2023 ᠤᠯᠠᠭᠠᠨᠴᠠᠪ ᠤᠨ ᠰᠢᠨ᠎ᠡ ᠮᠠᠲ᠋ᠧᠷᠢᠶᠠᠯ ᠤᠨ ᠮᠡᠷᠭᠡᠵᠢᠯ ᠤᠨ ᠰᠤᠳᠤᠯᠤᠨ ᠶᠠᠷᠢᠯᠴᠠᠬᠤ ᠬᠤᠷᠠᠯ ᠲᠣᠭᠤᠷᠢᠭ ᠰᠢᠷᠡᠭᠡᠨ ᠤ ᠶᠠᠷᠢᠯᠴᠠᠭ᠎ᠠ ᠬᠢᠪᠡ
ᠨᠡᠶᠢᠲᠡᠯᠡᠭᠰᠡᠨ ᠴᠠᠭ᠄
2023/7/25
   7 ᠰᠠᠷ᠎ᠠ ᠶᠢᠨ 19 ᠤ ᠡᠳᠦᠷ ᠠᠴᠠ 20 ᠤ ᠡᠳᠦᠷ ᠪᠣᠯᠲᠠᠯ᠎ᠠ᠂ 2023 ᠣᠨ ᠤ ᠤᠯᠠᠭᠠᠨᠴᠠᠪ ᠤᠨ ᠰᠢᠨ᠎ᠡ ᠮᠠᠲ᠋ᠧᠷᠢᠶᠠᠯ ᠤᠨ ᠮᠡᠷᠭᠡᠵᠢᠯ ᠤᠨ ᠰᠤᠳᠤᠯᠤᠨ ᠶᠠᠷᠢᠯᠴᠠᠬᠤ ᠬᠤᠷᠠᠯ ᠲᠤᠭᠤᠷᠢᠭ ᠰᠢᠷᠡᠭᠡᠨ ᠤ ᠶᠠᠷᠢᠯᠴᠠᠭᠠᠨ ᠤ ᠲᠠᠪᠴᠠᠩ ᠤᠨ ᠶᠠᠷᠢᠯᠴᠠᠭ᠎ᠠ ᠥᠷᠨᠢᠭᠦᠯᠪᠡ᠃ ᠬᠤᠷᠠᠯ ᠳᠤ ᠣᠷᠣᠯᠴᠠᠭᠰᠠᠨ ᠬᠦᠨᠳᠦᠲᠦ ᠵᠣᠴᠢᠳ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠶᠢᠨ ᠠᠷᠭ᠎ᠠ ᠵᠠᠮ ᠢ ᠬᠠᠮᠲᠤᠪᠠᠷ ᠰᠦᠪᠡᠭᠴᠢᠯᠡᠵᠦ᠂ ᠰᠣᠯᠢᠯᠴᠠᠨ ᠰᠤᠳᠤᠯᠤᠨ ᠶᠠᠷᠢᠯᠴᠠᠬᠤ ᠪᠠᠷ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠪᠠ᠃    ᠴᠢᠩᠬᠤᠸᠠ ᠶᠡᠭᠡ ᠰᠤᠷᠭᠠᠭᠤᠯᠢ ᠶᠢᠨ ᠱᠧᠨᠵᠧᠨ ᠤ ᠤᠯᠠᠨ ᠤᠯᠤᠰ ᠤᠨ ᠠᠰᠫᠢᠷᠠᠨᠲ ᠤᠨ ᠬᠦᠷᠢᠶᠡᠯᠡᠩ ᠤᠨ ᠳᠡᠳ᠋ ᠳᠠᠷᠤᠭ᠎ᠠ ᠺᠠᠩ ᠹᠧᠢ ᠢᠦᠢ᠂ ᠬᠤᠳᠠ ᠶᠢᠨ ᠳᠡᠳ᠋ ᠳᠠᠷᠤᠭ᠎ᠠ ᠯᠢ ᠵᠢᠶᠠᠨ ᠸᠧᠨ ᠠᠵᠢᠯᠯᠠᠭ᠎ᠠ ᠳᠤ ᠣᠷᠣᠯᠴᠠᠪᠠ᠃    ᠶᠠᠷᠢᠯᠴᠠᠭᠠᠨ ᠤ ᠠᠵᠢᠯᠯᠠᠭ᠎ᠠ ᠳᠤᠮᠳᠠ᠂ ᠱᠠᠩᠬᠠᠢ ᠶᠢᠨ ᠫᠤ ᠲᠠᠢ ᠯᠠᠢ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠱᠠᠨ ᠰᠢ ᠶᠢᠨ ᠪᠧᠢ ᠲᠧ ᠷᠦᠢ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠲᠠᠢ ᠶᠤᠸᠠᠨ ᠤ ᠪᠠᠶᠢᠭᠠᠯᠢ ᠶᠢᠨ ᠰᠢᠨᠵᠢᠯᠡᠬᠦ ᠤᠬᠠᠭᠠᠨ ᠤ ᠶᠡᠭᠡ ᠰᠤᠷᠭᠠᠭᠤᠯᠢ ᠶᠢᠨ ᠮᠠᠲ᠋ᠧᠷᠢᠶᠠᠯ ᠤᠨ ᠰᠢᠨᠵᠢᠯᠡᠬᠦ ᠤᠬᠠᠭᠠᠨ ᠪᠣᠯᠣᠨ ᠢᠨᠵᠧᠨᠧᠷᠢᠩ ᠤᠨ ᠳᠡᠭᠡᠳᠦ ᠰᠤᠷᠭᠠᠭᠤᠯᠢ᠂ ᠱᠧᠨᠵᠧᠨ ᠤ ᠪᠠᠯ ᠴᠢᠯᠠᠭᠤᠨ ᠠᠯᠺᠧᠨ ᠤ ᠰᠢᠨ᠎ᠡ ᠶᠢ ᠡᠭᠦᠳᠬᠦ ᠲᠥᠪ ᠤᠨ ᠬᠢᠵᠠᠭᠠᠷᠲᠤ ᠺᠣᠮᠫᠠᠨᠢ ᠵᠡᠷᠭᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠣᠯᠣᠨ ᠶᠡᠭᠡ ᠳᠡᠭᠡᠳᠦ ᠰᠤᠷᠭᠠᠭᠤᠯᠢ ᠶᠢᠨ ᠡᠷᠳᠡᠮᠲᠡᠳ ᠰᠢᠨ᠎ᠡ ᠮᠠᠲ᠋ᠧᠷᠢᠶᠠᠯ ᠤᠨ ᠬᠦᠷᠢᠶᠡᠨ ᠤ ᠬᠥᠭᠵᠢᠯᠲᠡ ᠶᠢᠨ ᠬᠤᠰᠢᠭᠤᠷᠠᠯ ᠪᠠᠶᠢᠳᠠᠯ᠂ ᠰᠤᠳᠤᠯᠭᠠᠨ ᠤ ᠦᠷ᠎ᠡ ᠪᠦᠲᠦᠭᠡᠯ ᠤᠨ ᠲᠣᠭᠤᠷᠢᠨ ᠳᠤ ᠬᠥᠭᠵᠢᠶᠡᠨᠲᠡᠢ ᠶᠠᠷᠢᠯᠴᠠᠵᠤ᠂ ᠲᠤᠬᠠᠢ ᠶᠢᠨ ᠲᠠᠯᠠᠪᠤᠷ ᠲᠤ ᠪᠠᠶᠢᠭ᠎ᠠ ᠵᠣᠴᠢᠳ ᠲᠤ ᠭᠤᠶᠢᠳᠠ ᠰᠠᠶᠢᠬᠠᠨ ᠦᠵᠡᠯᠲᠡ ᠶᠢᠨ ᠮᠥᠷᠭᠦᠯᠳᠦᠯ ᠪᠠ ᠦᠵᠡᠯ ᠰᠠᠨᠠᠭᠠᠨ ᠤ ᠰᠡᠩᠬᠡᠷᠡᠭᠦᠯᠦᠯ ᠣᠯᠭᠤᠵᠠᠢ᠃    ︽ᠰᠢᠨ᠎ᠡ ᠮᠠᠲ᠋ᠧᠷᠢᠶᠠᠯ ᠤᠨ ᠠᠵᠤ ᠦᠢᠯᠡᠰ ᠪᠣᠯ ᠴᠢᠬᠤᠯᠠ ᠰᠠᠭᠤᠷᠢ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ᠂ ᠤᠳᠤᠷᠢᠳᠤᠮᠵᠢ ᠶᠢᠨ ᠴᠢᠨᠠᠷᠲᠠᠢ ᠠᠵᠤ ᠦᠢᠯᠡᠰ ᠮᠥᠨ ᠪᠣᠯᠬᠤᠷ ᠠᠵᠤ ᠦᠢᠯᠡᠰ ᠤᠨ ᠬᠥᠭᠵᠢᠯᠲᠡ ᠶᠢᠨ ᠳᠡᠰ ᠳᠠᠪᠰᠢᠯᠲᠠ ᠪᠣᠯ ᠲᠤᠶᠢᠯ ᠤᠨ ᠴᠢᠬᠤᠯᠠ ᠶᠤᠮ︾ ᠮᠠᠨ ᠤ ᠬᠤᠲᠠ ᠶᠢᠨ ᠬᠤᠷᠠᠯ ᠳᠤ ᠣᠷᠣᠯᠴᠠᠭᠰᠠᠨ ᠠᠵᠤ ᠠᠬᠤᠶᠢᠯᠠᠯ ᠤᠨ ᠲᠥᠯᠥᠭᠡᠯᠡᠭᠴᠢᠳ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠬᠤᠷᠠᠯ ᠨᠢ ᠤᠯᠠᠭᠠᠨᠴᠠᠪ ᠤᠨ ᠰᠢᠨ᠎ᠡ ᠮᠠᠲ᠋ᠧᠷᠢᠶᠠᠯ ᠤᠨ ᠬᠦᠷᠢᠶᠡᠨ ᠳᠠᠬᠢ ︽ᠨᠠᠶᠢᠵᠠ ᠶᠢᠨ ᠲᠣᠭᠤᠷᠢᠭ︾ ᠢ ᠥᠷᠭᠡᠳᠬᠡᠭᠰᠡᠨ ᠢᠶᠠᠷ ᠪᠠᠷᠠᠬᠤ ᠦᠭᠡᠢ᠂ ᠣᠷᠣᠨ ᠤ ᠳᠣᠲᠣᠨ᠎ᠠ ᠭᠠᠳᠠᠨᠠᠬᠢ ᠬᠠᠮᠲᠤᠷᠠᠯᠴᠠᠭᠠᠨ ᠤ ᠬᠠᠨᠢᠲᠠᠨ ᠲᠠᠢ ᠨᠠᠩ ᠨᠢᠭᠲᠠ ᠬᠠᠷᠢᠴᠠᠭ᠎ᠠ ᠪᠠᠶᠢᠭᠤᠯᠵᠤ᠂ ᠤᠯᠠᠭᠠᠨᠴᠠᠪ ᠤᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠳᠤ ᠨᠠᠩ ᠥᠷᠭᠡᠨ ᠠᠭᠤᠳᠠᠮ ᠲᠠᠪᠴᠠᠩ ᠣᠯᠭᠤᠭᠰᠠᠨ ᠪᠠᠶᠢᠨ᠎ᠠ᠃ ᠲᠤᠰ ᠤᠳᠠᠭᠠᠨ ᠤ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠮᠠᠨ ᠤ ᠬᠤᠲᠠ ᠶᠢᠨ ᠣᠷᠣᠨ ᠪᠦᠰᠡ ᠶᠢᠨ ᠡᠬᠢ ᠪᠠᠶᠠᠯᠢᠭ ᠤᠨ ᠤᠭ ᠰᠤᠷᠪᠤᠯᠵᠢ ᠪᠠ ᠲᠤᠰ ᠭᠠᠵᠠᠷ ᠤᠨ ᠰᠠᠭᠤᠷᠢ ᠨᠥᠬᠦᠴᠡᠯ ᠳᠤ ᠭᠦᠢᠴᠡᠳ ᠰᠠᠭᠤᠷᠢᠯᠠᠨ᠂ ᠡᠬᠢ ᠪᠠᠶᠠᠯᠢᠭ ᠤᠨ ᠳᠠᠪᠠᠭᠤᠯᠢᠭ ᠢ ᠤᠯᠠᠮ ᠨᠢᠭᠡ ᠠᠯᠬᠤᠮ ᠠᠵᠤ ᠠᠬᠤᠢ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠠᠵᠠ ᠲᠣᠬᠢᠶᠠᠯ ᠢ ᠴᠢᠩᠭ᠎ᠠ ᠠᠳᠬᠤᠵᠤ᠂ ᠰᠢᠨ᠎ᠡ ᠶᠢ ᠡᠭᠦᠳᠦᠨ ᠬᠥᠭᠵᠢᠭᠦᠯᠵᠦ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠶᠢᠨ ᠨᠡᠮᠡᠭᠳᠡᠯ ᠤᠨ ᠲᠤᠶᠢᠯ ᠢ ᠢᠳᠡᠪᠬᠢᠲᠡᠢ ᠪᠠᠷ ᠪᠣᠶᠢᠵᠢᠭᠤᠯᠤᠨ ᠪᠤᠵᠠᠭᠠᠶᠢᠷᠠᠭᠤᠯᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠲᠦᠷᠭᠡᠨ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠬᠥᠭᠵᠢᠭᠡᠨ᠎ᠡ ᠭᠡᠵᠡᠢ᠃                                                     ᠣᠷᠴᠢᠭᠤᠯᠤᠭᠴᠢ᠄ ᠭᠤᠸ᠎ᠠ                                                     ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2