ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠦᠮᠦᠵᠢᠯ᠄ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠤᠷᠤᠯᠴᠠᠨ ᠲᠤᠭᠤᠰᠢᠯᠠᠭᠤᠯᠪᠠ
ᠨᠡᠶᠢᠲᠡᠯᠡᠭᠰᠡᠨ ᠴᠠᠭ᠄
2023/7/27
   7 ᠰᠠᠷ᠎ᠠ ᠶᠢᠨ 24 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠵᠢᠶᠠᠩᠰᠤ ᠳᠤ ᠰᠢᠨᠵᠢᠯᠡᠨ ᠪᠠᠶᠢᠴᠠᠭᠠᠬᠤ᠂ ᠪᠦᠬᠦ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ᠂ 6 ᠰᠠᠷ᠎ᠠ ᠶᠢᠨ 30 ᠤ ᠡᠳᠦᠷ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ᠂ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠵᠢᠷᠭᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠬᠦ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠰᠦᠯᠵᠢᠶᠡᠨ ᠤ ᠠᠮᠤᠷ ᠲᠦᠪᠰᠢᠨ ᠪᠣᠯᠣᠨ ᠮᠡᠳᠡᠭᠡ ᠵᠠᠩᠭᠢᠵᠢᠯᠲᠠ ᠶᠢᠨ ᠠᠵᠢᠯ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ᠂ ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠶᠢ ᠬᠥᠭᠵᠢᠭᠦᠯᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠭᠡ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠣᠷᠣᠨ ᠪᠦᠰᠡ ᠶᠢᠨ ᠣᠨᠴᠠᠯᠢᠭ ᠤᠨ ᠳᠠᠪᠠᠭᠤᠯᠢᠭ ᠢ ᠢᠯᠡᠷᠡᠭᠦᠯᠦᠭᠰᠡᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ᠃ ︽ᠤᠯᠤᠰ ᠤᠨ ᠲᠣᠮᠣ ᠬᠥᠮᠥᠰ︾ ᠤᠨ ᠥᠨᠳᠥᠷᠴᠡ ᠠᠴᠠ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠠᠵᠢᠯ ᠢ ᠲᠥᠯᠥᠪᠵᠢᠭᠦᠯᠬᠦ ᠪᠠ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠦᠨᠡᠨᠬᠦ ᠪᠠᠬᠢᠵᠢᠭᠦᠯᠬᠦ ᠬᠡᠷᠡᠭᠲᠡᠢ᠃ ᠰᠢᠶᠦ᠋ᠩ ᠠᠨ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠡᠷᠢᠭᠦᠨ ᠤ ᠣᠶᠢᠯᠠᠭᠠᠭᠳᠠᠬᠤᠨ ᠪᠣᠯᠣᠨ ᠠᠷᠭ᠎ᠠ ᠶᠢ ᠰᠤᠷᠤᠯᠴᠠᠨ ᠲᠣᠯᠢᠳᠠᠵᠤ᠂ ᠬᠥᠮᠥᠨ ᠢᠶᠠᠷ ᠭᠤᠣᠯ ᠪᠣᠯᠭᠠᠭᠰᠠᠨ ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠲᠡᠦᠬᠡ ᠶᠢᠨ ᠢᠲᠡᠭᠡᠯ᠂ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠨᠠᠮ ᠤᠨ ᠤᠨᠤᠯ ᠤᠨ ᠰᠢᠨ᠎ᠡ ᠡᠭᠦᠳᠦᠯᠲᠡ ᠶᠢᠨ ᠵᠢᠮ᠎ᠡ ᠶᠣᠰᠣᠴᠢ ᠴᠢᠨᠠᠷᠲᠠᠢ ᠲᠠᠨᠢᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠰᠠᠨᠠᠭ᠎ᠠ ᠪᠠᠨ ᠨᠢᠭᠲᠠᠷᠠᠭᠤᠯᠤᠨ ᠰᠦᠭ ᠰᠦᠨᠡᠰᠦ ᠪᠠᠨ ᠴᠣᠭᠴᠠᠯᠠᠬᠤ ᠶᠢ ᠴᠥᠬᠦᠷᠡᠰᠢ ᠦᠭᠡᠢ ᠪᠠᠷᠢᠮᠲᠠᠯᠠᠬᠤ ᠬᠡᠷᠡᠭᠲᠡᠢ᠃ ᠡᠭᠦᠷᠭᠡ ᠬᠠᠷᠢᠭᠤᠴᠠᠯᠭ᠎ᠠ ᠲᠠᠢ ᠪᠠᠨ ᠨᠢᠭᠲᠠ ᠤᠶᠠᠯᠳᠤᠭᠤᠯᠤᠨ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠮᠠᠨ ᠤ ᠬᠤᠲᠠ ᠶᠢᠨ ᠢᠨᠲ᠋ᠧᠷ ᠰᠦᠯᠵᠢᠶ᠋᠊ ‍ᠡᠨ ᠤ ᠮᠡᠳᠡᠭᠡ ᠵᠠᠩᠭᠢ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠡᠭᠡᠵᠢᠩ ᠬᠤᠳᠠ ᠶᠢᠨ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠤᠨ ᠮᠠᠨ ᠤ ᠣᠷᠣᠨ ᠳᠤ ᠰᠢᠨᠵᠢᠯᠡᠨ ᠪᠠᠶᠢᠴᠠᠭᠠᠬᠤ ᠪᠠᠷ ᠢᠷᠡᠭᠰᠡᠨ ᠵᠢᠴᠢ ᠪᠡᠭᠡᠵᠢᠩ ᠬᠤᠳᠠ · ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠪᠠᠷᠠᠭᠤᠨ ᠣᠷᠣᠨ ᠤ ᠬᠠᠮᠵᠢᠯᠴᠠᠬᠤ ᠠᠵᠢᠯ ᠤᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ᠂ ︽ᠵᠢᠷᠭᠤᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ︾ ᠶᠢ ᠭᠦᠨᠵᠡᠭᠡᠢ ᠨᠠᠶᠢᠳᠠᠪᠤᠷᠢᠵᠢᠭᠤᠯᠵᠤ᠂ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ᠂ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠶᠢ ᠴᠥᠬᠦᠷᠡᠰᠢ ᠦᠭᠡᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃   ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                                   ᠣᠷᠴᠢᠭᠤᠯᠤᠭᠴᠢ᠄ ᠭᠤᠸ᠎ᠠ                                                   ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2