ᠬᠤᠲᠠ ᠶᠢᠨ ᠤᠳᠤᠷᠢᠳᠤᠯᠭ᠎ᠠ ᠵᠠᠬᠢᠳᠠᠯ ᠰᠣᠷᠪᠤᠯᠵᠢᠯᠠᠭ᠎ᠠ ᠬᠦᠯᠢᠶᠡᠨ ᠠᠪᠬᠤ ᠲᠢᠩᠬᠢᠮ ᠳᠤ ᠬᠦᠷᠴᠦ ᠵᠠᠬᠢᠳᠠᠯ ᠰᠣᠷᠪᠤᠯᠵᠢᠯᠠᠭ᠎ᠠ ᠶᠢ ᠬᠦᠯᠢᠶᠡᠨ ᠠᠪᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/7/20
    7 ᠰᠠᠷ᠎ᠠ ᠶᠢᠨ 18 ᠤ ᠡᠳᠦᠷ᠂ ᠬᠤᠲᠠ ᠶᠢᠨ ᠳᠡᠳ᠋ ᠳᠠᠷᠤᠭ᠎ᠠ ᠢᠦᠢ ᠬᠠᠢ ᠴᠧᠩ ᠬᠤᠲᠠ ᠶᠢᠨ ᠵᠠᠬᠢᠳᠠᠯ ᠰᠣᠷᠪᠤᠯᠵᠢᠯᠠᠭ᠎ᠠ ᠶᠢᠨ ᠬᠠᠮᠲᠤᠷᠠᠭᠰᠠᠨ ᠬᠦᠯᠢᠶᠡᠨ ᠠᠪᠬᠤ ᠲᠥᠪ ᠲᠤ ᠬᠦᠷᠴᠦ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠢ ᠬᠦᠯᠢᠶᠡᠨ ᠠᠪᠴᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠬᠢᠨᠠᠮᠠᠭᠠᠢ ᠰᠣᠨᠣᠰᠴᠤ᠂ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠨᠠᠷᠢᠨ ᠣᠶᠢᠯᠠᠭᠠᠵᠤ᠂ ᠠᠰᠠᠭᠤᠳᠠᠯ ᠤᠨ ᠵᠠᠩᠭᠢᠯᠠᠭ᠎ᠠ ᠶᠢ ᠭᠦᠨᠵᠡᠭᠡᠢ ᠨᠠᠷᠢᠨ ᠵᠠᠳᠠᠯᠵᠤ ᠂ ᠠᠰᠠᠭᠤᠳᠠᠯ ᠢ ᠲᠤᠬᠠᠢ ᠶᠢᠨ ᠲᠠᠯᠠᠪᠤᠷ ᠲᠤᠨᠢ ᠵᠥᠪᠳᠡᠯᠴᠡᠨ ᠰᠢᠢᠳᠪᠦᠷᠢᠯᠡᠵᠡᠢ᠃     ᠢᠦᠢ ᠬᠠᠢ ᠴᠧᠩ᠂ ᠣᠷᠣᠨ ᠰᠠᠭᠤᠴᠠ ᠶᠢᠨ ᠠᠰᠠᠭᠤᠳᠠᠯ ᠨᠢ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠳᠤ ᠬᠤᠯᠪᠣᠭᠳᠠᠵᠤ ᠪᠠᠶᠢᠳᠠᠭ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠵᠤ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ᠂ ᠬᠠᠮᠤᠭ ᠤᠨ ᠴᠢᠩᠭ᠎ᠠ ᠠᠷᠭ᠎ᠠ ᠬᠡᠮᠵᠢᠶ᠎ᠡ ᠪᠠᠷ ᠭᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠲᠣᠬᠢᠲᠠᠢ ᠰᠢᠢᠳᠪᠦᠷᠢᠯᠡᠬᠦ ᠶᠢ ᠲᠦᠯᠬᠢᠨ ᠠᠬᠢᠭᠤᠯᠵᠤ᠂ ᠠᠷᠠᠳ ᠣᠯᠠᠨ ᠤ ᠦᠨᠳᠦᠰᠦᠨ ᠠᠰᠢᠭ ᠲᠤᠰᠠ ᠶᠢ ᠪᠥᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠢᠦᠢ ᠬᠠᠢ ᠴᠧᠩ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠭᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠷᠬᠡᠪᠰᠢ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ  ᠲᠦᠭᠰᠢᠭᠦᠷᠢ ᠶᠢ ᠠᠷᠢᠯᠭᠠᠵᠤ᠂ ᠭᠡᠷ ᠪᠠᠶᠢᠰᠢᠩ ᠲᠤᠰᠢᠶᠠᠬᠤ ᠠᠮᠠᠯᠠᠯᠲᠠ ᠪᠠᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ᠂ ᠵᠢᠨᠢᠩ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠰᠣᠷᠪᠤᠯᠵᠢᠯᠠᠭ᠎ᠠ ᠬᠦᠯᠢᠶᠡᠪᠡ᠃                                        ᠣᠷᠴᠢᠭᠤᠯᠤᠭᠴᠢ᠄ ᠭᠤᠸ᠎ᠠ                                        ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2