︽ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠣᠯᠠᠨ ᠨᠡᠶᠢᠲᠡ ᠪᠠᠷ ᠢᠶᠠᠨ ᠣᠷᠣᠯᠴᠠᠬᠤ ᠠᠷᠭ᠎ᠠ︾ ︵ | 2019 ᠣᠨ ᠤ 1 ᠳ᠋ᠤᠭᠡᠷ ᠰᠠᠷ᠎ᠠ ᠶᠢᠨ 1 ᠤ ᠡᠳᠦᠷ︶ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ | ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠮᠠ ᠯᠢᠶᠠᠨ ᠴᠢᠦᠢ ᠰᠢᠶᠠᠩ ᠤᠨ ᠰᠠᠨ ᠬᠥ᠋ ᠴᠢᠤᠸᠠᠨ ᠠᠯᠠᠰᠢᠨ | ᠦᠬᠡᠷ ᠢ ᠲᠥᠪᠯᠡᠷᠡᠭᠦᠯᠦᠨ ᠲᠡᠵᠢᠭᠡᠨ ᠦᠷᠡᠵᠢᠭᠦᠯᠬᠦ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠣᠷᠴᠢᠨ | ᠲᠣᠭᠤᠷᠢᠨ ᠤ ᠨᠥᠯᠥᠭᠡᠯᠡᠯ ᠢ ᠦᠨᠡᠯᠡᠭᠰᠡᠨ ᠮᠡᠳᠡᠭᠡ ᠵᠠᠩᠭᠢ ᠶᠢ ᠢᠯᠡ ᠪᠠᠷ ᠨᠡᠶᠢᠳᠡᠯᠡᠨ᠎ᠡ᠂ ᠪᠠᠶᠢᠳᠠᠯ ᠨᠢ ᠳᠣᠣᠷᠠᠬᠢ | ᠮᠡᠲᠦ᠄ | ᠨᠢᠭᠡ᠂ ᠲᠦᠷᠦᠯ ᠵᠦᠢᠯ ᠤᠨ ᠲᠣᠶᠢᠮᠣ ᠪᠠᠶᠢᠳᠠᠯ | ᠲᠥᠷᠥᠯ ᠵᠦᠢᠯ ᠤᠨ ᠨᠡᠷᠡᠶᠢᠳᠦᠯ᠄ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠮᠠ ᠯᠢᠶᠠᠨ ᠴᠢᠦᠢ | ᠰᠢᠶᠠᠩ ᠤᠨ ᠰᠠᠨ ᠬᠥ᠋ ᠴᠢᠤᠸᠠᠨ ᠠᠯᠠᠰᠢᠨ ᠦᠬᠡᠷ ᠢ ᠲᠥᠪᠯᠡᠷᠡᠭᠦᠯᠦᠨ ᠲᠡᠵᠢᠭᠡᠨ ᠦᠷᠡᠵᠢᠭᠦᠯᠬᠦ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ᠃ | ᠲᠦᠷᠦᠯ ᠵᠦᠢᠯ ᠢ ᠪᠦᠲᠦᠭᠡᠨ ᠪᠠᠶᠢᠭᠤᠯᠬᠤ ᠭᠠᠵᠠᠷ᠄ ᠵᠢᠨᠢᠩ ᠲᠣᠭᠤᠷᠢᠭ ᠤᠨ ᠮᠠ ᠯᠢᠶᠠᠨ ᠴᠢᠦᠢ ᠰᠢᠶᠠᠩ᠂ | ᠭᠠᠵᠠᠷ ᠵᠦᠢ ᠶᠢᠨ ᠪᠠᠶᠢᠷᠢᠰᠢᠯ᠄ E113。