ᠠᠶᠤᠯ ᠦᠭᠡᠢ ᠦᠢᠯᠡᠳᠪᠦᠷᠢᠯᠡᠯ ᠤᠨ ᠬᠦᠨᠳᠦ ᠶᠡᠭᠡ ᠠᠶᠤᠯ ᠲᠦᠭᠰᠢᠭᠦᠷᠢ ᠪᠠ ᠠᠳᠡᠯ ᠤᠨ ᠲᠡᠯᠳᠠ ᠭᠡᠮ ᠢ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠬᠠᠷᠢᠭᠤ | ᠮᠡᠳᠡᠭᠦᠯᠦᠯᠲᠡ ᠶᠢ ᠰᠣᠨᠣᠰᠴᠤ᠂ ︽ᠭᠡᠷ ᠤᠨ ᠬᠡᠷᠡᠭᠰᠡᠯ ᠤᠨ ᠬᠡᠷᠡᠭᠯᠡᠭᠡ ᠶᠢ ᠠᠬᠢᠭᠤᠯᠬᠤ ᠲᠤᠬᠠᠢ ᠠᠷᠭ᠎ᠠ | ᠬᠡᠮᠵᠢᠶ᠎ᠡ ᠨᠦᠭᠦᠳ︾ ᠢ ᠬᠢᠨᠠᠨ ᠵᠥᠪᠯᠡᠵᠦ ᠪᠠᠲᠤᠯᠠᠪᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠺᠤᠨᠰᠦ᠋ᠯ ᠤᠨ ᠬᠠᠮᠠᠭᠠᠯᠠᠯᠲᠠ ᠪᠠ ᠬᠠᠮᠵᠢᠯᠴᠠᠭᠠᠨ ᠤ ᠳᠦᠷᠢᠮ ︵ᠡᠬᠡ ᠨᠣᠣᠷᠠᠭ︶︾ ᠢ ᠬᠢᠨᠠᠨ ᠵᠥᠪᠯᠡᠵᠦ ᠪᠠᠲᠤᠯᠠᠪᠠ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠤᠨ | ᠬᠠᠤᠯᠢ ︵ᠵᠠᠰᠠᠪᠤᠷᠢ ᠣᠷᠣᠭᠤᠯᠤᠭᠰᠠᠨ ᠡᠬᠡ ᠨᠣᠣᠷᠠᠭ︶︾ ᠶᠢ ᠶᠠᠷᠢᠯᠴᠠᠪᠠ | ᠰᠢᠨᠬᠤᠸᠠ ᠬᠤᠷᠢᠶᠠᠨ ᠤ ᠪᠡᠭᠡᠵᠢᠩ ᠤᠨ 6 ᠳ᠋ᠤᠭᠠᠷ ᠰᠠᠷ᠎ᠠ ᠶᠢᠨ 29 ᠤ ᠡᠳᠦᠷ ᠤᠨ ᠴᠠᠬᠢᠯᠭᠠᠨ ᠮᠡᠳᠡᠭᠡ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 6 ᠳ᠋ᠤᠭᠠᠷ ᠰᠠᠷ᠎ᠠ ᠶᠢᠨ 29 ᠤ ᠡᠳᠦᠷ | ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯ ᠦᠭᠡᠢ ᠦᠢᠯᠡᠳᠪᠦᠷᠢᠯᠡᠯ ᠤᠨ ᠬᠦᠨᠳᠦ ᠶᠡᠭᠡ ᠠᠶᠤᠯ ᠲᠦᠭᠰᠢᠭᠦᠷᠢ | ᠪᠠ ᠠᠳᠡᠯ ᠤᠨ ᠲᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠤᠯᠠᠮ ᠨᠢᠭᠡ ᠠᠯᠬᠤᠮ | ᠴᠢᠩᠭᠠᠳᠬᠠᠬᠤ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠭᠡᠷ ᠤᠨ ᠬᠡᠷᠡᠭᠰᠡᠯ ᠤᠨ ᠬᠡᠷᠡᠭᠯᠡᠭᠡ ᠶᠢ | ᠠᠬᠢᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ︾ ᠢ ᠬᠢᠨᠠᠨ ᠵᠥᠪᠯᠡᠵᠦ ᠪᠠᠲᠤᠯᠠᠪᠠ᠃ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠺᠤᠨᠰᠦ᠋ᠯ ᠤᠨ ᠬᠠᠮᠠᠭᠠᠯᠠᠯᠲᠠ ᠪᠠ ᠬᠠᠮᠵᠢᠯᠴᠠᠭᠠᠨ ᠤ ᠳᠦᠷᠢᠮ ︵ᠡᠬᠡ ᠨᠣᠣᠷᠠᠭ︶︾ | ᠢ ᠬᠢᠨᠠᠨ ᠵᠥᠪᠯᠡᠵᠦ ᠪᠠᠲᠤᠯᠠᠪᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ | ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠤᠨ ᠬᠠᠤᠯᠢ ︵ᠵᠠᠰᠠᠪᠤᠷᠢ ᠣᠷᠣᠭᠤᠯᠤᠭᠰᠠᠨ ᠡᠬᠡ ᠨᠣᠣᠷᠠᠭ︶︾ ᠶᠢ | ᠶᠠᠷᠢᠯᠴᠠᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠨᠢᠩᠰᠢᠶᠠ ᠶᠢᠨ ᠢᠷᠭᠠᠢ ᠶᠢᠨ ︽6 • 21︾ ᠤ ᠣᠨᠴᠠ | ᠬᠦᠨᠳᠦ ᠶᠡᠭᠡ ᠰᠢᠲᠠᠮᠠᠬᠠᠢ ᠬᠡᠢ ᠶᠢᠨ ᠳᠡᠯᠪᠡᠷᠡᠯᠲᠡ ᠶᠢᠨ ᠠᠳᠡᠯ ᠳᠤ ᠣᠯᠠᠨ ᠬᠥᠮᠥᠨ ᠰᠢᠷᠬᠠᠲᠤᠵᠤ᠂ ᠨᠡᠶᠢᠭᠡᠮ ᠤᠨ | ᠨᠥᠯᠥᠭᠡ ᠶᠡᠭᠡ᠂ ᠰᠤᠷᠭᠠᠮᠵᠢ ᠲᠤᠶᠢᠯ ᠤᠨ ᠭᠦᠨᠵᠡᠭᠡᠢ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠠᠶᠤᠯ | ᠦᠭᠡᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠬᠦᠨᠳᠦ ᠶᠡᠭᠡ ᠠᠶᠤᠯ | ᠲᠦᠭᠰᠢᠭᠦᠷᠢ ᠪᠣᠯᠣᠨ ᠠᠳᠡᠯ ᠤᠨ ᠲᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠤᠯᠠᠮ ᠨᠢᠭᠡ | ᠠᠯᠬᠤᠮ ᠴᠢᠩᠭᠠᠷᠠᠭᠤᠯᠤᠨ᠂ ︽ᠴᠠᠭ ᠦᠷᠭᠦᠯᠵᠢ ᠰᠠᠨᠠᠭᠠᠰᠢᠷᠠᠨ ᠵᠣᠪᠠᠨᠢᠬᠤ︾ ᠬᠠᠷᠢᠭᠤᠴᠠᠯᠭᠠᠲᠤ ᠰᠡᠳᠬᠢᠯᠭᠡ ᠪᠠᠷ | ᠠᠵᠢᠯ ᠤᠨ ᠨᠠᠶᠢᠳᠠᠪᠤᠷᠢᠵᠢᠭᠤᠯᠤᠯᠲᠠ ᠶᠢ ᠪᠣᠳᠠᠲᠠᠢ ᠪᠥᠭᠡᠳ ᠨᠠᠷᠢᠯᠢᠭ ᠠᠳᠬᠤᠵᠤ᠂ ᠠᠶᠤᠯ ᠦᠭᠡᠢ ᠦᠢᠯᠡᠳᠪᠦᠷᠢᠯᠡᠯ | ᠤᠨ ᠬᠦᠨᠳᠦ ᠣᠨᠴᠠ ᠶᠡᠭᠡ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠵᠦ᠂ ᠠᠷᠠᠳ ᠤᠯᠠᠨ ᠤ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠭᠤᠣᠯ ᠵᠥᠷᠢᠴᠡᠯ ᠢ ᠴᠢᠩᠭ᠎ᠠ ᠠᠳᠬᠤᠵᠤ᠂ | ᠪᠡᠯᠡᠳᠬᠡᠮᠵᠢ ᠲᠥᠬᠦᠭᠡᠷᠦᠮᠵᠢ ᠶᠢᠨ ᠣᠷᠴᠢᠨ ᠲᠣᠭᠤᠷᠢᠨ ᠤ ︽ᠠᠯᠳᠠᠭ᠎ᠠ ᠳᠤᠲᠠᠭᠳᠠᠯ︾ ᠢ ᠪᠠᠶᠢᠴᠠᠭᠠᠬᠤ ᠪᠠᠷ ᠪᠠᠷᠠᠬᠤ | ᠦᠭᠡᠢ᠂ ᠨᠡᠩ ᠴᠤ ᠬᠥᠮᠥᠨ ᠤ ᠬᠦᠴᠦᠨ ᠵᠦᠢᠯ ᠤᠨ ︽ᠡᠮᠵᠡᠭ ᠲᠠᠯ᠎ᠠ︾ ᠶᠢ ᠨᠥᠬᠦᠪᠦᠷᠢᠯᠡᠵᠦ᠂ ᠤᠯᠠᠨ | ᠨᠡᠶᠢᠲᠡ ᠶᠢᠨ ᠠᠮᠤᠷ ᠲᠦᠪᠰᠢᠨ ᠤ ᠤᠬᠠᠮᠰᠠᠷ ᠪᠣᠯᠣᠨ ᠲᠤᠬᠠᠶᠢᠯᠠᠭᠰᠠᠨ ᠠᠵᠢᠯ ᠡᠷᠭᠢᠯᠡᠭᠰᠡᠳ ᠤᠨ ᠠᠮᠤᠷ | ᠲᠦᠪᠰᠢᠨ ᠤ ᠬᠠᠷᠢᠭᠤᠴᠠᠯᠭ᠎ᠠ᠂ ᠠᠮᠤᠷ ᠲᠦᠪᠰᠢᠨ ᠤ ᠤᠷ᠎ᠠ ᠴᠢᠳᠠᠪᠤᠷᠢ ᠶᠢᠨ ᠳᠡᠭᠡᠭᠰᠢᠯᠡᠯᠲᠡ ᠶᠢ ᠶᠡᠭᠡ ᠪᠠᠷ | ᠠᠬᠢᠭᠤᠯᠬᠤ ᠬᠡᠷᠡᠭᠲᠡᠢ᠃ ᠦᠩᠭᠡᠨ ᠲᠠᠯ᠎ᠠ ᠪᠠ ᠦᠨᠳᠦᠰᠦ ᠠᠴᠠ ᠨᠢ ᠵᠡᠷᠭᠡ ᠪᠠᠷ ᠵᠠᠰᠠᠬᠤ ᠶᠢ ᠴᠢᠩᠭᠠᠳᠬᠠᠵᠤ᠂ | ᠰᠢᠲᠠᠮᠠᠬᠠᠢ ᠬᠡᠢ᠂ ᠪᠠᠷᠢᠯᠭ᠎ᠠ ᠶᠢᠨ ᠠᠵᠢᠯ᠂ ᠵᠠᠮ ᠲᠡᠭᠡᠭᠡᠪᠦᠷᠢ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ | ᠬᠦᠷᠢᠶᠡᠨ ᠳᠤ ᠴᠢᠭᠯᠡᠭᠦᠯᠦᠨ᠂ ᠣᠳᠣᠬᠠᠨ ᠤ ᠲᠣᠪᠣᠶᠢᠮ᠎ᠠ ᠠᠰᠠᠭᠤᠳᠠᠯ ᠢ ᠱᠠᠯᠠᠪᠳᠠᠨ ᠰᠢᠢᠳᠪᠦᠷᠢᠯᠡᠬᠦ ᠶᠢᠨ ᠬᠠᠮᠲᠤ᠂ | ᠠᠮᠤᠷ ᠲᠦᠪᠰᠢᠨ ᠤ ᠠᠶᠤᠯ ᠲᠦᠭᠰᠢᠭᠦᠷᠢ ᠶᠢ ᠡᠬᠢ ᠢᠷᠡᠯᠲᠡ ᠠᠴᠠ ᠨᠢ ᠪᠠᠭᠠᠰᠬᠠᠵᠤ᠂ ᠲᠠᠯᠳᠠ ᠭᠡᠮ ᠢ ᠪᠠᠶᠢᠩᠭᠤ | ᠵᠠᠰᠠᠭᠰᠠᠨ ᠴᠦ ᠢᠮᠠᠭᠲᠠ ᠣᠷᠣᠰᠢᠬᠤ᠂ ᠠᠳᠡᠯ ᠢ ᠣᠯᠠᠨᠲᠠ ᠴᠠᠭᠠᠵᠠᠯᠠᠪᠠᠴᠤ ᠠᠷᠢᠯᠭᠠᠵᠤ ᠳᠡᠶᠢᠯᠬᠦ ᠦᠭᠡᠢ ᠠᠰᠠᠭᠤᠳᠠᠯ | ᠠᠴᠠ ᠵᠠᠶᠢᠯᠠᠰᠬᠢᠬᠦ ᠬᠡᠷᠡᠭᠲᠡᠢ᠃ ︽ᠨᠢᠭᠡ ᠶᠠᠪᠤᠳᠠᠯ︾ ᠤᠨ ᠲᠣᠭᠤᠷᠢᠨ ᠳᠤ ᠠᠶᠤᠯ ᠦᠭᠡᠢ ᠦᠢᠯᠡᠳᠪᠦᠷᠢᠯᠡᠯ ᠤᠨ | ᠬᠠᠮᠢᠶ᠎ᠠ ᠪᠦᠬᠦᠢ ᠬᠠᠷᠢᠭᠤᠴᠠᠯᠭ᠎ᠠ ᠶᠢ ᠪᠦᠬᠦ ᠬᠡᠯᠬᠢᠶ᠎ᠡ ᠪᠠᠷ ᠲᠣᠳᠣᠷᠬᠠᠶᠢᠯᠠᠵᠤ᠂ ᠬᠤᠪᠢᠶᠠᠷᠢᠯᠠᠬᠤ ᠪᠠ | ᠨᠠᠶᠢᠳᠠᠪᠤᠷᠢᠵᠢᠭᠤᠯᠵᠤ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠴᠢᠩᠭ᠎ᠠ᠂ | ᠪᠣᠳᠠᠲᠠᠢ ᠪᠥᠭᠡᠳ ᠨᠠᠷᠢᠯᠢᠭ ᠠᠷᠭ᠎ᠠ ᠬᠡᠮᠵᠢᠶ᠎ᠡ ᠠᠪᠴᠤ᠂ ᠴᠢᠩᠭ᠎ᠠ ᠬᠢᠨᠠᠨ ᠬᠠᠮᠢᠶᠠᠷᠴᠤ᠂ ᠬᠠᠰᠢ ᠶᠠᠰᠢ ᠬᠠᠨᠳᠤᠬᠤ | ᠦᠭᠡᠢ ᠪᠠᠶᠢᠵᠤ᠂ ᠬᠠᠤᠯᠢ ᠬᠡᠷᠡᠭᠵᠢᠭᠦᠯᠬᠦ ᠳᠤ ︽ᠠᠭᠤᠵᠢᠮ ᠰᠤᠯᠠ ᠵᠠᠳᠠᠭᠠᠢ︾ ᠪᠠᠶᠢᠬᠤ ᠶᠢ ᠡᠷᠡᠰ ᠬᠤᠷᠢᠭᠯᠠᠵᠤ᠂ | ᠬᠠᠷᠢᠭᠤᠴᠠᠯᠭ᠎ᠠ ᠪᠣᠯᠣᠨ ᠳᠠᠷᠤᠯᠲᠠ ᠶᠢ ᠦᠨᠡᠨ ᠬᠦ ᠦᠨᠳᠦᠰᠦᠨ ᠱᠠᠲᠤᠨ ᠳᠤ ᠬᠦᠷᠲᠡᠯ᠎ᠡ ᠨᠠᠶᠢᠳᠠᠪᠤᠷᠢᠵᠢᠭᠤᠯᠵᠤ᠂ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠳᠤ ᠪᠠᠨ ᠠᠰᠠᠭᠤᠳᠠᠯ ᠢ ᠢᠯᠡᠷᠡᠭᠦᠯᠦᠨ᠂ ᠠᠰᠠᠭᠤᠳᠠᠯ ᠢ ᠰᠢᠢᠳᠪᠦᠷᠢᠯᠡᠵᠦ᠂ | ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠡᠢ᠃ | ᠬᠤᠷᠠᠯ ᠠᠴᠠ᠂ ᠭᠡᠷ ᠤᠨ ᠬᠡᠷᠡᠭᠰᠡᠯ ᠤᠨ ᠬᠡᠷᠡᠭᠯᠡᠭᠡ ᠳᠤ ᠬᠤᠯᠪᠣᠭᠳᠠᠬᠤ ᠬᠦᠷᠢᠶ᠎ᠡ ᠬᠡᠪᠴᠢᠶ᠎ᠡ ᠣᠯᠠᠨ᠂ ᠳᠡᠭᠡᠳᠦ | ᠳᠣᠣᠷᠠᠳᠤ ᠤᠷᠤᠰᠬᠠᠯ ᠤᠨ ᠬᠡᠯᠬᠢᠶ᠎ᠡ ᠤᠷᠲᠤ᠂ ᠬᠡᠪᠴᠢᠶ᠎ᠡ ᠪᠠᠭᠲᠠᠭᠠᠮᠵᠢ ᠶᠡᠭᠡ ᠪᠣᠯᠬᠤᠷ ᠬᠠᠨᠳᠤᠯᠭᠠᠲᠤ ᠴᠢᠨᠠᠷᠲᠠᠢ | ᠠᠷᠭ᠎ᠠ ᠬᠡᠮᠵᠢᠶ᠎ᠡ ᠠᠪᠴᠤ ᠪᠠᠶᠢᠭᠠᠳ ᠳᠠᠶᠢᠴᠢᠯᠠᠨ ᠬᠥᠭᠵᠢᠭᠡᠬᠦ ᠨᠢ ᠰᠠᠭᠤᠭᠠᠯᠢ ᠠᠷᠠᠳ ᠤᠨ ᠬᠡᠷᠡᠭᠯᠡᠭᠡ ᠶᠢᠨ ᠨᠡᠮᠡᠭᠳᠡᠯ | ᠪᠠ ᠠᠵᠤ ᠠᠬᠤᠢ ᠶᠢᠨ ᠰᠡᠷᠭᠦᠯᠲᠡ ᠶᠢ ᠳᠠᠶᠢᠴᠢᠯᠠᠬᠤ ᠳᠤ ᠠᠰᠢᠭᠲᠠᠢ ᠶᠤᠮ᠃ ᠲᠦᠷᠦ ᠶᠢᠨ ᠪᠣᠳᠣᠯᠭ᠎ᠠ ᠶᠢᠨ ᠬᠠᠮ | ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠯᠡᠵᠦ᠂ ᠭᠡᠷ ᠤᠨ ᠬᠡᠷᠡᠭᠰᠡᠯ ᠤᠨ ᠬᠡᠷᠡᠭᠯᠡᠭᠡ ᠶᠢ ᠠᠬᠢᠭᠤᠯᠬᠤ ᠲᠦᠷᠦ ᠶᠢᠨ | ᠪᠣᠳᠣᠯᠭ᠎ᠠ ᠶᠢ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ᠂ ᠣᠷᠣᠨ ᠰᠠᠭᠤᠴᠠ ᠶᠢᠨ ᠨᠠᠰᠤᠵᠢᠯ ᠳᠤ | ᠲᠣᠬᠢᠷᠠᠭᠰᠠᠨ ᠥᠭᠡᠷᠡᠴᠢᠯᠡᠯᠲᠡ᠂ ᠠᠷᠠᠳ ᠲᠤ ᠲᠦᠬᠦᠮ ᠦᠵᠡᠭᠦᠯᠬᠦ ᠠᠮᠢᠳᠤᠷᠠᠯ ᠤᠨ ᠲᠣᠭᠤᠷᠢᠭ ᠤᠨ ᠪᠦᠲᠦᠭᠡᠨ | ᠪᠠᠶᠢᠭᠤᠯᠤᠯᠲᠠ᠂ ᠬᠠᠶᠠᠭᠳᠠᠮᠠᠯ ᠬᠠᠭᠤᠴᠢᠨ ᠡᠳ᠋ ᠪᠣᠳᠠᠰ ᠢ ᠬᠤᠷᠢᠶᠠᠨ ᠠᠪᠬᠤ ᠲᠣᠣᠷ ᠰᠦᠯᠵᠢᠶ᠎ᠡ ᠶᠢ | ᠲᠡᠭᠦᠯᠳᠡᠷᠵᠢᠭᠦᠯᠬᠦ ᠵᠡᠷᠭᠡ ᠲᠦᠷᠦ ᠶᠢᠨ ᠪᠣᠳᠣᠯᠭ᠎ᠠ ᠲᠠᠢ ᠵᠣᠯᠭᠠᠭᠤᠯᠤᠨ ᠬᠠᠮᠵᠢᠯᠴᠠᠭᠤᠯᠬᠤ ᠪᠠ ᠬᠠᠮᠲᠤᠷᠠᠨ ᠬᠦᠴᠦᠯᠡᠵᠦ᠂ | ᠬᠡᠷᠡᠭᠯᠡᠭᠡ ᠶᠢ ᠠᠬᠢᠭᠤᠯᠬᠤ ᠨᠡᠶᠢᠯᠡᠮᠡᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠬᠠᠩᠭᠠᠯᠭ᠎ᠠ ᠶᠢᠨ ᠶᠠᠰᠤ ᠴᠢᠨᠠᠷ ᠪᠠ | ᠬᠢᠷᠢ ᠲᠦᠪᠰᠢᠨ ᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠨᠡᠩ ᠤᠯᠠᠨ ᠥᠪᠡᠷᠮᠢᠴᠡ ᠴᠢᠨᠠᠷᠲᠠᠢ᠂ | ᠵᠠᠬᠢᠶᠠᠯᠠᠭ᠎ᠠ ᠶᠢᠨ ᠮᠠᠶ᠋ᠢᠭ ᠤᠨ ᠭᠡᠷ ᠤᠨ ᠬᠡᠷᠡᠭᠰᠡᠯ ᠤᠨ ᠲᠠᠸᠠᠷ ᠬᠠᠩᠭᠠᠬᠤ ᠶᠢ ᠵᠣᠷᠢᠭᠵᠢᠭᠤᠯᠵᠤ᠂ ᠰᠠᠭᠤᠭᠠᠯᠢ | ᠠᠷᠠᠳ ᠤᠨ ᠬᠡᠷᠡᠭᠯᠡᠭᠡᠨ ᠤ ᠬᠦᠰᠡᠯ ᠡᠷᠡᠮᠡᠯᠵᠡᠯ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠠᠮᠢᠳᠤᠷᠠᠯ ᠤᠨ ᠶᠠᠰᠤ | ᠴᠢᠨᠠᠷ ᠢ ᠰᠠᠶᠢᠵᠢᠷᠠᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠭᠰᠠᠨ ᠪᠠᠶᠢᠨ᠎ᠠ᠃ | ᠬᠤᠷᠠᠯ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠺᠤᠨᠰᠦ᠋ᠯ ᠤᠨ ᠬᠠᠮᠠᠭᠠᠯᠠᠯᠲᠠ ᠪᠠ | ᠬᠠᠮᠵᠢᠯᠴᠠᠭᠠᠨ ᠤ ᠳᠦᠷᠢᠮ ︵ᠡᠬᠡ ᠨᠣᠣᠷᠠᠭ︶︾ ᠢ ᠬᠢᠨᠠᠨ ᠵᠥᠪᠯᠡᠵᠦ ᠪᠠᠲᠤᠯᠠᠪᠠ᠃ ᠬᠤᠷᠠᠯ ᠠᠴᠠ ᠵᠢᠭᠠᠵᠤ | ᠭᠠᠷᠭᠠᠭᠰᠠᠨ ᠨᠢ᠂ ᠭᠠᠳᠠᠭᠠᠳᠤ ᠳᠠᠬᠢ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠪᠣᠯᠣᠨ ᠬᠢᠷᠢ ᠲᠦᠪᠰᠢᠨ ᠢ | ᠳᠡᠭᠡᠭᠰᠢᠯᠡᠭᠦᠯᠵᠦ᠂ ᠭᠠᠳᠠᠭᠠᠳᠤ ᠳᠠᠬᠢ ᠠᠮᠤᠷ ᠲᠦᠪᠰᠢᠨ ᠤ ᠬᠠᠮᠠᠭᠠᠯᠠᠯᠲᠠ ᠶᠢᠨ ᠲᠣᠭᠲᠠᠯᠴᠠᠭ᠎ᠠ ᠶᠢ ᠲᠦᠷᠭᠡᠨ | ᠪᠠᠶᠢᠭᠤᠯᠵᠤ᠂ ᠮᠠᠨ ᠤ ᠤᠯᠤᠰ ᠤᠨ ᠭᠠᠳᠠᠭᠠᠳᠤ ᠳᠤ ᠪᠠᠶᠢᠭ᠎ᠠ ᠠᠷᠠᠳ ᠢᠷᠭᠡᠨ᠂ ᠬᠠᠤᠯᠢ ᠶᠢᠨ ᠡᠷᠬᠡᠲᠡᠨ᠂ | ᠬᠠᠤᠯᠢ ᠶᠢᠨ ᠡᠷᠬᠡᠲᠡᠨ ᠤ ᠪᠤᠰᠤ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠨᠡᠩ ᠰᠠᠶᠢᠲᠤᠷ | ᠪᠠᠲᠤᠯᠠᠬᠤ ᠬᠡᠷᠡᠭᠲᠡᠢ ᠭᠡᠵᠡᠢ᠃ | ᠬᠤᠷᠠᠯ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ | ᠬᠠᠮᠢᠶᠠᠷᠤᠯᠲᠠ ᠶᠢᠨ ᠰᠢᠢᠳᠬᠡᠯ ᠤᠨ ᠬᠠᠤᠯᠢ ︵ᠵᠠᠰᠠᠪᠤᠷᠢ ᠣᠷᠣᠭᠤᠯᠤᠭᠰᠠᠨ ᠡᠬᠡ ᠨᠣᠣᠷᠠᠭ︶︾ ᠶᠢ ᠶᠠᠷᠢᠯᠴᠠᠨ | ᠵᠠᠷᠴᠢᠮ ᠳᠡᠭᠡᠷ᠎ᠡ ᠪᠠᠨ ᠪᠠᠲᠤᠯᠠᠵᠤ᠂ ᠵᠠᠰᠠᠪᠤᠷᠢ ᠣᠷᠣᠭᠤᠯᠤᠭᠰᠠᠨ ᠡᠬᠡ ᠨᠣᠣᠷᠠᠭ ᠢ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ | ᠲᠣᠭᠲᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |