︽︿ᠴᠢᠬᠤᠯᠠ ᠶᠡᠭᠡ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠨᠡᠶᠢᠭᠡᠮ ᠤᠨ | ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠬᠦ ᠲᠦᠷ ᠬᠡᠷᠡᠭᠵᠢᠭᠦᠯᠬᠦ ᠠᠷᠭ᠎ᠠ﹀ ᠶᠢ ᠳᠠᠷᠤᠮᠠᠯᠯᠠᠨ | ᠲᠠᠷᠬᠠᠭᠠᠬᠤ ᠲᠤᠬᠠᠢ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ ᠤᠨ ᠮᠡᠳᠡᠭᠳᠡᠯ︾ ᠪᠠ ︽︿ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠬᠦ ᠲᠦᠷ | ᠬᠡᠷᠡᠭᠵᠢᠭᠦᠯᠬᠦ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠮᠡᠳᠡᠭᠳᠡᠯ︾ ᠵᠢᠴᠢ ᠬᠤᠯᠪᠣᠭᠳᠠᠯ ᠪᠦᠬᠦᠢ | ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠵᠦ᠂ ᠡᠳᠦᠭᠡ ᠰᠢᠩ ᠾᠧ ᠰᠢᠶᠠᠨ ᠤ ᠰᠢᠨ ᠶᠤᠸᠠᠨ | ᠨᠡᠭᠦᠷᠡᠰᠦᠲᠥ᠋ᠷᠥᠭᠴᠢ ᠡᠯᠧᠮᠧᠨ᠋ᠲ ᠤᠨ ᠬᠢᠵᠠᠭᠠᠷᠲᠤ ᠺᠣᠮᠫᠠᠨᠢ ᠶᠢᠨ ᠵᠢᠯ ᠳᠤ 6000 ᠲᠣᠨ ᠨᠡᠭᠦᠷᠡᠰᠦᠲᠥ᠋ᠷᠥᠭᠴᠢ | ᠡᠯᠧᠮᠧᠨ᠋ᠲ ᠤᠨ ᠪᠦᠲᠦᠭᠡᠭᠳᠡᠬᠦᠨ ᠢ ᠲᠡᠰ ᠳᠡᠪᠰᠢᠭᠦᠯᠦᠨ ᠥᠭᠡᠷᠡᠴᠢᠯᠡᠬᠦ ᠲᠦᠷᠦᠯ ᠵᠦᠢᠯ ᠢ ᠲᠣᠭᠲᠠᠭᠤᠨ ᠢᠶᠠᠷ | ᠦᠨᠡᠯᠡᠬᠦ ᠶᠢ ᠨᠡᠶᠢᠲᠡᠯᠡᠵᠦ᠂ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢᠨ ᠲᠠᠯ᠎ᠠ ᠪᠠᠷ ᠬᠢ ᠤᠯᠠᠨ ᠨᠡᠶᠢᠲᠡ ᠶᠢᠨ | ᠰᠠᠨᠠᠯ ᠰᠠᠨᠠᠭᠤᠯᠭ᠎ᠠ ᠶᠢ ᠬᠤᠷᠢᠶᠠᠵᠤ ᠪᠤᠢ᠃ | ᠨᠢᠭᠡ᠂ ᠲᠥᠷᠥᠯ ᠵᠦᠢᠯ ᠤᠨ ᠲᠣᠶᠢᠮᠣ ᠪᠠᠶᠢᠳᠠᠯ | ᠲᠣᠰ ᠲᠥᠷᠥᠯ ᠵᠦᠢᠯ ᠨᠢ ᠤᠯᠠᠭᠠᠨᠴᠠᠪ ᠬᠤᠲᠠ ᠶᠢᠨ ᠰᠢᠩ ᠾᠧ ᠰᠢᠶᠠᠨ ᠤ ᠾᠧᠦ ᠾᠧ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠪᠣᠶ᠃ ᠦᠢᠯᠡᠳᠪᠦᠷᠢ ᠶᠢᠨ ᠲᠠᠯᠠᠪᠠᠶ ᠨᠢ 22000 ᠲᠡᠭᠰᠢ | ᠳᠥᠷᠪᠡᠯᠵᠢᠨ ᠮᠧᠲᠷ᠃ ᠲᠣᠰ ᠲᠥᠷᠥᠯ ᠵᠦᠢᠯ ᠨᠢ ᠵᠢᠯ ᠳᠤ 6000 ᠲᠣᠨ ᠨᠡᠭᠦᠷᠡᠰᠦᠲᠥ᠋ᠷᠥᠭᠴᠢ ᠡᠳ᠋ ᠤᠨ | ᠦᠢᠯᠡᠳᠬᠦᠨ ᠢ ᠲᠠᠰ ᠳᠡᠪᠰᠢᠭᠦᠯᠦᠨ ᠥᠭᠡᠷᠡᠴᠢᠯᠡᠬᠦ ᠪᠠᠷ ᠲᠥᠯᠥᠪᠯᠡᠵᠦ ᠪᠣᠶ᠂ ᠥᠭᠡᠷᠡᠴᠢᠯᠡᠭᠰᠡᠨ ᠤ ᠳᠠᠷᠠᠭ᠎ᠠ ᠮᠥᠨ | ᠵᠢᠯ ᠳᠤ 6000 ᠲᠣᠨ ᠨᠡᠭᠦᠷᠡᠰᠦᠲᠥ᠋ᠷᠥᠭᠴᠢ ᠡᠳ᠋ ᠤᠨ ᠦᠢᠯᠡᠳᠬᠦᠨ ᠢ ᠦᠢᠯᠡᠳᠪᠦᠷᠢᠯᠡᠨ᠎ᠡ᠂ ᠡᠭᠦᠨ ᠳᠤ ᠬᠡᠲᠦ | ᠥᠨᠳᠥᠷ ᠴᠢᠳᠠᠯᠲᠤ ᠪᠠᠯ ᠴᠢᠯᠠᠭᠤᠨ ᠤ ᠠᠷᠭ᠎ᠠ ᠲᠤᠶᠢᠯ 3000 ᠲᠣᠨ᠂ ᠦᠨᠳᠦᠷ ᠴᠡᠪᠡᠷᠴᠡ ᠦᠨᠳᠦᠷ ᠨᠢᠭᠳᠠᠴᠠ | ᠲᠠᠢ ᠪᠠᠯ ᠴᠢᠯᠠᠭᠤᠨ ᠤ ᠰᠢᠳᠠᠮ ᠢ 3000 ᠲᠣᠨ ᠦᠢᠯᠡᠳᠪᠦᠷᠢᠯᠡᠨ᠎ᠡ᠃ ᠪᠦᠲᠦᠭᠡᠨ ᠪᠠᠶᠢᠭᠤᠯᠬᠤ ᠠᠭᠤᠯᠭ᠎ᠠ᠄ | ᠬᠡᠪᠰᠢᠭᠦᠯᠬᠦ ᠦᠢᠯᠡᠳᠪᠦᠷᠢ ᠶᠢᠨ ᠲᠠᠰᠤᠭ᠂ ᠳᠡᠪᠲᠦᠭᠡᠬᠦ ᠦᠢᠯᠡᠳᠪᠦᠷᠢ ᠶᠢᠨ ᠲᠠᠰᠤᠭ᠂ ᠨᠡᠭᠦᠷᠡᠰᠦᠨ ᠬᠡᠢ ᠶᠢᠨ ᠵᠤᠤᠬ᠎ᠠ | ᠂ ᠴᠣᠨᠣᠭᠠᠯᠲᠠ ᠶᠢᠨ ᠦᠢᠯᠡᠳᠪᠦᠷᠢ ᠶᠢᠨ ᠲᠠᠰᠤᠭ᠂ ᠲᠦᠭᠦᠬᠡᠢ ᠮᠠᠲ᠋ᠧᠷᠢᠶᠠᠯ ᠤᠨ ᠬᠥᠮᠥᠷᠭᠡ᠂ ᠫᠦᠨᠲ ᠦᠷᠦᠭᠡ᠂ | ᠮᠠᠰᠢᠨ ᠢᠶᠠᠷ ᠪᠣᠯᠪᠠᠰᠤᠷᠠᠭᠤᠯᠬᠤ ᠦᠢᠯᠡᠳᠪᠦᠷᠢ ᠶᠢᠨ ᠲᠠᠰᠤᠭ᠂ ᠪᠣᠭᠤᠳᠠᠯᠯᠠᠬᠤ ᠦᠢᠯᠡᠳᠪᠦᠷᠢ ᠶᠢᠨ ᠲᠠᠰᠤᠭ᠂ | ᠬᠥᠮᠥᠷᠭᠡ ᠵᠢᠴᠢ ᠪᠤᠰᠤᠳ ᠲᠤᠰᠠᠯᠠᠬᠤ ᠦᠢᠯᠡᠳᠪᠦᠷᠢᠯᠡᠯ ᠤᠨ ᠦᠢᠯᠡᠳᠪᠦᠷᠢ ᠶᠢᠨ ᠲᠠᠰᠤᠭ᠂ ᠠᠯᠪᠠᠨ ᠭᠡᠷ ᠵᠡᠷᠭᠡ᠃ | ᠲᠣᠰ ᠲᠥᠷᠥᠯ ᠵᠦᠢᠯ ᠤᠨ ᠲᠥᠯᠥᠪᠯᠡᠭᠡ ᠶᠢ ᠬᠡᠷᠡᠭᠵᠢᠭᠦᠯᠬᠦ ᠴᠠᠭ ᠨᠢ 1 ᠵᠢᠯ᠂ ᠶᠡᠷᠦᠩᠬᠡᠢ ᠪᠡᠯᠡ ᠣᠷᠣᠭᠤᠯᠤᠯᠲᠠ | ᠨᠢ 5652.58 ᠲᠦᠮᠡᠨ ᠲᠥᠭᠦᠷᠢᠭ ᠪᠠᠶᠢᠵᠤ᠂ ᠲᠥᠷᠥᠯ ᠵᠦᠢᠯ ᠤᠨ ᠪᠡᠯᠡ ᠮᠥᠩᠭᠦ ᠨᠢ ᠥᠪᠡᠷ ᠤᠨ ᠪᠠᠶᠢᠬᠤ ᠪᠡᠯᠡ | ᠮᠥᠩᠭᠦ ᠪᠣᠯᠣᠨ᠎ᠠ᠃ | ᠲᠥᠷᠥᠯ ᠵᠦᠢᠯ ᠤᠨ ᠬᠡᠷᠡᠭᠵᠢᠭᠦᠯᠦᠯᠲᠡ ᠨᠢ ᠲᠤᠬᠠᠢ ᠶᠢᠨ ᠭᠠᠵᠠᠷ ᠤᠨ ᠬᠥᠭᠵᠢᠯᠲᠡ ᠶᠢᠨ ᠲᠥᠯᠦᠪᠵᠢᠭᠦᠯᠭᠡ ᠳᠤ | ᠨᠡᠶᠢᠴᠡᠬᠦ ᠪᠥᠭᠡᠳ ᠵᠣᠬᠢᠬᠤ ᠬᠡᠮᠵᠢᠶᠡᠨ ᠤ ᠠᠵᠢᠯ ᠤᠨ ᠪᠠᠶᠢᠷᠢ ᠬᠠᠩᠭᠠᠵᠤ᠂ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠨᠢ ᠠᠵᠤ ᠠᠬᠤᠶᠢᠯᠠᠯ ᠤᠨ ᠦᠷ᠎ᠡ ᠠᠰᠢᠭ ᠢ ᠳᠡᠭᠡᠭᠰᠢᠯᠡᠭᠦᠯᠵᠦ᠂ ᠠᠵᠤ ᠠᠬᠤᠶᠢᠯᠠᠯ ᠢ ᠨᠠᠩ ᠢᠯᠡᠭᠦᠦ | ᠥᠷᠢᠰᠦᠯᠳᠦᠬᠦ ᠬᠦᠴᠦᠨ ᠲᠠᠢ ᠪᠣᠯᠭᠠᠬᠤ ᠶᠢᠨ ᠬᠠᠮᠲᠤ ᠲᠤᠬᠠᠢ ᠶᠢᠨ ᠭᠠᠵᠠᠷ ᠤᠨ ᠠᠵᠤ ᠠᠬᠤᠢ ᠶᠢᠨ ᠬᠥᠭᠵᠢᠯᠲᠡ ᠳᠤ | ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠵᠦ ᠴᠢᠳᠠᠬᠤ ᠶᠤᠮ᠃ | ᠬᠤᠶᠠᠷ᠂ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠣᠯ ᠵᠦᠢᠯᠡᠰ᠂ ᠪᠣᠳᠠᠲᠠᠢ ᠬᠡᠯᠪᠡᠷᠢ ᠵᠢᠴᠢ ᠬᠤᠭᠤᠴᠠᠭ᠎ᠠ | ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠣᠯ ᠵᠦᠢᠯ ᠤᠳ᠄ | 1. ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠲᠤᠬᠠᠢ ᠣᠪᠣᠷ᠃ | 2. ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠶᠠᠮᠠᠷ ᠨᠡᠶᠢᠭᠡᠮ ᠤᠨ ᠲᠣᠭᠲᠠᠭᠤᠨ ᠪᠠᠶᠢᠳᠠᠯ ᠤᠨ ᠠᠶᠤᠯ | ᠲᠦᠭᠰᠢᠭᠦᠷᠢ ᠡᠭᠦᠰᠴᠦ ᠮᠡᠳᠡᠬᠦ᠃ | 3. ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠪᠤᠰᠤᠳ ᠰᠠᠨᠠᠯ ᠪᠠ ᠰᠠᠨᠠᠭᠤᠯᠭ᠎ᠠ᠃ | ᠲᠣᠰ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢᠨ ᠲᠠᠯ᠎ᠠ ᠪᠠᠷ ᠬᠢ ᠣᠯᠠᠨ ᠨᠡᠶᠢᠲᠡ ᠶᠢᠨ | ᠰᠠᠨᠠᠯ ᠪᠠ ᠰᠠᠨᠠᠭᠤᠯᠭ᠎ᠠ ᠶᠢ ᠲᠣᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠲᠤᠯᠤᠭᠠᠨ ᠠᠵᠢᠯᠯᠠᠬᠤ ᠡᠳᠦᠷ ᠤᠨ | ᠳᠣᠲᠣᠷ᠎ᠠ᠂ ᠳᠣᠣᠷᠠᠬᠢ ᠠᠷᠭ᠎ᠠ ᠮᠠᠶ᠋ᠢᠭ ᠢᠶᠠᠷ ᠳᠠᠮᠵᠢᠭᠤᠯᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠨᠢᠭᠡᠴᠢ ᠪᠤᠶᠤ ᠦᠨᠡᠯᠡᠬᠦ ᠨᠢᠭᠡᠴᠢ ᠳᠤ ᠬᠠᠷᠢᠭᠤ ᠲᠤᠰᠬᠠᠵᠦ ᠪᠤᠯᠤᠨ᠎ᠠ᠃ | ᠭᠤᠷᠪᠠ᠂ ᠠᠵᠢᠯᠯᠠᠭ᠎ᠠ ᠳᠤ ᠣᠷᠣᠯᠴᠠᠬᠤ ᠠᠷᠭ᠎ᠠ ᠮᠠᠶ᠋ᠢᠭ | ᠪᠦᠲᠦᠭᠡᠨ ᠪᠠᠶᠢᠭᠤᠯᠬᠤ ᠨᠢᠭᠡᠴᠢ ᠶᠢᠨ ᠬᠠᠷᠢᠯᠴᠠᠬᠤ ᠠᠷᠭ᠎ᠠ ᠮᠠᠶ᠋ᠢᠭ᠄ | ᠬᠠᠷᠢᠯᠴᠠᠬᠤ ᠬᠥᠮᠥᠨ᠄ ᠴᠢᠶᠣᠤ ᠵᠢᠶᠠᠨ ᠬᠤᠸᠠ᠂ ᠬᠠᠷᠢᠯᠴᠠᠬᠤ ᠤᠲᠠᠰᠤ᠄ 15304749556 | ᠪᠠᠶᠢᠭᠤᠯᠭ᠎ᠠ ᠶᠢᠨ ᠬᠠᠶ᠋ᠢᠭ᠄ ᠤᠯᠠᠭᠠᠨᠴᠠᠪ ᠬᠤᠲᠠ ᠶᠢᠨ ᠰᠢᠩ ᠾᠧ ᠰᠢᠶᠠᠨ ᠤ ᠾᠧᠦ ᠾᠧ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠰᠢᠤᠳᠠᠨ ᠳ᠋ᠤᠭᠠᠷ᠄ 013650 | ᠦᠨᠡᠯᠡᠬᠦ ᠨᠢᠭᠡᠴᠢ ᠶᠢᠨ ᠬᠠᠷᠢᠯᠴᠠᠬᠤ ᠠᠷᠭ᠎ᠠ ᠮᠠᠶ᠋ᠢᠭ᠄ | ᠬᠠᠷᠢᠯᠴᠠᠬᠤ ᠬᠥᠮᠥᠨ᠄ ᠯᠢ ᠵᠢᠤᠸᠠᠨ᠂ ᠬᠠᠷᠢᠯᠴᠠᠬᠤ ᠤᠲᠠᠰᠤ᠄ 0471 ︱ 2231160 | ᠪᠠᠶᠢᠭᠤᠯᠭ᠎ᠠ ᠶᠢᠨ ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠵᠢᠦᠢ ᠬᠠᠢ ᠬᠤᠳᠠᠯᠳᠤᠭᠠᠨ ᠤ | ᠠᠰᠠᠷ ᠤᠨ 10 ᠳ᠋ᠤᠭᠠᠷ ᠳᠠᠪᠬᠤᠷᠯᠢᠭ ᠤᠨ 1002 ᠦᠷᠦᠭᠡ᠂ ᠰᠢᠤᠳᠠᠨ ᠳ᠋ᠤᠭᠠᠷ᠄ 010050 | | ᠰᠢᠩ ᠾᠧ ᠰᠢᠶᠠᠨ ᠤ ᠰᠢᠨ ᠶᠤᠸᠠᠨ ᠨᠡᠭᠦᠷᠡᠰᠦᠲᠥ᠋ᠷᠥᠭᠴᠢ ᠡᠳ᠋ ᠤᠨ ᠬᠢᠵᠠᠭᠠᠷᠲᠤ ᠺᠣᠮᠫᠠᠨᠢ | ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠳ᠋ᠡ ᠬᠤᠸᠠ ᠶᠤᠸᠠᠨ ᠢᠨᠵᠧᠨᠧᠷᠢᠩ ᠤᠨ | ᠮᠡᠷᠭᠡᠵᠢᠯ ᠤᠨ ᠬᠢᠵᠠᠭᠠᠷᠲᠤ ᠺᠣᠮᠫᠠᠨᠢ | 2023 ᠣᠨ 7 ᠰᠠᠷ᠎ᠠ ᠶᠢᠨ 17 ᠤ ᠡᠳᠦᠷ | | | ᠤᠷᠴᠢᠭᠤᠯᠤᠭᠴᠢ᠄ ᠢᠷᠭᠤᠢ | ᠬᠢᠨᠠᠭᠴᠢ᠄ ᠠᠷᠢᠭᠤᠨ | | | | | | |