ᠴᠢ ᠹᠧᠢ ᠶᠦᠨ ᠬᠤᠲᠠ ᠶᠢᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠳᠤ ᠬᠦᠷᠴᠦ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠢ ᠬᠦᠯᠢᠶᠡᠨ ᠠᠪᠤᠪᠠ
ᠨᠡᠶᠢᠲᠡᠯᠡᠭᠰᠡᠨ ᠴᠠᠭ᠄
2023/7/14
   ᠣᠶᠢᠷ᠎ᠠ ᠳᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠬᠤᠲᠠ ᠶᠢᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠳᠤ ᠬᠦᠷᠴᠦ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠢ ᠭᠥᠯᠢᠶᠡᠨ ᠠᠪᠴᠤ᠂ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠬᠢᠨᠠᠮᠠᠭᠠᠢ ᠰᠣᠨᠣᠰᠴᠤ᠂ ᠲᠤᠬᠠᠢ ᠶᠢᠨ ᠲᠠᠯᠠᠪᠤᠷ ᠲᠤ ᠠᠰᠠᠭᠤᠳᠠᠯ ᠢ ᠰᠢᠢᠳᠪᠦᠷᠢᠯᠡᠪᠡ᠃    ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠯᠦ ᠹᠧᠨ ᠯᠠᠨ ᠠᠭᠤᠵᠢᠭᠤ ᠲᠠᠯᠪᠢᠭᠤ ᠡᠶ᠎ᠡ ᠵᠣᠬᠢᠴᠠᠯ ᠲᠠᠢ ᠠᠭᠤᠷ ᠠᠮᠢᠰᠬᠤᠯ ᠤᠨ ᠳᠤᠮᠳᠠ ᠥᠪᠡᠷ ᠤᠨ ᠬᠦᠰᠡᠯ ᠱᠠᠭᠠᠷᠳᠠᠯᠭ᠎ᠠ ᠪᠠᠨ ᠶᠠᠷᠢᠪᠠ᠃ ᠴᠢ ᠹᠧᠢ ᠶᠦᠨ ᠲᠡᠭᠦᠨ ᠲᠠᠢ ᠨᠠᠷᠢᠨ ᠨᠢᠮᠪᠠᠢ ᠶᠠᠷᠢᠯᠴᠠᠵᠤ᠂ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠶᠢ ᠬᠦᠯᠢᠴᠡᠩᠭᠦᠢ ᠪᠠᠷ ᠨᠠᠷᠢᠨ ᠲᠠᠶᠢᠯᠪᠤᠷᠢᠯᠠᠬᠤ ᠶᠢᠨ ᠬᠠᠮᠲᠤ ᠬᠠᠮᠢᠶ᠎ᠠ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ ᠲᠠᠢ ᠬᠠᠮᠲᠤ ᠪᠠᠷ ᠠᠰᠠᠭᠤᠳᠠᠯ ᠢ ᠰᠢᠢᠳᠪᠦᠷᠢᠯᠡᠬᠦ ᠠᠷᠭ᠎ᠠ ᠶᠢ ᠰᠤᠳᠤᠯᠵᠤ᠂ ᠰᠢᠢᠳᠪᠦᠷᠢᠯᠡᠬᠦ ᠲᠥᠰᠥᠯ ᠢ ᠳᠤᠷᠠᠳᠤᠨ ᠭᠠᠷᠭᠠᠵᠠᠢ᠃   ᠰᠣᠷᠪᠤᠯᠵᠢᠯᠠᠭ᠎ᠠ ᠶᠢ ᠬᠦᠯᠢᠶᠡᠨ ᠠᠪᠬᠤ ᠶᠠᠪᠤᠴᠠ ᠳᠤ᠂ ᠴᠢ ᠹᠧᠢ ᠶᠦᠨ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠪᠣᠯ ᠨᠠᠮ ᠤᠨ ᠤᠯᠠᠨ ᠲᠦᠮᠡᠨ ᠤ ᠠᠵᠢᠯ ᠤᠨ ᠴᠢᠬᠤᠯᠠ ᠪᠦᠷᠢᠯᠳᠦᠭᠦᠨ ᠬᠡᠰᠡᠭ ᠮᠥᠨ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠣᠶᠢᠯᠠᠭᠠᠬᠤ ᠴᠢᠬᠤᠯᠠ ᠴᠣᠩᠬᠤ ᠮᠥᠨ᠃ ᠡᠯ᠎ᠡ ᠱᠠᠲᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠥᠪᠡᠷ ᠤᠨ ᠪᠡᠶ᠎ᠡ ᠪᠠᠷ ᠢᠶᠠᠨ ᠤᠯᠠᠨ ᠲᠦᠮᠡᠨ ᠤ ᠵᠣᠭᠰᠣᠴᠠ ᠠᠴᠠ ᠠᠰᠠᠭᠤᠳᠠᠯ ᠢ ᠪᠣᠳᠣᠯᠬᠢᠯᠠᠵᠤ᠂ ᠦᠨᠡᠨ ᠰᠡᠳᠬᠢᠯ ᠠᠴᠠ ᠪᠠᠨ ᠤᠯᠠᠨ ᠲᠦᠮᠡᠨ ᠲᠠᠢ ᠣᠯᠣᠯᠴᠠᠨ ᠰᠣᠯᠢᠯᠴᠠᠵᠤ᠂ ᠬᠠᠤᠯᠢ ᠲᠣᠭᠲᠠᠭᠠᠯ ᠶᠣᠰᠣᠭᠠᠷ᠂ ᠪᠦᠬᠦ ᠬᠦᠴᠦᠨ ᠢᠶᠠᠷ ᠢᠶᠠᠨ ᠤᠯᠠᠨ ᠲᠦᠮᠡᠨ ᠤ ᠪᠣᠳᠠᠲᠠᠢ ᠬᠦᠴᠢᠷᠳᠡᠯ ᠢ ᠰᠢᠢᠳᠪᠦᠷᠢᠯᠡᠵᠦ᠂ ᠤᠯᠠᠨ ᠲᠦᠮᠡᠨ ᠳᠤ ᠨᠠᠮ ᠪᠣᠯᠣᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠲᠡᠭᠡᠬᠦ ᠬᠡᠷᠡᠭᠲᠡᠢ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠤᠬᠠᠭᠤᠯᠭ᠎ᠠ ᠶᠢ ᠴᠢᠩᠭᠠᠳᠬᠠᠨ᠂ ᠣᠯᠠᠨ ᠲᠦᠮᠡᠨ ᠤ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠦᠨᠡᠨ ᠬᠦ ᠳᠡᠭᠡᠭᠰᠢᠯᠡᠭᠦᠯᠵᠦ᠂ ᠣᠯᠠᠨ ᠲᠦᠮᠡᠨ ᠤ ᠳᠠᠭᠠᠳᠬᠠᠯ ᠳᠤ ᠣᠷᠣᠯᠴᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠨᠡᠮᠡᠭᠳᠡᠭᠦᠯᠬᠦ ᠬᠡᠷᠡᠭᠲᠡᠢ᠃ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠢ ᠳᠡᠭᠡᠭᠰᠢᠯᠡᠭᠦᠯᠦᠨ ᠥᠭᠡᠷᠡᠴᠢᠯᠡᠬᠦ ᠶᠢ ᠯᠠᠪᠳᠠᠭᠤᠨ ᠢᠶᠠᠷ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠨᠠᠰᠤᠲᠠᠶᠢᠴᠤᠳ ᠲᠤ ᠣᠷᠣᠰᠢᠵᠤ ᠪᠠᠶᠢᠭ᠎ᠠ ᠪᠣᠳᠠᠲᠠᠢ ᠬᠦᠴᠢᠷᠳᠡᠯ ᠢ ᠰᠠᠶᠢᠲᠤᠷ ᠰᠢᠢᠳᠪᠦᠷᠢᠯᠡᠵᠦ᠂ ᠨᠠᠰᠤᠲᠠᠶᠢᠴᠤᠳ ᠢ ᠴᠥᠮ ᠥᠲᠡᠯᠪᠡᠯ ᠠᠰᠠᠷᠠᠮᠵᠢ ᠲᠠᠢ᠂ ᠥᠲᠡᠯᠪᠡᠯ ᠲᠦᠰᠢᠭ ᠲᠤᠯᠭᠠᠭᠤᠷᠢ ᠲᠠᠢ᠂ ᠥᠲᠡᠯᠪᠡᠯ ᠪᠠᠶᠠᠷ ᠴᠡᠩᠭᠡᠯ ᠲᠠᠢ᠂ ᠥᠲᠡᠯᠪᠡᠯ ᠠᠮᠤᠷ ᠠᠮᠤᠭᠤᠯᠠᠩ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠳᠠ ᠶᠢᠨ ᠤᠳᠤᠷᠢᠳᠤᠯᠭ᠎ᠠ ᠢᠦᠢ ᠬᠠᠢ ᠴᠧᠩ ᠰᠣᠷᠪᠤᠯᠵᠢᠯᠠᠭ᠎ᠠ ᠶᠢ ᠬᠦᠯᠢᠶᠡᠨ ᠠᠪᠬᠤ ᠳᠤ ᠣᠷᠣᠯᠴᠠᠪᠠ᠃                                               ᠣᠷᠴᠢᠭᠤᠯᠤᠭᠴᠢ᠄ ᠭᠤᠸ᠎ᠠ                                               ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2