ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠡᠯ᠎ᠡ ᠨᠡᠭᠡᠭᠡᠯᠲᠡ ᠶᠢᠨ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠭᠡᠷ᠂ | ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄ | ︽ᠤᠯᠠᠭᠠᠨᠴᠠᠪ ᠬᠤᠲᠠ ᠶᠢᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ | ᠳᠠᠷᠠᠭᠠᠬᠢ ᠦᠨᠡᠯᠡᠨ ᠵᠢᠱᠢᠬᠦ ᠠᠷᠭ᠎ᠠ︾ ᠶᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ | ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | 2023 ᠣᠨ ᠤ 5 ᠰᠠᠷ᠎ᠠ ᠶᠢᠨ 22 ᠤ ᠡᠳᠦᠷ | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | | | ᠤᠯᠠᠭᠠᠨᠴᠠᠪ ᠬᠤᠲᠠ ᠶᠢᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠳᠠᠷᠠᠭᠠᠬᠢ | ᠦᠨᠡᠯᠡᠨ ᠵᠢᠱᠢᠬᠦ ᠠᠷᠭ᠎ᠠ | | ᠨᠢᠭᠡᠳᠦᠭᠡᠷ ᠵᠦᠢᠯ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠴᠢᠩᠭᠠᠳᠬᠠᠨ᠂ ᠬᠠᠤᠯᠢᠵᠢᠯ ᠤᠨ ᠵᠠᠰᠠᠭ ᠤᠨ | ᠣᠷᠳᠣᠨ ᠤ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠮᠠᠨ ᠤ ᠬᠤᠳᠠ ᠶᠢᠨ ᠵᠠᠰᠠᠭ ᠵᠠᠬᠢᠷᠭᠠᠨ ᠤ ᠵᠢᠷᠤᠮᠵᠢᠯ ᠤᠨ | ᠴᠢᠨᠠᠷᠲᠠᠢ ᠪᠢᠴᠢᠭ ᠮᠠᠲ᠋ᠧᠷᠢᠶᠠᠯ ᠤᠨ ᠦᠷ᠎ᠡ ᠪᠦᠲᠦᠮᠵᠢᠲᠦ ᠴᠢᠨᠠᠷ ᠢ ᠨᠡᠮᠡᠭᠳᠡᠭᠦᠯᠦᠨ᠂ ᠵᠠᠰᠠᠭ ᠵᠠᠬᠢᠷᠭᠠᠨ ᠤ | ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠳᠠᠷᠠᠭᠠᠬᠢ ᠦᠨᠡᠯᠡᠨ ᠵᠢᠱᠢᠬᠦ ᠠᠵᠢᠯ ᠢ ᠵᠢᠷᠤᠮᠵᠢᠭᠤᠯᠬᠤ ᠶᠢᠨ | ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠤᠮᠵᠢᠯ ᠤᠨ ᠴᠢᠨᠠᠷᠲᠠᠢ ᠪᠢᠴᠢᠭ | ᠮᠠᠲ᠋ᠧᠷᠢᠶᠠᠯ ᠲᠣᠭᠲᠠᠭᠠᠬᠤ ᠪᠠ ᠳᠠᠩᠰᠠᠯᠠᠵᠤ ᠬᠢᠨᠠᠯᠲᠠ ᠲᠠᠯᠪᠢᠬᠤ ᠠᠷᠭ᠎ᠠ︾ ︵ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 191 ᠳ᠋ᠦ᠋ᠭᠡᠷ ᠲᠣᠭᠠᠲᠤ ︶ ᠶᠢ ᠦᠨᠳᠦᠰᠦᠯᠡᠨ᠂ | ᠮᠠᠨ ᠤ ᠬᠤᠳᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠬᠤᠲᠠ ᠶᠢᠨ ᠲᠣᠰ ᠱᠠᠲᠤᠨ ᠤ ᠪᠠ ᠬᠤᠰᠢᠭᠤ ᠰᠢᠶᠠᠨ ᠬᠤᠲᠠ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠠᠯᠪᠠᠨ ᠭᠡᠷ᠂ ᠬᠠᠷᠢᠶ᠎ᠠ ᠪᠦᠬᠦᠢ ᠰᠠᠯᠠᠭ᠎ᠠ ᠮᠥᠴᠢᠷ᠂ | ᠪᠠᠶᠢᠭᠤᠯᠤᠮᠵᠢ ᠵᠢᠴᠢ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠵᠣᠬᠢᠶᠠᠨ | ᠪᠠᠶᠢᠭᠤᠯᠤᠯᠲᠠ ᠶᠢᠨ ᠲᠣᠭᠲᠠᠭᠠᠭᠰᠠᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ | ᠲᠣᠭᠲᠠᠭᠠᠭᠰᠠᠨ ᠤ ᠳᠠᠷᠠᠭ᠎ᠠ ᠦᠨᠡᠯᠡᠨ ᠵᠢᠱᠢᠬᠦ ᠳᠤ ᠲᠣᠰ ᠠᠷᠭ᠎ᠠ ᠬᠡᠷᠡᠭᠯᠡᠭᠳᠡᠨ᠎ᠡ᠃ | ᠭᠤᠷᠪᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ | ᠪᠢᠴᠢᠭ ᠮᠠᠲ᠋ᠧᠷᠢᠶᠠᠯ ᠤᠨ ᠳᠠᠷᠠᠭᠠᠬᠢ ᠦᠨᠡᠯᠡᠨ ᠵᠢᠱᠢᠯᠲᠡ ᠭᠡᠳᠡᠭ ᠨᠢ ᠵᠠᠰᠠᠭ ᠵᠠᠬᠢᠷᠭᠠᠨ ᠤ ᠳᠦᠷᠢᠮᠵᠢᠯ ᠤᠨ ᠴᠢᠨᠠᠷᠲᠠᠢ | ᠪᠢᠴᠢᠭ ᠮᠠᠲ᠋ᠧᠷᠢᠶᠠᠯ ᠢ ᠨᠡᠶᠢᠲᠡᠯᠡᠵᠦ ᠬᠡᠷᠡᠭᠵᠢᠭᠦᠯᠦᠭᠰᠡᠨ ᠤ ᠳᠠᠷᠠᠭ᠎ᠠ᠂ ᠵᠠᠰᠠᠭ ᠵᠠᠬᠢᠷᠭᠠᠨ ᠤ ᠳᠦᠷᠢᠮᠵᠢᠯ ᠤᠨ ᠴᠢᠨᠠᠷᠲᠠᠢ | ᠪᠢᠴᠢᠭ ᠮᠠᠲ᠋ᠧᠷᠢᠶᠠᠯ ᠢ ᠲᠣᠭᠲᠠᠭᠠᠬᠤ ᠵᠣᠷᠢᠯᠭ᠎ᠠ ᠵᠢᠴᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠳᠠᠲᠤ | ᠪᠠᠶᠢᠳᠠᠯ ᠢ ᠦᠨᠳᠦᠰᠦᠯᠡᠨ᠂ ᠵᠣᠬᠢᠬᠤ ᠪᠠᠷᠢᠮᠵᠢᠶ᠎ᠠ ᠪᠣᠯᠣᠨ ᠳᠡᠰ ᠳᠠᠷᠠᠭᠠᠯᠠᠯ ᠤᠨ ᠶᠣᠰᠣᠭᠠᠷ ᠵᠠᠰᠠᠭ ᠵᠠᠬᠢᠷᠭᠠᠨ ᠤ | ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠮᠢᠶ᠎ᠠ ᠪᠦᠬᠦᠢ ᠠᠭᠤᠯᠭ᠎ᠠ ᠶᠢᠨ ᠬᠠᠤᠯᠢ ᠶᠣᠰᠣᠨ ᠤ ᠴᠢᠨᠠᠷ᠂ | ᠵᠦᠢ ᠶᠣᠰᠣᠨ ᠤ ᠴᠢᠨᠠᠷ᠂ ᠬᠡᠷᠡᠭᠵᠢᠭᠦᠯᠵᠦ ᠪᠣᠯᠬᠤᠶᠢᠴᠠ ᠴᠢᠨᠠᠷ ᠵᠢᠴᠢ ᠬᠡᠷᠡᠭᠵᠢᠭᠦᠯᠦᠭᠰᠡᠨ ᠦᠷ᠎ᠡ ᠪᠦᠲᠦᠮᠵᠢ᠂ | ᠣᠷᠣᠰᠢᠵᠤ ᠪᠠᠶᠢᠭ᠎ᠠ ᠠᠰᠠᠭᠤᠳᠠᠯ᠂ ᠨᠥᠯᠥᠭᠡᠯᠡᠬᠦ ᠬᠦᠴᠦᠨ ᠵᠦᠢᠯ ᠵᠡᠷᠭᠡ ᠳᠤ ᠪᠦᠬᠦ ᠲᠠᠯ᠎ᠠ ᠶᠢᠨ ᠮᠥᠷᠳᠡᠨ | ᠪᠠᠶᠢᠴᠠᠭᠠᠯᠲᠠ ᠬᠢᠵᠦ᠂ ᠵᠠᠳᠠᠯᠤᠨ ᠦᠨᠡᠯᠡᠭᠰᠡᠨ ᠤ ᠳᠠᠷᠠᠭ᠎ᠠ ᠦᠨᠡᠯᠡᠨ ᠵᠢᠱᠢᠭᠰᠡᠨ ᠰᠠᠨᠠᠯ ᠢᠶᠠᠨ ᠳᠤᠷᠠᠳᠴᠤ᠂ ᠡᠭᠦᠨ ᠤ | ᠬᠠᠮᠲᠤ ᠡᠭᠦᠨ ᠢᠶᠠᠷ ᠲᠣᠰ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠦᠯᠡᠳᠡᠭᠡᠬᠦ᠂ | ᠵᠠᠰᠠᠪᠤᠷᠢ ᠣᠷᠣᠭᠤᠯᠬᠤ᠂ ᠬᠦᠴᠦᠨ ᠦᠭᠡᠢ ᠪᠣᠯᠭᠠᠬᠤ ᠪᠤᠶᠤ ᠬᠦᠴᠦᠨ ᠦᠭᠡᠢ ᠪᠣᠯᠤᠭᠰᠠᠨ ᠢ ᠨᠡᠶᠢᠲᠡᠯᠡᠬᠦ ᠶᠢᠨ | ᠴᠢᠬᠤᠯᠠ ᠦᠨᠳᠦᠰᠦᠯᠡᠯ ᠪᠣᠯᠭᠠᠬᠤ ᠠᠵᠢᠯᠯᠠᠭ᠎ᠠ ᠪᠣᠯᠣᠨ᠎ᠠ᠃ | ᠳᠥᠷᠪᠡᠳᠦᠭᠡᠷ ᠵᠦᠢᠯ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠭᠰᠠᠨ ᠤ | ᠳᠠᠷᠠᠭᠠᠬᠢ ᠦᠨᠡᠯᠡᠨ ᠵᠢᠱᠢᠬᠦ ᠠᠵᠢᠯ ᠳᠤ ᠪᠤᠰᠤᠳᠴᠢ ᠪᠥᠭᠡᠳ ᠲᠥᠪ ᠭᠤᠥᠯᠴᠢ᠂ ᠢᠯᠡ ᠲᠣᠳᠣ᠂ ᠣᠯᠠᠨ | ᠨᠡᠶᠢᠲᠡ ᠪᠠᠷ ᠢᠶᠠᠨ ᠣᠷᠣᠯᠴᠠᠬᠤ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ ᠵᠠᠷᠴᠢᠮ ᠢ ᠵᠢᠷᠤᠮᠯᠠᠨ᠎ᠠ᠃ | ᠲᠠᠪᠤᠳᠤᠭᠠᠷ ᠵᠦᠢᠯ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠳᠤ ᠳᠣᠣᠷᠠᠬᠢ ᠮᠡᠲᠦ | ᠪᠠᠶᠢᠳᠠᠯ ᠲᠠᠢ ᠪᠠᠶᠢᠪᠠᠯ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠭᠰᠠᠨ ᠤ | ᠳᠠᠷᠠᠭᠠᠬᠢ ᠦᠨᠡᠯᠡᠨ ᠵᠢᠱᠢᠯᠲᠡ ᠶᠢ ᠵᠣᠬᠢᠶᠠᠨ ᠪᠠᠶᠢᠭᠤᠯᠤᠨ ᠬᠢᠨ᠎ᠡ᠄ | ︵ᠨᠢᠭᠡ︶ ᠠᠷᠠᠳ ᠢᠷᠭᠡᠨ᠂ ᠬᠠᠤᠯᠢ ᠶᠢᠨ ᠬᠥᠮᠥᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠲᠤᠰᠬᠠᠭᠰᠠᠨ | ᠰᠠᠨᠠᠯ ᠨᠢ ᠨᠡᠯᠢᠶᠡᠳ ᠠᠷᠪᠢᠨ ᠪᠠᠶᠢᠬᠤ︔ | ︵ᠬᠤᠶᠠᠷ︶ ᠴᠢᠬᠤᠯᠠ ᠶᠡᠭᠡ ᠵᠠᠰᠠᠪᠤᠷᠢ ᠣᠷᠣᠭᠤᠯᠬᠤ ᠪᠠᠷ ᠲᠥᠰᠥᠪᠯᠡᠭᠰᠡᠨ︔ | ︵ᠭᠤᠷᠪᠠ︶ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠦᠴᠦᠨ ᠲᠠᠢ | ᠬᠤᠭᠤᠴᠠᠭ᠎ᠠ ᠨᠢ ᠳᠦᠭᠦᠷᠦᠭᠰᠡᠨ︔ | ︵ᠳᠥᠷᠪᠡ︶ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ | ᠵᠥᠪᠯᠡᠯᠭᠡᠨ ᠪᠤᠶᠤ ᠬᠠᠤᠯᠢ ᠴᠠᠭᠠᠵᠠ ᠶᠢᠨ ᠪᠠᠶᠢᠭᠤᠯᠭ᠎ᠠ ᠠᠴᠠ ᠦᠨᠡᠯᠡᠨ ᠵᠢᠱᠢᠯᠲᠡ ᠬᠢᠯᠭᠡᠬᠦ ᠰᠠᠨᠠᠭᠤᠯᠭ᠎ᠠ ᠭᠠᠷᠭᠠᠭᠰᠠᠨ︔ | ︵ᠲᠠᠪᠤ︶ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠦᠨᠡᠯᠡᠨ ᠵᠢᠱᠢᠬᠦ | ᠴᠢᠬᠤᠯᠠᠲᠠᠢ ᠭᠡᠵᠦ ᠦᠵᠡᠭᠰᠡᠨ᠃ | ᠵᠢᠷᠭᠤᠳᠤᠭᠠᠷ ᠵᠦᠢᠯ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠤᠤᠯ ᠤᠨ | ᠲᠣᠭᠲᠠᠭᠠᠭᠰᠠᠨ ᠨᠢᠭᠡᠴᠢ ᠪᠤᠶᠤ ᠭᠤᠣᠯ ᠬᠡᠷᠡᠭᠵᠢᠭᠦᠯᠬᠦ ᠨᠢᠭᠡᠴᠢ ᠪᠣᠯ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ | ᠪᠢᠴᠢᠭ ᠮᠠᠲ᠋ᠧᠷᠢᠶᠠᠯ ᠢ ᠬᠡᠷᠡᠭᠵᠢᠭᠦᠯᠦᠭᠰᠡᠨ ᠤ ᠳᠠᠷᠠᠭᠠᠬᠢ ᠦᠨᠡᠯᠡᠨ ᠵᠢᠱᠢᠬᠦ ᠠᠵᠢᠯ ᠢ ᠪᠣᠳᠠᠲᠠᠢ ᠬᠠᠷᠢᠭᠤᠴᠠᠬᠤ ᠨᠢᠭᠡᠴᠢ | ᠪᠣᠯᠣᠨ᠎ᠠ᠃ | ᠳᠣᠯᠣᠳᠤᠭᠠᠷ ᠵᠦᠢᠯ ︽ᠬᠡᠨ ᠲᠤᠭᠤᠷᠪᠢᠪᠠᠯ ᠲᠡᠷᠡ ᠦᠨᠡᠯᠡᠨ ᠵᠢᠱᠢᠬᠦ᠂ ᠬᠡᠨ ᠬᠡᠷᠡᠭᠵᠢᠭᠦᠯᠪᠡᠯ ᠲᠡᠷᠡ ᠦᠨᠡᠯᠡᠨ | ᠵᠢᠱᠢᠬᠦ᠂ ᠬᠡᠨ ᠦᠨᠡᠯᠡᠨ ᠵᠢᠱᠢᠭᠰᠡᠨ ᠪᠣᠯ ᠲᠡᠷᠡ ᠬᠠᠷᠢᠭᠤᠴᠠᠬᠤ︾ ᠵᠠᠷᠴᠢᠮ ᠶᠣᠰᠣᠭᠠᠷ᠂ ᠵᠠᠰᠠᠭ ᠵᠠᠬᠢᠷᠭᠠᠨ ᠤ | ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠦᠨᠡᠯᠡᠨ ᠵᠢᠱᠢᠬᠦ ᠠᠵᠢᠯ ᠢ ᠡᠩ ᠤᠨ ᠪᠠᠶᠢᠳᠠᠯ ᠳᠤ ᠤᠤᠯ ᠤᠨ | ᠲᠣᠭᠲᠠᠭᠠᠭᠰᠠᠨ ᠨᠢᠭᠡᠴᠢ ᠪᠤᠶᠤ ᠭᠤᠣᠯ ᠬᠡᠷᠡᠭᠵᠢᠭᠦᠯᠬᠦ ᠨᠢᠭᠡᠴᠢ ᠠᠴᠠ ᠬᠠᠷᠢᠭᠤᠴᠠᠨ᠎ᠠ︔ ᠰᠠᠯᠠᠭ᠎ᠠ ᠮᠥᠴᠢᠷ ᠤᠳ | ᠬᠠᠮᠲᠤᠷᠠᠨ ᠲᠣᠭᠲᠠᠭᠠᠭᠰᠠᠨ ᠪᠤᠶᠤ ᠣᠯᠠᠨ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠳᠤ ᠬᠤᠯᠪᠣᠭᠳᠠᠭᠰᠠᠨ | ᠪᠠᠶᠢᠪᠠᠯ᠂ ᠲᠦᠷᠦᠭᠦᠯᠡᠨ ᠭᠦᠢᠴᠡᠳᠬᠡᠬᠦ ᠰᠠᠯᠠᠭ᠎ᠠ ᠮᠥᠴᠢᠷ ᠠᠴᠠ ᠬᠠᠷᠢᠭᠤᠴᠠᠨ ᠵᠣᠬᠢᠶᠠᠨ ᠪᠠᠶᠢᠭᠤᠯᠤᠨ᠎ᠠ︔ | ᠬᠡᠷᠡᠭᠵᠢᠭᠦᠯᠬᠦ ᠰᠠᠯᠠᠭ᠎ᠠ ᠮᠥᠴᠢᠷ ᠤᠳ ᠣᠯᠠᠨ ᠪᠠᠶᠢᠪᠠᠯ᠂ ᠬᠡᠷᠡᠭᠵᠢᠭᠦᠯᠬᠦ ᠭᠤᠣᠯ ᠰᠠᠯᠠᠭ᠎ᠠ ᠮᠥᠴᠢᠷ ᠨᠢ ᠳᠠᠷᠠᠭᠠᠬᠢ | ᠦᠨᠡᠯᠡᠨ ᠵᠢᠱᠢᠬᠦ ᠬᠠᠷᠢᠭᠤᠴᠠᠯᠭᠠᠲᠤ ᠨᠢᠭᠡᠴᠢ ᠪᠣᠯᠣᠨ᠎ᠠ︔ ᠲᠣᠭᠲᠠᠭᠠᠭᠰᠠᠨ ᠨᠢᠭᠡᠴᠢ ᠨᠢ ᠬᠠᠰᠤᠭᠳᠠᠭᠰᠠᠨ ᠪᠤᠶᠤ | ᠡᠷᠬᠡ ᠲᠤᠰᠢᠶᠠᠯ ᠳᠤᠨᠢ ᠨᠢᠭᠡᠨᠲᠡ ᠲᠣᠬᠢᠷᠠᠭᠤᠯᠤᠯᠲᠠ ᠬᠢᠭᠰᠡᠨ ᠪᠠᠶᠢᠪᠠᠯ᠂ ᠲᠡᠭᠦᠨ ᠤ ᠡᠷᠬᠡ ᠲᠤᠰᠢᠶᠠᠯ ᠢ | ᠦᠷᠭᠦᠯᠵᠢᠯᠡᠨ ᠬᠡᠷᠡᠭᠵᠢᠭᠦᠯᠵᠦ ᠪᠠᠶᠢᠭ᠎ᠠ ᠨᠢᠭᠡᠴᠢ ᠠᠴᠠ ᠬᠠᠷᠢᠭᠤᠴᠠᠨ᠎ᠠ᠃ | ᠨᠠᠢᠮᠠᠳᠤᠭᠠᠷ ᠵᠦᠢᠯ ᠦᠨᠡᠯᠡᠨ ᠵᠢᠱᠢᠬᠦ ᠨᠢᠭᠡᠴᠢ ᠨᠢ ᠰᠡᠭᠦᠯᠴᠢ ᠶᠢᠨ ᠦᠨᠡᠯᠡᠨ ᠵᠢᠱᠢᠬᠦ ᠠᠵᠢᠯ ᠤᠨ ᠪᠦᠬᠦᠨ ᠢ | ᠪᠤᠶᠤ ᠬᠡᠰᠡᠭ ᠵᠦᠢᠯᠡᠰ ᠢ ᠬᠤᠯᠪᠣᠭᠳᠠᠯ ᠪᠦᠬᠦᠢ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ | ᠪᠠᠶᠢᠭᠤᠯᠤᠮᠵᠢ᠂ ᠨᠡᠶᠢᠭᠡᠮ ᠤᠨ ᠪᠦᠯᠬᠦᠮ᠂ ᠵᠠᠭᠤᠴᠢ ᠵᠣᠬᠢᠶᠠᠨ ᠪᠠᠶᠢᠭᠤᠯᠤᠯᠲᠠ ᠵᠡᠷᠭᠡ ᠨᠢᠭᠡᠴᠢ ᠳᠤ ᠨᠠᠶᠢᠳᠠᠨ | ᠬᠡᠷᠡᠭᠵᠢᠭᠦᠯᠦᠭᠦᠯᠵᠦ ᠪᠣᠯᠣᠨ᠎ᠠ᠃ | ᠶᠢᠰᠦᠳᠦᠭᠡᠷ ᠵᠦᠢᠯ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ | ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠬᠦ ᠪᠠᠷᠢᠮᠵᠢᠶ᠎ᠠ ᠳᠤ᠄ | ︵ᠨᠢᠭᠡ︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ ᠲᠣᠭᠲᠠᠭᠠᠬᠤ᠂ ᠵᠠᠰᠠᠬᠤ᠂ | ᠬᠦᠴᠦᠨ ᠦᠭᠡᠢ ᠪᠣᠯᠭᠠᠬᠤ᠂ ᠲᠠᠶᠢᠯᠪᠤᠷᠢᠯᠠᠬᠤ ᠲᠠᠢ ᠤᠶᠠᠯᠳᠤᠭᠤᠯᠤᠨ᠂ ᠣᠲᠣ ᠶᠢᠨ ᠬᠡᠷᠡᠭᠵᠢᠭᠦᠯᠵᠦ ᠪᠠᠶᠢᠭ᠎ᠠ ᠬᠠᠤᠯᠢ | ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ᠂ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠠ | ᠵᠠᠰᠠᠭ ᠤᠨ ᠣᠷᠳᠣᠨ ᠤ ᠳᠦᠷᠢᠮ ᠲᠣᠭᠲᠠᠭᠠᠯ᠂ ᠰᠠᠯᠠᠭ᠎ᠠ ᠮᠥᠴᠢᠷ ᠤᠨ ᠳᠦᠷᠢᠮ ᠲᠣᠭᠲᠠᠭᠠᠯ ᠲᠠᠢ ᠬᠠᠷᠰᠢᠯᠳᠤᠵᠤ | ᠪᠠᠶᠢᠬᠤ ᠡᠰᠡᠬᠦ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠲᠥᠷᠥ ᠶᠢᠨ ᠪᠣᠳᠣᠯᠭ᠎ᠠ ᠲᠠᠢ | ᠮᠥᠷᠭᠦᠯᠳᠦᠵᠦ ᠪᠠᠶᠢᠬᠤ ᠡᠰᠡᠬᠦ ᠶᠢ ᠬᠢᠨᠠᠨ ᠬᠠᠷᠭᠤᠭᠤᠯᠬᠤ︔ | ︵ᠬᠤᠶᠠᠷ︶ ᠲᠣᠭᠲᠠᠭᠠᠭᠰᠠᠨ ᠨᠢᠭᠡᠴᠢ ᠶᠢᠨ ᠬᠠᠤᠯᠢ ᠪᠠᠷ ᠲᠣᠭᠲᠠᠭᠠᠭᠰᠠᠨ ᠡᠷᠬᠡ ᠲᠤᠰᠢᠶᠠᠯ ᠠᠴᠠ ᠳᠠᠪᠠᠭᠰᠠᠨ | ᠪᠤᠶᠤ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠡᠷᠬᠡ ᠣᠯᠭᠤᠭᠰᠠᠨ ᠬᠡᠪᠴᠢᠶ᠎ᠡ ᠠᠴᠠ | ᠳᠠᠪᠠᠭᠰᠠᠨ ᠡᠰᠡᠬᠦ︔ | ︵ᠭᠤᠷᠪᠠ︶ ᠬᠠᠤᠯᠢ ᠴᠠᠭᠠᠵᠠ ᠬᠠᠤᠯᠢ ᠲᠣᠭᠲᠠᠭᠠᠯ ᠤᠨ ᠦᠨᠳᠦᠰᠦ ᠪᠠᠷᠢᠮᠲᠠ ᠦᠭᠡᠢ ᠪᠠᠷ ᠠᠷᠠᠳ ᠢᠷᠭᠡᠨ᠂ | ᠬᠠᠤᠯᠢ ᠶᠢᠨ ᠬᠥᠮᠥᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠰᠤᠵᠤ | ᠬᠤᠬᠢᠷᠠᠭᠤᠯᠤᠭᠰᠠᠨ ᠪᠤᠶᠤ ᠲᠡᠭᠦᠨ ᠤ ᠡᠭᠦᠷᠭᠡ ᠶᠢ ᠨᠡᠮᠡᠭᠳᠡᠭᠦᠯᠦᠭᠰᠡᠨ ᠪᠠᠶᠢᠳᠠᠯ ᠣᠷᠣᠰᠢᠵᠤ ᠪᠠᠶᠢᠬᠤ ᠡᠰᠡᠬᠦ︔ | ︵ᠳᠥᠷᠪᠡ︶ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠦᠨᠳᠦᠰᠦ ᠪᠠᠷᠢᠮᠲᠠ ᠦᠭᠡᠢ ᠪᠠᠷ ᠭᠠᠷᠭᠠᠭᠰᠠᠨ | ᠲᠤᠰ ᠨᠢᠭᠡᠴᠢ ᠶᠢᠨ ᠢᠶᠠᠨ ᠡᠷᠬᠡ ᠶᠢ ᠨᠡᠮᠡᠭᠳᠡᠭᠦᠯᠦᠭᠰᠡᠨ ᠪᠤᠶᠤ ᠲᠤᠰ ᠨᠢᠭᠡᠴᠢ ᠶᠢᠨ ᠢᠶᠠᠨ ᠬᠠᠤᠯᠢ ᠪᠠᠷ ᠲᠣᠭᠲᠠᠭᠠᠭᠰᠠᠨ | ᠲᠤᠰᠢᠶᠠᠯ ᠬᠠᠷᠢᠭᠤᠴᠠᠯᠭ᠎ᠠ ᠶᠢ ᠬᠠᠰᠤᠭᠰᠠᠨ ᠪᠠᠶᠢᠳᠠᠯ ᠣᠷᠣᠰᠢᠵᠤ ᠪᠠᠶᠢᠬᠤ ᠡᠰᠡᠬᠦ︔ | ︵ᠲᠠᠪᠤ︶ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠰᠢᠢᠳᠬᠡᠯ᠂ ᠵᠠᠰᠠᠭ ᠵᠠᠬᠢᠷᠭᠠᠨ ᠤ | ᠠᠯᠪᠠᠳᠠᠯᠭ᠎ᠠ᠂ ᠭᠡᠷᠡᠴᠢᠯᠡᠯ ᠵᠡᠷᠭᠡ ᠵᠦᠢᠯᠡᠰ ᠢ ᠲᠣᠭᠲᠠᠭᠠᠭᠰᠠᠨ ᠡᠰᠡᠬᠦ᠂ ᠵᠠᠰᠠᠭ ᠵᠠᠬᠢᠷᠭᠠᠨ ᠤ ᠵᠥᠪᠰᠢᠶᠡᠷᠡᠯ ᠤᠨ | ᠵᠦᠢᠯᠡᠰ ᠢ ᠰᠢᠢᠳᠪᠦᠷᠢᠯᠡᠬᠦ ᠨᠥᠬᠦᠴᠡᠯ ᠢ ᠨᠡᠮᠡᠭᠰᠡᠨ ᠡᠰᠡᠬᠦ︔ | ︵ᠵᠢᠷᠭᠤᠭ᠎ᠠ︶ ᠭᠤᠣᠯᠴᠢ ᠪᠠᠷ ᠥᠷᠢᠰᠦᠯᠳᠦᠬᠦ ᠶᠢ ᠭᠠᠳᠠᠭᠤᠷᠴᠢᠯᠠᠬᠤ ᠪᠤᠶᠤ ᠬᠢᠵᠠᠭᠠᠷᠯᠠᠬᠤ ᠠᠭᠤᠯᠭ᠎ᠠ ᠲᠠᠢ | ᠠᠷᠭ᠎ᠠ ᠬᠡᠮᠵᠢᠶ᠎ᠡ ᠶᠢ ᠬᠠᠤᠯᠢ ᠠᠴᠠ ᠵᠥᠷᠢᠴᠡᠨ ᠲᠣᠭᠲᠠᠭᠠᠭᠰᠠᠨ ᠡᠰᠡᠬᠦ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ | ᠬᠡᠪ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠬᠠᠤᠯᠢ ᠠᠴᠠ ᠵᠥᠷᠢᠴᠡᠨ ᠬᠠᠷᠰᠢᠯᠠᠭᠰᠠᠨ ᠪᠤᠶᠤ | ᠨᠥᠯᠥᠭᠡᠯᠡᠭᠰᠡᠨ ᠪᠠ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ ᠤᠬᠤᠷᠢᠨ ᠭᠠᠷᠬᠤ ᠨᠥᠬᠦᠴᠡᠯ ᠢ | ᠬᠠᠤᠯᠢ ᠠᠴᠠ ᠵᠥᠷᠢᠴᠡᠨ ᠲᠣᠬᠢᠷᠠᠭᠤᠯᠤᠭᠰᠠᠨ ᠡᠰᠡᠬᠦ︔ | ︵ᠲᠤᠯᠤᠭ᠎ᠠ︶ ᠲᠣᠭᠲᠠᠭᠠᠭᠰᠠᠨ ᠠᠷᠭ᠎ᠠ᠂ ᠠᠷᠭ᠎ᠠ ᠬᠡᠮᠵᠢᠶ᠎ᠡ ᠨᠢ ᠪᠣᠳᠠᠲᠤ ᠪᠠᠶᠢᠳᠠᠯ ᠲᠠᠢ ᠨᠡᠶᠢᠴᠡᠵᠦ ᠪᠠᠶᠢᠬᠤ | ᠡᠰᠡᠬᠦ᠂ ᠪᠣᠳᠠᠲᠠᠢ ᠪᠥᠭᠡᠳ ᠶᠠᠪᠤᠭᠳᠠᠭᠤᠰᠢᠲᠠᠢ᠂ ᠬᠠᠨᠳᠤᠯᠭᠠᠲᠤ ᠴᠢᠨᠠᠷ ᠲᠠᠢ᠂ ᠬᠡᠷᠡᠭᠵᠢᠭᠦᠯᠬᠦ ᠳᠤ ᠬᠢᠯᠪᠡᠷ᠂ | ᠲᠣᠭᠲᠠᠭᠠᠭᠰᠠᠨ ᠠᠷᠭ᠎ᠠ ᠬᠡᠮᠵᠢᠶ᠎ᠡ ᠨᠢ ᠥᠨᠳᠥᠷ ᠦᠷ᠎ᠡ ᠠᠰᠢᠭ ᠲᠠᠢ᠂ ᠠᠷᠠᠳ ᠲᠤ ᠲᠦᠬᠦᠮ ᠪᠠᠶᠢᠬᠤ ᠡᠰᠡᠬᠦ︔ | ᠲᠣᠭᠲᠠᠭᠠᠭᠰᠠᠨ ᠵᠢᠷᠤᠮ ᠨᠢ ᠵᠦᠢ ᠶᠣᠰᠣᠨ ᠳᠤ ᠨᠡᠶᠢᠴᠡᠬᠦ ᠡᠰᠡᠬᠦ᠂ ᠬᠡᠷᠡᠭᠵᠢᠭᠦᠯᠬᠦ ᠳᠤ ᠳᠥᠭᠦᠮ ᠳᠥᠲᠡ ᠪᠠᠶᠢᠬᠤ | ᠡᠰᠡᠬᠦ︔ | ︵ᠨᠠᠢᠮᠠ︶ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠬᠡᠷᠡᠭᠵᠢᠭᠦᠯᠦᠭᠰᠡᠨ ᠦᠷ᠎ᠡ | ᠪᠦᠲᠦᠮᠵᠢ ᠨᠢ ᠵᠢᠱᠢᠭᠰᠡᠨ ᠬᠠᠷᠠᠯᠲᠠ ᠪᠠᠨ ᠲᠣᠭᠲᠠᠭᠠᠬᠤ ᠳᠤ ᠬᠥᠷᠥᠭᠰᠡᠨ ᠡᠰᠡᠬᠦ︔ ᠵᠠᠰᠠᠭ ᠵᠠᠬᠢᠷᠭᠠᠨ ᠤ ᠡᠷᠭᠢᠯᠡᠨ | ᠬᠠᠮᠢᠶᠠᠷᠬᠤ ᠰᠠᠯᠠᠭ᠎ᠠ ᠮᠥᠴᠢᠷ ᠪᠠ ᠪᠤᠰᠤᠳ ᠰᠠᠯᠠᠭ᠎ᠠ ᠮᠥᠴᠢᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ | ᠡᠰᠡᠬᠦ︔ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠬᠤ ᠪᠠᠷ ᠳᠠᠮᠵᠢᠭᠤᠯᠤᠨ | ᠰᠢᠢᠳᠪᠦᠷᠢᠯᠡᠬᠦ ᠪᠠᠷ ᠪᠠᠶᠢᠭ᠎ᠠ ᠭᠤᠣᠯ ᠠᠰᠠᠭᠤᠳᠠᠯ ᠢ ᠪᠢᠴᠢᠭ ᠮᠠᠲ᠋ᠧᠷᠢᠶᠠᠯ ᠢ ᠬᠡᠷᠡᠭᠵᠢᠭᠦᠯᠦᠭᠰᠡᠨ ᠤ ᠳᠠᠷᠠᠭ᠎ᠠ ᠶᠠᠮᠠᠷ | ᠶᠠᠮᠠᠷ ᠠᠰᠠᠭᠤᠳᠠᠯ ᠢ ᠨᠢᠭᠡᠨᠲᠡ ᠰᠢᠢᠳᠪᠦᠷᠢᠯᠡᠭᠰᠡᠨ᠂ ᠶᠠᠮᠠᠷ ᠶᠠᠮᠠᠷ ᠠᠰᠠᠭᠤᠳᠠᠯ ᠢ ᠬᠠᠷᠠᠬᠠᠨ ᠰᠢᠢᠳᠪᠦᠷᠢᠯᠡᠭᠡᠳᠦᠢ | ᠪᠠᠶᠢᠬᠤ︔ ᠬᠠᠷᠠᠬᠠᠨ ᠰᠢᠢᠳᠪᠦᠷᠢᠯᠡᠭᠡᠳᠦᠢ ᠠᠰᠠᠭᠤᠳᠠᠯ ᠢ ᠪᠢᠴᠢᠭ ᠮᠠᠲ᠋ᠧᠷᠢᠶᠠᠯ ᠤᠨ ᠲᠤᠰ ᠪᠡᠶ᠎ᠡ ᠶᠢᠨ ᠬᠡᠷᠡᠭᠵᠢᠭᠦᠯᠵᠦ | ᠪᠣᠯᠬᠤᠶᠢᠴᠠ ᠠᠰᠠᠭᠤᠳᠠᠯ ᠶᠤᠮ ᠤᠤ᠂ ᠡᠰᠡᠬᠦᠯ᠎ᠡ ᠰᠠᠯᠠᠭ᠎ᠠ ᠮᠥᠴᠢᠷ ᠤᠨ ᠬᠡᠷᠡᠭᠵᠢᠭᠦᠯᠦᠭᠰᠡᠨ ᠨᠢ ᠰᠤᠯᠠ ᠪᠠᠶᠢᠬᠤ | ᠠᠰᠠᠭᠤᠳᠠᠯ ᠶᠤᠮ ᠤᠤ ᠭᠡᠵᠦ ᠢᠯᠭᠠᠨ᠎ᠠ︔ | ︵ᠶᠢᠰᠦ︶ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠠᠵᠤ ᠠᠬᠤᠢ ᠨᠡᠶᠢᠭᠡᠮ ᠤᠨ | ᠬᠥᠭᠵᠢᠯᠲᠡ ᠲᠠᠢ ᠦᠯᠦ ᠵᠣᠬᠢᠴᠠᠬᠤ ᠪᠤᠰᠤᠳ ᠪᠠᠶᠢᠳᠠᠯ ᠪᠠᠶᠢᠬᠤ ᠡᠰᠡᠬᠦ᠃ | ᠠᠷᠪᠠᠳᠤᠭᠠᠷ ᠵᠦᠢᠯ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ | ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠯᠲᠡ ᠳᠤ ᠪᠡᠯᠡᠳᠬᠡᠬᠦ ᠱᠠᠲᠤ ᠦᠶ᠎ᠡ᠂ ᠬᠡᠷᠡᠭᠵᠢᠭᠦᠯᠬᠦ ᠱᠠᠲᠤ ᠦᠶ᠎ᠡ ᠪᠠ | ᠮᠡᠳᠡᠭᠦᠯᠦᠯᠲᠡ ᠪᠣᠶ ᠪᠣᠯᠬᠤ ᠱᠠᠲᠤ ᠦᠶ᠎ᠡ ᠪᠠᠭᠲᠠᠨ᠎ᠠ᠃ | ᠠᠷᠪᠠᠨ ᠨᠢᠭᠡᠳᠦᠭᠡᠷ ᠵᠦᠢᠯ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ | ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠵᠦ ᠪᠡᠯᠡᠳᠬᠡᠬᠦ ᠱᠠᠲᠤ ᠦᠶ᠎ᠡ ᠳᠤ ᠭᠤᠣᠯᠳᠠᠭᠤ ᠳᠣᠣᠷᠠᠬᠢ | ᠠᠵᠢᠯ ᠤᠳ ᠢ ᠥᠷᠨᠢᠭᠦᠯᠦᠨ᠎ᠡ᠄ | ︵ᠨᠢᠭᠡ︶ ᠦᠨᠡᠯᠡᠨ ᠵᠢᠱᠢᠬᠦ ᠠᠵᠢᠯ ᠤᠨ ᠳᠤᠭᠤᠶᠢᠯᠠᠩ ᠪᠠᠶᠢᠭᠤᠯᠤᠨ᠎ᠠ᠃ ᠦᠨᠡᠯᠡᠨ ᠵᠢᠱᠢᠬᠦ ᠶᠢ ᠬᠡᠷᠡᠭᠵᠢᠭᠦᠯᠬᠦ | ᠰᠠᠯᠠᠭ᠎ᠠ ᠮᠥᠴᠢᠷ ᠦᠨᠡᠯᠡᠨ ᠵᠢᠱᠢᠬᠦ ᠠᠵᠢᠯ ᠤᠨ ᠳᠤᠭᠤᠶᠢᠯᠠᠩ ᠪᠠᠶᠢᠭᠤᠯᠵᠤ᠂ ᠲᠡᠭᠦᠨ ᠢᠶᠠᠷ ᠦᠨᠡᠯᠡᠨ ᠵᠢᠱᠢᠬᠦ ᠠᠵᠢᠯ ᠢ | ᠪᠣᠳᠠᠲᠠᠢ ᠪᠠᠷ ᠬᠠᠷᠢᠭᠤᠴᠠᠭᠤᠯᠤᠨ᠎ᠠ᠃ | ︵ᠬᠤᠶᠠᠷ︶ ᠦᠨᠡᠯᠡᠨ ᠵᠢᠱᠢᠬᠦ ᠲᠥᠰᠥᠯ ᠢ ᠲᠣᠭᠲᠠᠭᠠᠨ᠎ᠠ᠃ ᠦᠨᠡᠯᠡᠨ ᠵᠢᠱᠢᠬᠦ ᠲᠥᠰᠥᠯ ᠳᠤ ᠭᠤᠣᠯᠳᠠᠭᠤ | ᠦᠨᠡᠯᠡᠨ ᠵᠢᠱᠢᠬᠦ ᠵᠣᠷᠢᠯᠭ᠎ᠠ᠂ ᠭᠤᠣᠯ ᠠᠭᠤᠯᠭ᠎ᠠ ᠪᠠ ᠪᠠᠷᠢᠮᠵᠢᠶ᠎ᠠ᠂ ᠭᠤᠣᠯ ᠠᠷᠭ᠎ᠠ ᠮᠠᠶ᠋ᠢᠭ᠂ ᠠᠯᠬᠤᠮ ᠳᠠᠷᠠᠭ᠎ᠠ | ᠴᠠᠭ ᠤᠨ ᠲᠣᠬᠢᠷᠠᠭᠤᠯᠤᠯᠲᠠ᠂ ᠵᠠᠷᠤᠳᠠᠯ ᠤᠨ ᠬᠡᠷᠡᠭᠯᠡᠯᠲᠡ ᠪᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠵᠡᠷᠭᠡ | ᠲᠠᠯ᠎ᠠ ᠶᠢᠨ ᠠᠭᠤᠯᠭ᠎ᠠ ᠶᠢ ᠪᠠᠭᠲᠠᠭᠠᠨ᠎ᠠ᠃ | ᠠᠷᠪᠠᠨ ᠬᠤᠶᠠᠳᠤᠭᠠᠷ ᠵᠦᠢᠯ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ | ᠲᠣᠭᠲᠠᠭᠠᠭᠰᠠᠨ ᠤ ᠳᠠᠷᠠᠭ᠎ᠠ ᠦᠨᠡᠯᠡᠨ ᠵᠢᠱᠢᠵᠦ ᠬᠡᠷᠡᠭᠵᠢᠭᠦᠯᠬᠦ ᠱᠠᠲᠤ ᠦᠶ᠎ᠡ ᠳᠤ ᠭᠤᠣᠯᠳᠠᠭᠤ ᠳᠣᠣᠷᠠᠬᠢ | ᠠᠵᠢᠯ ᠤᠳ ᠢ ᠥᠷᠨᠢᠭᠦᠯᠦᠨ᠎ᠡ᠄ | ︵ᠨᠢᠭᠡ︶ ᠢᠯᠡ ᠪᠠᠷ ᠰᠠᠨᠠᠯ ᠬᠤᠷᠢᠶᠠᠬᠤ ᠠᠵᠢᠯ ᠢ ᠥᠷᠨᠢᠭᠦᠯᠦᠨ᠎ᠡ᠃ ᠬᠤᠲᠠ ᠶᠢᠨ ᠵᠠᠰᠠᠭ ᠤᠨ ᠣᠷᠳᠣᠨ ᠤ | ᠰᠦᠯᠵᠢᠶ᠎ᠡ ᠪᠠᠷ ᠳᠠᠮᠵᠢᠭᠤᠯᠤᠨ ᠨᠡᠶᠢᠭᠡᠮ ᠨᠡᠶᠢᠲᠡ ᠶᠢᠨ ᠰᠠᠨᠠᠯ ᠢ ᠢᠯᠡ ᠪᠠᠷ ᠬᠤᠷᠢᠶᠠᠬᠤ ᠵᠢᠴᠢ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠰᠠᠨᠠᠯ ᠢ ᠪᠢᠴᠢᠭ ᠢᠶᠠᠷ ᠬᠤᠷᠢᠶᠠᠨ᠎ᠠ᠃ | ︵ᠬᠤᠶᠠᠷ︶ ᠦᠨᠡᠯᠡᠨ ᠵᠢᠱᠢᠵᠦ ᠪᠠᠶᠢᠴᠠᠭᠠᠨ ᠰᠤᠳᠤᠯᠬᠤ ᠠᠵᠢᠯᠯᠠᠭ᠎ᠠ ᠶᠢ ᠥᠷᠨᠢᠭᠦᠯᠦᠨ᠎ᠡ᠃ ᠪᠠᠶᠢᠴᠠᠭᠠᠨ | ᠰᠤᠳᠤᠯᠤᠯᠲᠠ ᠶᠢᠨ ᠭᠤᠣᠯᠳᠠᠯᠭ᠎ᠠ ᠳᠤ ᠴᠢᠭᠯᠡᠭᠦᠯᠦᠨ᠂ ᠰᠠᠯᠠᠭ᠎ᠠ ᠮᠥᠴᠢᠷ ᠤᠨ ᠪᠠᠶᠢᠴᠠᠭᠠᠨ ᠰᠤᠳᠤᠯᠤᠯᠲᠠ ᠶᠢᠨ | ᠬᠤᠷᠠᠯ᠂ ᠲᠤᠰᠬᠠᠢ ᠮᠡᠷᠭᠡᠵᠢᠯᠲᠡᠨ ᠤ ᠨᠤᠲᠠᠯᠠᠯᠲᠠ ᠶᠢᠨ ᠬᠤᠷᠠᠯ᠂ ᠭᠡᠷᠡᠴᠢᠯᠡᠭᠡ ᠰᠣᠨᠣᠰᠬᠤ ᠬᠤᠷᠠᠯ ᠵᠡᠷᠭᠡ ᠠᠷᠭ᠎ᠠ | ᠮᠠᠶ᠋ᠢᠭ ᠢᠶᠠᠷ ᠰᠠᠨᠠᠯ ᠰᠣᠨᠣᠰᠴᠤ ᠪᠣᠯᠣᠨ᠎ᠠ᠂ ᠪᠠᠰᠠ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠬᠤ ᠪᠤᠶᠤ | ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ᠂ ᠪᠠᠶᠢᠴᠠᠭᠠᠨ ᠰᠤᠳᠤᠯᠬᠤ ᠠᠵᠢᠯᠯᠠᠭ᠎ᠠ ᠥᠷᠨᠢᠭᠦᠯᠵᠦ ᠪᠣᠯᠣᠨ᠎ᠠ᠃ | ᠠᠷᠪᠠᠨ ᠭᠤᠷᠪᠠᠳᠤᠭᠠᠷ ᠵᠦᠢᠯ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ | ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠭᠰᠡᠨ ᠮᠡᠳᠡᠭᠦᠯᠦᠯᠲᠡ ᠶᠢᠨ ᠪᠣᠶ ᠪᠣᠯᠬᠤ ᠱᠠᠲᠤ ᠦᠶ᠎ᠡ ᠳᠤ ᠭᠤᠣᠯᠳᠠᠭᠤ | ᠳᠣᠣᠷᠠᠬᠢ ᠠᠵᠢᠯ ᠤᠳ ᠢ ᠥᠷᠨᠢᠭᠦᠯᠦᠨ᠎ᠡ᠄ | ︵ᠨᠢᠭᠡ︶ ᠬᠤᠷᠢᠶᠠᠩᠭᠤᠶᠢᠯᠠᠨ ᠵᠠᠳᠠᠯᠬᠤ᠃ ᠦᠨᠡᠯᠡᠨ ᠵᠢᠱᠢᠬᠦ ᠠᠵᠢᠯ ᠤᠨ ᠳᠤᠭᠤᠶᠢᠯᠠᠩ ᠨᠢ ᠪᠠᠶᠢᠴᠠᠭᠠᠨ | ᠰᠤᠳᠤᠯᠤᠭᠰᠠᠨ ᠪᠠᠶᠢᠳᠠᠯ ᠢ ᠬᠤᠷᠢᠶᠠᠩᠭᠤᠶᠢᠯᠠᠨ ᠵᠠᠳᠠᠯᠵᠤ᠂ ᠠᠩᠬ᠎ᠠ ᠠᠯᠬᠤᠮ ᠤᠨ ᠦᠨᠡᠯᠡᠨ ᠵᠢᠱᠢᠭᠰᠡᠨ ᠰᠠᠨᠠᠯ ᠢ | ᠭᠠᠷᠭᠠᠨ᠎ᠠ᠃ | ︵ᠬᠤᠶᠠᠷ︶ ᠦᠨᠡᠯᠡᠨ ᠵᠢᠱᠢᠭᠰᠡᠨ ᠮᠡᠳᠡᠭᠦᠯᠦᠯᠲᠡ ᠶᠢᠨ ᠡᠬᠡ ᠨᠣᠣᠷᠠᠭ ᠢ ᠲᠤᠭᠤᠷᠪᠢᠨ ᠪᠢᠴᠢᠨ᠎ᠡ᠃ ᠦᠨᠡᠯᠡᠨ | ᠵᠢᠱᠢᠬᠦ ᠠᠵᠢᠯ ᠤᠨ ᠳᠤᠭᠤᠶᠢᠯᠠᠩ ᠨᠢ ᠡᠮᠬᠢᠯᠡᠨ ᠳᠢᠭᠯᠡᠵᠦ ᠭᠠᠷᠭᠠᠭᠰᠠᠨ ᠠᠩᠬ᠎ᠠ ᠠᠯᠬᠤᠮ ᠤᠨ ᠦᠨᠡᠯᠡᠨ ᠵᠢᠱᠢᠭᠰᠡᠨ | ᠰᠠᠨᠠᠯ ᠢ ᠦᠨᠳᠦᠰᠦᠯᠡᠨ ᠦᠨᠡᠯᠡᠨ ᠵᠢᠱᠢᠭᠰᠡᠨ ᠮᠡᠳᠡᠭᠦᠯᠦᠯᠲᠡ ᠶᠢᠨ ᠨᠣᠣᠷᠠᠭ ᠢ ᠲᠤᠭᠤᠷᠪᠢᠨ ᠪᠢᠴᠢᠨ᠎ᠡ᠃ | ᠮᠡᠳᠡᠭᠦᠯᠦᠯᠲᠡ ᠶᠢᠨ ᠨᠣᠣᠷᠠᠭ ᠲᠤ᠄ ᠦᠨᠡᠯᠡᠨ ᠵᠢᠱᠢᠬᠦ ᠠᠵᠢᠯ ᠤᠨ ᠦᠨᠳᠦᠰᠦᠨ ᠪᠠᠶᠢᠳᠠᠯ︔ ᠵᠠᠰᠠᠭ ᠵᠠᠬᠢᠷᠭᠠᠨ ᠤ | ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ᠂ ᠵᠣᠬᠢᠴᠠᠯᠳᠤ ᠴᠢᠨᠠᠷ᠂ ᠬᠡᠷᠡᠭᠵᠢᠭᠦᠯᠵᠦ | ᠪᠣᠯᠬᠤᠶᠢᠴᠠ ᠴᠢᠨᠠᠷ᠂ ᠪᠣᠳᠠᠲᠤ ᠪᠦᠲᠦᠮᠵᠢᠲᠦ ᠴᠢᠨᠠᠷ ᠵᠡᠷᠭᠡ ᠲᠠᠯ᠎ᠠ ᠳᠤ ᠪᠤᠰᠤᠳᠴᠢ ᠦᠨᠡᠯᠡᠯᠲᠡ ᠬᠢᠨ᠎ᠡ︔ ᠵᠠᠰᠠᠭ | ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠦᠯᠡᠳᠡᠭᠡᠬᠦ᠂ ᠵᠠᠰᠠᠪᠤᠷᠢ ᠣᠷᠣᠭᠤᠯᠬᠤ᠂ ᠬᠦᠴᠦᠨ | ᠦᠭᠡᠢ ᠪᠣᠯᠭᠠᠬᠤ ᠡᠰᠡᠬᠦ ᠲᠤᠬᠠᠢ ᠰᠠᠨᠠᠯ︔ ᠦᠨᠡᠯᠡᠨ ᠵᠢᠱᠢᠭᠰᠡᠨ ᠦᠷ᠎ᠡ ᠳ᠋ᠦᠩ ᠪᠠ ᠰᠠᠨᠠᠭᠤᠯᠭ᠎ᠠ ᠵᠡᠷᠭᠡ ᠶᠢ | ᠪᠠᠭᠲᠠᠭᠠᠨ᠎ᠠ᠃ | ︵ᠭᠤᠷᠪᠠ︶ ᠵᠣᠬᠢᠶᠠᠨ ᠪᠠᠶᠢᠭᠤᠯᠤᠯᠲᠠ ᠶᠢᠨ ᠨᠤᠲᠠᠯᠠᠯᠲᠠ ᠬᠢᠯᠭᠡᠬᠦ᠃ ᠦᠨᠡᠯᠡᠨ ᠵᠢᠱᠢᠬᠦ ᠠᠵᠢᠯ ᠤᠨ | ᠳᠤᠭᠤᠶᠢᠯᠠᠩ ᠨᠢ ᠪᠦᠬᠦ ᠪᠦᠷᠢᠯᠳᠦᠭᠦᠨ ᠤ ᠬᠤᠷᠠᠯ ᠢ ᠬᠤᠷᠠᠯᠳᠤᠭᠤᠯᠵᠤ ᠦᠨᠡᠯᠡᠨ ᠵᠢᠱᠢᠭᠰᠡᠨ ᠮᠡᠳᠡᠭᠦᠯᠦᠯᠲᠡ ᠶᠢ | ᠰᠤᠳᠤᠯᠤᠨ ᠶᠠᠷᠢᠯᠴᠠᠵᠤ᠂ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠰᠠᠨᠠᠯ ᠳᠤᠷᠠᠳᠤᠨ᠎ᠠ᠃ | ︵ᠳᠥᠷᠪᠡ︶ ᠦᠨᠡᠯᠡᠨ ᠵᠢᠱᠢᠭᠰᠡᠨ ᠮᠡᠳᠡᠭᠦᠯᠦᠯᠲᠡ ᠶᠢ ᠪᠤᠢ ᠪᠣᠯᠭᠠᠬᠤ᠃ ᠵᠠᠰᠠᠪᠤᠷᠢ ᠣᠷᠣᠭᠤᠯᠤᠨ | ᠲᠡᠭᠦᠯᠳᠡᠷᠵᠢᠭᠦᠯᠦᠭᠰᠡᠨ ᠤ ᠳᠠᠷᠠᠭ᠎ᠠ ᠵᠢᠩᠬᠢᠨᠢ ᠦᠨᠡᠯᠡᠨ ᠵᠢᠱᠢᠭᠰᠡᠨ ᠮᠡᠳᠡᠭᠦᠯᠦᠯᠲᠡ ᠭᠠᠷᠭᠠᠵᠤ᠂ ᠦᠷᠭᠦᠯᠵᠢᠯᠡᠨ | ᠬᠡᠷᠡᠭᠵᠢᠭᠦᠯᠬᠦ ᠪᠤᠶᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠳᠤ ᠵᠠᠰᠠᠪᠤᠷᠢ ᠣᠷᠣᠭᠤᠯᠬᠤ | ᠂ ᠲᠡᠭᠦᠨ ᠢ ᠬᠦᠴᠦᠨ ᠦᠭᠡᠢ ᠪᠣᠯᠭᠠᠬᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠰᠠᠶᠢᠵᠢᠷᠠᠭᠤᠯᠬᠤ | ᠵᠡᠷᠭᠡ ᠦᠨᠡᠯᠡᠨ ᠵᠢᠱᠢᠭᠰᠡᠨ ᠰᠠᠨᠠᠯ ᠢ ᠳᠤᠷᠠᠳᠤᠨ ᠭᠠᠷᠭᠠᠵᠤ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠦᠨ | ᠬᠢᠨᠠᠨ ᠲᠣᠭᠲᠠᠭᠠᠯᠭᠠᠨ᠎ᠠ᠃ | ᠠᠷᠪᠠᠨ ᠳᠥᠷᠪᠡᠳᠦᠭᠡᠷ ᠵᠦᠢᠯ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ | ᠤᠤᠯ ᠤᠨ ᠲᠣᠭᠲᠠᠭᠠᠭᠰᠠᠨ ᠪᠠᠶᠢᠭᠤᠯᠭ᠎ᠠ ᠪᠤᠶᠤ ᠭᠤᠣᠯ ᠬᠡᠷᠡᠭᠵᠢᠭᠦᠯᠬᠦ ᠪᠠᠶᠢᠭᠤᠯᠭ᠎ᠠ ᠠᠴᠠ ᠦᠨᠡᠯᠡᠨ ᠵᠢᠱᠢᠬᠦ ᠶᠢ | ᠬᠠᠷᠢᠭᠤᠴᠠᠭᠰᠠᠨ ᠪᠠᠶᠢᠪᠠᠯ᠂ ᠦᠨᠡᠯᠡᠨ ᠵᠢᠱᠢᠭᠰᠡᠨ ᠮᠡᠳᠡᠭᠦᠯᠦᠯᠲᠡ ᠶᠢ ᠬᠤᠲᠠ ᠶᠢᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠰᠡᠨ ᠤ ᠳᠠᠷᠠᠭ᠎ᠠ 15 ᠡᠳᠦᠷ ᠤᠨ ᠳᠣᠲᠣᠷ᠎ᠠ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠳᠤ | ᠮᠡᠳᠡᠭᠦᠯᠦᠨ ᠬᠦᠷᠭᠡᠵᠦ ᠳᠠᠩᠰᠠᠯᠠᠭᠤᠯᠬᠤ ᠶᠢᠨ ᠬᠠᠮᠲᠤ ᠨᠡᠶᠢᠭᠡᠮ ᠳᠤ ᠨᠡᠶᠢᠲᠡᠯᠡᠨ᠎ᠡ᠃ | ᠠᠷᠪᠠᠨ ᠲᠠᠪᠤᠳᠤᠭᠠᠷ ᠵᠦᠢᠯ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ | ᠲᠤᠭᠤᠷᠪᠢᠨ ᠪᠢᠴᠢᠬᠦ ᠰᠠᠯᠠᠭ᠎ᠠ ᠮᠥᠴᠢᠷ ᠪᠤᠶᠤ ᠭᠤᠣᠯ ᠬᠡᠷᠡᠭᠵᠢᠭᠦᠯᠬᠦ ᠰᠠᠯᠠᠭ᠎ᠠ ᠮᠥᠴᠢᠷ ᠤᠳ ᠵᠠᠰᠠᠭ ᠵᠠᠬᠢᠷᠭᠠᠨ ᠤ | ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠯᠲᠡ ᠶᠢ 2 ᠵᠢᠯ | ᠪᠦᠷᠢ 1 ᠤᠳᠠᠭ᠎ᠠ ᠠᠴᠠ ᠳᠡᠭᠡᠭᠰᠢ ᠥᠷᠨᠢᠭᠦᠯᠵᠦ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ | ᠮᠠᠲ᠋ᠧᠷᠢᠶᠠᠯ ᠢ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠭᠰᠡᠨ ᠮᠡᠳᠡᠭᠦᠯᠦᠯᠲᠡ ᠶᠢ ᠵᠠᠰᠠᠭ ᠵᠠᠬᠢᠷᠭᠠᠨ ᠤ | ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠳᠤ ᠵᠠᠰᠠᠪᠤᠷᠢ ᠣᠷᠣᠭᠤᠯᠬᠤ ᠪᠤᠶᠤ ᠬᠦᠴᠦᠨ ᠦᠭᠡᠢ ᠪᠣᠯᠭᠠᠬᠤ ᠪᠠ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠯᠠᠨ ᠰᠠᠶᠢᠵᠢᠷᠠᠭᠤᠯᠬᠤ ᠴᠢᠬᠤᠯᠠ ᠦᠨᠳᠦᠰᠦᠯᠡᠯ ᠪᠣᠯᠭᠠᠨ᠎ᠠ᠃ | ᠠᠷᠪᠠᠨ ᠵᠢᠷᠭᠤᠳᠤᠭᠠᠷ ᠵᠦᠢᠯ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ | ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠬᠦ ᠳᠤ ᠣᠷᠣᠯᠴᠠᠭᠰᠠᠨ ᠨᠢᠭᠡᠴᠢ ᠪᠣᠯᠣᠨ ᠬᠤᠪᠢ ᠬᠥᠮᠥᠨ ᠦᠨᠡᠯᠡᠨ | ᠵᠢᠱᠢᠬᠦ ᠳᠤ ᠬᠤᠯᠪᠣᠭᠳᠠᠭᠰᠠᠨ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ᠂ ᠬᠤᠪᠢ ᠬᠥᠮᠥᠨ ᠤ | ᠨᠢᠭᠤᠴᠠ ᠶᠢ ᠬᠠᠮᠠᠭᠠᠯᠠᠬᠤ ᠬᠡᠷᠡᠭᠲᠡᠢ᠃ | ᠠᠷᠪᠠᠨ ᠳᠣᠯᠣᠳᠤᠭᠠᠷ ᠵᠦᠢᠯ ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | | ᠬᠠᠭᠤᠯᠤᠨ ᠬᠦᠷᠭᠡᠬᠦ᠄ ᠬᠤᠲᠠ ᠶᠢᠨ ᠨᠠᠮ ᠤᠨ ᠬᠤᠷᠢᠶᠠᠨ ᠤ ᠠᠯᠪᠠᠨ ᠭᠡᠷ᠂ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ᠂ ᠬᠤᠲᠠ ᠶᠢᠨ ᠤᠯᠤᠰ | ᠲᠥᠷᠥ ᠶᠢᠨ ᠵᠥᠪᠯᠡᠯᠭᠡᠨ ᠤ ᠠᠯᠪᠠᠨ ᠭᠡᠷ | |