ᠰᠢᠩ ᠾᠧ ᠰᠢᠶᠠᠨ᠄ 2023 ᠣᠨ ᠤ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢ ᠤᠷᠢᠨ ᠲᠣᠮᠢᠯᠠᠬᠤ ᠭᠠᠷ ᠤᠨ ᠥᠰᠥᠭ ᠵᠢᠷᠤᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2023/7/3
    ᠰᠢᠩ ᠾᠧ ᠰᠢᠶᠠᠨ ᠤ ᠬᠠᠤᠯᠢᠵᠢᠯ ᠤᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠲᠠᠬᠢᠨ ᠡᠭᠦᠳᠬᠦ ᠶᠢ ᠬᠦᠴᠦᠯᠡᠨ ᠠᠬᠢᠭᠤᠯᠬᠤ ᠶᠢᠨ ᠲᠥᠯᠥᠭᠡ᠂ 6 ᠰᠠᠷ᠎ᠠ ᠶᠢᠨ 29  ᠤ ᠡᠳᠦᠷ᠂ ᠰᠢᠶᠠᠨ ᠤ ᠵᠠᠰᠠᠭ ᠤᠨ ᠣᠷᠳᠣᠨ 2023 ᠣᠨ ᠤ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢ ᠤᠷᠢᠨ ᠲᠣᠮᠢᠯᠠᠬᠤ ᠭᠠᠷ ᠤᠨ ᠥᠰᠥᠭ ᠵᠢᠷᠤᠬᠤ ᠶᠣᠰᠣᠯᠠᠯ ᠶᠠᠪᠤᠭᠤᠯᠪᠠ᠃ ᠬᠠᠤᠯᠢ ᠴᠠᠭᠠᠵᠠ ᠶᠢᠨ ᠲᠣᠪᠴᠢᠶ᠎ᠠ᠂ ᠬᠤᠶᠠᠷ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠵᠢᠴᠢ 9 ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ᠃     ᠶᠣᠰᠣᠯᠠᠯ ᠳᠡᠭᠡᠷ᠎ᠡ᠂ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠣᠰ ᠲᠣᠰ ᠤᠨ ᠠᠵᠢᠯᠲᠠᠨ ᠤ ᠲᠣᠬᠢᠷᠠᠭᠤᠯᠤᠯᠲᠠ᠂ ᠬᠥᠭᠵᠢᠯᠲᠡ ᠶᠢᠨ ᠲᠥᠯᠦᠪᠵᠢᠭᠦᠯᠭᠡ ᠵᠡᠷᠭᠡ ᠪᠠᠶᠢᠳᠠᠯ ᠢᠶᠠᠨ ᠲᠠᠨᠢᠯᠴᠠᠭᠤᠯᠤᠭᠰᠠᠨ ᠪᠥᠭᠡᠳ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠲᠤᠬᠠᠢ ᠡᠯ᠎ᠡ ᠰᠢᠶᠠᠩ ᠪᠠᠯᠭᠠᠰᠤᠨ ᠳᠤ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃ ᠳᠠᠷᠠᠭ᠎ᠠ ᠨᠢ᠂ ᠬᠤᠶᠠᠷ ᠲᠠᠯ᠎ᠠ ᠪᠠᠷ ᠢᠶᠠᠨ ᠬᠠᠤᠯᠢ ᠴᠠᠭᠠᠵᠠ ᠶᠢᠨ ᠵᠥᠪᠯᠡᠭᠴᠢ ᠶᠢᠨ ᠠᠵᠢᠯ ᠢ ᠤᠯᠠᠮ ᠴᠢᠨᠠᠭᠰᠢᠳᠠ ᠲᠣᠳᠣᠷᠬᠠᠶᠢᠯᠠᠬᠤ ᠲᠤᠬᠠᠢ ᠰᠠᠨᠠᠯ ᠢᠶᠠᠨ ᠰᠣᠯᠢᠯᠴᠠᠵᠤ ᠶᠠᠷᠢᠯᠴᠠᠬᠤ ᠬᠤᠷᠠᠯ ᠥᠷᠨᠢᠭᠦᠯᠦᠭᠰᠡᠨ ᠪᠥᠭᠡᠳ ᠭᠠᠷ ᠤᠨ ᠦᠰᠦᠭ ᠵᠢᠷᠤᠬᠤ ᠶᠣᠰᠣᠯᠠᠯ ᠶᠠᠪᠤᠭᠤᠯᠵᠠᠢ᠃     ᠲᠣᠰ ᠤᠳᠠᠭᠠᠨ ᠤ ᠭᠡᠷ᠎ᠡ ᠲᠣᠭᠲᠠᠭᠰᠠᠨ ᠨᠢ ᠬᠠᠤᠯᠢ ᠴᠠᠭᠠᠵᠠ ᠶᠢᠨ ᠡᠬᠢ ᠪᠠᠶᠠᠯᠢᠭ ᠢ ᠰᠢᠶᠠᠩ ᠪᠠᠯᠭᠠᠰᠤᠨ ᠳᠤ ᠪᠠᠭᠤᠯᠭᠠᠵᠤ᠂ ᠦᠨᠳᠦᠰᠦᠨ ᠱᠠᠲᠤᠨ ᠤ ᠠᠷᠠᠳᠴᠢᠯᠠᠯ ᠪᠠ ᠬᠠᠤᠯᠢᠵᠢᠯ ᠤᠨ ᠪᠠᠶᠢᠭᠤᠯᠤᠯᠲᠠ ᠪᠠ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠪᠦᠲᠦᠮᠵᠢᠲᠡᠶ ᠴᠢᠩᠭᠠᠳᠬᠠᠨ᠂ ᠬᠠᠤᠯᠢ ᠴᠠᠭᠠᠵᠠ ᠶᠢᠨ ᠦᠢᠯᠡᠴᠢᠯᠡᠭᠡ ᠶᠢ ᠦᠨᠳᠦᠰᠦᠨ ᠱᠠᠲᠤᠨ ᠤ ︽ᠡᠴᠦᠰ ᠤᠨ ᠨᠢᠭᠡ ᠺᠢᠯᠣᠮᠧᠲᠷ︾ ᠬᠦᠷᠲᠡᠯ᠎ᠡ ᠤᠷᠲᠤᠳᠬᠠᠵᠤ᠂ ᠠᠷᠠᠳ ᠣᠯᠠᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠨ᠎ᠡ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠳᠤ ᠠᠰᠢᠭᠲᠠᠢ ᠶᠤᠮ᠃ ᠡᠭᠦᠨ ᠤ ᠵᠡᠷᠭᠡ ᠳᠤ ᠵᠠᠰᠠᠭ ᠤᠨ ᠣᠷᠳᠣᠨ ᠤ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠥᠬᠦ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠪᠡ᠃                                         ᠤᠷᠴᠢᠭᠤᠯᠤᠭᠴᠢ᠄ ᠬᠦᠰᠡᠯ                                         ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2