5、43.042¨ ᠂ N41。5、27.791¨᠃ | ᠲᠦᠷᠦᠯ ᠵᠦᠢᠯ ᠤᠨ ᠰᠢᠨᠵᠢ ᠴᠢᠨᠠᠷ᠄ ᠰᠢᠨ᠎ᠡ ᠪᠠᠷ ᠪᠠᠶᠢᠭᠤᠯᠤᠨ᠎ᠠ᠃ | ᠲᠦᠷᠦᠯ ᠵᠦᠢᠯ ᠤᠨ ᠠᠭᠤᠯᠭ᠎ᠠ ᠵᠢᠴᠢ ᠬᠡᠪᠴᠢᠶ᠎ᠡ᠄ ᠲᠥᠷᠥᠯ ᠵᠦᠢᠯ ᠤᠨ ᠶᠡᠷᠦᠩᠬᠡᠢ ᠡᠵᠡᠯᠡᠬᠦ ᠲᠠᠯᠠᠪᠠᠶ ᠨᠢ 33. | 33 ᠾᠧᠺᠲ᠋ᠠᠷ᠃ ᠲᠤᠰ ᠤᠳᠠᠭᠠᠨ ᠤ ᠬᠢ ᠨᠢ ᠨᠢᠭᠡᠳᠦᠭᠡᠷ ᠬᠤᠭᠤᠴᠠᠭᠠᠨ ᠤ ᠲᠦᠷᠦᠯ ᠵᠦᠢᠯ ᠪᠠᠶᠢᠵᠤ᠂ ᠡᠵᠡᠯᠡᠬᠦ | ᠲᠠᠯᠠᠪᠠᠶ ᠨᠢ 6.667 ᠾᠧᠺᠲ᠋ᠠᠷ᠃ ᠲᠥᠷᠥᠯ ᠵᠦᠢᠯ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ ᠰᠦ ᠮᠢᠬ᠎ᠠ ᠶᠢ | ᠬᠠᠪᠰᠤᠷᠭᠠᠭᠰᠠᠨ ᠦᠬᠡᠷ ᠢ 5000 ᠲᠤᠯᠤᠭᠠᠢ ᠲᠡᠵᠢᠭᠡᠨ ᠦᠷᠡᠵᠢᠭᠦᠯᠬᠦ ᠪᠠᠷ ᠲᠥᠯᠥᠪᠯᠡᠵᠦ ᠪᠤᠢ᠃ ᠲᠣᠰ | ᠬᠤᠭᠤᠴᠠᠭᠠᠨ ᠤ ᠬᠢ ᠶᠢ ᠪᠠᠶᠢᠭᠤᠯᠵᠤ ᠳᠠᠭᠤᠰᠤᠭᠰᠠᠨ ᠤ ᠳᠠᠷᠠᠭ᠎ᠠ 600 ᠠᠯᠠᠰᠢᠨ ᠦᠬᠡᠷ ᠲᠡᠵᠢᠭᠡᠬᠦ ᠪᠠᠷ ᠪᠣᠶ᠃ | ᠲᠤᠰ ᠲᠦᠷᠦᠯ ᠵᠦᠢᠯ ᠳᠤ ᠦᠬᠡᠷ ᠤᠨ ᠬᠠᠰᠢᠶ᠎ᠠ᠂ ᠠᠷᠭᠠᠯ ᠬᠤᠷᠢᠶᠠᠬᠤ ᠲᠠᠲᠠᠭᠠᠯ᠂ ᠨᠣᠭᠤᠭᠠᠨ ᠳᠠᠷᠤᠰᠢ ᠶᠢᠨ | ᠵᠣᠭᠤᠷᠢ᠂ ᠡᠪᠡᠰᠦᠨ ᠫᠧᠩ ᠵᠡᠷᠭᠡ ᠶᠢ ᠪᠠᠶᠢᠭᠤᠯᠤᠨ᠎ᠠ᠃ | ᠬᠤᠶᠠᠷ᠂ ᠪᠦᠲᠦᠭᠡᠨ ᠪᠠᠶᠢᠭᠤᠯᠬᠤ ᠨᠢᠭᠡᠴᠢ ᠵᠢᠴᠢ ᠬᠠᠷᠢᠯᠴᠠᠬᠤ ᠠᠷᠭ᠎ᠠ ᠮᠠᠶ᠋ᠢᠭ | ᠪᠦᠲᠦᠭᠡᠨ ᠪᠠᠶᠢᠭᠤᠯᠬᠤ ᠨᠢᠭᠡᠴᠢ᠄ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠮᠠ ᠯᠢᠶᠠᠨ ᠴᠢᠦᠢ | ᠰᠢᠶᠠᠩ ᠤᠨ ᠠᠷᠠᠳ ᠤᠨ ᠵᠠᠰᠠᠭ ᠤᠨ ᠣᠷᠳᠣᠨ | ᠬᠠᠷᠢᠯᠴᠠᠬᠤ ᠬᠥᠮᠥᠨ᠄ ᠲᠢᠶᠠᠨ ᠳᠠᠭᠠᠭᠠᠮᠠᠯ | ᠬᠠᠷᠢᠯᠴᠠᠬᠤ ᠤᠲᠠᠰᠤ᠄ 13354743555 | ᠭᠤᠷᠪᠠ᠂ ᠦᠨᠡᠯᠡᠬᠦ ᠠᠵᠢᠯ ᠢ ᠡᠭᠦᠷᠭᠡᠯᠡᠬᠦ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠪᠠᠶᠢᠭᠤᠯᠤᠮᠵᠢ ᠵᠢᠴᠢ | ᠬᠠᠷᠢᠯᠴᠠᠬᠤ ᠠᠷᠭ᠎ᠠ ᠬᠡᠯᠪᠡᠷᠢ | ᠦᠨᠡᠯᠡᠬᠦ ᠨᠢᠭᠡᠴᠢ ᠶᠢᠨ ᠨᠡᠷᠡᠶᠢᠳᠦᠯ᠄ ᠥᠪᠥᠷ ᠮᠣᠩᠭᠤᠯ ᠤᠨ ᠱᠦᠢ ᠬᠤᠸᠠᠨ ᠵᠢᠩ ᠰᠢᠨᠵᠢᠯᠡᠬᠦ ᠤᠬᠠᠭᠠᠨ | ᠮᠡᠷᠭᠡᠵᠢᠯ ᠤᠨ ᠬᠢᠵᠠᠭᠠᠷᠲᠤ ᠺᠣᠮᠫᠠᠨᠢ | ᠬᠠᠷᠢᠯᠴᠠᠬᠤ ᠬᠥᠮᠥᠨ᠄ ᠯᠢ ᠳᠠᠭᠠᠭᠠᠮᠠᠯ | ᠤᠲᠠᠰᠤ᠄ 13304713530 | ᠢᠮᠧᠯ᠄ 775303733@qq.com | ᠳᠥᠷᠪᠡ᠂ ᠣᠷᠴᠢᠨ ᠲᠣᠭᠤᠷᠢᠨ ᠤ ᠨᠥᠯᠥᠭᠡᠯᠡᠯ ᠤᠨ ᠮᠡᠳᠡᠭᠦᠯᠦᠯᠲᠡ ᠶᠢᠨ ᠪᠢᠴᠢᠭ ᠤᠨ ᠰᠠᠨᠠᠯ ᠬᠤᠷᠢᠶᠠᠬᠤ ᠨᠣᠣᠷᠠᠭ ᠢ | ᠪᠠᠶᠢᠴᠠᠭᠠᠨ ᠦᠵᠡᠬᠦ ᠠᠷᠭ᠎ᠠ ᠮᠠᠶ᠋ᠢᠭ | ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠪᠦᠲᠦᠭᠡᠨ ᠪᠠᠶᠢᠭᠤᠯᠤᠯᠲᠠ ᠶᠢᠨ ᠨᠢᠭᠡᠴᠢ ᠪᠤᠶᠤ ᠣᠷᠴᠢᠨ ᠲᠣᠭᠤᠷᠢᠨ ᠤ | ᠨᠥᠯᠥᠭᠡᠯᠡᠯ ᠤᠨ ᠦᠨᠡᠯᠡᠯᠲᠡ ᠶᠢᠨ ᠨᠢᠭᠡᠴᠢ ᠳᠤ ᠬᠦᠷᠴᠦ ᠣᠷᠴᠢᠨ ᠲᠣᠭᠤᠷᠢᠨ ᠤ ᠨᠥᠯᠥᠭᠡᠯᠡᠯ ᠦᠨᠮᠡᠳᠡᠭᠦᠯᠦᠯᠲᠡ ᠶᠢᠨ | ᠪᠢᠴᠢᠭ ᠤᠨ ᠰᠠᠨᠠᠯ ᠬᠤᠷᠢᠶᠠᠬᠤ ᠨᠣᠣᠷᠠᠭ ᠢ ᠪᠠᠶᠢᠴᠠᠭᠠᠨ ᠦᠵᠡᠬᠦ ᠪᠤᠶᠤ1971254534@qq.com ᠳᠤ | ᠢᠮᠧᠯ ᠶᠠᠪᠤᠭᠤᠯᠵᠤ ᠪᠣᠯᠣᠨ᠎ᠠ᠃ | ᠲᠠᠪᠤ᠂ ᠮᠡᠳᠡᠭᠦᠯᠦᠯᠲᠡ ᠶᠢᠨ ᠪᠢᠴᠢᠭ ᠵᠢᠴᠢ ᠤᠯᠠᠨ ᠨᠡᠶᠢᠲᠡ ᠶᠢᠨ ᠰᠠᠨᠠᠯ ᠤᠨ ᠬᠦᠰᠦᠨᠦᠭᠲᠦ ᠶᠢᠨ ᠲᠣᠣᠷ | ᠰᠦᠯᠵᠢᠶᠡᠨ ᠤ ᠬᠤᠯᠪᠣᠭᠠᠰᠤ | ᠮᠡᠳᠡᠭᠦᠯᠦᠯᠲᠡ ᠶᠢᠨ ᠪᠢᠴᠢᠭ ᠪᠠ ᠣᠯᠠᠨ ᠨᠡᠶᠢᠲᠡ ᠶᠢᠨ ᠰᠠᠨᠠᠯ ᠤᠨ ᠬᠦᠰᠦᠨᠦᠭᠲᠦ ᠶᠢᠨ ᠴᠥᠷᠬᠡᠯᠡᠭᠡ᠄ https: | //pan.baidu.com/s/1yKJNVhTxZwIj5vjAbhYlYQ᠃ | ᠭᠠᠷᠭᠠᠨ ᠠᠪᠬᠤ ᠺᠣᠳ᠋᠄ zabk | ᠵᠢᠷᠭᠤᠭ᠎ᠠ᠂ ᠣᠯᠠᠨ ᠨᠡᠶᠢᠲᠡ ᠠᠴᠠ ᠰᠠᠨᠠᠯ ᠳᠤᠷᠠᠳᠬᠤ ᠭᠤᠣᠯ ᠠᠷᠭ᠎ᠠ ᠮᠠᠶ᠋ᠢᠭ ᠪᠠ ᠢᠯᠡ ᠨᠡᠶᠢᠲᠡᠯᠡᠬᠦ ᠴᠠᠭ | ᠬᠤᠭᠤᠴᠠᠭ᠎ᠠ | ᠤᠯᠠᠨ ᠨᠡᠶᠢᠳᠡ ᠠᠴᠠ ᠤᠲᠠᠰᠤ᠂ ᠵᠠᠬᠢᠳᠠᠯ᠂ ᠢᠮᠧᠯ ᠵᠡᠷᠭᠡ ᠬᠡᠯᠪᠡᠷᠢ ᠪᠠᠷ ᠪᠦᠲᠦᠭᠡᠨ ᠪᠠᠶᠢᠭᠤᠯᠤᠯᠲᠠ ᠶᠢᠨ | ᠨᠢᠭᠡᠴᠢ ᠪᠤᠶᠤ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢᠨ ᠦᠨᠡᠯᠡᠯᠲᠡ ᠶᠢᠨ ᠨᠢᠭᠡᠴᠢ ᠳᠤ ᠰᠠᠨᠠᠯ | ᠳᠤᠷᠠᠳᠴᠤ ᠪᠣᠯᠣᠨ᠎ᠠ᠃ ᠣᠯᠠᠨ ᠨᠡᠶᠢᠲᠡ ᠠᠴᠠ ᠰᠠᠨᠠᠯ ᠢᠶᠠᠨ ᠢᠯᠡᠳᠬᠡᠬᠦ ᠶᠢᠨ ᠬᠠᠮᠲᠤ ᠠᠯᠢ ᠴᠢᠳᠠᠬᠤ ᠪᠠᠷ ᠨᠠᠷᠢᠨ | ᠨᠢᠭᠲᠠ ᠬᠠᠷᠢᠯᠴᠠᠬᠤ ᠠᠷᠭ᠎ᠠ ᠮᠠᠶ᠋ᠢᠭ ᠢ ᠬᠠᠩᠭᠠᠵᠤ᠂ ᠬᠠᠮᠢᠶ᠎ᠠ ᠪᠦᠬᠦᠢ ᠨᠢᠭᠡᠴᠢ ᠠᠴᠠ ᠬᠤᠯᠪᠣᠭᠳᠠᠯ ᠪᠦᠬᠦᠢ ᠮᠡᠳᠡᠭᠡ | ᠵᠠᠩᠭᠢ ᠶᠢ ᠴᠠᠭ ᠲᠤᠬᠠᠢ ᠳᠤᠨᠢ ᠬᠠᠷᠢᠭᠤ ᠲᠤᠰᠬᠠᠬᠤ ᠳᠤ ᠳᠦᠭᠦᠮ ᠪᠣᠯᠭᠠᠨ᠎ᠠ᠃ ᠣᠯᠠᠨ ᠨᠡᠶᠢᠲᠡ ᠶᠢᠨ | ᠳᠤᠷᠠᠳᠤᠭᠰᠠᠨ ᠰᠠᠨᠠᠯ ᠤᠨ ᠡᠬᠢᠯᠡᠵᠦ ᠳᠠᠭᠤᠰᠬᠤ ᠴᠠᠭ ᠨᠢ ᠡᠬᠢᠯᠡᠵᠦ ᠵᠠᠷᠯᠠᠭᠰᠠᠨ ᠠᠷᠪᠠᠨ ᠠᠵᠢᠯᠯᠠᠬᠤ ᠡᠳᠦᠷ ᠤᠨ | ᠳᠤᠳᠤᠷ᠎ᠠ ᠪᠣᠯᠣᠨ᠎ᠠ᠃ | | | ᠤᠷᠴᠢᠭᠤᠯᠤᠭᠴᠢ᠄ ᠢᠷᠭᠤᠢ | ᠬᠢᠨᠠᠭᠴᠢ᠄ ᠠᠷᠢᠭᠤᠨ | | | | | | | | |