ᠨᠢᠭᠡ ᠳᠤ ᠵᠥᠪ ᠴᠢᠭᠯᠡᠯ ᠢᠶᠠᠷ ᠤᠷᠮᠠᠰᠢᠭᠤᠯᠵᠤ᠂ ᠠᠵᠢᠯ ᠣᠯᠭᠤᠯᠲᠠ ᠶᠢ ᠪᠥᠬᠦ ᠬᠦᠴᠦᠨ ᠢᠶᠠᠷ ᠢᠶᠠᠨ | ᠵᠣᠷᠢᠭᠵᠢᠭᠤᠯᠤᠨ᠎ᠠ᠃ 2023 ᠣᠨ ᠳᠤ ᠪᠥᠬᠦ ᠬᠤᠰᠢᠭᠤᠨ ᠤ ᠬᠤᠲᠠ ᠪᠠᠯᠭᠠᠰᠤᠨ ᠳᠤ ᠰᠢᠨ᠎ᠡ ᠪᠠᠷ ᠠᠵᠢᠯ | ᠣᠯᠣᠭᠰᠠᠨ ᠬᠥᠮᠥᠨ ᠤ ᠲᠤᠭ᠎ᠠ 338᠂ ᠬᠤᠲᠠ ᠪᠠᠯᠭᠠᠰᠤᠨ ᠳᠤ ᠰᠢᠨ᠎ᠡ ᠪᠠᠷ ᠠᠵᠢᠯ ᠣᠯᠣᠭᠰᠠᠨ ᠬᠥᠮᠥᠨ ᠤ | ᠲᠤᠭ᠎ᠠ 707᠂ ᠠᠵᠢᠯ ᠠᠯᠳᠠᠭᠰᠠᠳ ᠲᠤ ᠳᠠᠬᠢᠨ ᠠᠵᠢᠯ ᠣᠯᠭᠤᠭᠰᠠᠨ ᠬᠥᠮᠥᠨ ᠤ ᠲᠤᠭ᠎ᠠ 107᠂ ᠠᠵᠢᠯ | ᠣᠯᠬᠤ ᠳᠤ ᠬᠦᠴᠢᠷᠲᠡᠢ ᠬᠥᠮᠥᠰ ᠲᠤ ᠠᠵᠢᠯ ᠣᠯᠭᠤᠭᠰᠠᠨ ᠬᠥᠮᠥᠨ ᠤ ᠲᠤᠭ᠎ᠠ 85 ᠪᠠᠶᠢᠨ᠎ᠠ᠃ ᠪᠥᠬᠦ | ᠬᠤᠰᠢᠭᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠬᠤᠭᠤᠴᠠᠭᠠᠨ ᠤ ᠡᠴᠦᠰ ᠲᠤ 539 ᠬᠥᠮᠥᠨ ᠪᠠᠶᠢᠵᠤ᠂ | ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ 3.13% ᠃ ᠡᠷᠦᠬᠡ ᠠᠮᠠ ᠶᠢᠨ ᠲᠠᠩᠰᠠ ᠪᠠᠶᠢᠭ᠎ᠠ | ᠭᠠᠵᠠᠷ ᠤᠨ 14 ᠰᠣᠷᠣᠭᠴᠢ᠂ ᠪᠠᠶᠢᠩᠭᠤ ᠰᠠᠭᠤᠭ᠎ᠠ ᠭᠠᠵᠠᠷ ᠤᠨ 77 ᠲᠡᠭᠦᠰᠦᠭᠰᠡᠳ ᠤᠨ ᠠᠵᠢᠯ ᠣᠯᠭᠤᠯᠲᠠ ᠶᠢᠨ | ᠮᠡᠳᠡᠭᠡ ᠵᠠᠩᠭᠢ ᠶᠢᠨ ᠪᠠᠶᠢᠳᠠᠯ ᠢ ᠣᠶᠢᠯᠠᠭᠠᠬᠤ ᠶᠢᠨ ᠬᠠᠮᠲᠤ ︽ᠠᠵᠢᠯ ᠣᠯᠣᠭᠠᠳᠤᠢ ᠳᠡᠭᠡᠳᠦ ᠰᠤᠷᠭᠠᠭᠤᠯᠢ | ᠲᠡᠭᠦᠰᠦᠭᠰᠡᠳ ᠤᠨ ᠠᠵᠢᠯ ᠡᠷᠢᠬᠦ ᠳᠠᠩᠰᠠᠯᠠᠯᠲᠠ ᠶᠢᠨ ᠰᠢᠰᠲ᠋ᠧᠮ︾ ᠳᠤ ᠪᠢᠴᠢᠵᠦ ᠣᠷᠣᠭᠤᠯᠬᠤ ᠵᠢᠵᠢᠭ ᠫᠷᠣᠭ᠍ᠷᠠᠮ ᠢ | ᠰᠢᠨᠡᠳᠬᠡᠵᠦ᠂ ᠠᠵᠢᠯ ᠣᠯᠬᠤ ᠳᠤ ᠬᠦᠴᠢᠷᠲᠡᠢ ᠬᠠᠮᠲᠤᠯᠢᠭ ᠤᠨ ᠠᠵᠢᠯ ᠣᠯᠬᠤ ᠶᠢ ᠠᠬᠢᠭᠤᠯᠤᠨ᠂ ︽ᠠᠵᠢᠯ | ᠣᠯᠣᠭᠰᠠᠨ ᠬᠥᠮᠥᠨ ᠦᠭᠡᠢ ᠭᠡᠷ ᠪᠦᠯᠢ︾ ᠶᠢ ᠬᠥᠳᠡᠯᠦᠩᠭᠦᠢ ᠪᠠᠷ ᠴᠡᠪᠡᠷᠯᠡᠬᠦ ᠶᠢ ᠦᠨᠡᠨ ᠬᠦ ᠪᠠᠲᠤᠯᠠᠪᠠ᠃ | ᠬᠤᠶᠠᠷ ᠲᠤ ᠠᠵᠢᠯ ᠣᠯᠭᠤᠯᠲᠠ ᠪᠠᠷ ᠤᠳᠤᠷᠢᠳᠤᠮᠵᠢ ᠪᠣᠯᠭᠠᠵᠤ᠂ ᠠᠵᠢᠯ ᠣᠯᠭᠤᠯᠲᠠ ᠶᠢᠨ ᠤᠷ᠎ᠠ | ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠷᠠᠭᠤᠯᠤᠨ᠎ᠠ᠃ ︽ᠡᠭᠦᠯᠡᠨ ᠬᠢᠴᠢᠶᠡᠯ ᠤᠨ ᠲᠠᠩᠬᠢᠮ︾ ᠤᠨ ᠰᠦᠯᠵᠢᠶᠡᠨ | ᠳᠡᠭᠡᠷᠡᠬᠢ ᠪᠣᠯᠪᠠᠰᠤᠷᠠᠭᠤᠯᠤᠯ ᠬᠠᠩᠭᠠᠬᠤ ᠪᠠᠷ ᠳᠠᠮᠵᠢᠭᠤᠯᠤᠨ᠂ ᠰᠦᠯᠵᠢᠶᠡᠨ ᠳᠡᠭᠡᠷᠡᠬᠢ ᠪᠣᠯᠪᠠᠰᠤᠷᠠᠭᠤᠯᠤᠯ ᠤᠨ | ᠲᠠᠪᠴᠠᠩ ᠢ ᠴᠠᠭ ᠲᠤᠬᠠᠢ ᠳᠤᠨᠢ ᠨᠡᠶᠢᠲᠡᠯᠡᠵᠦ᠂ ᠠᠵᠤ ᠠᠬᠤᠶᠢᠯᠠᠯ ᠪᠠ ᠬᠤᠪᠢ ᠬᠥᠮᠥᠨ ᠤ ︽ᠰᠦᠯᠵᠢᠶᠡᠨ | ᠳᠡᠭᠡᠷᠡᠬᠢ ᠪᠣᠯᠪᠠᠰᠤᠷᠠᠭᠤᠯᠤᠯ︾ ᠢ ᠠᠰᠢᠭᠯᠠᠨ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠭᠤᠯᠤᠯ | ᠥᠷᠨᠢᠭᠦᠯᠬᠦ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠬᠤ ᠪᠠ ᠳᠡᠮᠵᠢᠬᠦ ᠶᠢᠨ ᠬᠠᠮᠲᠤ ᠪᠠᠰᠠ ᠰᠦᠯᠵᠢᠶᠡᠨ | ᠭᠠᠳᠠᠨᠠᠬᠢ ᠪᠣᠯᠪᠠᠰᠤᠷᠠᠭᠤᠯᠤᠯ ᠢ ᠢᠳᠡᠪᠬᠢᠲᠡᠢ ᠥᠷᠨᠢᠭᠦᠯᠵᠦ᠂ ᠣᠳᠣᠬᠠᠨ ᠳᠤ ᠰᠦᠯᠵᠢᠶᠡᠨ ᠭᠠᠳᠠᠨᠠᠬᠢ | ᠪᠣᠯᠪᠠᠰᠤᠷᠠᠭᠤᠯᠤᠯ ᠤᠨ ᠠᠵᠢᠯ ᠢ ᠨᠢᠭᠡᠨᠲᠡ ᠪᠥᠬᠦ ᠲᠠᠯ᠎ᠠ ᠪᠠᠷ ᠡᠬᠢᠯᠡᠭᠦᠯᠦᠭᠰᠡᠨ ᠪᠠᠶᠢᠨ᠎ᠠ᠃ ᠡᠨᠡ ᠵᠢᠯ ᠨᠡᠶᠢᠲᠡ 270 | ᠬᠥᠮᠥᠨ ᠢ ᠪᠦᠷᠢᠳᠬᠡᠨ ᠪᠣᠯᠪᠠᠰᠤᠷᠠᠭᠤᠯᠵᠤ᠂ 120 ᠬᠥᠮᠥᠨ ᠢ ᠠᠳᠠᠯ ᠦᠢᠯᠡᠰ ᠴᠣᠭᠴᠠᠯᠠᠨ ᠪᠤᠰᠬᠠᠬᠤ ᠪᠠᠷ | ᠪᠣᠯᠪᠠᠰᠤᠷᠠᠭᠤᠯᠵᠤ᠂ 150 ᠬᠥᠮᠥᠨ ᠢ ᠣᠶ ᠰᠢᠭᠤᠢ ᠬᠠᠮᠠᠭᠠᠯᠠᠭᠴᠢ ᠪᠠᠷ ᠪᠣᠯᠪᠠᠰᠤᠷᠠᠭᠤᠯᠵᠠᠢ᠃ | ᠭᠤᠷᠪᠠ ᠳᠤ ᠰᠤᠯᠠ ᠠᠵᠢᠯ ᠤᠨ ᠵᠠᠬ᠎ᠠ ᠳᠡᠯᠭᠡᠭᠦᠷ ᠢ ᠪᠠᠶᠢᠭᠤᠯᠵᠤ᠂ ᠰᠤᠯᠠ ᠠᠵᠢᠯ ᠤᠨ ᠵᠠᠬ᠎ᠠ ᠳᠡᠯᠭᠡᠭᠦᠷ ᠤᠨ | ᠦᠢᠯᠡᠴᠢᠯᠡᠭᠡ ᠶᠢ ᠴᠢᠩᠭᠠᠷᠠᠭᠤᠯᠤᠨ᠎ᠠ᠃ ᠰᠤᠯᠠ ᠠᠵᠢᠯ ᠤᠨ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ | ᠢᠳᠡᠪᠬᠢᠲᠡᠢ ᠰᠦᠪᠡᠭᠴᠢᠯᠡᠨ ᠠᠬᠢᠭᠤᠯᠵᠤ᠂ ᠠᠵᠢᠯᠴᠢᠨ ᠬᠡᠷᠡᠭᠯᠡᠬᠦ ᠭᠤᠣᠯ ᠴᠣᠭᠴᠠ ᠬᠢᠭᠡᠳ ᠡᠳᠦᠷ ᠤᠨ ᠬᠦᠴᠦᠨ ᠤ | ᠠᠵᠢᠯᠲᠠᠨ ᠢ ᠨᠠᠷᠢᠯᠢᠭ ᠣᠨᠣᠴᠠᠲᠠᠢ ᠪᠠᠷ ᠵᠣᠯᠭᠠᠭᠤᠯᠬᠤ ᠶᠢ ᠠᠬᠢᠭᠤᠯᠤᠨ᠂ ᠬᠤᠲᠠ ᠬᠥᠳᠡᠭᠡ ᠶᠢᠨ ᠬᠥᠳᠡᠯᠮᠦᠷᠢ | ᠬᠦᠴᠦᠨ ᠤ ᠣᠯᠠᠨ ᠠᠷᠭ᠎ᠠ ᠵᠠᠮ ᠢᠶᠠᠷ ᠠᠮᠢᠳᠤᠯᠢᠭ ᠢᠶᠠᠷ ᠠᠵᠢᠯ ᠣᠯᠭᠤᠬᠤ ᠦᠢᠯᠡᠴᠢᠯᠡᠭᠡ ᠶᠢ ᠴᠢᠩᠭᠠᠷᠠᠭᠤᠯᠤᠨ᠎ᠠ᠃ | ᠰᠤᠯᠠ ᠠᠵᠢᠯ ᠤᠨ ᠮᠡᠳᠡᠭᠡ ᠵᠠᠩᠭᠢ ᠨᠡᠶᠢᠲᠡᠯᠡᠬᠦ ᠠᠷᠭ᠎ᠠ ᠵᠠᠮ ᠢ ᠥᠷᠭᠡᠳᠬᠡᠵᠦ᠂ ᠸᠢᠴᠠᠲ ᠤᠨ ᠨᠡᠶᠢᠲᠡ ᠶᠢᠨ ᠳ᠋ᠤᠭᠠᠷ᠂ | ᠳᠥᠷᠪᠡ ᠶᠢ ᠨᠢᠭᠡ ᠴᠣᠭᠴᠠᠵᠢᠭᠤᠯᠬᠤ ᠵᠡᠷᠭᠡ ᠠᠷᠭ᠎ᠠ ᠵᠠᠮ ᠢ ᠭᠦᠢᠴᠡᠳ ᠠᠰᠢᠭᠯᠠᠵᠤ᠂ ᠠᠵᠢᠯ ᠡᠷᠢᠬᠦ᠂ ᠤᠷᠢᠬᠤ᠂ | ᠳᠠᠳᠤᠯᠭ᠎ᠠ ᠬᠢᠬᠦ᠂ ᠪᠣᠯᠪᠠᠰᠤᠷᠠᠭᠤᠯᠤᠯ ᠬᠢᠬᠦ ᠵᠡᠷᠭᠡ ᠦᠢᠯᠡᠴᠢᠯᠡᠭᠡᠨ ᠤ ᠮᠡᠳᠡᠭᠡ ᠵᠠᠩᠭᠢ ᠶᠢ ᠥᠷᠭᠡᠨ ᠢᠶᠠᠷ ᠨᠡᠶᠢᠲᠡᠯᠡᠵᠦ᠂ | ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠬᠦ᠂ ᠰᠤᠷᠬᠤ ᠳᠤ ᠬᠢᠯᠪᠠᠷ ᠬᠡᠷᠡᠭᠯᠡᠬᠦ ᠳᠤ ᠬᠢᠯᠪᠠᠷ | ᠪᠣᠯᠪᠠᠰᠤᠷᠠᠭᠤᠯᠤᠯ ᠤᠨ ᠮᠡᠳᠡᠭᠡ ᠵᠠᠩᠭᠢ ᠶᠢ ᠬᠠᠩᠭᠠᠵᠤ᠂ ᠠᠵᠢᠯ ᠣᠯᠬᠤ ᠬᠦᠰᠡᠯ ᠲᠠᠢ ᠪᠠ ᠪᠣᠯᠪᠠᠰᠤᠷᠠᠭᠤᠯᠤᠯ ᠤᠨ | ᠬᠡᠷᠡᠭᠴᠡᠭᠡ ᠱᠠᠭᠠᠷᠳᠠᠯᠭ᠎ᠠ ᠲᠠᠢ ᠰᠤᠯᠠ ᠠᠵᠢᠯ ᠤᠨ ᠬᠥᠮᠥᠰ ᠢ ᠬᠥᠲᠥᠯᠥᠨ ᠵᠢᠯᠤᠭᠤᠳᠴᠤ ᠪᠠᠶᠢᠭᠠᠳ ᠪᠠᠴᠢᠮ | ᠬᠡᠷᠡᠭᠴᠡᠭᠡ ᠲᠠᠢ ᠪᠠᠴᠢᠮ ᠳᠤᠲᠠᠭᠳᠠᠵᠤ ᠪᠠᠶᠢᠭ᠎ᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠳᠤ | ᠣᠷᠣᠯᠴᠠᠭᠤᠯᠵᠤ᠂ ᠤᠷᠢᠨ ᠬᠡᠷᠡᠭᠯᠡᠬᠦ ᠪᠠᠷ ᠳᠠᠮᠵᠢᠭᠤᠯᠤᠨ ᠡᠳᠦᠷ ᠤᠨ ᠬᠦᠴᠦᠨ ᠤ ᠵᠠᠬ᠎ᠠ ᠳᠡᠯᠭᠡᠭᠦᠷ ᠲᠤ ᠠᠵᠢᠯ | ᠣᠯᠬᠤ ᠳᠤ ᠬᠦᠴᠢᠷᠲᠡᠢ 10 ᠳᠡᠭᠡᠳᠦ ᠰᠤᠷᠭᠠᠭᠤᠯᠢ ᠲᠡᠭᠦᠰᠦᠭᠰᠡᠳ ᠢ ᠲᠥᠪᠬᠢᠨᠡᠭᠦᠯᠦᠨ᠎ᠡ᠃ | ᠲᠠᠷᠠᠭᠠᠴᠢ ᠶᠢᠨ ᠠᠯᠬᠤᠮ ᠳᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠢᠨ ᠠᠵᠤ ᠦᠢᠯᠡᠰ ᠲᠠᠢ | ᠤᠶᠠᠯᠳᠤᠭᠤᠯᠤᠨ ᠵᠢᠭᠤᠯᠴᠢᠯᠠᠯ ᠤᠨ ᠠᠵᠢᠯ ᠲᠥᠷᠥᠯ᠂ ᠴᠠᠭᠠᠨ ᠢᠳᠡᠭᠡ ᠪᠣᠯᠪᠠᠰᠤᠷᠠᠭᠤᠯᠬᠤ᠂ ᠠᠷᠠᠳ ᠤᠨ ᠣᠷᠣᠨ | ᠰᠠᠭᠤᠴᠠ ᠵᠡᠷᠭᠡ ᠲᠠᠯ᠎ᠠ ᠳᠤ ᠪᠣᠯᠪᠠᠰᠤᠷᠠᠭᠤᠯᠤᠯ ᠥᠷᠨᠢᠭᠦᠯᠵᠦ᠂ ᠡᠯ᠎ᠡ ᠲᠠᠯ᠎ᠠ ᠶᠢᠨ ᠴᠢᠳᠠᠪᠤᠷᠢᠲᠠᠨ ᠢ ᠶᠡᠭᠡ ᠪᠠᠷ | ᠬᠥᠮᠥᠵᠢᠭᠦᠯᠵᠦ᠂ ᠪᠣᠯᠪᠠᠰᠤᠷᠠᠭᠤᠯᠬᠤ ᠬᠦᠰᠡᠯ ᠲᠠᠢ ᠬᠥᠮᠥᠰ ᠲᠤ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠵᠣᠬᠢᠶᠠᠨ | ᠪᠠᠶᠢᠭᠤᠯᠤᠨ ᠬᠠᠨᠳᠤᠯᠭᠠᠲᠤ ᠴᠢᠨᠠᠷᠲᠠᠢ ᠪᠠᠷ ᠪᠣᠯᠪᠠᠰᠤᠷᠠᠭᠤᠯᠤᠯ ᠬᠢᠵᠦ᠂ ᠠᠵᠢᠯ ᠣᠯᠭᠤᠯᠲᠠ ᠶᠢᠨ ᠤᠷ᠎ᠠ ᠴᠢᠳᠠᠪᠤᠷᠢ ᠶᠢ | ᠳᠡᠭᠡᠭᠰᠢᠯᠡᠭᠦᠯᠦᠨ ᠠᠵᠢᠯ ᠣᠯᠭᠤᠯᠲᠠ ᠶᠢ ᠠᠬᠢᠭᠤᠯᠬᠤ ᠪᠠᠷ ᠲᠥᠯᠥᠪᠯᠡᠵᠦ ᠪᠠᠶᠢᠨ᠎ᠠ᠃ | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |