ᠠᠷᠪᠠᠨ ᠨᠢᠭᠡᠳᠦᠭᠡᠷ ᠬᠤᠭᠤᠴᠠᠭᠠᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠣᠨ ᠬᠤᠲᠠ ᠶᠢᠨ ᠬᠥᠭᠵᠢᠯᠲᠡ ᠶᠢᠨ ᠳᠡᠭᠡᠳᠦ ᠳᠡᠰ ᠤᠨ ᠶᠠᠷᠢᠯᠴᠠᠭᠠᠨ ᠤ ᠬᠤᠷᠠᠯ ᠶᠠᠪᠤᠭᠳᠠᠪᠠ
ᠨᠡᠶᠢᠲᠡᠯᠡᠭᠰᠡᠨ ᠴᠠᠭ᠄
2023/7/17
   7 ᠰᠠᠷ᠎ᠠ ᠶᠢᠨ 15 ᠤ ᠡᠳᠦᠷ᠂ ᠠᠷᠪᠠᠨ ᠨᠢᠭᠡᠳᠦᠭᠡᠷ ᠬᠤᠭᠤᠴᠠᠭᠠᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠣᠨ ᠬᠤᠲᠠ ᠶᠢᠨ ᠬᠥᠭᠵᠢᠯᠲᠡ ᠶᠢᠨ ᠳᠡᠭᠡᠳᠦ ᠳᠡᠰ ᠤᠨ ᠶᠠᠷᠢᠯᠴᠠᠭᠠᠨ ᠤ ᠬᠤᠷᠠᠯ ᠶᠠᠪᠤᠭᠳᠠᠪᠠ᠃ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠤᠰᠬᠠᠢ ᠮᠡᠷᠭᠡᠵᠢᠯᠲᠡᠨ ᠡᠷᠳᠡᠮᠲᠡᠳ ᠮᠠᠨ ᠤ ᠬᠤᠳᠠ ᠳᠤ ᠴᠤᠭᠯᠠᠷᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠣᠨ ᠬᠤᠳᠠ ᠶᠢᠨ ᠬᠥᠭᠵᠢᠯᠲᠡ ᠶᠢᠨ ᠰᠢᠨ᠎ᠡ ᠠᠷᠭ᠎ᠠ ᠵᠠᠮ᠂ ᠰᠢᠨ᠎ᠡ ᠲᠣᠭᠲᠠᠴᠠ ᠶᠢ ᠬᠠᠮᠲᠤᠪᠠᠷ ᠬᠠᠶᠢᠨ ᠰᠦᠪᠡᠭᠴᠢᠯᠡᠪᠡ᠃    ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠯᠧᠢ ᠺᠦᠨ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ᠂ ᠮᠠᠨ ᠤ ᠬᠤᠲᠠ ᠶᠢᠨ ᠴᠠᠬᠠᠷ ᠳᠡᠭᠡᠳᠦ ᠰᠢᠨ᠎ᠡ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠲᠣᠰ ᠲᠣᠰ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠲᠤᠯᠠᠭ᠎ᠠ᠂ ᠲᠠᠨᠢᠯᠲᠠ᠂ ᠬᠡᠷᠡᠭᠴᠡᠭᠡ᠂ ᠬᠦᠰᠡᠯ ᠡᠷᠡᠮᠡᠯᠵᠡᠯ᠂ ᠲᠥᠭᠡᠷᠢᠭᠳᠡᠯ ᠵᠡᠷᠭᠡ ᠠᠭᠤᠯᠭ᠎ᠠ ᠶᠢᠨ ᠲᠤᠬᠠᠢ ᠲᠤᠰᠬᠠᠢ ᠮᠡᠷᠭᠡᠵᠢᠯᠲᠡᠳ ᠲᠠᠢ ᠶᠠᠷᠢᠯᠴᠠᠪᠠ︔ ᠤᠯᠠᠭᠠᠨᠴᠠᠪ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠤᠯᠠᠭᠠᠨᠴᠠᠪ ᠬᠤᠲᠠ ᠶᠢᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠤᠯᠠᠭᠠᠨᠴᠠᠪ ᠤᠨ ᠬᠤᠸᠠ ᠸᠧᠢ ᠡᠭᠦᠯᠡᠨ ᠪᠣᠳᠣᠯᠲᠠ ᠶᠢᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ ᠶᠢᠨ ᠬᠠᠷᠢᠭᠤᠴᠠᠯᠭᠠᠲᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠦᠢᠯᠡᠴᠢᠯᠡᠭᠡᠨ ᠤ ᠬᠤᠲᠠ ᠶᠢᠨ ᠬᠥᠭᠵᠢᠯᠲᠡ᠂ ᠠᠵᠤ ᠦᠢᠯᠡᠰ ᠪᠠ ᠰᠤᠷᠭᠠᠨ ᠬᠥᠮᠦᠵᠢᠯ ᠤᠨ ᠨᠡᠶᠢᠯᠡᠯ ᠂ ᠴᠢᠳᠠᠪᠤᠷᠢᠲᠠᠨ ᠢ ᠬᠥᠮᠥᠵᠢᠭᠦᠯᠬᠦ᠂ ᠲᠥᠷᠥ ᠶᠢᠨ ᠪᠣᠳᠣᠯᠭ᠎ᠠ ᠶᠢᠨ ᠣᠷᠴᠢᠨ ᠨᠥᠬᠦᠴᠡᠯ ᠵᠡᠷᠭᠡ ᠠᠭᠤᠯᠭ᠎ᠠ ᠶᠢᠨ ᠲᠣᠭᠤᠷᠢᠨ ᠳᠤ ᠲᠤᠰᠬᠠᠢ ᠮᠡᠷᠭᠡᠵᠢᠯᠲᠡᠳ ᠲᠠᠢ ᠭᠦᠨᠵᠡᠭᠡᠢ ᠰᠣᠯᠢᠯᠴᠠᠪᠠ᠃     ᠰᠤᠷᠭᠠᠨ ᠬᠥᠮᠦᠵᠢᠯ ᠤᠨ ᠶᠠᠮᠤᠨ ᠤ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠵᠥᠪᠯᠡᠯᠭᠡ ᠥᠭᠬᠦ ᠵᠥᠪᠯᠡᠯ ᠤᠨ ᠭᠡᠰᠢᠭᠦᠨ᠂ ᠳᠤᠮᠳᠠᠳᠤ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠤᠷᠢᠶ᠎ᠠ ᠶᠢᠨ ᠲᠤᠰᠬᠠᠢ ᠮᠡᠷᠭᠡᠵᠢᠯᠲᠡᠨ ᠤ ᠵᠥᠪᠯᠡᠯ ᠤᠨ ᠳᠡᠳ᠋ ᠡᠷᠬᠢᠯᠡᠭᠴᠢ ᠰᠦᠨ ᠱᠠᠨ ᠰᠢᠤᠸᠠᠢ ᠢᠯᠡᠷᠬᠡᠶᠢᠯᠡᠬᠦ ᠳᠡᠭᠡᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠨᠢ ᠠᠵᠤ ᠠᠬᠤᠢ ᠨᠡᠶᠢᠭᠡᠮ ᠤᠨ ᠬᠥᠭᠵᠢᠯᠲᠡ ᠲᠠᠢ ᠨᠢᠭᠲᠠ ᠬᠤᠯᠪᠣᠯᠳᠤᠵᠤ᠂ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠠᠬᠢᠭᠤᠯᠬᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠳᠡᠮᠵᠢᠬᠦ᠂ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠵᠡᠢ᠃ ᠲᠡᠷᠡ ᠰᠠᠨᠠᠭᠤᠯᠬᠤ ᠳᠠᠭᠠᠨ᠂ ᠮᠠᠨ ᠤ ᠬᠤᠲᠠ ᠶᠢᠨ ᠬᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠨᠡᠩ ᠲᠣᠪᠣᠶᠢᠮ᠎ᠠ ᠪᠠᠶᠢᠷᠢᠨ ᠳᠤ ᠲᠠᠯᠪᠢᠪᠠᠯ ᠵᠣᠬᠢᠨ᠎ᠠ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢᠶᠠᠷ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠲᠤᠷᠰᠢᠯᠲᠠ ᠶᠢᠨ ᠣᠷᠣᠨ ᠢ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠬᠥᠭᠵᠢᠯᠲᠡ ᠶᠢᠨ ᠰᠢᠨ᠎ᠡ ᠰᠡᠳᠬᠢᠮᠵᠢ ᠶᠢ ᠲᠣᠳᠣᠷᠬᠠᠢ ᠪᠣᠯᠭᠠᠵᠤ᠂ ᠪᠡᠭᠡᠵᠢᠩ ᠲᠢᠶᠠᠨᠵᠢᠨ ᠾᠧᠪᠧᠢ᠂ ᠬᠥᠬᠡᠬᠤᠲᠠ ᠪᠤᠭᠤᠲᠤ ᠣᠷᠳᠣᠰ ᠵᠡᠷᠭᠡ ᠭᠠᠵᠠᠷ ᠣᠷᠣᠨ ᠯᠤᠭ᠎ᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ᠂ ᠬᠠᠮᠲᠤ ᠪᠠᠷ ᠪᠠᠶᠢᠭᠤᠯᠤᠨ ᠬᠠᠮᠲᠤ ᠪᠠᠷ ᠡᠳ᠋ᠯᠡᠬᠦ ᠶᠢ ᠪᠡᠶᠡᠯᠡᠭᠦᠯᠦᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ᠂ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠬᠠᠮᠵᠢᠯᠴᠠᠨ ᠰᠢᠨ᠎ᠡ ᠶᠢ ᠡᠭᠦᠳᠦᠨ ᠬᠥᠭᠵᠢᠬᠦ ᠰᠢᠨ᠎ᠡ ᠪᠠᠶᠢᠷᠢᠰᠢᠯ ᠢ ᠪᠣᠶ ᠪᠣᠯᠭᠠᠨ᠎ᠠ᠃ ᠡᠭᠦᠨ ᠤ ᠬᠠᠮᠲᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠳᠠᠬᠢ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠨᠠᠩ ᠣᠯᠠᠨ ᠪᠡᠯᠡ ᠮᠥᠩᠭᠦ ᠪᠠ ᠡᠬᠢ ᠪᠠᠶᠠᠯᠢᠭ ᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠪᠠ ᠬᠥᠮᠥᠨ ᠤ ᠬᠦᠴᠦᠨ ᠤ ᠡᠬᠢ ᠪᠠᠶᠠᠯᠢᠭ ᠤᠨ ᠨᠡᠭᠡᠭᠡᠯᠲᠡ ᠳᠤ ᠬᠡᠷᠡᠭᠯᠡᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠪᠠᠯ ᠵᠣᠬᠢᠨ᠎ᠠ ᠭᠡᠵᠡᠢ᠃                                               ᠣᠷᠴᠢᠭᠤᠯᠤᠭᠴᠢ᠄ ᠭᠤᠸ᠎ᠠ                                               ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2