ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠦᠮᠦᠵᠢᠯ᠄ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠮᠡᠳᠡᠭᠦᠯᠦᠯᠲᠡ ᠶᠢᠨ ᠬᠤᠷᠠᠯ ᠮᠠᠨ ᠤ ᠬᠤᠳᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2023/7/27
   7 ᠰᠠᠷ᠎ᠠ ᠶᠢᠨ 25 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠮᠡᠳᠡᠭᠦᠯᠦᠯᠲᠡ ᠶᠢᠨ ᠬᠤᠷᠠᠯ ᠮᠠᠨ ᠤ ᠬᠤᠲᠠ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠰᠣᠨᠢᠨ ᠮᠡᠳᠡᠭᠡ ᠬᠡᠪᠯᠡᠯ ᠤᠨ ᠲᠣᠪᠴᠢᠶ᠎ᠠ ︵ᠬᠡᠪᠯᠡᠯ ᠤᠨ ᠡᠷᠬᠡ ᠶᠢᠨ ᠲᠣᠪᠴᠢᠶ᠎ᠠ︶  ᠶᠢᠨ ᠳᠠᠷᠤᠭ᠎ᠠ ᠹᠦ᠋ ᠯᠧᠢ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠬᠢᠵᠦ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠰᠦᠢ ᠸᠧᠢ ᠵᠢᠶᠦ᠋ᠨ ᠬᠤᠷᠠᠯ ᠢ ᠡᠷᠬᠢᠯᠡᠪᠡ᠃    ᠮᠡᠳᠡᠭᠦᠯᠦᠯᠲᠡ ᠶᠢᠨ ᠬᠤᠷᠠᠯ ᠳᠡᠭᠡᠷ᠎ᠡ᠂ ᠹᠦ᠋ ᠯᠧᠢ ︽ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠠᠬᠢ ᠬᠠᠶᠢᠷ᠎ᠠ ᠬᠠᠯᠠᠮᠵᠢ ᠶᠢ ᠭᠦᠨᠵᠡᠭᠡᠢ ᠣᠶᠢᠯᠠᠭᠠᠬᠤ︾ ︽ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠬᠤ︾ ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ︾ ᠭᠤᠷᠪᠠᠨ ᠲᠠᠯ᠎ᠠ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠠ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠢᠰᠲ᠋ᠧᠮ ᠲᠠᠢ ᠲᠠᠶᠢᠯᠪᠤᠷᠢᠯᠠᠭᠰᠠᠨ ᠪᠥᠭᠡᠳ ᠤᠯᠠᠭᠠᠨᠴᠠᠪ ᠤᠨ ᠪᠣᠳᠠᠲᠠᠢ ᠲᠠᠢ ᠨᠢᠭᠲᠠ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠠᠶᠢᠯᠪᠤᠷᠢᠯᠠᠭᠰᠠᠨ ᠪᠠᠶᠢᠨ᠎ᠠ᠃    ᠬᠤᠷᠠᠯ ᠳᠤ ᠣᠷᠣᠯᠴᠠᠭᠰᠠᠳ ᠰᠠᠨᠠᠯ ᠨᠢᠭᠡᠲᠡᠢ ᠢᠯᠡᠳᠬᠡᠬᠦ ᠳᠡᠭᠡᠨ᠂ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ  ᠨᠢ ᠪᠦᠬᠦ ᠲᠠᠯ᠎ᠠ ᠶᠢᠨ  ᠰᠢᠰᠲ᠋ᠧᠮ ᠲᠠᠢ ᠪᠥᠭᠡᠳ ᠭᠤᠣᠯᠳᠠᠯᠭ᠎ᠠ ᠶᠢ ᠲᠤᠪᠤᠶᠢᠯᠭᠠᠵᠦ᠂ ᠨᠠᠷᠢᠨ ᠬᠢᠨᠠᠮᠠᠭᠠᠢ ᠣᠨᠣᠪᠴᠢᠲᠠᠢ ᠪᠥᠭᠡᠳ ᠬᠢᠯᠪᠠᠷ ᠣᠶᠢᠯᠠᠭᠠᠮᠵᠢᠲᠠᠢ ᠪᠠᠶᠢᠵᠤ᠂ ᠮᠠᠰᠢ ᠴᠢᠩᠭ᠎ᠠ ᠬᠠᠨᠳᠤᠯᠭᠠᠲᠤ ᠴᠢᠨᠠᠷ ᠪᠠ ᠨᠥᠯᠥᠭᠡᠯᠡᠬᠦ ᠬᠦᠴᠦᠨ ᠲᠠᠢ᠃ ᠣᠳᠣᠬᠠᠨ ᠪᠠ ᠬᠤᠶᠢᠰᠢᠳᠠ ᠶᠢᠨ ᠨᠢᠭᠡ ᠬᠤᠭᠤᠴᠠᠭᠠᠨ ᠳᠤ᠂  ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠣᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠠᠨ ᠪᠣᠯᠭᠠᠵᠤ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠤᠯᠠᠭᠠᠨᠴᠠᠪ ᠤᠨ ᠬᠦᠴᠦᠨ ᠴᠢᠳᠠᠯ ᠢᠶᠠᠨ ᠡᠷᠭᠦᠨ᠎ᠡ ᠭᠡᠪᠡ᠃                                                      ᠣᠷᠴᠢᠭᠤᠯᠤᠭᠴᠢ᠄ ᠭᠤᠸ᠎ᠠ                                                      ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2