠯᠭ᠎ᠠ | 1. ᠡᠯ᠎ᠡ ᠨᠢᠭᠡᠴᠢ ᠶᠢᠨ ᠬᠢᠨ ᠡᠯᠰᠡᠬᠦ ᠥᠭᠦᠯᠡᠯ ᠤᠨ ᠬᠢᠨᠠᠨ ᠪᠠᠶᠢᠴᠠᠭᠠᠯᠲᠠ ᠪᠠᠨ ᠴᠢᠩᠭᠠᠳᠬᠠᠵᠤ᠂ ᠵᠥᠪ | ᠣᠨᠣᠪᠴᠢᠲᠠᠶ ᠤᠯᠤᠰ ᠲᠥᠷᠥ ᠶᠢᠨ ᠴᠢᠭᠯᠡᠯ ᠢ ᠪᠠᠷᠢᠮᠲᠠᠯᠠᠨ᠂ ᠤᠯᠤᠰ ᠲᠥᠷᠥ ᠶᠢᠨ ᠵᠣᠭᠰᠣᠯᠲᠠ ᠪᠠᠨ ᠪᠠᠲᠤᠳᠬᠠᠵᠤ᠂ | ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠪᠠᠲᠤᠯᠠᠬᠤ ᠬᠡᠷᠡᠭᠲᠡᠢ᠃ | 2. ᠥᠭᠦᠯᠡᠯ ᠨᠢ ᠰᠢᠨ᠎ᠡ ᠶᠢ ᠡᠭᠦᠳᠬᠦ ᠴᠢᠨᠠᠷ ᠲᠠᠢ ᠪᠠᠶᠢᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ | ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠵᠦ᠂ | ᠤᠨᠤᠯ ᠢ ᠦᠢᠯᠡᠳᠦᠯᠭᠡ ᠲᠠᠢ ᠤᠶᠠᠯᠳᠤᠭᠤᠯᠬᠤ ᠬᠡᠷᠡᠭᠲᠡᠢ᠃ | 3. ᠥᠭᠦᠯᠡᠯ ᠤᠨ ᠪᠦᠲᠦᠴᠡ ᠨᠢ ᠪᠦᠷᠢᠨ ᠪᠦᠲᠦᠨ᠂ ᠲᠠᠰ ᠳᠠᠪᠬᠤᠷᠭ᠎ᠠ ᠨᠢ ᠲᠣᠳᠣᠷᠬᠠᠢ᠂ ᠲᠣᠭᠠᠴᠢᠯᠲᠠ ᠨᠢ | ᠣᠨᠣᠪᠴᠢᠲᠠᠶ᠂ ᠵᠣᠬᠢᠶᠠᠯ ᠤᠨ ᠬᠡᠪ ᠨᠠᠮᠪᠠ ᠨᠢ ᠴᠢᠩᠭ᠎ᠠ ᠨᠢᠮᠪᠠᠢ᠂ ᠵᠣᠬᠢᠶᠠᠯ ᠶᠠᠪᠤᠭᠤᠯᠬᠤ ᠨᠢ ᠵᠢᠷᠤᠮᠵᠢᠯ ᠲᠠᠢ᠂ | ᠵᠣᠬᠢᠶᠠᠭᠴᠢ ᠨᠢ ᠳᠡᠪᠰᠢᠭᠦᠯᠦᠭᠰᠡᠨ ᠥᠭᠦᠯᠡᠯ ᠳᠡᠭᠡᠨ ︽ᠡᠷᠳᠡᠮ ᠰᠢᠨᠵᠢᠯᠡᠭᠡᠨ ᠤ ᠲᠥᠪ ᠪᠤᠰᠤ ᠡᠷᠢᠯᠲᠡ︾ ᠬᠢᠵᠦ᠂ ︽ | ᠳᠠᠪᠬᠤᠴᠠᠭᠰᠠᠨ ᠨᠣᠷᠮ᠎ᠠ︾ ᠨᠢ 25% ᠠᠴᠠ ᠳᠣᠷᠣᠭᠰᠢ ᠪᠠᠶᠢᠬᠤ ᠬᠡᠷᠡᠭᠲᠡᠢ᠂ ᠠᠭᠤᠯᠭ᠎ᠠ ᠶᠢ ᠨᠢ ᠨᠢᠭᠤᠴᠠ ᠳᠤ | ᠬᠤᠯᠪᠣᠭᠳᠠᠭᠤᠯᠵᠤ ᠪᠣᠯᠬᠤ ᠦᠭᠡᠢ᠂ ᠵᠣᠬᠢᠶᠠᠯ ᠤᠨ ᠬᠠᠷᠢᠭᠤᠴᠠᠯᠭ᠎ᠠ ᠪᠠᠨ ᠥᠪᠡᠷ ᠢᠶᠠᠨ ᠬᠠᠷᠢᠭᠤᠴᠠᠨ᠎ᠠ᠃ | 4. ᠮᠡᠳᠡᠭᠦᠯᠦᠨ ᠬᠦᠷᠭᠡᠭᠰᠡᠨ ᠥᠭᠦᠯᠡᠯ ᠨᠢ ᠡᠷᠬᠡᠪᠰᠢ ᠶᠠᠮᠠᠷ ᠴᠤ ᠰᠣᠨᠢᠨ᠂ ᠰᠡᠳᠬᠦᠯ᠂ ᠰᠦᠯᠵᠢᠶᠡᠨ ᠤ ᠦᠷᠳᠡᠭᠡ | ᠵᠡᠷᠭᠡ ᠢᠯᠡ ᠵᠠᠭᠤᠴᠢᠯᠠᠭᠤᠷ ᠲᠤ ᠨᠡᠶᠢᠲᠡᠯᠡᠭᠰᠡᠨ ᠦᠭᠡᠢ ᠵᠣᠬᠢᠶᠠᠯ ᠪᠠᠶᠢᠬᠤ ᠬᠡᠷᠡᠭᠲᠡᠢ᠃ | 5. ᠡᠬᠡ ᠪᠢᠴᠢᠭ ᠢ ᠡᠯᠰᠡᠵᠦ ᠳᠠᠭᠤᠰᠬᠤ ᠡᠳᠦᠷ ᠬᠤᠭᠤᠴᠠᠭ᠎ᠠ ᠨᠢ 2023 ᠣᠨ ᠤ 10 ᠰᠠᠷ᠎ᠠ ᠶᠢᠨ 31 ᠤ | ᠡᠳᠦᠷ ᠪᠣᠯᠣᠨ᠎ᠠ᠃ | 6. ᠥᠭᠦᠯᠡᠯ ᠤᠨ ᠰᠲ᠋ᠢᠯᠢ᠄ | (1) ᠥᠭᠦᠯᠡᠯ ᠪᠦᠷᠢ ᠶᠢᠨ ᠦᠰᠦᠭ ᠤᠨ ᠲᠤᠭ᠎ᠠ ᠶᠢ 5000 ᠦᠰᠦᠭ ᠠᠴᠠ ᠴᠦᠬᠡᠨ ᠪᠠᠶᠢᠯᠭᠠᠵᠤ ᠪᠣᠯᠬᠤ | ᠦᠭᠡᠢ᠃ | (2) ᠥᠭᠦᠯᠡᠯ ᠤᠨ ᠡᠬᠢᠨ ᠤ ᠨᠢᠭᠤᠷ ᠤᠨ ᠵᠡᠭᠦᠨ ᠳᠡᠭᠡᠷ᠎ᠡ ᠥᠨᠴᠥᠭ ᠲᠤ᠂ ︽ᠤᠯᠠᠭᠠᠨᠴᠠᠪ ᠤᠨ ᠠᠩᠬᠠᠳᠤᠭᠠᠷ | ᠬᠤᠭᠤᠴᠠᠭᠠᠨ ᠤ ᠬᠠᠤᠯᠢ ᠪᠠᠷ ᠵᠠᠰᠠᠬᠤ ᠶᠠᠷᠢᠶᠠᠨ ᠤ ᠲᠠᠪᠴᠠᠩ︾ ᠭᠡᠰᠡᠨ ᠥᠰᠥᠭ ᠢ ᠲᠣᠳᠣᠷᠬᠠᠶᠢᠯᠠᠭᠠᠷᠠᠢ᠃ ᠡᠬᠢᠨ ᠤ | ᠨᠢᠭᠤᠷ ᠤᠨ ᠵᠠᠬ᠎ᠠ ᠶᠢᠨ ᠲᠠᠶᠢᠯᠪᠤᠷᠢ ᠳᠤ ᠣᠪᠣᠭ ᠨᠡᠷ᠎ᠡ᠂ ᠨᠢᠭᠡᠴᠢ᠂ ᠮᠡᠷᠭᠡᠵᠢᠯ ᠤᠨ ᠴᠣᠯᠠ᠂ ᠭᠠᠷ ᠤᠲᠠᠰᠤᠨ ᠤ | ᠨᠣᠮᠧᠷ᠂ ᠵᠠᠬᠢᠳᠠᠯ ᠨᠡᠪᠲᠡᠷᠡᠬᠦ ᠬᠠᠶ᠋ᠢᠭ᠂ ᠰᠢᠤᠳᠠᠨ ᠳ᠋ᠤᠭᠠᠷ ᠵᠢᠴᠢ ᠢᠮᠧᠯ ᠬᠠᠶ᠋ᠢᠭ ᠢ ᠲᠣᠳᠣᠷᠬᠠᠢ ᠪᠢᠴᠢᠬᠦ ᠬᠡᠷᠡᠭᠲᠡᠢ᠃ | (3) ᠭᠤᠣᠯ ᠵᠣᠬᠢᠶᠠᠯ ᠳᠤ Word ᠲᠣᠪᠬᠢᠮᠠᠯ ᠢ ᠬᠡᠷᠡᠭᠯᠡᠵᠦ᠂ ᠭᠤᠣᠯ ᠵᠣᠬᠢᠶᠠᠯ ᠤᠨ ᠡᠮᠦᠨ᠎ᠡ 300 ᠣᠷᠴᠢᠮ | ᠦᠰᠦᠭ ᠤᠨ ︽ᠠᠭᠤᠯᠭ᠎ᠠ ᠶᠢᠨ ᠲᠣᠪᠴᠢ︾ ᠪᠠ 3-5 ︽ᠵᠠᠩᠭᠢᠯᠠᠭ᠎ᠠ ᠶᠢᠨ ᠦᠭᠡ︾ ᠶᠢ ᠳᠠᠭᠠᠯᠳᠤᠭᠤᠯᠪᠠ᠃ | ᠵᠣᠬᠢᠶᠠᠯ ᠤᠨ ᠭᠠᠷᠴᠠᠭ ᠢ ᠨᠢ ᠰᠥᠩ ᠲᠢᠭ ᠤᠨ ᠬᠤᠶᠠᠳᠤᠭᠠᠷ ᠨᠣᠮᠧᠷᠳᠦ ᠬᠠᠷ᠎ᠠ ᠦᠰᠦᠯ ᠢᠶᠠᠷ ᠪᠢᠴᠢᠵᠦ᠂ ᠭᠤᠣᠯ | ᠵᠣᠬᠢᠶᠠᠯ ᠢ ᠨᠢ ᠰᠥᠩ ᠲᠢᠭ ᠤᠨ ᠳᠥᠷᠪᠡᠳᠦᠭᠡᠷ ᠪᠠᠭ᠎ᠠ ᠨᠣᠮᠧᠷ ᠢᠶᠠᠷ ᠪᠢᠴᠢᠵᠦ᠂ ᠲᠠᠶᠢᠯᠪᠤᠷᠢ ᠶᠢ ᠨᠢ ᠰᠥᠩ | ᠲᠢᠭ ᠤᠨ ᠲᠠᠪᠤᠳᠤᠭᠠᠷ ᠨᠣᠮᠧᠷᠳᠦ ᠪᠠᠷ ᠪᠢᠴᠢᠵᠡᠢ᠃ᠲᠠᠶᠢᠯᠪᠤᠷᠢ ᠳᠤ ᠵᠠᠬ᠎ᠠ ᠶᠢᠨ ᠲᠠᠶᠢᠯᠪᠤᠷᠢ①᠂ ②᠂ ③ ᠁ | ᠶᠢ ᠬᠡᠷᠡᠭᠯᠡᠨ᠎ᠡ︾᠂ ᠪᠦᠬᠦ ᠵᠣᠬᠢᠶᠠᠯ ᠳᠤ ᠵᠠᠯᠭᠠᠪᠡᠷ ᠺᠣᠳ᠋ ᠬᠠᠳᠠᠨ᠎ᠠ᠃ ᠵᠣᠬᠢᠶᠠᠯ ᠤᠨ ᠳᠣᠲᠣᠷᠠᠬᠢ ᠭᠠᠷᠴᠠᠭ ᠢ ︽ | ᠨᠢᠭᠡ᠂ ︵ᠨᠢᠭᠡ︶ 1᠂ ︵ᠨᠢᠭᠡ︶ ᠁︾ ᠭᠡᠬᠦ ᠳᠦᠷᠢᠮ ᠢᠶᠠᠷ ᠵᠢᠭᠰᠠᠭᠠᠵᠤ᠂ ︽ᠨᠢᠭᠡ᠂ ︵ᠨᠢᠭᠡ︶︾ ᠭᠡᠬᠦ | ᠭᠠᠷᠴᠠᠭ ᠢ ᠨᠢ ᠲᠤᠰ ᠲᠤᠰ ᠬᠠᠷ᠎ᠠ ᠲᠢᠭ ᠤᠨ ᠳᠥᠷᠪᠡᠳᠦᠭᠡᠷ ᠨᠣᠮᠧᠷ ᠢᠶᠠᠷ᠂ ᠬᠠᠷ᠎ᠠ ᠦᠰᠦᠭ ᠤᠨ ᠳᠥᠷᠪᠡᠳᠦᠭᠡᠷ | ᠨᠣᠮᠧᠷ ᠢᠶᠠᠷ ᠪᠢᠴᠢᠨ᠎ᠡ᠃ᠯᠠᠪᠯᠠᠯᠲᠠ ᠶᠢᠨ ᠰᠤᠷᠪᠤᠯᠵᠢ ᠪᠢᠴᠢᠭ ᠢ ᠵᠣᠬᠢᠶᠠᠯ ᠤᠨ ᠲᠡᠭᠦᠰᠬᠡᠯ ᠳᠤ ᠲᠠᠯᠪᠢᠵᠤ᠂ | 〔1〕᠂ 〔2〕᠂ 〔3〕 …… ᠢᠶᠠᠷ ᠵᠡᠭᠦᠯᠲᠡ ᠬᠠᠳᠠᠨ᠎ᠠ᠃ | (4) ᠬᠡᠷᠪᠡ ᠱᠠᠩᠨᠠᠯ ᠣᠯᠣᠭᠰᠠᠨ ᠦᠬᠦᠯᠡᠯ ᠢ ᠬᠤᠲᠠ ᠶᠢᠨ ᠬᠠᠤᠯᠢ ᠶᠢᠨ ᠤᠬᠠᠭᠠᠨ ᠤ ᠨᠡᠶᠢᠭᠡᠮᠯᠢᠭ ᠠᠴᠠ | ᠡᠮᠬᠢᠳᠬᠡᠨ ᠬᠡᠪᠯᠡᠭᠦᠯᠬᠦ ᠶᠢ ᠵᠥᠪᠰᠢᠶᠡᠷᠡᠬᠦ ᠦᠭᠡᠢ ᠪᠣᠯ᠂ ᠲᠦᠷᠦᠭᠦᠦ ᠨᠢᠭᠤᠷ ᠤᠨ ᠪᠠᠷᠠᠭᠤᠨ ᠳᠡᠭᠡᠷ᠎ᠡ ᠲᠠᠯ᠎ᠠ ᠳᠤ ︽ | ᠢᠯᠡ ᠪᠠᠷ ᠬᠡᠪᠯᠡᠭᠦᠯᠬᠦ ᠦᠭᠡᠢ︾ ᠭᠡᠵᠦ ᠲᠣᠳᠣᠷᠬᠠᠢ ᠬᠠᠳᠠᠬᠤ ᠬᠡᠷᠡᠭᠲᠡᠢ᠂ ᠡᠰᠡ ᠲᠡᠭᠡᠪᠡᠯ ᠵᠥᠪᠰᠢᠶᠡᠷᠡᠭᠰᠡᠨ ᠢᠶᠠᠷ | ᠪᠤᠳᠤᠨ᠎ᠠ᠃ | (5) ᠪᠢᠴᠢᠭᠯᠡᠯ ᠢ ︽ᠤᠯᠠᠭᠠᠨᠴᠠᠪ ᠤᠨ ᠠᠩᠬᠠᠳᠤᠭᠠᠷ ᠬᠤᠭᠤᠴᠠᠭᠠᠨ ᠤ ᠬᠠᠤᠯᠢ ᠪᠠᠷ ᠵᠠᠰᠠᠬᠤ ᠶᠠᠷᠢᠶᠠᠨ ᠤ | ᠲᠠᠪᠴᠠᠩ + ᠬᠤᠪᠢᠶᠠᠷᠢ ᠥᠭᠦᠯᠡᠯ ᠤᠨ ᠰᠡᠳᠦᠪ + ᠵᠣᠬᠢᠶᠠᠭᠴᠢ ᠶᠢᠨ ᠣᠪᠣᠭ ᠨᠡᠷ᠎ᠡ + ᠥᠭᠦᠯᠡᠯ ᠤᠨ ᠭᠠᠷᠴᠠᠭ︾ | ᠭᠡᠵᠦ ᠨᠡᠷᠡᠶᠢᠳᠦᠨ᠎ᠡ᠂ ᠥᠭᠦᠯᠡᠯ ᠤᠨ ᠭᠤᠣᠯ ᠠᠭᠤᠯᠭ᠎ᠠ ᠳᠤ ᠵᠣᠬᠢᠶᠠᠭᠴᠢ ᠶᠢᠨ ᠲᠣᠰ ᠬᠥᠮᠥᠨ ᠤ ᠮᠡᠳᠡᠭᠡ ᠵᠠᠩᠭᠢ | ᠢᠯᠡᠷᠡᠬᠦ ᠦᠭᠡᠢ᠃ | 7. ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠬᠠᠤᠯᠢ ᠶᠢᠨ ᠤᠬᠠᠭᠠᠨ ᠤ ᠨᠡᠶᠢᠭᠡᠮᠯᠢᠭ᠂ ᠬᠤᠲᠠ ᠶᠢᠨ | ᠬᠠᠮᠢᠶ᠎ᠠ ᠪᠦᠬᠦᠢ ᠨᠢᠭᠡᠴᠢ ᠤᠳ ᠲᠣᠰ ᠭᠠᠵᠠᠷ ᠣᠷᠣᠨ᠂ ᠲᠣᠰ ᠨᠢᠭᠡᠴᠢ ᠶᠢᠨ ᠢᠶᠠᠨ ᠥᠭᠦᠯᠡᠯ ᠢ ᠨᠢᠭᠡᠳᠦᠯᠲᠡᠢ | ᠬᠤᠷᠢᠶᠠᠩᠭᠤᠶᠢᠯᠠᠬᠤ ᠶᠢᠨ ᠬᠠᠮᠲᠤ᠂ ︽ᠠᠩᠬᠠᠳᠤᠭᠠᠷ ᠬᠤᠭᠤᠴᠠᠭᠠᠨ ᠤ ᠤᠯᠠᠭᠠᠨᠴᠠᠪ ᠤᠨ ᠬᠠᠤᠯᠢ ᠪᠠᠷ ᠵᠠᠰᠠᠬᠤ | ᠶᠠᠷᠢᠶᠠᠨ ᠤ ᠲᠠᠪᠴᠠᠩ ᠤᠨ ᠡᠬᠡ ᠪᠢᠴᠢᠭ ᠡᠯᠰᠡᠬᠦ ᠬᠤᠷᠢᠶᠠᠩᠭᠤᠢ ᠬᠦᠰᠦᠨᠦᠭᠲᠦ︾ ᠶᠢ ᠲᠠᠭᠯᠠᠵᠤ᠂ ᠢᠮᠧᠯ ᠤᠨ | ᠬᠡᠯᠪᠡᠷᠢ ᠪᠠᠷ ᠶᠠᠪᠤᠭᠤᠯᠤᠭᠠᠷᠠᠢ᠂ ᠬᠠᠶ᠋ᠢᠭ᠄ wlcbfxh@163.com ︵︽ᠤᠯᠠᠭᠠᠨᠴᠠᠪ ᠤᠨ ᠬᠠᠤᠯᠢ ᠶᠢᠨ | ᠤᠬᠠᠭᠠᠨ ᠤ ᠨᠡᠶᠢᠭᠡᠮᠯᠢᠭ︾ ᠤᠨ ᠬᠢᠲᠠᠳ ᠬᠡᠯᠡᠨ ᠤ ᠠᠪᠢᠶ᠎ᠠ ᠳᠡᠮᠳᠡᠭᠯᠡᠯ ᠤᠨ ᠡᠬᠢᠨ ᠤ ᠦᠰᠦᠭ︶᠃ | ᠳᠥᠷᠪᠡ᠂ ᠡᠷᠭᠢᠯᠡᠬᠦ ᠠᠷᠭ᠎ᠠ ᠮᠠᠶ᠋ᠢᠭ | ᠪᠣᠳᠠᠲᠠᠢ ᠴᠠᠭ᠂ ᠭᠠᠵᠠᠷ ᠢ ᠳᠠᠬᠢᠨ ᠠᠰ ᠲᠤ ᠨᠢ ᠮᠡᠳᠡᠭᠳᠡᠨ᠎ᠡ᠃ | ᠲᠠᠪᠤ᠂ ᠬᠢᠨᠠᠨ ᠲᠣᠭᠲᠠᠭᠠᠬᠤ ᠪᠠ ᠱᠠᠩᠨᠠᠯ ᠲᠣᠭᠲᠠᠭᠠᠬᠤ | ᠬᠢᠨᠠᠨ ᠲᠣᠭᠲᠠᠭᠠᠬᠤ ᠳᠤᠭᠤᠶᠢᠯᠠᠩ᠄ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ | ᠴᠠᠭᠠᠵᠠ ᠶᠢᠨ ᠬᠤᠷᠢᠶ᠎ᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ᠂ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ | ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ᠂ ᠵᠢᠨᠢᠩ ᠪᠠᠭᠰᠢ ᠶᠢᠨ ᠳᠡᠭᠡᠳᠦ ᠰᠤᠷᠭᠠᠭᠤᠯᠢ ᠶᠢᠨ | ᠬᠠᠤᠯᠢ ᠶᠢᠨ ᠤᠬᠠᠭᠠᠨ ᠤ ᠲᠤᠰᠬᠠᠢ ᠮᠡᠷᠭᠡᠵᠢᠯᠲᠡᠨ ᠬᠠᠮᠲᠤ ᠪᠠᠷ ᠬᠢᠨᠠᠨ ᠲᠣᠭᠲᠠᠭᠠᠬᠤ ᠳᠤᠭᠤᠶᠢᠯᠠᠩ ᠪᠠᠶᠢᠭᠤᠯᠵᠤ | ᠥᠭᠦᠯᠡᠯ ᠢ ᠬᠢᠨᠠᠨ ᠲᠣᠭᠲᠠᠭᠠᠨ᠎ᠠ᠃ | ᠰᠢᠯᠭᠠᠷᠠᠭᠤᠯᠬᠤ ᠣᠷᠣᠨ ᠲᠤᠭ᠎ᠠ᠄ ︽ᠳᠤᠮᠳᠠᠳᠤ ᠤᠯᠤᠰ ᠤᠨ ᠬᠠᠤᠯᠢ ᠶᠢᠨ ᠤᠬᠠᠭᠠᠨ ᠤ ᠨᠡᠶᠢᠭᠡᠮᠯᠢᠭ ᠤᠨ | ᠵᠣᠬᠢᠶᠠᠯ ᠡᠯᠰᠡᠵᠦ ᠱᠠᠩᠨᠠᠬᠤ ᠠᠷᠭ᠎ᠠ︾ ᠶᠢ ᠦᠨᠳᠦᠰᠦᠯᠡᠨ᠂ ᠡᠷᠬᠡ ᠲᠡᠭᠰᠢ᠂ ᠢᠯᠡ ᠲᠣᠳᠣ᠂ ᠲᠥᠪ ᠭᠤᠥᠯᠴᠢ | ᠪᠠᠶᠢᠬᠤ ᠵᠠᠷᠴᠢᠮ ᠢ ᠪᠠᠷᠢᠮᠲᠠᠯᠠᠨ᠂ ᠨᠡᠷ᠎ᠡ ᠪᠤᠷᠤᠭᠤᠯᠠᠵᠤ ᠬᠢᠨᠠᠨ ᠲᠣᠭᠲᠠᠭᠠᠬᠤ ᠶᠢ ᠬᠡᠷᠡᠭᠵᠢᠭᠦᠯᠵᠦ᠂ ᠨᠢᠭᠡᠳᠦᠭᠡᠷ | ᠳᠡᠰ ᠤᠨ ᠱᠠᠩᠨᠠᠯ ᠳᠤ 1 ᠨᠡᠷ᠎ᠡ᠂ ᠬᠤᠶᠠᠳᠤᠭᠠᠷ ᠳᠡᠰ ᠤᠨ ᠱᠠᠩᠨᠠᠯ ᠳᠤ 3 ᠨᠡᠷ᠎ᠡ᠂ ᠭᠤᠷᠪᠠᠳᠤᠭᠠᠷ ᠳᠡᠰ ᠤᠨ | ᠱᠠᠩᠨᠠᠯ ᠳᠤ 5 ᠨᠡᠷ᠎ᠡ ᠵᠢᠴᠢ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠳᠤ ᠬᠡᠳᠦᠨ ᠨᠡᠷᠡᠰ ᠰᠢᠯᠭᠠᠷᠠᠭᠤᠯᠤᠨ | ᠭᠠᠷᠭᠠᠨ᠎ᠠ᠃ ᠴᠢᠬᠤᠯᠠ ᠶᠡᠭᠡ ᠣᠨᠣᠯ ᠤᠨ ᠪᠠ ᠦᠢᠯᠡᠳᠦᠯᠭᠡ ᠶᠢᠨ ᠦᠨ᠎ᠡ ᠥᠷᠲᠡᠭ ᠲᠠᠢ ᠪᠠᠶᠢᠪᠠᠯ᠂ ᠬᠤᠲᠠ ᠶᠢᠨ | ᠬᠠᠤᠯᠢ ᠶᠢᠨ ᠤᠬᠠᠭᠠᠨ ᠤ ᠨᠡᠶᠢᠭᠡᠮᠯᠢᠭ ᠠᠴᠠ ᠳᠡᠭᠡᠭᠰᠢ ᠮᠡᠳᠡᠭᠦᠯᠵᠦ᠂ ︽ᠳᠤᠮᠳᠠᠳᠤ ᠤᠯᠤᠰ ᠤᠨ ᠬᠠᠤᠯᠢ ᠶᠢᠨ | ᠤᠬᠠᠭᠠᠨ︾ ︽ᠠᠷᠠᠳᠴᠢᠯᠠᠯ ᠬᠢᠭᠡᠳ ᠬᠠᠤᠯᠢ ᠳᠦᠷᠢᠮ︾ ᠳᠤ ᠲᠠᠨᠢᠯᠴᠠᠭᠤᠯᠤᠨ ᠨᠡᠶᠢᠲᠡᠯᠡᠨ᠎ᠡ᠃ | ᠬᠠᠷᠢᠯᠴᠠᠬᠤ ᠬᠥᠮᠥᠨ᠄ ᠰᠢᠦᠢ ᠫᠧᠩ | ᠬᠠᠷᠢᠯᠴᠠᠬᠤ ᠤᠲᠠᠰᠤ᠄ 0474-83205081᠂ 3704741622 | ᠳᠠᠭᠠᠯᠳᠤᠭᠤᠯᠤᠯ᠄ ᠠᠩᠬᠠᠳᠤᠭᠠᠷ ᠬᠤᠭᠤᠴᠠᠭᠠᠨ ᠤ ᠤᠯᠠᠭᠠᠨᠴᠠᠪ ᠤᠨ ᠬᠠᠤᠯᠢ ᠪᠠᠷ ᠵᠠᠰᠠᠬᠤ ᠶᠠᠷᠢᠶᠠᠨ ᠤ | ᠲᠠᠪᠴᠠᠩ ᠤᠨ ᠡᠬᠡ ᠪᠢᠴᠢᠭ ᠡᠯᠰᠡᠬᠦ ᠬᠤᠷᠢᠶᠠᠩᠭᠤᠢ ᠬᠦᠰᠦᠨᠦᠭᠲᠦ | | ᠤᠯᠠᠭᠠᠨᠴᠠᠪ ᠬᠤᠲᠠ ᠶᠢᠨ ᠬᠠᠤᠯᠢ ᠶᠢᠨ ᠤᠬᠠᠭᠠᠨ ᠤ ᠨᠡᠶᠢᠭᠡᠮᠯᠢᠭ | 2023 ᠣᠨ ᠤ 7 ᠰᠠᠷ᠎ᠠ ᠶᠢᠨ 5 | | ᠬᠠᠭᠤᠯᠤᠮᠠᠯ ᠰᠣᠨᠢᠨ᠄ ᠥᠪᠡᠷᠲᠡᠭᠡᠨ ᠵᠠᠰᠠᠬᠤ ᠣᠷᠣᠨ ᠤ ᠬᠠᠤᠯᠢ ᠶᠢᠨ ᠤᠬᠠᠭᠠᠨ ᠤ ᠨᠡᠶᠢᠭᠡᠮᠯᠢᠭ | ᠬᠠᠭᠤᠯᠤᠨ ᠬᠦᠷᠭᠡᠬᠦ᠄ ᠬᠤᠲᠠ ᠶᠢᠨ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠳᠠᠷᠤᠭ᠎ᠠ᠂ ᠳᠡᠳ᠋ ᠳᠠᠷᠤᠭ᠎ᠠ | ᠳᠠᠭᠠᠯᠳᠤᠭᠤᠯᠤᠯ᠄ ᠠᠩᠬᠠᠳᠤᠭᠠᠷ ᠬᠤᠭᠤᠴᠠᠭᠠᠨ ᠤ ᠤᠯᠠᠭᠠᠨᠴᠠᠪ ᠤᠨ ᠬᠠᠤᠯᠢ ᠪᠠᠷ ᠵᠠᠰᠠᠬᠤ ᠶᠠᠷᠢᠶᠠᠨ ᠤ | ᠲᠠᠪᠴᠠᠩ ᠤᠨ ᠡᠬᠡ ᠪᠢᠴᠢᠭ ᠡᠯᠰᠡᠬᠦ ᠬᠤᠷᠢᠶᠠᠩᠭᠤᠢ ᠬᠦᠰᠦᠨᠦᠭᠲᠦ | ᠲᠠᠭᠯᠠᠨ ᠮᠡᠳᠡᠭᠦᠯᠦᠭᠰᠡᠨ ᠨᠢᠭᠡᠴᠢ᠄ | ᠳ᠋ᠤᠭᠠᠷᠯᠠᠯ᠂ ᠵᠣᠬᠢᠶᠠᠭᠴᠢ ᠶᠢᠨ ᠣᠪᠣᠭ ᠨᠡᠷ᠎ᠡ᠂ ᠭᠠᠷᠴᠠᠭ᠂ ᠦᠰᠦᠭ ᠤᠨ ᠲᠤᠭ᠎ᠠ᠂ ᠲᠤᠰᠢᠶᠠᠯ᠂ ᠭᠠᠷ | ᠤᠲᠠᠰᠤᠨ ᠤ ᠨᠣᠮᠧᠷ᠂ ᠢᠮᠧᠯ ᠤᠨ ᠬᠠᠶ᠋ᠢᠭ | | | ᠤᠷᠴᠢᠭᠤᠯᠤᠭᠴᠢ᠄ ᠢᠷᠭᠤᠢ | ᠬᠢᠨᠠᠭᠴᠢ᠄ ᠠᠷᠢᠭᠤᠨ | | | | | | | | |