7 ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂ | ᠪᠡᠶ᠎ᠡ ᠶᠢᠨ ᠲᠠᠮᠢᠷ ᠤᠨ ᠶᠡᠷᠦᠩᠬᠡᠢ ᠡᠪᠯᠡᠯ᠂ ᠨᠠᠰᠤᠲᠠᠶᠢᠴᠤᠳ ᠤᠨ ᠠᠵᠢᠯ ᠤᠨ ᠠᠯᠪᠠᠨ ᠭᠡᠷ᠂ ᠨᠠᠰᠤᠲᠠᠶᠢᠴᠤᠳ ᠤᠨ | ᠪᠡᠶ᠎ᠡ ᠶᠢᠨ ᠲᠠᠮᠢᠷ ᠤᠨ ᠨᠡᠶᠢᠭᠡᠮᠯᠢᠭ ᠠᠴᠠ ᠬᠠᠮᠲᠤᠷᠠᠨ ᠡᠷᠭᠢᠯᠡᠭᠰᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠳᠥᠷᠪᠡᠳᠦᠭᠡᠷ ᠬᠤᠭᠤᠴᠠᠭᠠᠨ ᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠲᠠᠢ ᠵᠢᠢ | ᠨᠢᠳᠤᠷᠭ᠎ᠠ ︵ᠰᠡᠯᠡᠮ᠎ᠡ︶ ᠶᠢᠨ ᠰᠣᠯᠢᠯᠴᠠᠭᠠᠨ ᠤ ᠠᠵᠢᠯᠯᠠᠭ᠎ᠠ ᠮᠠᠨ ᠤ ᠬᠤᠲᠠ ᠳᠤ ᠶᠠᠪᠤᠭᠳᠠᠪᠠ᠃ ᠪᠦᠬᠦ ᠣᠷᠣᠨ ᠤ | 11 ᠠᠶᠢᠮᠠᠭ ᠬᠤᠳᠠ᠂ ᠮᠠᠨᠵᠤᠤᠷ ᠬᠤᠳᠠ᠂ ᠥᠪᠥᠷ ᠮᠣᠩᠭᠤᠯ ᠤᠨ ᠱᠧᠨ ᠳ᠋ᠦᠩ ᠪᠦᠯᠦᠭᠯᠡᠯ ᠵᠡᠷᠭᠡ 13 | ᠲᠥᠯᠥᠭᠡᠯᠡᠭᠴᠢᠳ ᠤᠨ ᠠᠩᠭᠢ ᠶᠢᠨ 120 ᠭᠠᠷᠤᠢ ᠲᠠᠮᠢᠷᠴᠢᠨ ᠰᠣᠯᠢᠯᠴᠠᠭᠠᠨ ᠤ ᠠᠵᠢᠯᠯᠠᠭ᠎ᠠ ᠳᠤ ᠣᠷᠣᠯᠴᠠᠪᠠ᠃ | ᠥᠪᠡᠷᠲᠡᠭᠡᠨ ᠵᠠᠰᠠᠬᠤ ᠣᠷᠣᠨ ᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠲᠡᠷᠢᠭᠦᠯᠡᠭᠴᠢ | ᠸᠠᠩ ᠢᠦᠢ ᠮᠢᠩ᠂ ᠪᠠᠶᠢᠩᠭᠤ ᠶᠢᠨ ᠳᠡᠳ᠋ ᠲᠡᠷᠢᠭᠦᠯᠡᠭᠴᠢ ᠪᠥᠭᠡᠳ ᠨᠠᠷᠢᠨ ᠪᠢᠴᠢᠭ ᠤᠨ ᠳᠠᠷᠤᠭ᠎ᠠ ᠢᠦᠢ ᠴᠢᠩ ᠯᠢ᠂ | ᠬᠤᠲᠠ ᠶᠢᠨ ᠳᠡᠳ᠋ ᠳᠠᠷᠤᠭ᠎ᠠ ᠹᠠᠩ ᠽᠧ ᠠᠵᠢᠯᠯᠠᠭ᠎ᠠ ᠳᠤ ᠣᠷᠣᠯᠴᠠᠪᠠ᠃ | ᠲᠣᠰ ᠤᠳᠠᠭᠠᠨ ᠤ ᠰᠣᠯᠢᠯᠴᠠᠭᠠᠨ ᠤ ᠠᠵᠢᠯᠯᠠᠭ᠎ᠠ ᠨᠢ 2 ᠡᠳᠦᠷ ᠶᠠᠪᠤᠭᠳᠠᠵᠤ᠂ ᠤᠯᠤᠰ ᠤᠨ ᠪᠡᠶ᠎ᠡ ᠶᠢᠨ | ᠲᠠᠮᠢᠷ ᠤᠨ ᠶᠡᠷᠦᠩᠬᠡᠢ ᠲᠣᠪᠴᠢᠶ᠎ᠠ ᠶᠢᠨ ᠳᠠᠷᠤᠮᠠᠯᠯᠠᠨ ᠦᠢᠯᠡᠳᠦᠭᠰᠡᠨ ︽ᠤᠯᠠᠮᠵᠢᠯᠠᠯᠲᠤ ᠦᠱᠦ ᠶᠢᠨ ᠴᠥᠷᠬᠡᠯᠡᠭᠡ | ᠤᠷᠤᠯᠳᠤᠭᠠᠨ ᠤ ᠳᠦᠷᠢᠮ︾ ᠢᠶᠠᠷ ᠯᠠᠪᠯᠠᠯᠲᠠ ᠪᠣᠯᠭᠠᠵᠤ᠂ 42 ᠬᠡᠯᠪᠡᠷᠢ ᠶᠢᠨ ᠲᠠᠢ ᠵᠢᠢ ᠨᠢᠳᠤᠷᠭ᠎ᠠ᠂ 42 | ᠬᠡᠯᠪᠡᠷᠢ ᠶᠢᠨ ᠲᠠᠢ ᠵᠢᠢ ᠰᠡᠯᠡᠮ᠎ᠡ ᠶᠢᠨ ᠰᠣᠯᠢᠯᠴᠠᠭᠠᠨ ᠤ ᠵᠦᠢᠯᠡᠰ ᠢ ᠲᠣᠬᠢᠷᠠᠭᠤᠯᠪᠠ᠃ ᠲᠤᠰ ᠠᠵᠢᠯᠯᠠᠭ᠎ᠠ ᠨᠢ ᠪᠦᠬᠦ | ᠣᠷᠣᠨ ᠤ ᠥᠷᠭᠡᠨ ᠤᠯᠠᠨ ᠨᠠᠰᠤᠲᠠᠶᠢᠴᠤᠳ ᠲᠠᠢ ᠵᠢᠢ ᠨᠢᠳᠤᠷᠭ᠎ᠠ ︵ᠰᠡᠯᠡᠮ᠎ᠡ︶ ᠳᠤ ᠪᠠᠭ᠋ᠠᠲᠠᠢ ᠬᠥᠮᠥᠰ ᠲᠤ ᠪᠡᠶ᠎ᠡ | ᠮᠠᠬᠠᠪᠤᠳ ᠢᠶᠠᠨ ᠳᠠᠪᠲᠠᠨ ᠪᠣᠯᠪᠠᠰᠤᠷᠠᠭᠤᠯᠬᠤ᠂ ᠤᠷ᠎ᠠ ᠮᠡᠷᠭᠡᠵᠢᠯ ᠢᠶᠠᠨ ᠰᠣᠯᠢᠯᠴᠠᠬᠤ᠂ ᠬᠠᠷᠢᠯᠴᠠᠨ ᠰᠣᠯᠢᠯᠴᠠᠬᠤ | ᠲᠠᠪᠴᠠᠩ ᠬᠠᠩᠭᠠᠵᠤ᠂ ᠨᠠᠰᠤᠲᠠᠶᠢᠴᠤᠳ ᠤᠨ ᠤᠶᠤᠨ ᠤ ᠰᠣᠶᠣᠯ ᠤᠨ ᠠᠮᠢᠳᠤᠷᠠᠯ ᠢ ᠴᠢᠨᠠᠭᠰᠢᠳᠠ ᠪᠠᠶᠠᠯᠢᠭᠵᠢᠭᠤᠯᠵᠤ | ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠨ ᠳᠡᠯᠭᠡᠷᠡᠭᠦᠯᠵᠡᠢ᠃ | ᠡᠬᠢᠯᠡᠯᠲᠡ ᠶᠢᠨ ᠶᠣᠰᠣᠯᠠᠯ ᠤᠨ ᠳᠠᠷᠠᠭ᠎ᠠ᠂ ᠰᠣᠯᠢᠯᠴᠠᠭᠠᠨ ᠤ ᠠᠵᠢᠯᠯᠠᠭ᠎ᠠ ᠳᠤ ᠣᠷᠣᠯᠴᠠᠭᠰᠠᠨ ᠡᠯ᠎ᠡ ᠭᠠᠵᠠᠷ ᠤᠨ | ᠲᠥᠯᠥᠭᠡᠯᠡᠭᠴᠢᠳ ᠤᠨ ᠠᠩᠭᠢ ᠳᠠᠷᠠᠭᠠᠯᠠᠨ ᠲᠠᠶᠢᠰᠠᠨ ᠳᠤ ᠭᠠᠷᠴᠤ ᠲᠠᠢ ᠵᠢᠢ ᠨᠢᠳᠤᠷᠭ᠎ᠠ ᠶᠢᠨ ᠡᠷᠳᠡᠮ ᠢ ᠳᠡᠯᠭᠡᠨ | ᠦᠵᠡᠭᠦᠯᠪᠡ᠃ ᠲᠠᠮᠢᠷᠴᠢᠳ ᠨᠠᠮᠤᠭᠤᠬᠠᠨ ᠬᠤᠪᠴᠠᠰᠤ ᠵᠠᠰᠠᠯ ᠢᠶᠠᠨ ᠡᠮᠦᠰᠦᠨ᠂ ᠠᠶᠠᠲᠠᠢ ᠬᠥᠭᠵᠢᠮ ᠤᠨ ᠠᠶᠠᠰ ᠢ | ᠳᠠᠭᠠᠯᠳᠤᠨ᠂ ᠬᠥᠳᠡᠯᠦᠯ ᠪᠠᠷᠢᠯ ᠨᠢ ᠴᠡᠪᠡᠷ ᠴᠡᠮᠴᠡᠭᠡᠷ᠂ ᠤᠶᠠᠨ ᠬᠠᠲᠠᠨ᠂ ᠲᠤᠶᠢᠯ ᠤᠨ ᠲᠠᠲᠠᠬᠤ ᠬᠦᠴᠦᠨ ᠲᠠᠢ | ᠪᠠᠶᠢᠵᠤ᠂ ᠰᠢᠨ᠎ᠡ ᠴᠠᠭ ᠦᠶ᠎ᠡ ᠶᠢᠨ ᠨᠠᠰᠤᠲᠠᠶᠢᠴᠤᠳ ᠤᠨ ᠢᠳᠡᠪᠬᠢᠲᠡᠢ ᠪᠠᠷ ᠥᠭᠡᠳᠡᠯᠡᠨ ᠳᠠᠪᠰᠢᠬᠤ᠂ ᠡᠷᠡᠭᠦᠯ | ᠰᠠᠷᠠᠭᠤᠯ ᠥᠭᠡᠳᠡᠷᠬᠡᠭ ᠴᠤᠭ ᠰᠦᠯᠳᠡ ᠶᠢ ᠭᠦᠢᠴᠡᠳ ᠢᠯᠡᠷᠡᠭᠦᠯᠦᠭᠰᠡᠨ ᠪᠠᠶᠢᠨ᠎ᠠ᠃ | | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |