ᠨᠢᠭᠡ ᠳᠤ ᠭᠥᠯᠢᠶᠡᠨ ᠠᠪᠴᠤ ᠲᠥᠪᠬᠢᠨᠡᠭᠦᠯᠬᠦ ᠠᠵᠢᠯ ᠢ ᠰᠠᠶᠢᠲᠤᠷ ᠬᠢᠨ᠎ᠡ᠃ ︽ᠵᠢᠯ ᠳᠤ ᠬᠤᠶᠠᠷ ᠤᠳᠠᠭ᠎ᠠ | ᠴᠡᠷᠢᠭ ᠡᠯᠰᠡᠵᠦ ᠬᠤᠶᠠᠷ ᠤᠳᠠᠭ᠎ᠠ ᠴᠡᠷᠢᠭ ᠠᠴᠠ ᠪᠠᠭᠤᠬᠤ︾ ᠲᠣᠭᠲᠠᠭᠠᠯ ᠶᠣᠰᠣᠭᠠᠷ᠂ 4 ᠰᠠᠷ᠎ᠠ ᠶᠢᠨ 1 ᠤ ᠡᠳᠦᠷ | ᠂ ᠱᠠᠩᠳᠤ ᠰᠢᠶᠠᠨ ᠤ ᠣᠷᠣᠨ ᠨᠤᠲᠤᠭ ᠤᠨ ᠲᠥᠪᠬᠢᠨᠡᠭᠦᠯᠬᠦ ᠲᠥᠷᠥ ᠶᠢᠨ ᠪᠣᠳᠣᠯᠭ᠎ᠠ ᠳᠤ ᠨᠡᠶᠢᠴᠡᠬᠦ ᠴᠡᠷᠢᠭ ᠠᠴᠠ | ᠬᠠᠯᠠᠭᠳᠠᠭᠰᠠᠨ ᠶᠡᠭᠡ ᠰᠤᠷᠭᠠᠭᠤᠯᠢ ᠲᠡᠭᠦᠰᠦᠭᠰᠡᠨ 7 ᠪᠠᠶᠢᠯᠳᠤᠭᠴᠢ ᠶᠢ ᠵᠣᠬᠢᠶᠠᠨ ᠪᠠᠶᠢᠭᠤᠯᠤᠨ ᠬᠤᠲᠠ ᠶᠢᠨ | ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠲᠥᠪ ᠤᠨ ᠨᠢᠭᠡᠳᠦᠯᠲᠡᠢ ᠰᠢᠯᠭᠠᠯᠲᠠ ᠳᠤ ᠣᠷᠣᠯᠴᠠᠭᠤᠯᠵᠤ᠂ 4 | ᠰᠠᠷ᠎ᠠ ᠶᠢᠨ 17 ᠤ ᠡᠳᠦᠷ᠂ ᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠠᠴᠠ ᠡᠯᠰᠡᠨ ᠬᠡᠷᠡᠭᠯᠡᠬᠦ ᠭᠡᠵᠦ | ᠪᠠᠶᠢᠭ᠎ᠠ ᠨᠡᠷᠡᠰ ᠢ ᠵᠠᠷᠯᠠᠨ ᠨᠡᠶᠢᠲᠡᠯᠡᠵᠦ᠂ ᠴᠡᠷᠢᠭ ᠠᠴᠠ ᠬᠠᠯᠠᠭᠳᠠᠭᠰᠠᠨ ᠶᠡᠭᠡ ᠰᠤᠷᠭᠠᠭᠤᠯᠢ ᠶᠢᠨ ᠵᠢᠩᠬᠢᠨᠢ | ᠠᠩᠭᠢ ᠠᠴᠠ ᠲᠡᠭᠦᠰᠦᠭᠰᠡᠨ 4 ᠰᠣᠷᠣᠭᠴᠢ ᠳᠤ ᠠᠵᠢᠯ ᠤᠨ ᠪᠠᠶᠢᠷᠢ ᠶᠢᠨ ᠬᠤᠪᠢᠶᠠᠷᠢᠯᠠᠯᠲᠠ ᠬᠢᠪᠡ᠃ | ᠬᠤᠶᠠᠷ ᠲᠤ ᠲᠤᠰᠬᠠᠢ ᠲᠠᠯᠠᠪᠠᠶ ᠶᠢᠨ ᠠᠵᠢᠯᠲᠠᠨ ᠡᠯᠰᠡᠬᠦ ᠴᠤᠭᠯᠠᠭᠠᠨ ᠢ ᠡᠷᠭᠢᠯᠡᠨ᠎ᠡ᠃ 5 ᠳ᠋ᠤᠭᠠᠷ ᠰᠠᠷ᠎ᠠ ᠳᠤ ︽ | ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ︾ ᠶᠢᠨ ᠵᠣᠨ ᠤ ᠤᠯᠠᠷᠢᠯ ᠤᠨ | ᠴᠡᠷᠢᠭ ᠠᠴᠠ ᠬᠠᠯᠠᠭᠳᠠᠭᠰᠠᠳ ᠤᠨ ᠲᠤᠰᠬᠠᠢ ᠲᠠᠯᠠᠪᠤᠷ ᠤᠨ ᠠᠵᠢᠯᠲᠠᠨ ᠡᠯᠰᠡᠬᠦ ᠴᠤᠭᠯᠠᠭᠠᠨ ᠢ 1 ᠲᠠᠯᠠᠪᠤᠷ | ᠥᠷᠨᠢᠭᠦᠯᠵᠦ᠂ 72 ᠴᠡᠷᠢᠭ ᠠᠴᠠ ᠬᠠᠯᠠᠭᠳᠠᠭᠰᠠᠳ ᠲᠤ 200 ᠭᠠᠷᠤᠢ ᠠᠵᠢᠯ ᠤᠨ ᠪᠠᠶᠢᠷᠢ ᠬᠠᠩᠭᠠᠪᠠ᠃ | ᠭᠤᠷᠪᠠ ᠳᠤ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠥᠷᠨᠢᠭᠦᠯᠦᠨ᠎ᠡ᠃ ᠴᠡᠷᠢᠭ ᠠᠴᠠ ᠬᠠᠯᠠᠭᠳᠠᠭᠰᠠᠳ ᠤᠨ | ᠠᠵᠢᠯ ᠣᠯᠵᠤ ᠠᠳᠠᠯ ᠦᠢᠯᠡᠰ ᠴᠣᠭᠴᠠᠯᠠᠬᠤ᠂ ᠬᠥᠮᠦᠵᠢᠯ ᠪᠣᠯᠪᠠᠰᠤᠷᠠᠭᠤᠯᠤᠯ ᠤᠨ ᠬᠡᠷᠡᠭᠴᠡᠭᠡ ᠱᠠᠭᠠᠷᠳᠠᠯᠭ᠎ᠠ ᠲᠠᠢ | ᠤᠶᠠᠯᠳᠤᠭᠤᠯᠤᠨ᠂ ᠬᠡᠷᠡᠭᠯᠡᠭᠡᠨ ᠤ ᠮᠡᠷᠭᠡᠵᠢᠯ ᠤᠨ ᠲᠥᠷᠥᠯ ᠤᠨ ᠪᠣᠯᠪᠠᠰᠤᠷᠠᠭᠤᠯᠤᠯ ᠢ ᠦᠷᠨᠢᠭᠦᠯᠪᠡ᠃ 3 ᠰᠠᠷ᠎ᠠ ᠳᠤ᠂ | ᠱᠠᠩᠳᠤ ᠰᠢᠶᠠᠨ ᠤ 30 ᠭᠠᠷᠤᠢ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢ ᠶᠢ ᠵᠣᠬᠢᠶᠠᠨ ᠪᠠᠶᠢᠭᠤᠯᠤᠨ | ᠠᠵᠢᠯ ᠤᠨ ᠪᠠᠶᠢᠷᠢ ᠶᠢᠨ ᠪᠣᠯᠪᠠᠰᠤᠷᠠᠯ ᠳᠤ ᠣᠷᠣᠯᠴᠠᠭᠤᠯᠵᠤ᠂ ᠴᠡᠷᠢᠭ ᠤᠨ ᠠᠯᠪᠠᠨ ᠠᠴᠠ ᠪᠠᠭᠤᠭᠰᠠᠨ | ᠪᠠᠶᠢᠯᠳᠤᠭᠴᠢ ᠶᠢ ᠬᠠᠪᠰᠤᠷᠤᠨ ᠪᠡᠶ᠎ᠡ ᠶᠢᠨ ᠭᠠᠷᠤᠯ ᠢ ᠨᠢ ᠤᠷᠤᠭᠰᠢᠲᠠᠢ ᠬᠤᠪᠢᠷᠠᠭᠤᠯᠪᠠ᠃ 6 ᠰᠠᠷ᠎ᠠ ᠳᠤ᠂ 50 | ᠭᠠᠷᠤᠢ ᠴᠡᠷᠢᠭ ᠠᠴᠠ ᠬᠠᠯᠠᠭᠳᠠᠭᠰᠠᠳ ᠢ ᠵᠣᠬᠢᠶᠠᠨ ᠪᠠᠶᠢᠭᠤᠯᠵᠤ ᠵᠢᠯᠣᠭᠤᠴᠢ ᠦᠭᠡᠢ ᠨᠢᠰᠬᠡᠯ ᠤᠨ ᠮᠡᠷᠭᠡᠵᠢᠯ᠂ ᠭᠠᠯ | ᠤᠨᠲᠠᠷᠠᠭᠠᠬᠤ ᠲᠥᠬᠦᠭᠡᠷᠦᠮᠵᠢ ᠶᠢᠨ ᠠᠵᠢᠯᠯᠠᠭᠠᠨ᠂ ᠣᠯᠠᠨ ᠵᠠᠭᠤᠴᠢᠲᠤ ᠮᠡᠷᠭᠡᠵᠢᠯ ᠵᠡᠷᠭᠡ ᠠᠭᠤᠯᠭ᠎ᠠ ᠶᠢᠨ ᠤᠷ᠎ᠠ | ᠴᠢᠳᠠᠪᠤᠷᠢ ᠶᠢᠨ ᠪᠣᠯᠪᠠᠰᠤᠷᠠᠭᠤᠯᠤᠯ ᠳᠤ ᠣᠷᠣᠯᠴᠠᠭᠤᠯᠪᠠ᠃ | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |