2023 ᠣᠨ ᠤ ᠤᠯᠠᠭᠠᠨᠴᠠᠪ ᠤᠨ ᠰᠢᠨ᠎ᠡ ᠮᠠᠲ᠋ᠧᠷᠢᠶᠠᠯ ᠤᠨ ᠮᠡᠷᠭᠡᠵᠢᠯ ᠤᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠬᠤ ᠬᠤᠭᠤᠴᠠᠭᠠᠨ ᠳᠤ ᠵᠠᠰᠠᠭ ᠠᠵᠤ ᠠᠬᠤᠶᠢᠯᠠᠯ ᠢ ᠵᠣᠯᠭᠠᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/7/21
    7 ᠰᠠᠷ᠎ᠠ ᠶᠢᠨ 19 ᠤ ᠡᠳᠦᠷ᠂ 2023 ᠣᠨ ᠤ ᠤᠯᠠᠭᠠᠨᠴᠠᠪ ᠤᠨ ᠰᠢᠨ᠎ᠡ ᠮᠠᠲ᠋ᠧᠷᠢᠶᠠᠯ ᠤᠨ ᠮᠡᠷᠭᠡᠵᠢᠯ ᠤᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠬᠤ ᠬᠤᠭᠤᠴᠠᠭᠠᠨ ᠳᠤ ᠵᠠᠰᠠᠭ ᠠᠵᠤ ᠠᠬᠤᠶᠢᠯᠠᠯ ᠢ ᠵᠣᠯᠭᠠᠭᠤᠯᠬᠤ ᠬᠤᠷᠠᠯ ᠬᠤᠷᠠᠯᠳᠤᠪᠠ᠃         ᠴᠢᠩᠬᠤᠸᠠ ᠶᠡᠭᠡ ᠰᠤᠷᠭᠠᠭᠤᠯᠢ ᠶᠢᠨ ᠱᠧᠨᠵᠧᠨ ᠤ ᠤᠯᠠᠨ ᠤᠯᠤᠰ ᠤᠨ ᠠᠰᠫᠢᠷᠠᠨᠲ ᠤᠨ ᠬᠦᠷᠢᠶᠡᠯᠡᠩ ᠤᠨ  ᠳᠡᠳ᠋ ᠳᠠᠷᠤᠭ᠎ᠠ ᠺᠠᠩ ᠹᠧᠢ ᠢᠦᠢ ᠬᠤᠷᠠᠯ ᠢ ᠡᠷᠬᠢᠯᠡᠵᠦ᠂ ᠳᠡᠳ᠋ ᠬᠤᠳᠠ ᠶᠢᠨ ᠳᠠᠷᠤᠭ᠎ᠠ ᠯᠢ ᠵᠢᠶᠠᠨ ᠸᠧᠨ ᠬᠤᠷᠠᠯ ᠳᠤ  ᠣᠷᠣᠯᠴᠠᠵᠠᠢ᠃ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠤᠪᠢ ᠡᠵᠡᠮᠳᠡᠬᠦ ᠬᠢᠵᠠᠭᠠᠷᠲᠤ  ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠰᠦᠸᠧ ᠵᠢᠢ ᠱᠤᠸᠠᠨ᠂ ᠳ᠋ᠠ ᠶᠢᠨ ᠹᠯᠣᠷ ᠤᠨ ᠬᠢᠮᠢ ᠶᠢᠨ ᠠᠵᠤ ᠦᠢᠯᠡᠳᠪᠦᠷᠢ ︵ᠳᠤᠮᠳᠠᠳᠤ ᠤᠯᠤᠰ︶ ᠶᠢᠨ ᠬᠢᠵᠠᠭᠠᠷᠲᠤ ᠺᠣᠮᠫᠠᠨᠢ ᠶᠢᠨ ᠳ᠋ᠣᠺᠲ᠋ᠣᠷ ᠷᠦ᠋ ᠲᠢᠶᠠᠨ ᠶᠢᠤ ᠮᠧᠢ᠂ ᠰᠢᠩᠭᠡᠨ ᠪᠡᠶᠡᠲᠦ ᠡᠨᠧᠷᠭᠢ ᠬᠠᠳᠠᠭᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠲᠡᠷᠢᠭᠦᠨ ᠤ ᠰᠢᠨᠵᠢᠯᠡᠬᠦ ᠤᠬᠠᠭᠠᠨᠲᠠᠨ ᠸᠠᠩ ᠶᠢᠨ ᠵᠡᠷᠭᠡ 15 ᠠᠵᠤ ᠠᠬᠤᠶᠢᠯᠠᠯ ᠤᠨ ᠬᠠᠷᠢᠭᠤᠴᠠᠯᠭᠠᠲᠠᠨ ᠪᠣᠯᠣᠨ ᠬᠤᠳᠠ ᠶᠢᠨ  ᠰᠢᠭᠤᠳ ᠬᠠᠷᠢᠶ᠎ᠠ ᠰᠠᠯᠠᠭ᠎ᠠ ᠮᠥᠴᠢᠷ᠂ ᠡᠯ᠎ᠡ ᠬᠤᠰᠢᠭᠤ ᠰᠢᠶᠠᠨ ᠬᠤᠳᠠ ᠲᠣᠭᠤᠷᠢᠭ ᠤᠨ 34 ᠬᠤᠯᠪᠣᠭᠳᠠᠯ ᠪᠦᠬᠦᠢ  ᠬᠠᠷᠢᠭᠤᠴᠠᠯᠭᠠᠲᠠᠨ ᠣᠷᠣᠯᠴᠠᠪᠠ᠃         ᠬᠤᠷᠠᠯ ᠳᠡᠭᠡᠷ᠎ᠡ᠂ ᠬᠤᠲᠠ ᠶᠢᠨ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ  ᠵᠡᠷᠭᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠮᠠᠨ ᠤ ᠬᠤᠲᠠ ᠶᠢᠨ ᠰᠢᠨ᠎ᠡ ᠮᠠᠲ᠋ᠧᠷᠢᠶᠠᠯ ᠤᠨ ᠬᠦᠷᠢᠶᠡᠨ ᠳᠠᠬᠢ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠤᠨ ᠬᠠᠮᠲᠤᠷᠠᠯᠴᠠᠭ᠎ᠠ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠦᠷᠢᠯᠡᠵᠦ ᠬᠡᠯᠬᠢᠶ᠎ᠡ ᠶᠢ ᠴᠢᠩᠭᠠᠳᠬᠠᠬᠤ ᠶᠢ ᠠᠬᠢᠭᠤᠯᠬᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠵᠡᠷᠭᠡ ᠶᠢᠨ ᠲᠣᠭᠤᠷᠢᠨ ᠳᠤ ᠲᠣᠪᠴᠢ ᠲᠠᠨᠢᠯᠴᠠᠭᠤᠯᠭ᠎ᠠ ᠬᠢᠵᠦ᠂ ᠵᠠᠰᠠᠭ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠰᠢᠨ᠎ᠡ ᠮᠠᠲ᠋ᠧᠷᠢᠶᠠᠯ ᠤᠨ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃      ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠠᠴᠠ ᠮᠠᠨ ᠤ ᠬᠤᠲᠠ ᠡᠭᠦᠯᠡᠨ ᠬᠦᠨᠳᠡᠢ ᠤᠯᠠᠭᠠᠨᠴᠠᠪ᠂ ᠵᠠᠮ ᠨᠡᠪᠲᠡᠷᠡᠯᠭᠡ ᠶᠢᠨ ᠤᠯᠠᠭᠠᠨᠴᠠᠪ᠂ ᠡᠷᠡᠭᠦᠯ ᠡᠩᠬᠡ ᠤᠯᠠᠭᠠᠨᠴᠠᠪ᠂ ᠠᠮᠢ ᠠᠬᠤᠢ ᠶᠢᠨ ᠤᠯᠠᠭᠠᠨᠴᠠᠪ ᠪᠣᠯᠣᠨ ᠪᠣᠬᠢᠷᠳᠣᠯ ᠦᠭᠡᠢ ᠡᠨᠧᠷᠭᠢ ᠶᠢᠨ ᠤᠯᠠᠭᠠᠨᠴᠠᠪ ︽ᠲᠠᠪᠤᠨ ᠤᠯᠠᠭᠠᠨᠴᠠᠪ︾ ᠢ ᠪᠦᠲᠦᠭᠡᠨ ᠪᠠᠶᠢᠭᠤᠯᠬᠤ ᠪᠠᠷ ᠬᠠᠷᠠᠯᠲᠠ ᠪᠣᠯᠭᠠᠵᠤ᠂  ᠲᠣᠭᠠᠴᠢᠯᠠᠭᠰᠠᠨ᠂ ᠬᠦᠢᠰᠦ᠂ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠪᠠᠭ᠎ᠠ ᠣᠷᠴᠢᠯ᠂ ᠣᠲᠣ ᠦᠶ᠎ᠡ ᠶᠢᠨ  ᠡᠨᠧᠷᠭᠢ ᠶᠢᠨ ︽ᠲᠠᠪᠤᠨ ᠶᠡᠭᠡ ᠠᠵᠤ ᠠᠬᠤᠢ︾ ᠶᠢ ᠬᠥᠭᠵᠢᠭᠦᠯᠬᠦ ᠪᠠᠷ ᠭᠠᠷᠳᠠᠴᠠ ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠢ ᠰᠢᠯᠢᠳᠡᠭᠵᠢᠭᠦᠯᠦᠨ ᠲᠠᠰ ᠳᠡᠪᠰᠢᠭᠦᠯᠬᠦ ᠳᠤ ᠴᠢᠳᠠᠪᠬᠢ ᠣᠯᠭᠤᠵᠤ᠂ ᠲᠥᠷᠥ ᠶᠢᠨ ᠪᠣᠳᠣᠯᠭ᠎ᠠ ᠶᠢᠨ ᠦᠢᠯᠡᠴᠢᠯᠡᠭᠡ ᠪᠠᠷ ᠠᠵᠤ ᠠᠬᠤᠶᠢᠯᠠᠯ ᠤᠨ ᠴᠢᠨᠠᠷ ᠰᠠᠶᠢᠲᠠᠢ  ᠬᠥᠭᠵᠢᠯᠲᠡ ᠳᠤ ᠪᠠᠲᠤᠯᠠᠭ᠎ᠠ ᠬᠠᠩᠭᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ︽ᠲᠦᠷᠭᠡᠨ ᠤ ᠵᠠᠮ︾ ᠳᠤ  ᠣᠷᠣᠬᠤ ᠶᠢ ᠲᠦᠯᠬᠢᠨ ᠠᠬᠢᠭᠤᠯᠵᠤ ᠪᠠᠶᠢᠨ᠎ᠠ᠃ ᠣᠳᠣᠬᠠᠨ ᠳᠤ᠂ ᠪᠥᠬᠦ ᠬᠤᠲᠠ ᠶᠢᠨ 11 ᠬᠤᠰᠢᠭᠤ ᠰᠢᠶᠠᠨ ᠬᠤᠲᠠ ᠲᠣᠭᠤᠷᠢᠭ ᠲᠤ 5 ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ 1 ᠤᠯᠤᠰ ᠤᠨ ᠲᠠᠰ ᠤᠨ ᠪᠠᠷᠠᠭᠠᠨ ᠤ ᠭᠦᠢᠯᠭᠡᠭᠡᠨ ᠤ ᠬᠦᠢᠰᠦ ᠬᠦᠷᠢᠶᠡᠯᠡᠩ ᠲᠣᠭᠤᠷᠢᠭ ᠲᠠᠢ ᠪᠠᠶᠢᠵᠤ᠂ ᠰᠠᠨᠰᠢᠶᠠ ᠪᠦᠯᠦᠭᠯᠡᠯ᠂  ᠬᠤᠸᠠ ᠸᠧᠢ ᠵᠡᠷᠭᠡ ᠭᠤᠣᠯᠳᠠᠯᠭ᠎ᠠ ᠲᠠᠢ ᠠᠵᠤ ᠠᠬᠤᠶᠢᠯᠠᠯ ᠵᠢᠴᠢ ᠨᠢᠭᠡ ᠪᠦᠯᠦᠭ ᠲᠤᠶᠢᠯ ᠤᠨ ᠴᠢᠩᠭ᠎ᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠤᠬᠠᠮᠰᠠᠷ ᠪᠠ ᠴᠢᠳᠠᠪᠤᠷᠢ ᠲᠠᠢ ᠠᠵᠤ ᠠᠬᠤᠶᠢᠯᠠᠯ᠂ ᠲᠥᠷᠥᠯ ᠵᠦᠢᠯ ᠢ  ᠣᠷᠣᠭᠤᠯᠤᠨ ᠠᠪᠴᠢᠷᠠᠵᠤ᠂ ᠪᠥᠬᠦ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ  ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃                                         ᠣᠷᠴᠢᠭᠤᠯᠤᠭᠴᠢ᠄ ᠭᠤᠸ᠎ᠠ                                         ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2