ᠤᠯᠠᠭᠠᠨᠴᠠᠪ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ︵LOGO︶ ᠡᠯᠰᠡᠭᠰᠡᠨ ᠦᠷ᠎ᠡ ᠳ᠋ᠦᠩ ᠢ ᠵᠠᠷᠯᠠᠨ ᠨᠡᠶᠢᠲᠡᠯᠡᠪᠡ
ᠨᠡᠶᠢᠲᠡᠯᠡᠭᠰᠡᠨ ᠴᠠᠭ᠄
2023/7/27
  ᠤᠯᠠᠭᠠᠨᠴᠠᠪ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠠᠬᠢᠭᠤᠯᠵᠤ᠂ ᠤᠯᠠᠭᠠᠨᠴᠠᠪ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠳᠦᠷᠢ ᠲᠥᠷᠬᠦ ᠶᠢ ᠳᠡᠭᠡᠭᠰᠢᠯᠡᠭᠦᠯᠬᠦ ᠶᠢᠨ ᠲᠤᠰᠠᠳᠠ᠂ ᠤᠯᠠᠭᠠᠨᠴᠠᠪ ᠬᠤᠲᠠ ᠶᠢᠨ ᠵᠠᠰᠠᠭ  ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶ᠎ᠠ ᠨᠢ ᠨᠡᠶᠢᠭᠡᠮ ᠳᠡᠭᠡᠷ᠎ᠡ ᠠᠴᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠢᠯᠡᠷᠬᠡᠶᠢᠯᠡᠯ ᠤᠨ ᠵᠢᠷᠤᠭ ᠲᠥᠯᠥᠪᠯᠡᠭᠡ ᠶᠢᠨ ᠲᠥᠰᠥᠯ ᠢ ᠢᠯᠡ ᠪᠠᠷ ᠴᠤᠭᠯᠠᠭᠤᠯᠪᠠ᠃ ᠲᠤᠰ ᠤᠳᠠᠭᠠᠨ ᠤ ᠠᠵᠢᠯᠯᠠᠭ᠎ᠠ ᠳᠤ ᠨᠡᠶᠢᠲᠡ 84 ᠵᠦᠢᠯ ᠤᠨ ᠵᠢᠷᠤᠭ ᠲᠥᠯᠥᠪᠯᠡᠭᠡ   ᠶᠢᠨ ᠲᠥᠰᠥᠯ   ᠢ ᠬᠦᠯᠢᠶᠡᠨ ᠠᠪᠤᠭᠰᠠᠨ ᠪᠠᠶᠢᠨ᠎ᠠ᠃ ︽ᠤᠯᠠᠭᠠᠨᠴᠠᠪ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠢᠯᠡᠷᠭᠡᠶᠢᠯᠡᠯ ᠤᠨ ᠵᠢᠷᠤᠭ ᠲᠡᠮᠳᠡᠭ ᠡᠯᠰᠡᠬᠦ ᠮᠡᠳᠡᠭᠳᠡᠯ︾ ᠢ ᠦᠨᠳᠦᠰᠦᠯᠡᠨ᠂ ᠬᠢᠨᠠᠨ ᠲᠣᠭᠲᠠᠭᠠᠬᠤ ᠳᠤᠭᠤᠶᠢᠯᠠᠩ ᠤᠨ ᠬᠢᠨ ᠤ ᠨᠠᠷᠢᠨ ᠬᠢᠨᠠᠮᠠᠭᠠᠢ ᠦᠨᠡᠯᠡᠨ ᠶᠠᠷᠢᠯᠴᠠᠬᠤ ᠪᠠᠷ ᠳᠡᠮᠵᠢᠨ᠂ ᠬᠠᠮᠤᠭ ᠤᠨ ᠡᠴᠦᠰ ᠲᠤ 3 ᠪᠦᠲᠦᠭᠡᠯ ︵ᠬᠠᠮᠤᠭ ᠤᠨ ᠡᠴᠦᠰ ᠲᠤ ᠬᠡᠷᠡᠭᠯᠡᠬᠦ 1 ᠪᠦᠲᠦᠭᠡᠯ ᠪᠠᠭᠲᠠᠨ᠎ᠠ︶ ᠢ ᠰᠢᠯᠭᠠᠷᠠᠭᠤᠯᠤᠨ ᠭᠠᠷᠭᠠᠵᠤ᠂ ᠡᠳᠦᠭᠡ ᠢᠯᠡ ᠨᠡᠶᠢᠲᠡᠯᠡᠶ᠎ᠡ᠃ ᠢᠯᠡ ᠨᠡᠶᠢᠲᠡᠯᠡᠬᠦ ᠬᠤᠭᠤᠴᠠᠭ᠎ᠠ ᠨᠢ 2023 ᠣᠨ ᠤ 7 ᠰᠠᠷ᠎ᠠ ᠶᠢᠨ 20 ᠤ ᠡᠳᠦᠷ ᠠᠴᠠ 2023 ᠣᠨ ᠤ 7 ᠰᠠᠷ᠎ᠠ ᠶᠢᠨ 27 ᠤ ᠡᠳᠦᠷ ᠪᠣᠯᠲᠠᠯ᠎ᠠ ᠪᠣᠯᠣᠨ᠎ᠠ᠃   ᠬᠠᠮᠤᠭ ᠡᠴᠦᠰ ᠲᠤ ᠬᠡᠷᠡᠭᠯᠡᠭᠰᠡᠨ ᠪᠦᠲᠦᠭᠡᠯ᠄ ᠵᠢᠷᠤᠭ ᠲᠥᠯᠥᠪᠯᠡᠭᠴᠢ     ᠰᠦᠨ ᠮᠧᠩ ᠴᠢ ︵ᠰᠢ ᠠᠨ︶
  ᠵᠢᠷᠤᠭ ᠲᠥᠯᠥᠪᠯᠡᠭᠡ ᠶᠢᠨ ᠲᠣᠳᠣᠷᠬᠠᠶᠢᠯᠠᠯᠲᠠ᠄ ᠢᠯᠡᠷᠭᠡᠶᠢᠯᠡᠯ ᠲᠡᠮᠳᠡᠭ ᠤᠨ ᠶᠡᠷᠦᠩᠬᠡᠢ ᠳᠦᠷᠰᠦ ᠪᠦᠲᠦᠭᠡᠯᠲᠡ ᠨᠢ ᠬᠤᠶᠠᠷ ᠭᠠᠷ ᠢᠶᠠᠨ ᠬᠠᠷᠢᠯᠴᠠᠨ ᠠᠳᠬᠤᠭᠰᠠᠨ ᠲᠦᠬᠦᠮ ᠵᠢᠷᠤᠭ ᠲᠥᠯᠥᠪᠯᠡᠭᠡ ᠪᠠᠶᠢᠵᠤ᠂ ᠤᠯᠠᠭᠠᠨᠴᠠᠪ ᠬᠤᠳᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠭᠤᠯᠤᠭᠳᠠᠬᠤᠨ ᠪᠠ ᠠᠭᠤᠯᠬᠤᠨ ᠢ ᠳᠠᠰᠤᠷᠠᠯᠳᠠ ᠦᠭᠡᠢ ᠪᠠᠶᠠᠯᠢᠭᠵᠢᠭᠤᠯᠤᠨ ᠥᠷᠭᠡᠳᠬᠡᠬᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠤ ᠰᠢᠨ᠎ᠡ ᠶᠢ ᠡᠭᠦᠳᠬᠦ᠂ ᠠᠵᠤ ᠠᠬᠤᠶᠢᠯᠠᠯ ᠤᠨ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠳᠠᠰᠤᠷᠠᠯᠳᠠ ᠦᠭᠡᠢ ᠳᠡᠭᠡᠭᠰᠢᠯᠡᠭᠦᠯᠬᠦ ᠣᠪᠣᠷ ᠪᠠ ᠵᠣᠷᠢᠭ ᠢ ᠢᠯᠡᠷᠡᠭᠦᠯᠪᠡ᠃ ᠵᠢᠷᠤᠭ ᠳᠦᠷᠰᠦ ᠶᠢ ᠤᠯᠠᠭᠠᠨᠴᠠᠪ ᠭᠡᠰᠡᠨ ᠦᠰᠦᠭ ᠤᠨ ᠠᠩᠭ᠍ᠯᠢ ᠬᠡᠯᠡᠨ ᠤ ᠡᠬᠢᠨ ᠤ ᠦᠰᠦᠭ U ᠵᠢᠴᠢ ᠬᠢᠳᠠᠳ ᠬᠡᠯᠡᠨ ᠤ ︽ᠰᠢᠯᠢᠳᠡᠭ︾ ᠬᠡᠬᠦ ᠳᠠᠭᠤᠳᠠᠯᠭ᠎ᠠ  ᠶᠢᠨ U ᠠᠴᠠ ᠠᠪᠤᠪᠠ᠂ ᠨᠢᠭᠡ ᠴᠠᠭᠠᠨ ᠲᠣᠯᠣᠭᠠᠢ ᠶᠢᠨ ᠵᠢᠷᠤᠭ ᠳᠦᠷᠰᠦ ᠨᠢ ᠳᠠᠪᠬᠤᠷ ᠤᠳᠬ᠎ᠠ ᠲᠠᠢ᠂ ︽ᠤᠯᠠᠭᠠᠨᠨᠴᠠᠪ ᠰᠢᠯᠢᠳᠡᠭ ᠢᠶᠠᠷ ᠪᠡᠶᠡᠯᠡᠬᠦᠯᠦᠨ᠎ᠡ︾ ᠭᠡᠰᠡᠨ ᠤᠳᠬ᠎ᠠ ᠲᠠᠢ᠃ ᠡᠨᠡ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠡᠷᠡᠶᠢᠳᠦᠯ ᠳᠤ ᠭᠦᠢᠴᠡᠳ ᠨᠡᠶᠢᠴᠡᠭᠦᠯᠬᠦ ᠶᠢᠨ ᠬᠠᠮᠲᠤ᠂ ᠭᠤᠣᠯ ᠠᠭᠤᠯᠭ᠎ᠠ ᠶᠢ ᠳᠦᠷᠰᠦ ᠪᠦᠲᠦᠭᠡᠯᠲᠡ ᠲᠠᠢ ᠤᠶᠠᠯᠳᠤᠭᠤᠯᠵᠤ᠂ ᠲᠦᠬᠦᠮ ᠠᠪᠰᠠᠷᠬᠠᠨ ᠪᠦᠭᠡᠳ ᠣᠶᠢᠯᠠᠭᠠᠬᠤ ᠳᠤ ᠬᠢᠯᠪᠠᠷ ᠴᠡᠭᠡᠵᠢᠯᠡᠬᠦ ᠳᠤ ᠠᠮᠠᠷ ᠪᠣᠯᠭᠠᠪᠠ᠃ ᠢᠯᠡᠷᠭᠡᠶᠢᠯᠡᠯ ᠲᠡᠮᠳᠡᠭ ᠲᠤ ᠬᠥᠬᠡ ᠪᠠ ᠤᠯᠠᠪᠤᠷ ᠥᠩᠭᠡ ᠶᠢ ᠬᠡᠷᠡᠭᠯᠡᠵᠦ᠂ ᠬᠥᠬᠡ ᠥᠩᠭᠡ ᠨᠢ ᠠᠵᠢᠯ ᠤᠨ ᠠᠭᠤᠯᠭ᠎ᠠ ᠶᠢ ᠲᠥᠯᠥᠭᠡᠯᠡᠵᠦ᠂ ᠢᠯᠭᠤᠮ ᠰᠢᠯᠤᠭᠤᠬᠠᠨ ᠨᠡᠪᠲᠡᠷᠡᠬᠦ ᠶᠢ ᠢᠯᠡᠳᠭᠡᠵᠦ᠂ ᠤᠯᠠᠪᠤᠷ ᠥᠩᠭᠡ  ᠨᠢ ᠠᠵᠢᠯᠳᠠᠳ ᠢ ᠲᠦᠯᠦᠭᠡᠯᠡᠵᠦ᠂ ᠠᠵᠢᠯᠳᠠᠳ ᠤᠨ ᠤᠷᠬᠢᠯᠤᠮ᠎ᠠ ᠬᠠᠯᠠᠭᠤᠨ ᠰᠡᠳᠬᠢᠯᠭᠡ ᠶᠢ ᠢᠯᠡᠳᠭᠡᠭᠰᠡᠨ ᠪᠠᠶᠢᠨ᠎ᠠ ᠃ ᠥᠩᠭᠡ ᠪᠠᠷ ᠳᠠᠮᠵᠢᠭᠤᠯᠤᠨ ᠤᠯᠠᠭᠠᠨᠴᠠᠪ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢᠨ ᠲᠠᠰ ᠳᠡᠪᠰᠢᠬᠦ ᠶᠢ ᠦᠷᠭᠦᠯᠵᠢᠯᠡᠨ ᠠᠬᠢᠭᠤᠯᠬᠤ ᠣᠪᠣᠷ ᠢ ᠢᠯᠡᠳᠭᠡᠪᠡ᠃   ᠰᠢᠯᠭᠠᠷᠠᠭᠤᠯᠤᠯᠳᠠ ᠶᠢᠨ ᠬᠦᠷᠢᠶᠡᠨ ᠳᠤ ᠣᠷᠣᠭᠰᠠᠨ ᠪᠦᠲᠦᠭᠡᠯ 1᠄ ᠵᠢᠷᠤᠭ ᠲᠥᠯᠥᠪᠯᠡᠭᠴᠢ      ᠮᠠ ᠰᠢᠨ ︵ᠬᠥᠬᠡᠬᠤᠲᠠ︶
  ᠵᠢᠷᠤᠭ ᠲᠥᠯᠥᠪᠯᠡᠭᠡ ᠶᠢᠨ ᠳᠤᠳᠤᠷᠬᠠᠶᠢᠯᠠᠯᠳᠠ᠄ ᠵᠢᠷᠤᠭ ᠳᠦᠷᠰᠦ ᠨᠢ ᠠᠳᠤᠭᠤᠨ ᠤ ᠡᠯᠧᠮᠧᠨ᠋ᠲ ᠢᠶᠠᠷ ᠭᠤᠣᠯ ᠪᠣᠯᠭᠠᠵᠤ᠂ ᠲᠠᠯ᠎ᠠ ᠨᠤᠲᠤᠭ ᠤᠨ ᠠᠭᠤᠯᠠᠨ ᠬᠤᠲᠠ ᠶᠢᠨ ᠭᠠᠵᠠᠷ ᠣᠷᠣᠨ ᠤ ᠣᠨᠴᠠᠯᠢᠭ ᠪᠠ ᠠᠷᠠᠳ ᠲᠦᠮᠡᠨ ᠤ ᠥᠭᠡᠳᠡᠯᠡᠨ ᠲᠠᠪᠰᠢᠬᠤ ᠪᠠᠷ ᠬᠦᠴᠦᠯᠡᠨ ᠴᠢᠷᠮᠠᠶᠢᠬᠤ ᠣᠶᠤᠨ ᠰᠠᠨᠠᠭᠠᠨ ᠤ ᠳᠦᠷᠰᠦ ᠪᠠᠶᠢᠳᠠᠯ ᠵᠢᠴᠢ ᠬᠤᠲᠠ ᠶᠢᠨ ᠬᠥᠭᠵᠢᠯᠲᠡ ᠶᠢᠨ ᠬᠦᠴᠦᠷᠬᠡᠭ ᠶᠡᠭᠡ ᠬᠥᠳᠡᠯᠭᠡᠬᠦ ᠬᠦᠴᠦᠨ ᠪᠠ ᠬᠤᠲᠠ ᠶᠢᠨ ᠰᠣᠶᠣᠯ ᠤᠨ ᠠᠭᠤᠯᠤᠭᠳᠠᠬᠤᠨ ᠤ ᠪᠠᠶᠢᠭᠤᠯᠤᠯᠲᠠ ᠶᠢ ᠴᠢᠬᠤᠯᠠᠴᠢᠯᠠᠵᠤ ᠪᠠᠶᠢᠬᠤ ᠶᠢ ᠬᠠᠷᠠᠭᠤᠯᠤᠨ᠎ᠠ᠃ ᠭᠠᠷ ᠠᠳᠬᠤᠬᠤ ᠶᠢᠨ ᠬᠡᠯᠪᠡᠷᠢ ᠪᠦᠲᠦᠭᠡᠬᠦ ᠠᠷᠭ᠎ᠠ ᠮᠠᠶ᠋ᠢᠭ ᠨᠢ ᠭᠤᠣᠯ ᠰᠡᠳᠦᠪᠲᠦ ᠴᠢᠳᠠᠮᠵᠢ ᠶᠢᠨ ᠬᠥᠮᠥᠨ ᠢᠶᠠᠷ ᠦᠨᠳᠦᠰᠦ ᠪᠣᠯᠭᠠᠬᠤ ᠦᠢᠯᠡᠴᠢᠯᠡᠭᠡᠨ ᠤ ᠦᠵᠡᠯ ᠤᠬᠠᠮᠰᠠᠷ ᠢ ᠳᠡᠯᠭᠡᠨ ᠦᠵᠡᠭᠦᠯᠵᠦ᠂ ᠪᠦᠬᠦᠶᠢᠯᠡ ᠵᠢᠷᠤᠭ ᠳᠦᠷᠰᠦ ᠨᠢ ᠲᠣᠪᠴᠢ ᠠᠪᠰᠠᠷᠬᠠᠨ ᠪᠠᠶᠢᠵᠤ᠂ ᠥᠩᠭᠡ ᠪᠤᠳᠤᠭ ᠤᠨ ᠬᠡᠷᠡᠭᠯᠡᠯᠲᠡ ᠨᠢ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠣᠷᠴᠢᠨ ᠠᠬᠤᠢ ᠶᠢ ᠬᠠᠮᠠᠭᠠᠯᠠᠬᠤ ᠬᠤᠲᠠ ᠶᠢᠨ ᠬᠥᠭᠵᠢᠯᠲᠡ ᠶᠢᠨ ᠣᠶᠢᠯᠠᠭᠠᠭᠳᠠᠬᠤᠨ ᠢ ᠰᠢᠭᠤᠳ ᠬᠠᠷᠠᠭᠤᠯᠤᠨ᠎ᠠ᠃   ᠰᠢᠯᠭᠠᠷᠠᠭᠤᠯᠤᠯᠳᠠ ᠶᠢᠨ ᠬᠦᠷᠢᠶᠡᠨ ᠳᠤ ᠣᠷᠣᠭᠰᠠᠨ ᠪᠦᠲᠦᠭᠡᠯ 2᠄ ᠵᠢᠷᠤᠭ ᠲᠥᠯᠥᠪᠯᠡᠭᠴᠢ ᠬᠥ᠋ ᠳ᠋ᠠᠩ ᠸᠧᠢ ︵ᠯᠦᠸᠧᠶᠠᠩ︶
  ᠵᠢᠷᠤᠭ ᠲᠥᠯᠥᠪᠯᠡᠭᠡ ᠶᠢᠨ ᠲᠣᠳᠣᠷᠬᠠᠶᠢᠯᠠᠯᠲᠠ᠄ ᠢᠯᠡᠷᠬᠡᠶᠢᠯᠡᠯ ᠳᠡᠮᠳᠡᠭ ᠨᠢ ︽ᠤᠯᠠᠭᠠᠨᠴᠠᠪ︾ ᠤᠨ ᠠᠪᠢᠶᠠᠨ ᠤ ᠡᠬᠢᠨ ᠤ ᠴᠠᠭᠠᠨ ᠲᠣᠯᠣᠭᠠᠢ ᠪᠠᠷ ᠰᠠᠭᠤᠷᠢ ᠵᠢᠷᠤᠭ ᠲᠥᠯᠥᠪᠯᠡᠭᠡ ᠶᠢᠨ ᠡᠯᠧᠮᠧᠨ᠋ᠲ ᠪᠣᠯᠭᠠᠵᠤ᠂ ᠳᠣᠲᠣᠷ ᠨᠢᠭᠤᠷ᠂ ᠠᠵᠢᠨᠠᠢ ᠬᠦᠯᠦᠭ᠂ ᠪᠦᠷᠭᠦᠳ᠂ ᠲᠠᠯ᠎ᠠ ᠨᠤᠲᠤᠭ᠂ ᠠᠭᠤᠯᠠ ᠤᠰᠤ᠂ ᠲᠤᠭ ᠳᠠᠯᠪᠠᠭ᠎ᠠ᠂ ᠨᠡᠷᠡᠨ ᠤ ᠬᠡᠷᠡᠯ᠂ ᠭᠠᠷ ᠤᠨ ᠬᠡᠯᠪᠡᠷᠢ᠂ ᠮᠡᠳᠡᠭᠡ ᠵᠠᠩᠭᠢ᠂ ᠬᠤᠯᠪᠣᠭᠠᠰᠤ ᠵᠡᠷᠭᠡ ᠶᠢ ᠠᠭᠤᠰᠬᠠᠭᠰᠠᠨ ᠳᠦᠷᠰᠦ ᠪᠦᠲᠦᠭᠡᠯᠲᠡ ᠨᠢ ᠪᠠᠶᠢᠭᠠᠯᠢ ᠶᠢᠨ ᠴᠤᠭ ᠵᠢᠪᠬᠤᠭ᠎ᠠ ᠲᠠᠢ᠃ ᠢᠯᠡᠷᠬᠡᠶᠢᠯᠡᠯ ᠲᠡᠮᠳᠡᠭ ᠨᠢ ᠳᠤᠮᠳᠠᠳᠤ ᠤᠯᠤᠰ ᠤᠨ ᠤᠯᠠᠮᠵᠢᠯᠠᠯᠲᠤ ᠵᠢᠷᠤᠯᠭ᠎ᠠ ᠶᠢᠨ ᠤᠷᠤᠰᠤᠯ ᠱᠤᠭᠤᠮ᠂ ᠤᠷᠠᠯᠢᠭ ᠠᠴᠠ ᠤᠯᠠᠷᠢᠵᠤ ᠢᠷᠡᠭᠰᠡᠨ ᠪᠥᠭᠡᠳ ᠣᠷᠣᠨ ᠵᠠᠢ ᠶᠢᠨ ᠬᠥᠳᠡᠯᠭᠡᠭᠡᠨᠲᠦ ᠮᠡᠳᠡᠷᠡᠮᠵᠢ ᠪᠠᠷ ᠪᠠᠶᠠᠯᠢᠭ ᠪᠠᠶᠢᠵᠤ᠂ ᠮᠡᠷᠡᠶᠢᠨ ᠲᠡᠮᠡᠴᠡᠬᠦ᠂ ᠥᠭᠡᠳᠡᠯᠡᠨ ᠳᠠᠪᠰᠢᠬᠤ ᠬᠦᠴᠦᠨ ᠵᠢᠴᠢ ᠢᠳᠡᠪᠬᠢᠯᠡᠨ ᠳᠠᠪᠰᠢᠬᠤ᠂ ᠰᠢᠨ᠎ᠡ ᠶᠢ ᠡᠭᠦᠳᠬᠦ ᠴᠠᠭ ᠦᠶ᠎ᠡ ᠶᠢᠨ ᠵᠣᠷᠢᠭ ᠰᠠᠨᠠᠭ᠎ᠠ ᠶᠢ ᠪᠡᠯᠭᠡᠳᠡᠵᠦ ᠪᠠᠶᠢᠳᠠᠭ᠃ ᠢᠯᠡᠷᠬᠡᠶᠢᠯᠡᠯ ᠲᠡᠮᠳᠡᠭ ᠤᠨ ᠪᠦᠲᠦᠴᠡ ᠨᠢ ᠲᠣᠪᠴᠢ ᠠᠪᠰᠠᠷᠬᠠᠨ᠂ ᠭᠤᠣᠯ ᠰᠡᠳᠦᠪ ᠨᠢ ᠲᠣᠪᠣᠶᠢᠮ᠎ᠠ᠂ ᠥᠪᠡᠷᠮᠢᠴᠡ ᠣᠨᠴᠠᠯᠢᠭ ᠨᠢ ᠢᠯᠡ ᠲᠣᠳᠣ᠂ ᠠᠭᠤᠯᠬᠤᠨ ᠨᠢ ᠪᠠᠶᠠᠯᠢᠭ᠂ ᠨᠡᠯᠢᠶᠡᠳ ᠴᠢᠩᠭ᠎ᠠ ᠬᠠᠷᠠᠭᠠᠨ ᠰᠡᠷᠡᠯ ᠤᠨ ᠳᠠᠭᠠᠷᠢᠯᠲᠠ ᠶᠢᠨ ᠬᠦᠴᠦᠨ᠂ ᠨᠥᠯᠥᠭᠡᠯᠡᠬᠦ ᠬᠦᠴᠦᠨ ᠲᠠᠢ ᠪᠠᠶᠢᠵᠤ᠂ ᠣᠶᠢᠯᠠᠭᠠᠬᠤ ᠳᠤ ᠬᠢᠯᠪᠠᠷ᠂ ᠴᠡᠭᠡᠵᠢᠯᠡᠬᠦ ᠳᠤ ᠬᠢᠯᠪᠠᠷ᠂ ᠤᠯᠠᠮᠵᠢᠯᠠᠬᠤ ᠳᠤ ᠬᠢᠯᠪᠠᠷ ᠪᠠᠶᠢᠳᠠᠭ᠃   ᠳᠡᠭᠡᠷᠡᠬᠢ ᠰᠣᠩᠭᠤᠭᠳᠠᠭᠰᠠᠨ ᠪᠦᠲᠦᠭᠡᠯ ᠤᠨ ᠪᠥᠬᠦ ᠵᠣᠬᠢᠶᠠᠯ ᠪᠦᠲᠦᠭᠡᠯ ᠤᠨ ᠡᠷᠬᠡ ᠶᠢ ᠤᠯᠠᠭᠠᠨᠴᠠᠪ ᠤᠨ ᠬᠤᠲᠠ ᠶᠢᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠳᠤ ᠬᠠᠷᠢᠶᠠᠯᠠᠭᠤᠯᠵᠤ᠂ ᠵᠢᠷᠤᠭ ᠲᠥᠯᠥᠪᠯᠡᠭᠴᠢ ᠨᠢ ᠤᠯᠠᠭᠠᠨᠴᠠᠪ ᠤᠨ ᠬᠤᠲᠠ ᠶᠢᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠱᠠᠭᠠᠷᠳᠠᠯᠭ᠎ᠠ ᠶᠢ ᠦᠨᠳᠦᠰᠦᠯᠡᠨ ᠲᠣᠰ ᠪᠦᠲᠦᠭᠡᠯ ᠳᠤ ᠵᠠᠰᠠᠪᠤᠷᠢ ᠣᠷᠣᠭᠤᠯᠬᠤ᠂ ᠨᠡᠶᠢᠯᠡᠭᠦᠯᠬᠦ ᠪᠠ ᠬᠡᠷᠡᠭᠯᠡᠬᠦ ᠬᠡᠷᠡᠭᠲᠡᠢ᠃ ᠰᠣᠩᠭᠤᠭᠳᠠᠭᠰᠠᠨ ᠪᠦᠲᠦᠭᠡᠯ  ᠤᠨ ᠵᠢᠷᠤᠭ ᠲᠥᠯᠥᠪᠯᠡᠭᠴᠢ ᠨᠢ ᠵᠥᠪᠰᠢᠶᠡᠷᠡᠯ ᠦᠭᠡᠢ ᠪᠠᠷ ᠰᠣᠩᠭᠤᠭᠳᠠᠭᠰᠠᠨ ᠪᠦᠲᠦᠭᠡᠯ ᠢ ᠶᠠᠮᠠᠷᠪᠠ ᠬᠡᠯᠪᠡᠷᠢ ᠪᠠᠷ ᠬᠡᠷᠡᠭᠯᠡᠵᠦ ᠪᠣᠯᠬᠤ ᠦᠭᠡᠢ ᠪᠤᠶᠤ ᠪᠤᠰᠤᠳ ᠬᠥᠮᠥᠨ ᠬᠡᠷᠡᠭᠯᠡᠬᠦ ᠶᠢ ᠵᠦᠪᠰᠢᠶᠡᠷᠡᠵᠦ ᠪᠣᠯᠬᠤ ᠦᠭᠡᠢ᠂ ᠡᠰᠡ ᠲᠡᠭᠡᠪᠡᠯ ᠡᠷᠬᠡ ᠳᠤ ᠬᠠᠯᠳᠠᠭᠰᠠᠨ ᠶᠠᠪᠤᠳᠠᠯ ᠳᠤ ᠲᠤᠭᠠᠴᠠᠭᠳᠠᠵᠤ᠂ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ ᠬᠡᠷᠪᠡ ᠰᠣᠩᠭᠤᠭᠳᠠᠭᠰᠠᠨ ᠪᠦᠲᠦᠭᠡᠯ ᠳᠤ ᠬᠠᠭᠤᠯᠤᠭᠰᠠᠨ᠂ ᠵᠣᠬᠢᠶᠠᠯ ᠪᠦᠲᠦᠭᠡᠯ ᠤᠨ ᠡᠷᠬᠡ᠂ ᠲᠠᠸᠠᠷ ᠤᠨ ᠲᠡᠮᠳᠡᠭ ᠤᠨ ᠡᠷᠬᠡ ᠳᠤ ᠬᠠᠯᠳᠠᠭᠰᠠᠨ ᠵᠡᠷᠭᠡ ᠠᠰᠠᠭᠤᠳᠠᠯ ᠪᠠᠶᠢᠬᠤ ᠶᠢ ᠣᠯᠵᠤ ᠮᠡᠳᠡᠪᠡᠯ᠂ ᠵᠠᠷᠯᠠᠨ ᠨᠡᠶᠢᠲᠡᠯᠡᠬᠦ ᠬᠤᠭᠤᠴᠠᠭᠠᠨ ᠳᠤ ᠵᠢᠩᠬᠢᠨᠢ ᠨᠡᠷ᠎ᠡ ᠪᠠᠷ ᠳᠤᠤᠷᠠᠬᠢ ᠬᠠᠶ᠋ᠢᠭ ᠲᠤ ᠢᠮᠧᠯ ᠢᠶᠠᠷ ᠬᠠᠷᠢᠭᠤ ᠲᠤᠰᠬᠠᠬᠤ ᠪᠤᠯᠪᠠᠤ᠄ szwfwjxnjc@163.comᠬᠢᠨᠠᠯᠲᠠ ᠲᠠᠯᠪᠢᠬᠤ ᠤᠲᠠᠰᠤ᠄ 0474-8843565᠃ ᠬᠡᠷᠪᠡ ᠰᠣᠩᠭᠤᠭᠳᠠᠭᠰᠠᠨ ᠪᠦᠲᠦᠭᠡᠯ ᠡᠷᠬᠡ ᠳᠤ ᠬᠠᠯᠳᠠᠭᠰᠠᠨ ᠵᠢᠭᠤᠷᠠᠯᠳᠤᠭᠠᠨ ᠪᠠᠶᠢᠪᠠᠯ᠂ ᠪᠦᠲᠦᠭᠡᠯ ᠬᠠᠩᠭᠠᠭᠴᠢ ᠠᠴᠠ ᠵᠣᠬᠢᠬᠤ ᠬᠠᠤᠯᠢ ᠴᠠᠭᠠᠵᠠ ᠶᠢᠨ ᠬᠠᠷᠢᠭᠤᠴᠠᠯᠭ᠎ᠠ ᠵᠢᠴᠢ ᠠᠵᠤ ᠠᠬᠤᠢ ᠶᠢᠨ ᠵᠢᠭᠤᠷᠠᠯᠳᠤᠭᠠᠨ ᠢ ᠡᠭᠦᠷᠭᠡᠯᠡᠵᠦ᠂ ᠤᠯᠠᠭᠠᠨᠴᠠᠪ ᠤᠨ ᠬᠤᠲᠠ ᠶᠢᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠠᠢ ᠬᠠᠮᠢᠶ᠎ᠠ ᠦᠭᠡᠢ᠃ ᠲᠣᠰ ᠤᠳᠠᠭᠠᠨ ᠤ ᠠᠵᠢᠯᠯᠠᠭ᠎ᠠ ᠶᠢᠨ ᠥᠮᠴᠢᠯᠡᠬᠦ ᠡᠷᠬᠡ ᠪᠠ ᠲᠠᠶᠢᠯᠪᠤᠷᠢᠯᠠᠬᠤ ᠡᠷᠬᠡ ᠨᠢ ᠤᠯᠠᠭᠠᠨᠴᠠᠪ ᠤᠨ ᠬᠤᠲᠠ ᠶᠢᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠳᠤ ᠬᠠᠷᠢᠶᠠᠯᠠᠭᠳᠠᠨ᠎ᠠ᠃ ᠨᠡᠶᠢᠭᠡᠮ ᠤᠨ ᠡᠯ᠎ᠡ ᠡᠲᠡᠭᠡᠳ ᠤᠨ ᠬᠢᠨ ᠤ ᠲᠤᠰ ᠤᠳᠠᠭᠠᠨ ᠤ ᠠᠵᠢᠯᠯᠠᠭ᠎ᠠ ᠶᠢ ᠳᠡᠮᠵᠢᠵᠦ ᠣᠷᠣᠯᠴᠠᠭᠰᠠᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ᠃                                    ᠤᠯᠠᠭᠠᠨᠴᠠᠪ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ                  2023 ᠣᠨ 7 ᠰᠠᠷ᠎ᠠ ᠶᠢᠨ 20 ᠤ ᠡᠳᠦᠷ                             ᠤᠷᠴᠢᠭᠤᠯᠤᠭᠴᠢ᠄ ᠢᠷᠭᠤᠢ                             ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2